ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠠᠳᠡᠯ ︵ᠬᠤᠶᠠᠷ︶
ᠨᠡᠶᠢᠲᠡᠯᠡᠭᠰᠡᠨ ᠴᠠᠭ᠄
2016/1/24
     ᠨᠡᠶᠢᠳᠡᠯᠢᠭ ᠪᠤᠰᠤ ᠠᠭᠤᠰᠬᠢᠨ ᠦᠷᠪᠢᠰᠦᠯ      ᠨᠡᠶᠢᠳᠡᠯᠢᠭ ᠪᠤᠰᠤ ᠠᠭᠤᠰᠬᠢᠨ ᠦᠷᠪᠢᠰᠦᠯ ᠪᠤᠯ ᠨᠢᠬᠡ ᠵᠦᠢᠯ ᠤᠨ ᠰᠦᠷᠡᠬᠡᠢ ᠳᠦᠷᠬᠡᠨ ᠴᠢᠨᠠᠷᠳᠠᠢ ᠠᠮᠢᠰᠬᠤᠯ  ᠤᠨ ᠵᠠᠮ ᠤᠨ ᠬᠠᠯᠳᠠᠪᠤᠷᠢᠳᠤ ᠡᠪᠡᠳᠴᠢᠨ ᠪᠤᠯᠤᠨ᠎ᠠ᠃ ᠠᠩᠬ᠎ᠠ ᠡᠬᠢᠯᠡᠬᠦ ᠦᠶ᠎ᠡ ᠶᠢᠨ ᠢᠯᠡᠷᠡᠯ ᠨᠢ ᠬᠠᠯᠳᠠᠪᠤᠷᠢᠳᠤ ᠳᠠᠭᠰᠢᠭᠤᠷ ᠬᠢᠬᠡᠳ ᠠᠭᠤᠰᠬᠢᠨ ᠦᠷᠪᠢᠰᠦᠯ ᠲᠠᠢ ᠢᠯᠭᠠᠭ᠎ᠠ ᠦᠬᠡᠢ ᠪᠠᠶᠢᠳᠠᠭ᠃      ᠰᠡᠷᠬᠡᠶᠢᠯᠡᠬᠦ ᠭᠤᠤᠯᠳᠠᠯᠭ᠎ᠠ      ● ᠤᠬᠢ ᠰᠠᠶᠢᠨ ᠡᠷᠡᠬᠦᠯ ᠬᠠᠮᠠᠭᠠᠯᠠᠯ ᠤᠨ ᠳᠠᠳᠬᠠᠯ ᠢ ᠪᠤᠢ ᠪᠤᠯᠭᠠᠵᠤ᠂ ᠭᠠᠷ ᠢᠶᠠᠨ ᠰᠠᠶᠢᠳᠤᠷ ᠤᠬᠢᠶᠠᠵᠤ᠂ ᠬᠠᠮᠢᠶ᠎ᠠ ᠨᠠᠮᠢᠶ᠎ᠠ ᠦᠬᠡᠢ ᠨᠢᠯᠪᠤᠬᠤ ᠶᠢ ᠴᠡᠬᠡᠷᠯᠡᠨ᠎ᠡ᠃      ● ᠬᠦᠮᠦᠨ ᠤ ᠡᠮᠦᠨ᠎ᠡ ᠬᠠᠨᠢᠶᠠᠬᠤ᠂ ᠨᠠᠶᠢᠳᠠᠭᠠᠬᠤ᠂ ᠬᠠᠮᠠᠷ ᠢᠶᠠᠨ ᠮᠠᠯᠳᠠᠬᠤ ᠶᠢ ᠴᠡᠬᠡᠷᠯᠡᠨ᠎ᠡ᠃      ● ᠬᠠᠨᠢᠶᠠᠬᠤ ᠵᠡᠷᠬᠡ ᠪᠠᠶᠢᠳᠠᠯ ᠭᠠᠷᠪᠠᠯ ᠠᠮᠠᠨ ᠪᠦᠳᠡᠬᠡᠯᠬᠡ ᠵᠡᠬᠦᠵᠦ᠂ ᠪᠤᠰᠤᠳ ᠲᠠᠢ ᠤᠶᠢᠷᠠᠳᠤᠬᠤ ᠶᠢ ᠴᠡᠬᠡᠷᠯᠡᠨ᠎ᠡ᠃      ᠠᠷᠭᠠᠴᠠᠭᠠᠬᠤ ᠭᠤᠤᠯᠳᠠᠯᠭ᠎ᠠ      ● ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠠᠮᠢᠰᠬᠤᠯ ᠴᠢᠬᠤᠯᠠᠳᠠᠬᠤ ᠵᠡᠷᠬᠡ ᠢᠯᠡᠷᠡᠯ ᠭᠠᠷᠪᠠᠯ ᠴᠠᠭ ᠳᠤᠬᠠᠢ ᠳᠤ ᠨᠢ ᠡᠮᠨᠡᠬᠦᠯᠦᠨ᠎ᠡ᠃      ● ᠡᠪᠡᠳᠴᠢᠳᠡᠨ ᠤ ᠬᠡᠷᠡᠭᠰᠡᠯ᠂ ᠤᠷᠤᠨ ᠰᠠᠭᠤᠴᠠ ᠶᠢ ᠰᠠᠶᠢᠳᠤᠷ ᠠᠷᠢᠭᠤᠳᠬᠠᠨ᠎ᠠ᠃      ● ᠡᠪᠡᠳᠴᠢᠳᠡᠨ ᠪᠤᠶᠤ ᠪᠤᠬᠢᠷᠳᠤᠭᠰᠠᠨ ᠬᠡᠷᠡᠭᠰᠡᠯ ᠲᠠᠢ ᠨᠢ ᠤᠶᠢᠷᠠᠳᠤᠭᠰᠠᠨ ᠪᠤᠯ ᠰᠠᠨᠠᠭᠠᠴᠢᠯᠠᠭ᠎ᠠ ᠠᠴᠠ  ᠪᠠᠨ ᠡᠮᠨᠡᠯᠬᠡ ᠳᠤ ᠬᠦᠷᠴᠦ ᠡᠮᠨᠡᠬᠦᠯᠦᠨ᠎ᠡ᠃     ● ᠤᠯᠠᠨ ᠨᠡᠶᠢᠳᠡ ᠶᠢᠨ ᠭᠠᠵᠠᠷ᠂ ᠰᠠᠯᠬᠢ ᠨᠡᠪᠳᠡᠷᠡᠬᠦ ᠪᠠᠷ ᠠᠨᠠᠢ ᠬᠦᠮᠦᠨ ᠤᠯᠠᠨ ᠭᠠᠵᠠᠷ ᠤᠷᠳᠤ ᠴᠠᠭ ᠢᠶᠠᠷ ᠡᠷᠬᠢᠴᠡᠬᠦ ᠶᠢ ᠰᠡᠷᠬᠡᠶᠢᠯᠡᠨ᠎ᠡ᠃      ᠬᠦᠮᠦᠨ ᠳᠤ ᠬᠠᠯᠳᠠᠪᠤᠷᠢᠯᠠᠬᠤ ᠵᠢᠬᠦᠷᠳᠡᠨ ᠤ ᠳᠠᠬᠤᠯ      ᠬᠦᠮᠦᠨ ᠳᠤ ᠬᠠᠯᠳᠠᠪᠤᠷᠢᠯᠠᠬᠤ ᠵᠢᠬᠦᠷᠳᠡᠨ ᠤ ᠳᠠᠬᠤᠯ ᠬᠡᠳᠡᠭ ᠪᠤᠯ ᠬᠦᠬᠡ ᠬᠡᠯᠪᠡᠷᠢ ᠶᠢᠨ ᠳᠠᠬᠤᠯ ᠤᠨ ᠬᠤᠤᠷ᠎ᠠ  ᠠᠴᠠ ᠡᠬᠦᠰᠦᠭᠰᠡᠨ ᠨᠢᠬᠡ ᠵᠦᠢᠯ ᠤᠨ ᠬᠦᠮᠦᠨ᠂ ᠵᠢᠬᠦᠷᠳᠡᠨ᠂ ᠮᠠᠯ ᠳᠤ ᠬᠠᠯᠳᠠᠪᠤᠷᠢᠯᠠᠬᠤ ᠳᠦᠷᠬᠡᠨ ᠴᠢᠨᠠᠷᠳᠠᠢ ᠬᠠᠯᠳᠠᠪᠤᠷᠢᠳᠤ ᠡᠪᠡᠳᠴᠢᠨ ᠪᠤᠯᠤᠨ᠎ᠠ᠃      ᠰᠡᠷᠬᠡᠶᠢᠯᠡᠬᠦ ᠭᠤᠤᠯᠳᠠᠯᠭ᠎ᠠ      ● ᠡᠪᠡᠳᠴᠢᠨ ᠢᠶᠠᠷ ᠦᠬᠦᠭᠰᠡᠨ ᠮᠠᠯ ᠵᠢᠬᠦᠷᠳᠡᠨ ᠲᠠᠢ ᠤᠶᠢᠷᠠᠳᠬᠤ ᠪᠤᠶᠤ ᠢᠳᠡᠵᠦ ᠪᠤᠯᠬᠤ ᠦᠬᠡᠢ᠃      ● ᠬᠢᠵᠢᠭᠳᠦ ᠤᠷᠤᠨ ᠤ ᠮᠠᠯ ᠵᠢᠬᠦᠷᠳᠡᠨ ᠢ ᠬᠤᠳᠠᠯᠳᠤᠵᠤ ᠪᠤᠯᠬᠤ ᠦᠬᠡᠢ᠂ ᠡᠪᠡᠳᠴᠢᠨ ᠢᠶᠠᠷ ᠦᠬᠦᠭᠰᠡᠨ ᠮᠠᠯ ᠵᠢᠬᠦᠷᠳᠡᠨ ᠢ ᠭᠠᠳᠠᠭᠰᠢ ᠳᠡᠬᠡᠬᠡᠪᠦᠷᠢᠯᠡᠵᠦ ᠪᠤᠯᠬᠤ ᠦᠬᠡᠢ᠃      ● ᠬᠡᠷ ᠤᠨ ᠵᠢᠬᠦᠷᠳᠡᠨ ᠤ ᠮᠢᠬ᠎ᠠ᠂ ᠦᠨᠳᠡᠭᠡ ᠵᠡᠷᠬᠡ ᠢᠳᠡᠬᠡᠨ ᠤ ᠵᠦᠢᠯᠡᠰ ᠢ ᠳᠤᠤᠱᠳᠠᠢ ᠰᠢᠯᠵᠢᠷᠡᠳᠡᠯ᠎ᠡ ᠴᠢᠨᠠᠬᠤ ᠬᠡᠷᠡᠭᠳᠠᠢ᠃      ● ᠵᠢᠬᠦᠷᠳᠡᠨ ᠤ ᠬᠢᠵᠢᠭ ᠳᠡᠯᠬᠡᠷᠡᠭᠰᠡᠨ ᠤᠷᠤᠨ ᠳᠤ ᠤᠴᠢᠵᠤ ᠪᠤᠯᠬᠤ ᠦᠬᠡᠢ᠃      ᠠᠷᠭᠠᠴᠠᠭᠠᠬᠤ ᠭᠤᠤᠯᠳᠠᠯᠭ᠎ᠠ      ● ᠬᠢᠵᠢᠭᠳᠦ ᠤᠷᠤᠨ ᠤ ᠬᠦᠮᠦᠰ ᠠᠮᠠᠨ ᠪᠦᠳᠡᠬᠡᠯᠬᠡ ᠵᠡᠬᠦᠵᠦ᠂ ᠭᠠᠷ ᠢᠶᠠᠨ ᠰᠠᠶᠢᠳᠤᠷ ᠤᠬᠢᠶᠠᠨ᠎ᠠ᠃      ● ᠡᠶᠢᠮᠦᠷᠬᠦᠤ ᠡᠪᠡᠳᠴᠢᠨ ᠤ ᠢᠯᠡᠷᠡᠯ ᠲᠠᠢ ᠪᠤᠯ ᠴᠠᠭ ᠳᠤᠬᠠᠢ ᠳᠤ ᠨᠢ ᠡᠮᠨᠡᠬᠦᠯᠦᠨ᠎ᠡ᠃      ● ᠵᠢᠬᠦᠷᠳᠡᠨ ᠤ ᠬᠠᠯᠳᠠᠪᠤᠷᠢᠳᠤ ᠳᠠᠬᠤᠯ ᠢᠯᠡᠷᠡᠪᠡᠯ ᠠᠯᠪᠠᠳᠠᠯᠭ᠎ᠠ ᠪᠠᠷ ᠰᠡᠷᠬᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠳᠠᠢ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号