ᠶᠠᠮᠠᠷ ᠬᠦᠮᠦᠰ ᠬᠤᠳᠠ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢ ᠬᠦᠷᠳᠡᠵᠦ ᠪᠤᠯᠬᠤ ᠦᠬᠡᠢ ᠪᠤᠢ︖
ᠨᠡᠶᠢᠲᠡᠯᠡᠭᠰᠡᠨ ᠴᠠᠭ᠄
2015/9/6
    ︵1︶ ᠬᠡᠷ ᠪᠦᠯᠢ ᠶᠢᠨ ᠦᠨᠳᠦᠰᠦᠨ ᠠᠮᠢᠳᠤᠷᠠᠯ ᠤᠨ ᠬᠡᠷᠡᠭᠴᠡᠭᠡ ᠳᠤ ᠬᠤᠯᠪᠤᠭ᠎ᠠ ᠦᠬᠡᠢ ᠮᠠᠰᠢᠨ ᠳᠡᠷᠬᠡ᠂ ᠺᠤᠮᠫᠢᠦ᠋ᠲ᠋ᠧᠷ ᠵᠡᠷᠬᠡ ᠳᠡᠬᠡᠳᠦ ᠳᠡᠰ ᠤᠨ ᠬᠡᠷᠡᠭᠯᠡᠬᠡᠨ ᠤ ᠳᠠᠸᠠᠷ ᠢ ᠡᠳ᠋ᠯᠡᠵᠦ ᠪᠠᠶᠢᠬᠤ᠃       ︵2︶ ᠰᠲ᠋ᠤᠺ ᠬᠤᠳᠠᠯᠳᠤᠨ ᠠᠪᠤᠭᠰᠠᠨ ᠪᠤᠶᠤ ᠪᠤᠰᠤᠳ ᠪᠡᠯᠡ ᠤᠷᠤᠭᠤᠯᠤᠯᠳᠠ ᠶᠢᠨ ᠢᠷᠡᠯᠳᠡ ᠲᠠᠢ᠃     ︵3︶ ᠪᠡᠯᠡ ᠭᠠᠷᠭᠠᠨ ᠦᠷ᠎ᠡ ᠬᠡᠥᠬᠡᠳ ᠢᠶᠠᠨ ᠪᠤᠰᠤᠳ ᠭᠠᠵᠠᠷ ᠪᠢᠴᠢᠭ ᠦᠵᠡᠬᠦᠯᠵᠦ ᠪᠠᠶᠢᠭ᠎ᠠ ᠪᠤᠶᠤ ᠰᠤᠷᠭᠠᠭᠤᠯᠢ ᠰᠤᠩᠭᠤᠨ ᠪᠢᠴᠢᠭ ᠦᠵᠡᠵᠦ ᠪᠠᠶᠢᠬᠤ᠃     ︵4︶ ᠵᠤᠭᠤᠰ ᠮᠦᠷᠦᠶᠢᠴᠡᠬᠦ ᠪᠤᠶᠤ ᠬᠤᠤᠷ ᠳᠠᠳᠠᠬᠤ ᠵᠡᠷᠬᠡ ᠬᠠᠥᠯᠢ ᠶᠢ ᠵᠦᠷᠢᠴᠡᠭᠰᠡᠨ ᠠᠵᠢᠯᠯᠠᠭ᠎ᠠ ᠠᠴᠠ ᠪᠤᠯᠵᠤ ᠬᠡᠷ ᠪᠦᠯᠢ ᠶᠢᠨ ᠠᠮᠢᠳᠤᠷᠠᠯ ᠤᠨ ᠳᠦᠪᠰᠢᠨ ᠨᠢ ᠳᠤᠰ ᠭᠠᠵᠠᠷ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ  ᠤᠨ ᠪᠠᠳᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠤᠯᠤᠭᠰᠠᠨ᠃     ︵5︶ ᠠᠵᠢᠯ ᠤᠯᠬᠤ ᠨᠠᠰᠤᠨ ᠳᠤ ᠪᠠᠨ ᠬᠦᠳᠡᠯᠮᠦᠷᠢᠯᠡᠬᠦ ᠴᠢᠳᠠᠪᠤᠷᠢ ᠲᠠᠢ ᠠᠳᠠᠯ᠎ᠠ ᠵᠦᠢ ᠪᠤᠰᠤ ᠶᠢᠨ ᠰᠢᠯᠳᠠᠭᠠᠨ ᠦᠬᠡᠢ ᠪᠠᠷ ᠠᠵᠢᠯ ᠤᠯᠭᠤᠬᠤ ᠳᠠᠨᠢᠯᠴᠠᠭᠤᠯᠭ᠎ᠠ ᠶᠢ ᠬᠤᠶᠠᠷ ᠤᠳᠠᠭ᠎ᠠ ᠳᠡᠪᠴᠢᠭᠰᠡᠨ ᠪᠤᠶᠤ ᠨᠡᠶᠢᠬᠡᠮ ᠳᠤᠭᠤᠷᠢᠭ ᠠᠴᠠ ᠵᠤᠬᠢᠶᠠᠨ ᠪᠠᠶᠢᠭᠤᠯᠤᠭᠰᠠᠨ ᠤᠯᠠᠨ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯᠯᠠᠭ᠎ᠠ ᠳᠤ ᠦᠯᠦ ᠤᠷᠤᠯᠴᠠᠭᠰᠠᠳ᠃      ︵6︶ ᠬᠠᠷᠭᠤᠭᠤᠯᠠᠨ ᠪᠠᠶᠢᠴᠠᠭᠠᠭᠠᠳ ᠬᠠᠳᠠᠭᠠᠯᠠᠮᠵᠢ ᠶᠢᠨ ᠳᠤᠭ᠎ᠠ ᠶᠢ ᠨᠢ ᠳᠤᠳᠤᠷᠬᠠᠶᠢᠯᠠᠬᠤ ᠶᠢᠨ ᠠᠷᠭ᠎ᠠ ᠦᠬᠡᠢ ᠪᠤᠶᠤ ᠳᠠᠯᠳᠠᠯᠠᠵᠤ ᠪᠦᠬᠦᠢ ᠤᠷᠤᠯᠭ᠎ᠠ ᠶᠢ ᠨᠢ ᠬᠢᠨᠠᠨ ᠬᠠᠷᠭᠤᠭᠤᠯᠬᠤ ᠶᠢᠨ ᠠᠷᠭ᠎ᠠ ᠦᠬᠡᠢ᠂ ᠦᠨᠡᠨ ᠬᠦ ᠳᠡᠬᠡᠳᠦ ᠳᠡᠰ ᠤᠨ ᠬᠡᠷᠡᠭᠯᠡᠬᠡᠨ ᠤ ᠳᠠᠸᠠᠷ ᠲᠠᠢ ᠬᠡᠷ ᠪᠦᠯᠢ᠂ ᠬᠦᠮᠦᠨ ᠪᠦᠷᠢ ᠶᠢᠨ ᠤᠷᠤᠯᠭ᠎ᠠ ᠨᠢ ᠳᠤᠰ ᠭᠠᠵᠠᠷ ᠤᠨ ᠰᠠᠭᠤᠭᠠᠯᠢ ᠠᠷᠠᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠷᠢᠮᠵᠢᠶ᠎ᠠ ᠠᠴᠠ ᠳᠤᠤᠷ᠎ᠠ ᠴᠦ ᠪᠤᠳᠠᠳᠠᠢ ᠠᠮᠢᠳᠤᠷᠠᠯ ᠤᠨ ᠳᠦᠪᠰᠢᠨ ᠨᠢ ᠳᠤᠰ ᠭᠠᠵᠠᠷ ᠤᠨ ᠰᠠᠭᠤᠭᠠᠯᠢ ᠠᠷᠠᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ  ᠤᠨ ᠪᠠᠷᠢᠮᠵᠢᠶ᠎ᠠ ᠠᠴᠠ ᠢᠯᠡᠷᠬᠡᠢ ᠦᠨᠳᠦᠷ᠃      ︵7︶ ᠬᠤᠳᠠ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠬᠠᠷᠠᠭᠠᠯᠵᠠᠯ ᠢ ᠬᠦᠷᠳᠡᠵᠦ ᠦᠯᠦ ᠪᠤᠯᠬᠤ ᠪᠤᠰᠤᠳ ᠬᠦᠮᠦᠰ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号