ᠶᠠᠭᠤ ᠶᠢ ᠬᠦᠳᠡᠭᠡ ᠳᠤᠰᠬᠤᠨ ᠮᠠᠯᠵᠢᠬᠤ ᠤᠷᠤᠨ ᠤ ᠬᠠᠮᠤᠭ ᠨᠠᠭᠠᠳᠤ ᠵᠠᠬ᠎ᠠ ᠶᠢᠨ ᠪᠠᠳᠤᠯᠠᠭ᠎ᠠ ᠬᠡᠬᠦ ᠪᠤᠢ︖
ᠨᠡᠶᠢᠲᠡᠯᠡᠭᠰᠡᠨ ᠴᠠᠭ᠄
2015/9/6
     ᠬᠦᠳᠡᠭᠡ ᠳᠤᠰᠬᠤᠨ ᠮᠠᠯᠵᠢᠬᠤ ᠤᠷᠤᠨ ᠤ ᠰᠠᠭᠤᠭᠠᠯᠢ ᠠᠷᠠᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ  ᠤᠨ ᠪᠠᠳᠤᠯᠠᠭ᠎ᠠ ᠶᠢᠨ ᠳᠦᠷᠢᠮ ︵ᠬᠦᠳᠡᠭᠡ ᠳᠤᠰᠬᠤᠨ ᠮᠠᠯᠵᠢᠬᠤ ᠤᠷᠤᠨ ᠤ ᠨᠠᠭᠠᠳᠤ ᠵᠠᠬ᠎ᠠ ᠶᠢᠨ ᠪᠠᠳᠤᠯᠠᠭ᠎ᠠ ᠬᠡᠵᠦ ᠳᠦᠬᠦᠮᠴᠢᠯᠡᠨ᠎ᠡ︶ ᠪᠤᠯ ᠵᠠᠰᠠᠭ ᠤᠨ ᠤᠷᠳᠤᠨ ᠠᠴᠠ ᠬᠦᠳᠡᠭᠡ ᠳᠤᠰᠬᠤᠨ ᠮᠠᠯᠵᠢᠬᠤ ᠤᠷᠤᠨ ᠤ ᠬᠡᠷ ᠪᠦᠯᠢ ᠶᠢᠨ ᠬᠦᠮᠦᠨ ᠪᠦᠷᠢ ᠶᠢᠨ ᠳᠤᠮᠳᠠᠴᠢ ᠤᠷᠤᠯᠭ᠎ᠠ ᠨᠢ ᠳᠤᠰ ᠭᠠᠵᠠᠷ ᠤᠨ ᠬᠦᠳᠡᠭᠡ ᠳᠤᠰᠬᠤᠨ ᠮᠠᠯᠵᠢᠬᠤ ᠤᠷᠤᠨ ᠤ ᠰᠠᠭᠤᠭᠠᠯᠢ ᠠᠷᠠᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠶᠠᠳᠠᠭᠤ ᠬᠦᠴᠢᠷᠳᠡᠯ ᠲᠠᠢ ᠬᠡᠷ ᠪᠦᠯᠢ ᠳᠤ ᠳᠦᠷᠦᠯ ᠬᠤᠪᠢᠶᠠᠨ ᠳᠡᠳᠬᠦᠬᠦ‍ ᠨᠢᠬᠡ ᠵᠦᠢᠯ ᠤᠨ ᠳᠦᠷᠢᠮ ᠪᠤᠯᠤᠨ᠎ᠠ᠃ ᠬᠦᠳᠡᠭᠡ ᠳᠤᠰᠬᠤᠨ ᠮᠠᠯᠵᠢᠬᠤ ᠤᠷᠤᠨ ᠤ ᠨᠠᠭᠠᠳᠤ ᠵᠠᠬ᠎ᠠ ᠶᠢᠨ ᠪᠠᠳᠤᠯᠠᠭ᠎ᠠ ᠶᠢ ᠡᠷᠡᠮᠡᠯᠵᠡᠯᠡᠬᠦ ᠳᠤ ᠴᠢᠩᠭ᠎ᠠ ᠨᠢᠮᠪᠠᠢ ᠳᠤᠭᠳᠠᠭᠠᠯ ᠲᠠᠢ᠂ ᠵᠦᠪᠬᠡᠨ ᠬᠠᠥᠯᠢ ᠶᠢᠨ ᠳᠤᠭᠳᠠᠭᠠᠯ ᠳᠤ ᠨᠡᠶᠢᠴᠡᠭᠰᠡᠨ ᠨᠦᠬᠦᠴᠡᠯ ᠳᠤᠤᠷ᠎ᠠ᠂ ᠬᠤᠪᠢ ᠬᠦᠮᠦᠨ ᠤ ᠤᠢ ᠤᠬᠠᠭᠠᠨ ᠤ ᠰᠢᠯᠳᠠᠭᠠᠨ᠂ ᠪᠠᠶᠢᠭᠠᠯᠢ ᠶᠢᠨ ᠭᠠᠮᠰᠢᠭ ᠤᠨ ᠰᠢᠯᠳᠠᠭᠠᠨ ᠪᠤᠶᠤ ᠨᠡᠶᠢᠬᠡᠮ ᠤᠨ ᠰᠢᠯᠳᠠᠭᠠᠨ ᠢᠶᠠᠷ ᠠᠳᠠᠯ ᠠᠮᠢᠳᠤᠷᠠᠯ ᠨᠢ ᠬᠦᠴᠢᠷᠳᠡᠯ ᠳᠤ ᠳᠤᠯᠭᠠᠷᠠᠭᠰᠠᠨ ᠬᠦᠳᠡᠭᠡ ᠳᠤᠰᠬᠤᠨ ᠮᠠᠯᠵᠢᠬᠤ ᠤᠷᠤᠨ ᠤ ᠰᠠᠭᠤᠭᠠᠯᠢ ᠠᠷᠠᠳ ᠲᠤ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠳᠡᠳᠬᠦᠮᠵᠢ ᠤᠯᠭᠤᠵᠤ ᠦᠨᠳᠦᠰᠦᠨ ᠠᠮᠢᠳᠤᠷᠠᠯ ᠢ ᠨᠢ ᠪᠠᠳᠤᠯᠠᠨ᠎ᠠ ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠳᠡᠳᠬᠦᠮᠵᠢ ᠪᠤᠯ ᠠᠮᠢᠳᠤᠯᠢᠭ᠂ ᠳᠦᠷ ᠴᠠᠭ ᠤᠨ ᠤᠬᠤᠷ ᠬᠤᠭᠤᠴᠠᠭ᠎ᠠ ᠲᠠᠢ᠂ ᠳᠤᠰᠠᠯᠠᠨ ᠳᠡᠳᠬᠦᠭᠰᠡᠨ ᠡᠳᠡᠬᠡᠳ ᠶᠠᠳᠠᠭᠤ ᠬᠦᠴᠢᠷᠳᠡᠯ ᠠᠴᠠ ᠪᠠᠨ ᠠᠩᠬᠢᠵᠢᠷᠠᠪᠠᠯ ᠳᠡᠬᠦᠨ ᠤ ᠳᠤᠰᠠᠯᠠᠮᠵᠢ ᠳᠡᠳᠬᠦᠮᠵᠢ ᠶᠢ ᠠᠶᠠᠨᠳᠠᠭᠠᠨ ᠦᠬᠡᠶᠢᠰᠬᠡᠨ᠎ᠡ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号