ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠠᠳᠡᠯ ︵ᠨᠢᠭᠡ︶
ᠨᠡᠶᠢᠲᠡᠯᠡᠭᠰᠡᠨ ᠴᠠᠭ᠄
2016/1/20
     ᠬᠤᠯᠤᠭᠠᠨ᠎ᠠ ᠬᠢᠵᠢᠭ      ᠬᠤᠯᠤᠭᠠᠨ᠎ᠠ ᠬᠢᠵᠢᠭ ᠪᠤᠯ ᠨᠢᠬᠡ ᠵᠦᠢᠯ ᠤᠨ ᠬᠢᠵᠢᠭ ᠡᠬᠦᠰᠬᠦ ᠴᠢᠨᠠᠷᠳᠠᠢ ᠡᠪᠡᠳᠴᠢᠨ ᠶᠤᠮ᠃ ᠭᠤᠤᠯᠳᠠᠭᠤ ᠢᠯᠡᠷᠡᠯ ᠨᠢ ᠬᠠᠯᠠᠭᠤᠷᠠᠬᠤ᠂ ᠳᠤᠯᠤᠭᠠᠢ ᠡᠪᠡᠳᠬᠦ᠂ ᠯᠢᠮᠹ ᠤᠨ ᠵᠠᠩᠬᠢᠯᠠᠭ᠎ᠠ ᠬᠠᠪᠤᠳᠬᠤ᠂ ᠪᠦᠬᠦ ᠪᠡᠶ᠎ᠡ ᠶᠢᠨ ᠠᠷᠠᠰᠤ ᠪᠤᠯᠤᠨ ᠳᠤᠳᠤᠷ ᠡᠷᠬᠡᠳᠡᠨ ᠠᠴᠠ ᠴᠢᠰᠤ ᠭᠠᠷᠳᠠᠭ᠃      ᠰᠡᠷᠬᠡᠶᠢᠯᠡᠬᠦ ᠭᠤᠤᠯᠳᠠᠯᠭ᠎ᠠ      ● ᠬᠤᠯᠤᠭᠠᠨ᠎ᠠ ᠶᠢ ᠤᠰᠠᠳᠬᠠᠵᠤ᠂ ᠬᠤᠯᠤᠭᠠᠨ᠎ᠠ ᠶᠢᠨ ᠬᠢᠵᠢᠭ ᠢ ᠪᠠᠶᠢᠴᠠᠭᠠᠨ ᠬᠢᠵᠠᠭᠠᠷᠯᠠᠨ᠎ᠠ᠃      ● ᠬᠤᠯᠤᠭᠠᠨ᠎ᠠ ᠨᠢᠵᠡᠬᠡᠳ ᠦᠬᠦᠭᠰᠡᠨ ᠪᠤᠯ ᠳᠤᠬᠠᠢ ᠶᠢᠨ ᠭᠠᠵᠠᠷ ᠤᠨ ᠬᠢᠵᠢᠭ ᠢ ᠬᠢᠵᠠᠭᠠᠷᠯᠠᠬᠤ ᠰᠠᠯᠠᠭ᠎ᠠ ᠮᠦᠴᠢᠷ ᠲᠤ ᠮᠡᠳᠡᠬᠦᠯᠦᠨ᠎ᠡ᠃      ᠠᠷᠭᠠᠴᠠᠭᠠᠬᠤ ᠭᠤᠤᠯᠳᠠᠯᠭ᠎ᠠ      ● ᠬᠢᠵᠢᠭ ᠢᠯᠡᠷᠡᠪᠡᠯ ᠳᠠᠷᠤᠶᠢᠬᠠᠨ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠮᠡᠳᠡᠬᠦᠯᠦᠨ᠎ᠡ᠃      ● ᠬᠢᠵᠢᠭ ᠤᠨ ᠰᠡᠵᠢᠭᠯᠡᠯ ᠲᠠᠢ ᠬᠦᠮᠦᠰ ᠢ ᠳᠠᠷᠤᠶᠢᠬᠠᠨ ᠡᠮᠨᠡᠯᠬᠡ ᠳᠤ ᠬᠦᠷᠬᠡᠨ᠎ᠡ᠃      ● ᠡᠪᠡᠳᠴᠢᠳᠡᠨ ᠤ ᠤᠷᠤᠨ ᠰᠠᠭᠤᠴᠠ ᠵᠡᠷᠬᠡ ᠶᠢ ᠳᠦᠢᠯᠪᠦᠷᠢᠳᠠᠢ ᠠᠷᠢᠭᠤᠳᠬᠠᠨ᠎ᠠ᠃      ● ᠬᠢᠵᠢᠭᠳᠦ ᠤᠷᠤᠨ ᠳᠤ ᠤᠷᠤᠪᠠᠯ ᠰᠡᠷᠬᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠳᠠᠢ᠃      ● ᠦᠬᠦᠭᠰᠡᠳ ᠤᠨ ᠬᠡᠬᠦᠷ ᠢ ᠠᠷᠢᠭᠤᠳᠬᠠᠵᠤ᠂ ᠤᠭᠤᠳᠠᠨ ᠳᠤ ᠴᠢᠩᠭ᠎ᠠ ᠪᠢᠳᠡᠬᠦᠮᠵᠢᠯᠡᠬᠡᠳ ᠳᠠᠷᠤᠢ ᠳᠤ  ᠨᠢ ᠭᠠᠯ ᠢᠶᠠᠷ ᠳᠡᠭᠳᠡᠬᠡᠬᠦ ᠭᠠᠵᠠᠷ ᠲᠤ ᠬᠦᠷᠬᠡᠬᠦ ᠬᠡᠷᠡᠭᠳᠠᠢ᠃      ᠪᠤᠯᠴᠢᠩ ᠵᠠᠳᠠᠷᠠᠬᠤ ᠳᠠᠬᠤᠯ      ᠪᠤᠯᠴᠢᠩ ᠵᠠᠳᠠᠷᠠᠬᠤ ᠳᠠᠬᠤᠯ ᠪᠤᠯ ᠨᠢᠬᠡ ᠵᠦᠢᠯ ᠤᠨ ᠳᠦᠷᠬᠡᠨ ᠴᠢᠨᠠᠷᠳᠠᠢ ᠬᠡᠳᠡᠰᠦᠨ ᠵᠠᠮ ᠤᠨ ᠬᠠᠯᠳᠠᠪᠤᠷᠢᠳᠤ ᠡᠪᠡᠳᠴᠢᠨ ᠪᠤᠯᠤᠨ᠎ᠠ᠃ ᠭᠤᠤᠯ ᠢᠯᠡᠷᠡᠯ ᠨᠢ ᠴᠡᠬᠡᠵᠢ ᠪᠠᠴᠢᠮᠳᠠᠬᠤ‌‍ᠤ᠋᠂ ᠪᠦᠬᠡᠯᠵᠢᠬᠦ᠂ ᠰᠠᠭᠤᠯᠭᠠᠬᠤ ︵ᠤᠰᠤ ᠪᠠᠷ ᠰᠠᠭᠤᠯᠭᠠᠬᠤ᠂ ᠪᠤᠯᠠᠩᠬᠢᠷ ᠲᠠᠢ ᠰᠠᠭᠤᠯᠭᠠᠬᠤ᠂ ᠴᠢᠰᠤ ᠪᠠᠷ ᠰᠠᠭᠤᠯᠭᠠᠬᠤ︶ ᠳᠦᠷᠪᠡᠨ ᠮᠦᠴᠢ ᠶᠢᠨ ᠨᠠᠮᠵᠢᠭᠤᠨ ᠰᠤᠳᠠᠯ ᠬᠦᠷᠦᠬᠦ᠂ ᠮᠡᠳᠡᠭᠡ ᠠᠯᠳᠠᠬᠤ ᠵᠡᠷᠬᠡ ᠪᠤᠯᠤᠨ᠎ᠠ᠃      ᠰᠡᠷᠬᠡᠶᠢᠯᠡᠬᠦ ᠭᠤᠤᠯᠳᠠᠯᠭ᠎ᠠ      ● ᠤᠷᠴᠢᠨ ᠳᠤᠭᠤᠷᠢᠨ ᠤ ᠡᠷᠡᠬᠦᠯ ᠬᠠᠮᠠᠭᠠᠯᠠᠯ ᠢ ᠰᠠᠶᠢᠳᠤᠷ ᠬᠢᠵᠦ ᠭᠤᠷᠪᠠ ︵ᠤᠰᠤ᠂ ᠵᠤᠷᠯᠤᠩ᠂ ᠢᠳᠡᠬᠡᠨ︶ ᠶᠢ ᠰᠠᠶᠢᠳᠤᠷ ᠬᠠᠮᠢᠶᠠᠷᠴᠤ᠂ ᠨᠢᠬᠡ ︵ᠢᠯᠠᠭ᠎ᠠ︶ ᠶᠢ ᠤᠰᠠᠳᠬᠠᠨ᠎ᠠ᠃      ● ᠤᠬᠢ ᠰᠠᠶᠢᠨ ᠡᠷᠡᠬᠦᠯ ᠬᠠᠮᠠᠭᠠᠯᠠᠯ ᠤᠨ ᠵᠠᠩᠰᠢᠯ ᠢ ᠪᠦᠷᠢᠯᠳᠦᠬᠦᠯᠵᠦ᠂ ᠡᠪᠡᠳᠴᠢᠨ ᠠᠮᠠ ᠪᠠᠷ ᠬᠠᠯᠳᠠᠪᠤᠷᠢᠯᠠᠬᠤ ᠶᠢ ᠰᠡᠷᠬᠡᠶᠢᠯᠡᠨ᠎ᠡ᠃      ᠠᠷᠭᠠᠴᠠᠭᠠᠬᠤ ᠭᠤᠤᠯᠳᠠᠯᠭ᠎ᠠ      ● ᠪᠤᠬᠢᠷᠳᠤᠵᠤ ᠮᠡᠳᠡᠬᠦ ᠤᠰᠤ ᠪᠠᠨ ᠠᠷᠢᠭᠤᠳᠬᠠᠨ᠎ᠠ᠃      ● ᠪᠤᠯᠴᠢᠩ ᠵᠠᠳᠠᠷᠠᠬᠤ ᠡᠪᠡᠳᠴᠢᠨ ᠳᠤ ᠨᠡᠷᠪᠡᠭᠳᠡᠭᠰᠡᠳ ᠡᠮᠨᠡᠯᠬᠡ ᠳᠤ ᠡᠮᠨᠡᠬᠦᠯᠬᠦ ᠠᠴᠠ ᠤᠷᠢᠳ ᠰᠢᠬᠢᠷ  ᠲᠠᠢ ᠤᠰᠤ ᠨᠠᠶᠢᠷᠠᠭᠤᠯᠤᠨ ᠤᠤᠭᠤᠨ᠎ᠠ᠃      ● ᠬᠢᠵᠢᠭᠳᠦ ᠤᠷᠤᠨ ᠤ ᠬᠢᠨᠢ ᠡᠮᠴᠢ ᠶᠢᠨ ᠵᠢᠯᠤᠭᠤᠳᠤᠯᠭ᠎ᠠ ᠪᠠᠷ ᠰᠡᠷᠬᠡᠶᠢᠯᠡᠬᠦ ᠡᠮ ᠤᠤᠭᠤᠬᠤ ᠬᠡᠷᠡᠭᠳᠠᠢ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号