ᠠᠳᠡᠯ ᠤᠨ ᠭᠠᠮᠰᠢᠭ ︵ᠨᠢᠭᠡ︶
ᠨᠡᠶᠢᠲᠡᠯᠡᠭᠰᠡᠨ ᠴᠠᠭ᠄
2016/1/4
     ᠤᠯᠠᠨ ᠨᠡᠶᠢᠳᠡ ᠶᠢᠨ ᠭᠠᠵᠠᠷ ᠴᠢᠬᠢᠯᠳᠦᠨ ᠬᠢᠰᠬᠢᠯᠡᠬᠦ      ᠤᠯᠠᠨ ᠨᠡᠶᠢᠳᠡ ᠶᠢᠨ ᠭᠠᠵᠠᠷ ᠴᠢᠬᠢᠯᠳᠦᠨ ᠬᠢᠰᠬᠢᠯᠡᠬᠦ ᠬᠡᠳᠡᠭ ᠪᠤᠯ ᠬᠦᠮᠦᠨ ᠤᠯᠠᠨ ᠴᠤᠭᠯᠠᠷᠠᠭᠰᠠᠨ ᠭᠠᠵᠠᠷ  ᠲᠤ ᠡᠮᠬᠢ ᠳᠢᠭᠯᠢᠮ ᠢᠶᠠᠨ ᠠᠯᠳᠠᠭᠰᠠᠨ ᠵᠡᠷᠬᠡ ᠠᠴᠠ ᠢᠪᠡᠷᠡᠯᠳᠦᠵᠦ ᠦᠢᠮᠡᠯᠳᠦᠬᠡᠳ ᠤᠯᠠᠨ ᠬᠦᠮᠦᠨ ᠢ ᠰᠢᠷᠬᠠᠳᠤᠭᠤᠯᠬᠤ ᠪᠤᠶᠤ ᠬᠢᠰᠬᠢᠵᠦ ᠠᠯᠠᠬᠤ ᠠᠳᠡᠯ ᠭᠠᠷᠬᠤ ᠶᠢ ᠵᠢᠭᠠᠵᠤ ᠪᠤᠢ᠃      ᠠᠷᠭᠠᠴᠠᠭᠠᠬᠤ ᠭᠤᠤᠯᠳᠠᠯᠭ᠎ᠠ      ● ᠤᠯᠠᠨ ᠬᠦᠮᠦᠨ ᠴᠤᠭᠯᠠᠷᠠᠭᠰᠠᠨ ᠭᠠᠵᠠᠷ ᠲᠤ ᠤᠴᠢᠪᠠᠯ ᠪᠠᠴᠢᠮ ᠭᠠᠷᠬᠤ ᠡᠬᠦᠳᠡ᠂ ᠭᠠᠳᠠᠭᠰᠢ ᠳᠠᠷᠬᠠᠨ ᠶᠠᠪᠤᠬᠤ ᠭᠤᠳᠤᠮ ᠵᠡᠷᠬᠡ ᠶᠢ ᠰᠠᠶᠢᠳᠤᠷ ᠴᠡᠬᠡᠵᠢᠯᠡᠬᠦ ᠬᠡᠷᠡᠭᠳᠠᠢ᠃      ● ᠳᠤᠬᠠᠢ ᠶᠢᠨ ᠳᠠᠯᠠᠪᠤᠷ ᠤᠨ ᠵᠢᠯᠤᠭᠤᠳᠤᠯᠭ᠎ᠠ ᠶᠢ ᠰᠤᠨᠤᠰᠴᠤ᠂ ᠨᠠᠮ ᠵᠢᠮ ᠳᠢᠭᠯᠢᠮ ᠲᠠᠢ ᠪᠠᠷ ᠳᠤᠬᠠᠢ  ᠶᠢᠨ ᠳᠠᠯᠠᠪᠤᠷ ᠠᠴᠠ ᠰᠠᠯᠬᠤ ᠬᠡᠷᠡᠭᠳᠠᠢ᠃ ᠤᠯᠠᠨ ᠬᠦᠮᠦᠨ ᠤ ᠴᠤᠭᠯᠠᠷᠠᠭᠰᠠᠨ ᠭᠠᠵᠠᠷ ᠵᠥᠭ ᠶᠠᠪᠤᠵᠤ ᠪᠤᠯᠬᠤ ᠦᠬᠡᠢ᠂ ᠬᠡᠥᠬᠡᠳ ᠳᠠᠭᠠᠭᠤᠯᠤᠭᠰᠠᠨ ᠪᠤᠯ ᠬᠡᠥᠬᠡᠳ ᠢᠶᠠᠨ ᠳᠡᠪᠡᠷᠢᠨ ᠴᠢᠬᠢᠯᠳᠦᠭᠰᠡᠨ ᠭᠠᠵᠠᠷ ᠠᠴᠠ ᠵᠠᠶᠢᠳᠠᠬᠤ ᠬᠡᠷᠡᠭᠳᠠᠢ᠃      ● ᠬᠦᠮᠦᠨ ᠤᠶᠢᠴᠢᠬᠤ ᠳᠤ ᠬᠦᠷᠪᠡᠯ ᠳᠠᠷᠤᠶᠢᠬᠠᠨ ᠵᠤᠭᠰᠤᠵᠤ ᠬᠤᠶᠢᠨᠠᠬᠢ ᠬᠦᠮᠦᠰ ᠲᠤ ᠪᠠᠨ ᠳᠡᠬᠡᠷ᠎ᠡ ᠳᠠᠭᠤᠨ ᠢᠶᠠᠷ ᠬᠡᠯᠡᠵᠦ ᠦᠭᠬᠦ ᠬᠡᠷᠡᠭᠳᠠᠢ᠃      ● ᠤᠶᠢᠴᠢᠪᠠᠯ ᠳᠦᠷᠬᠡᠬᠡᠨ ᠪᠤᠰᠬᠤ ᠬᠡᠷᠡᠭᠳᠠᠢ᠂ ᠪᠤᠰᠴᠤ ᠳᠡᠶᠢᠯᠬᠦ ᠦᠬᠡᠢ ᠪᠤᠯ ᠳᠠᠷᠤᠶᠢᠬᠠᠨ ᠪᠡᠶ᠎ᠡ ᠪᠠᠨ ᠠᠭᠵᠠᠶᠢᠯᠭᠠᠵᠤ᠂ ᠬᠤᠶᠠᠷ ᠭᠠᠷ ᠢᠶᠠᠷ ᠢᠶᠠᠨ ᠳᠤᠯᠤᠭᠠᠢ ᠪᠠᠨ ᠴᠢᠩᠭ᠎ᠠ ᠳᠡᠪᠡᠷᠢᠬᠦ ᠬᠡᠷᠡᠭᠳᠠᠢ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号