ᠬᠦᠳᠡᠯᠮᠦᠷᠢ ᠶᠢᠨ ᠮᠠᠷᠭᠤᠭᠠᠨ ᠢ ᠲᠠᠰᠤᠯᠬᠤ ︵ᠬᠤᠶᠠᠷ︶
ᠨᠡᠶᠢᠲᠡᠯᠡᠭᠰᠡᠨ ᠴᠠᠭ᠄
2015/11/29
ᠲᠠᠪᠤ ᠈ ᠬᠠᠤᠯᠢ ᠪᠠᠷ ᠲᠤᠭᠲᠠᠭᠠᠭᠰᠠᠨ ᠭᠦᠢᠴᠡᠳᠬᠡᠬᠦ ᠴᠠᠭ      1. ᠡᠷᠡᠮᠡᠯᠵᠡᠯ ᠢ ᠬᠦᠯᠢᠶᠡᠨ ᠠᠪᠤᠭᠰᠠᠨ ᠡᠳᠦᠷ ᠠᠴᠠ 7 ᠡᠳᠦᠷ ᠤᠨ ᠲᠤᠲᠤᠷ᠎ᠠ ᠬᠦᠯᠢᠶᠡᠨ ᠠᠪᠬᠤ ᠬᠢᠭᠡᠳ ᠡᠰᠡ ᠬᠦᠯᠢᠶᠡᠨ ᠠᠪᠬᠤ ᠰᠢᠢᠳᠪᠤᠷᠢ ᠭᠠᠷᠭᠠᠨ᠎ᠠ︔      2. ᠲᠠᠰᠤᠯᠠᠨ ᠰᠢᠢᠳᠪᠤᠷᠢᠯᠡᠬᠦ ᠲᠢᠩᠬᠢᠮ ᠢ ᠪᠠᠶᠢᠭᠤᠯᠤᠭᠰᠠᠨ ᠡᠳᠦᠷ ᠠᠴᠠ ᠡᠬᠢᠯᠡᠵᠦ 60 ᠡᠳᠦᠷ ᠤᠨ ᠲᠤᠲᠤᠷ᠎ᠠ ᠰᠶᠢᠳᠪᠦᠷᠢ ᠭᠠᠷᠭᠠᠨ᠎ᠠ ᠉ᠵᠢᠷᠭᠤᠭ᠎ᠠ ᠈  ᠭᠦᠢᠴᠡᠳᠬᠡᠬᠦ ᠴᠠᠭ ᠤᠨ ᠬᠢᠵᠠᠭᠠᠷ      1. ᠡᠷᠡᠮᠡᠯᠵᠡᠯ ᠢ ᠬᠦᠯᠢᠶᠡᠭᠰᠡᠨ ᠡᠳᠦᠷ ᠠᠴᠠ ᠡᠬᠢᠯᠡᠨ 7 ᠡᠳᠦᠷ ᠤᠨ ᠲᠤᠲᠤᠷ᠎ᠠ ᠬᠦᠯᠢᠶᠡᠨ ᠠᠪᠬᠤ ᠡᠰᠡᠬᠦ ᠲᠤᠬᠠᠢ ᠰᠶᠢᠳᠪᠦᠷᠢ ᠭᠠᠷᠭᠠᠨ᠎ᠠ︔      2. ᠲᠠᠰᠤᠯᠠᠨ ᠰᠢᠢᠳᠪᠤᠷᠢᠯᠡᠬᠦ ᠲᠢᠩᠬᠢᠮ ᠢ ᠪᠠᠶᠢᠭᠤᠯᠤᠭᠰᠠᠨ ᠡᠳᠦᠷ ᠠᠴᠠ ᠡᠬᠢᠯᠡᠵᠦ 60 ᠡᠳᠦᠷ ᠤᠨ ᠲᠤᠲᠤᠷ᠎ᠠ ᠰᠶᠢᠳᠪᠦᠷᠢᠯᠡᠨ᠎ᠡ ᠉ᠳᠤᠯᠤᠭ᠎ᠠ ᠈ ᠰᠤᠶᠢᠳᠭᠡᠯ ᠬᠤᠷᠢᠶᠠᠬᠤ ᠪᠠᠷᠢᠮᠵᠢᠶ᠎ᠠ ᠵᠢᠴᠢ ᠦᠨᠳᠦᠰᠦᠯᠡᠯ        1. ᠰᠤᠶᠢᠳᠭᠡᠯ ᠬᠤᠷᠢᠶᠠᠬᠤ ᠪᠠᠷᠢᠮᠵᠢᠶ᠎ᠠ      ᠬᠦᠳᠡᠯᠮᠦᠷᠢ ᠶᠢᠨ ᠮᠠᠷᠭᠤᠭᠠᠨ ᠤ ᠬᠡᠷᠡᠭ ᠢ ᠲᠠᠰᠤᠯᠬᠤ  ᠬᠡᠷᠡᠭ ᠪᠦᠷᠢ ᠶᠢᠨ ᠰᠤᠶᠢᠳᠭᠡᠯ ᠬᠤᠷᠢᠶᠠᠬᠤ ᠪᠠᠷᠢᠮᠵᠢᠶ᠎ᠠ ᠨᠢ ᠭᠡᠪᠡᠯ᠄      3 ᠬᠦᠮᠦᠨ ᠠᠴᠠ ᠳᠤᠷᠤᠭᠰᠢ ᠪᠤᠯ 20 ᠲᠦᠭᠦᠷᠢᠭ︔ 4 ᠠᠴᠠ 9 ᠬᠦᠮᠦᠨ ᠪᠤᠯ 30 ᠲᠦᠭᠦᠷᠢᠭ︔ 10 ᠬᠦᠮᠦᠨ ᠠᠴᠠ ᠳᠡᠭᠡᠭᠰᠢᠬᠢ ᠬᠦᠳᠡᠯᠮᠦᠷᠢ ᠶᠢᠨ ᠬᠠᠮᠲᠤ ᠶᠢᠨ ᠮᠠᠷᠭᠤᠭᠠᠨ ᠤ ᠬᠡᠷᠡᠭ ᠪᠤᠯ 50 ᠲᠦᠭᠦᠷᠢᠭ ᠉      2. ᠰᠶᠢᠳᠪᠦᠷᠢᠯᠡᠭᠰᠡᠨ ᠰᠤᠶᠢᠳᠭᠡᠯ ᠢ ᠪᠤᠳᠠᠲᠠᠢ ᠵᠠᠷᠤᠳᠠᠯ ᠢ ᠦᠨᠳᠦᠰᠦᠯᠡᠵᠦ ᠠᠪᠤᠨ᠎ᠠ ᠉ ᠭᠤᠤᠯ ᠨᠢ ᠳᠤᠤᠷᠠᠬᠢ ᠠᠭᠤᠯᠭ᠎ᠠ ᠶᠢ ᠪᠠᠭᠲᠠᠭᠠᠨ᠎ᠠ᠄ ᠬᠢᠨᠠᠬᠤ ᠰᠤᠶᠢᠳᠭᠡᠯ ᠈  ᠪᠠᠶᠢᠴᠠᠭᠠᠭᠰᠠᠨ ᠰᠤᠶᠢᠳᠭᠡᠯ ᠈ ᠵᠠᠮ ᠤᠨ ᠵᠠᠷᠤᠳᠠᠯ ᠈ ᠭᠡᠷᠡᠴᠢᠯᠡᠭᠴᠢ ᠶᠢᠨ ᠠᠵᠢᠯ ᠰᠠᠭᠠᠲᠠᠭᠰᠠᠨ ᠨᠦᠬᠦᠪᠦᠷᠢ ᠵᠡᠷᠭᠡ ᠉      3. ᠰᠤᠶᠢᠳᠭᠡᠯ ᠬᠤᠷᠢᠶᠠᠬᠤ ᠦᠨᠳᠦᠰᠦᠯᠡᠯ        ᠬᠦᠳᠡᠯᠮᠦᠷᠢ ᠬᠦᠴᠦᠨ ᠦᠰᠦᠭ ﹇1989﹈ 10 ᠳ᠋ᠤᠭᠠᠷ   ︽ᠬᠦᠳᠡᠯᠮᠦᠷᠢ ᠶᠢᠨ ᠭᠡᠷ᠎ᠡ ᠶᠢ ᠬᠢᠨᠠᠨ ᠲᠤᠳᠤᠯᠠᠬᠤ ᠬᠢᠭᠡᠳ ᠬᠦᠳᠡᠯᠮᠦᠷᠢ ᠶᠢᠨ ᠮᠠᠷᠭᠤᠭᠠᠨ ᠢ ᠲᠠᠰᠤᠯᠬᠤ ᠰᠤᠶᠢᠳᠭᠡᠯ ᠬᠤᠷᠢᠶᠠᠬᠤ ᠵᠢᠴᠢ ᠬᠡᠷᠡᠭᠯᠡᠬᠦ ᠬᠦᠷᠢᠶ᠎ᠡ ᠬᠡᠪᠴᠢᠶ᠎ᠡ ᠶᠢᠨ ᠲᠦᠷ ᠬᠡᠷᠡᠭᠵᠢᠭᠦᠯᠬᠦ ᠠᠷᠭ᠎ᠠ︾      ᠵᠦᠪᠰᠢᠶᠡᠷᠡᠬᠦ ᠨᠢᠭᠡᠴᠢ᠄ ᠠᠵᠢᠯᠲᠠᠨ ᠤ ᠶᠠᠪᠤᠳᠠᠯ ᠬᠦᠳᠡᠯᠮᠦᠷᠢ ᠬᠢᠭᠡᠳ ᠨᠡᠶᠢᠭᠡᠮ ᠤᠨ ᠪᠠᠳᠣᠯᠠᠭ᠎ᠠ ᠶᠢᠨ ᠲᠤᠪᠴᠢᠶ᠎ᠠ
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号