ᠭᠠᠯ ᠤᠨ ᠠᠶᠤᠯ ︵ᠬᠤᠶᠠᠷ︶
ᠨᠡᠶᠢᠲᠡᠯᠡᠭᠰᠡᠨ ᠴᠠᠭ᠄
2016/1/11
     ᠦᠨᠳᠦᠷ ᠪᠠᠷᠢᠯᠭ᠎ᠠ ᠳᠠᠬᠢ ᠭᠠᠯ ᠤᠨ ᠠᠶᠤᠯ      ᠦᠨᠳᠦᠷ ᠪᠠᠷᠢᠯᠭ᠎ᠠ ᠳᠠᠬᠢ ᠭᠠᠯ ᠤᠨ ᠠᠶᠤᠯ ᠬᠡᠳᠡᠭ ᠨᠢ ᠬᠤᠯᠠᠩ ᠵᠡᠷᠬᠡ ᠠᠴᠠ ᠭᠠᠯ ᠭᠠᠷᠬᠤ ᠶᠢ ᠵᠢᠭᠠᠵᠤ ᠪᠤᠢ ᠃ ᠦᠨᠳᠦᠷ ᠪᠠᠷᠢᠯᠭ᠎ᠠ ᠳᠠᠬᠢ ᠵᠠᠮ ᠭᠤᠳᠤᠮ ᠢᠪᠴᠤᠤ᠂ ᠨᠠᠭᠠᠰᠢ ᠴᠠᠭᠠᠰᠢ ᠶᠠᠪᠤᠬᠤ ᠳᠤ ᠨᠡᠯᠢᠶᠡᠳ ᠬᠤᠯᠠ᠂ ᠴᠠᠭ ᠳᠤᠬᠠᠢ ᠳᠤ ᠨᠢ ᠭᠠᠳᠠᠭᠰᠢ ᠭᠠᠷᠴᠤ ᠵᠠᠪᠳᠤᠬᠤ ᠦᠬᠡᠢ ᠠᠴᠠ ᠬᠦᠮᠦᠨ ᠬᠠᠷ᠎ᠠ ᠪᠦᠳᠡᠩᠰᠡᠵᠦ᠂ ᠦᠨᠳᠦᠷ ᠬᠠᠯᠠᠭᠤᠨ  ᠳᠤ ᠬᠠᠯᠠᠭᠠᠵᠤ ᠰᠢᠷᠬᠠᠳᠤᠬᠤ ᠦᠵᠡᠭᠳᠡᠯ ᠭᠠᠷᠳᠠᠭ᠃      ᠰᠡᠷᠬᠡᠶᠢᠯᠡᠬᠦ ᠭᠤᠤᠯᠳᠠᠯᠭ᠎ᠠ      ᠦᠨᠳᠦᠷ ᠪᠠᠷᠢᠯᠭ᠎ᠠ ᠳᠤ ᠤᠷᠤᠪᠠᠯ ᠡᠷᠬᠡᠪᠰᠢ ᠠᠰᠠᠷ ᠤᠨ ᠱᠠᠳᠤ᠂ ᠭᠠᠷᠬᠤ ᠭᠤᠳᠤᠮ᠂ ᠠᠶᠦᠯᠬᠦᠢ ᠡᠬᠦᠳᠡ ᠵᠡᠷᠬᠡ ᠶᠢ ᠠᠩᠬᠠᠷᠴᠤ᠂ ᠪᠠᠷᠢᠯᠭ᠎ᠠ ᠳᠠᠬᠢ ᠡᠯ᠎ᠡ ᠵᠦᠢᠯ ᠤᠨ ᠭᠠᠯ ᠰᠡᠷᠬᠡᠶᠢᠯᠡᠬᠦ ᠪᠠᠭᠠᠵᠢ ᠬᠡᠷᠡᠭᠰᠡᠯ ᠤᠨ ᠪᠠᠶᠢᠷᠢᠰᠢᠯ ᠢ ᠳᠤᠳᠤ ᠡᠵᠡᠮᠰᠢᠵᠦ᠂ ᠬᠡᠷᠡᠭᠯᠡᠬᠦ ᠠᠷᠭ᠎ᠠ ᠶᠢ ᠨᠢ ᠤᠶᠢᠯᠠᠭᠠᠵᠤ᠂ ᠭᠠᠳᠠᠭᠰᠢ ᠵᠢᠭᠤᠳᠠᠬᠤ ᠰᠤᠷᠢᠯᠳᠠ ᠳᠤ ᠢᠳᠡᠪᠬᠢᠳᠠᠢ  ᠪᠠᠷ ᠤᠷᠤᠯᠴᠠᠬᠤ ᠬᠡᠷᠡᠭᠳᠠᠢ᠃      ᠠᠷᠭᠠᠴᠠᠭᠠᠬᠤ ᠭᠤᠤᠯᠳᠠᠯᠭ᠎ᠠ      ● ᠭᠠᠯ ᠡᠬᠢᠯᠡᠨ ᠨᠤᠴᠤᠬᠤ ᠳᠤ ᠤᠷᠢᠳ ᠢᠶᠠᠷ ᠬᠡᠷᠡᠭ ᠮᠡᠳᠡᠬᠦᠯᠵᠦ᠂ ᠳᠠᠷᠠᠭ᠎ᠠ ᠨᠢ ᠠᠰᠠᠷ ᠳᠤᠳᠤᠷᠠᠬᠢ ᠭᠠᠯ ᠤᠨᠳᠠᠷᠠᠭᠠᠬᠤ ᠪᠠᠭᠠᠵᠢ ᠶᠢ ᠬᠡᠷᠡᠭᠯᠡᠨ᠎ᠡ᠃      ● ᠬᠡᠷᠡᠭ ᠮᠡᠳᠡᠬᠦᠯᠬᠦ ᠳᠤᠪᠴᠢᠯᠠᠭᠤᠷ ᠢ ᠳᠠᠷᠤᠵᠤ᠂ ᠪᠤᠰᠤᠳ ᠬᠦᠮᠦᠰ ᠲᠤ ᠮᠡᠳᠡᠭᠳᠡᠬᠦ ᠪᠦᠬᠡᠳ ᠳᠦᠷᠬᠡᠬᠡᠨ ᠭᠠᠯ ᠢ ᠰᠡᠷᠬᠡᠶᠢᠯᠡᠬᠦ ᠱᠠᠳᠤ ᠪᠠᠷ ᠵᠢᠭᠤᠳᠠᠨ᠎ᠠ᠂ ᠴᠠᠬᠢᠯᠭᠠᠨ ᠱᠠᠳᠤ ᠳᠤ ᠶᠠᠭᠠᠬᠢᠭᠰᠠᠨ ᠴᠦ ᠤᠷᠤᠵᠤ ᠪᠤᠯᠬᠤ ᠦᠬᠡᠢ᠃      ● ᠨᠤᠶᠢᠳᠠᠨ ᠠᠯᠴᠢᠭᠤᠷ ᠵᠡᠷᠬᠡ ᠪᠠᠷ ᠠᠮᠠ ᠬᠠᠮᠠᠷ ᠢᠶᠠᠨ ᠪᠦᠳᠡᠬᠡᠵᠦ ᠪᠦᠬᠦᠶᠢᠰᠬᠢᠨ ᠵᠢᠭᠤᠳᠠᠵᠤ᠂ ᠪᠠᠭ᠎ᠠ ᠰᠢᠭ᠋ ᠠᠮᠢᠰᠬᠤᠯ ᠠᠪᠬᠤ ᠬᠡᠷᠡᠭᠳᠠᠢ᠃ ᠨᠤᠶᠢᠳᠠᠨ ᠪᠦᠰ᠂ ᠨᠤᠶᠢᠳᠠᠨ ᠲᠠᠨᠽᠢ ᠵᠡᠷᠬᠡ ᠪᠠᠷ ᠨᠢᠯᠬ᠎ᠠ ᠬᠡᠥᠬᠡᠳ ᠢᠶᠠᠨ ᠬᠠᠮᠠᠭᠠᠯᠠᠨ ᠵᠢᠭᠤᠳᠠᠨ᠎ᠠ᠂ ᠠᠮᠠ ᠬᠠᠮᠠᠷ ᠢᠶᠠᠨ ᠪᠦᠳᠡᠩᠰᠡᠬᠦᠯᠬᠦ ᠠᠴᠠ ᠬᠢᠴᠢᠶᠡᠨ᠎ᠡ᠃      ● ᠭᠠᠳᠠᠭᠰᠢ ᠵᠢᠭᠤᠳᠠᠵᠤ ᠴᠢᠳᠠᠬᠤ ᠦᠬᠡᠢ ᠦᠶ᠎ᠡ ᠳᠤ ᠭᠠᠯ ᠤᠷᠤᠵᠤ ᠢᠷᠡᠵᠦ ᠮᠡᠳᠡᠬᠦ ᠡᠬᠦᠳᠡ ᠪᠠᠨ ᠴᠢᠩᠭ᠎ᠠ ᠬᠠᠭᠠᠵᠤ᠂ ᠤᠰᠤ ᠰᠦᠷᠴᠢᠬᠦ ᠮᠡᠳᠦ ᠪᠠᠷ ᠡᠬᠦᠳᠡᠨ ᠤ ᠬᠠᠯᠠᠭᠤᠨ ᠢ ᠪᠠᠭᠤᠷᠠᠭᠤᠯᠵᠤ᠂ ᠤᠳᠤᠭ᠎ᠠ ᠶᠢ ᠰᠡᠷᠬᠡᠶᠢᠯᠡᠨ᠎ᠡ᠃ ᠴᠤᠩᠬᠤ ᠪᠤᠶᠤ ᠨᠠᠷᠠᠪᠴᠢᠨ ᠳᠤ ᠪᠠᠨ ᠤᠶᠢᠷᠠᠳᠤᠵᠤ ᠠᠮᠢᠰᠬᠤᠯ ᠠᠪᠬᠤ ᠬᠡᠷᠡᠭᠳᠠᠢ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号