ᠬᠤᠳᠠ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠡᠳᠡᠬᠡᠳ ᠲᠤ ᠶᠠᠮᠠᠷ ᠱᠠᠭᠠᠷᠳᠠᠯᠭ᠎ᠠ ᠪᠠᠶᠢᠬᠤ ᠪᠤᠢ︖
ᠨᠡᠶᠢᠲᠡᠯᠡᠭᠰᠡᠨ ᠴᠠᠭ᠄
2015/9/6
          ᠬᠤᠳᠠ ᠶᠢᠨ ᠰᠠᠭᠤᠭᠠᠯᠢ ᠠᠷᠠᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠳᠦᠷᠢᠮ ᠨᠢ ᠬᠤᠳᠠ ᠶᠢᠨ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠢ ᠪᠠᠳᠤᠯᠠᠬᠤ ᠵᠠᠷᠴᠢᠮ ᠢ ᠵᠢᠷᠤᠮᠯᠠᠵᠤ᠂ ᠤᠯᠤᠰ ᠤᠨ ᠪᠠᠳᠤᠯᠠᠭ᠎ᠠ ᠪᠤᠯᠤᠨ ᠨᠡᠶᠢᠬᠡᠮ ᠤᠨ ᠬᠠᠪᠰᠤᠷᠤᠨ ᠳᠡᠳᠬᠦᠬᠦ ᠶᠢ ᠤᠶᠠᠯᠳᠤᠭᠤᠯᠬᠤ ᠪᠠ ᠬᠦᠳᠡᠯᠮᠦᠷᠢ ᠪᠠᠷ ᠦᠪᠡᠷ ᠢ ᠪᠠᠨ ᠠᠪᠤᠷᠠᠬᠤ ᠴᠢᠭᠯᠡᠯᠳᠡ ᠶᠢ ᠪᠠᠷᠢᠮᠳᠠᠯᠠᠨ᠎ᠠ᠃ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠡᠳᠡᠬᠡᠳ ᠨᠢ ᠪᠠᠶᠢᠴᠠᠭᠠᠯᠳᠠ ᠶᠢ ᠬᠦᠯᠢᠶᠡᠵᠦ᠂ ᠬᠠᠮᠢᠶ᠎ᠠ ᠪᠦᠬᠦᠢ ᠪᠠᠶᠢᠳᠠᠯ ᠢᠶᠠᠨ ᠦᠨᠡᠨ ᠪᠤᠳᠠᠳᠠᠢ ᠪᠠᠷ ᠮᠡᠳᠡᠬᠦᠯᠦᠨ᠎ᠡ᠃ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢ ᠬᠦᠷᠳᠡᠵᠦ ᠪᠠᠶᠢᠭ᠎ᠠ ᠬᠤᠭᠤᠴᠠᠭᠠᠨ ᠳᠤ ᠦᠪᠡᠷ ᠤᠨ ᠴᠢᠳᠠᠪᠤᠷᠢ  ᠪᠠᠨ ᠦᠨᠳᠦᠰᠦᠯᠡᠨ ᠰᠠᠭᠤᠭ᠎ᠠ ᠭᠠᠵᠠᠷ ᠤᠨ ᠢᠶᠠᠨ ᠰᠠᠭᠤᠭᠠᠯᠢ ᠠᠷᠠᠳ ᠤᠨ ᠵᠦᠪᠯᠡᠯ ᠠᠴᠠ ᠵᠤᠬᠢᠶᠠᠨ ᠪᠠᠶᠢᠭᠤᠯᠤᠭᠰᠠᠨ ᠤᠯᠠᠨ ᠨᠡᠶᠢᠳᠡ ᠶᠢᠨ ᠴᠢᠨᠠᠷᠳᠠᠢ ᠦᠢᠯᠡᠴᠢᠯᠡᠬᠡᠨ ᠤ ᠬᠦᠳᠡᠯᠮᠦᠷᠢ ᠳᠤ ᠤᠷᠤᠯᠴᠠᠨ᠎ᠠ᠃ ᠬᠤᠳᠠᠯ ᠢᠶᠠᠷ ᠮᠡᠳᠡᠬᠦᠯᠬᠦ᠂ ᠦᠨᠡᠨ ᠪᠤᠳᠠᠳᠤ ᠪᠠᠶᠢᠳᠠᠯ ᠢᠶᠠᠨ ᠳᠠᠷᠤᠵᠤ ᠨᠢᠭᠤᠬᠤ᠂ ᠬᠠᠭᠤᠷᠮᠠᠭ ᠢᠶᠠᠷ ᠵᠤᠬᠢᠶᠠᠬᠤ ᠵᠡᠷᠬᠡ ᠠᠷᠭ᠎ᠠ ᠪᠠᠷᠢᠯ ᠢᠶᠠᠷ ᠬᠤᠳᠠ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠨᠦᠬᠦᠪᠦᠷᠢ ᠶᠢ ᠮᠡᠬᠡᠯᠡᠨ ᠬᠦᠷᠳᠡᠵᠦ ᠪᠤᠯᠬᠤ ᠦᠬᠡᠢ᠃ ᠬᠡᠷ ᠪᠦᠯᠢ ᠶᠢᠨ ᠤᠷᠤᠯᠭ᠎ᠠ ᠨᠢ ᠪᠠᠳᠤᠯᠠᠭ᠎ᠠ ᠶᠢᠨ ᠪᠠᠷᠢᠮᠵᠢᠶ᠎ᠠ ᠠᠴᠠ ᠳᠠᠪᠠᠪᠠᠯ ᠬᠢᠨᠠᠨ ᠵᠦᠪᠰᠢᠶᠡᠷᠡᠬᠦ ᠪᠠᠶᠢᠭᠤᠯᠭ᠎ᠠ ᠳᠤ ᠰᠠᠨᠠᠭᠠᠴᠢᠯᠭ᠎ᠠ ᠠᠴᠠ ᠪᠠᠨ ᠮᠡᠳᠡᠭᠳᠡᠬᠦ ᠬᠡᠷᠡᠭᠳᠠᠢ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号