ᠠᠳᠡᠯ ᠤᠨ ᠭᠠᠮᠰᠢᠭ ︵ᠳᠦᠷᠪᠡ︶
ᠨᠡᠶᠢᠲᠡᠯᠡᠭᠰᠡᠨ ᠴᠠᠭ᠄
2016/1/7
     ᠴᠠᠬᠢᠯᠭᠠᠨ ᠱᠠᠳᠤ ᠶᠢᠨ ᠠᠳᠡᠯ      ᠴᠠᠬᠢᠯᠭᠠᠨ ᠱᠠᠳᠤ ᠶᠢᠨ ᠠᠳᠡᠯ ᠬᠡᠳᠡᠭ ᠨᠢ ᠳᠤᠨᠤᠭ ᠳᠦᠬᠦᠬᠡᠷᠦᠮᠵᠢ ᠪᠤᠶᠤ ᠬᠦᠮᠦᠨ ᠤ ᠰᠢᠯᠳᠠᠭᠠᠨ ᠠᠴᠠ ᠪᠤᠯᠵᠤ ᠠᠶᠠᠨᠴᠢᠳ ᠬᠠᠰᠢᠭᠳᠠᠬᠤ ᠪᠤᠶᠤ ᠰᠢᠷᠬᠠᠳᠤᠬᠤ ᠵᠡᠷᠬᠡ ᠶᠢ ᠬᠡᠯᠡᠵᠦ ᠪᠤᠢ᠃ ᠴᠠᠬᠢᠯᠭᠠᠨ ᠱᠠᠳᠤ ᠶᠢᠨ ᠠᠳᠡᠯ ᠨᠢ ᠭᠤᠤᠯᠳᠠᠭᠤ ᠤᠷᠤᠢ ᠪᠠᠨ ᠮᠦᠷᠬᠦᠬᠦ᠂ ᠭᠠᠵᠠᠷ ᠰᠢᠪᠳᠤ ᠪᠠᠭᠤᠬᠤ᠂ ᠬᠦᠮᠦᠨ ᠤᠶᠢᠴᠢᠬᠤ᠂ ᠰᠢᠬᠠᠯᠳᠤᠬᠤ᠂ ᠬᠠᠰᠢᠶᠠᠰᠤ ᠨᠢ ᠪᠠᠯᠪᠠᠷᠠᠬᠤ ᠵᠡᠷᠬᠡ ᠪᠤᠯᠤᠨ᠎ᠠ᠃      ᠰᠡᠷᠬᠡᠶᠢᠯᠡᠬᠦ ᠭᠤᠤᠯᠳᠠᠯᠭ᠎ᠠ      ● ︽ᠰᠡᠯᠪᠢᠵᠦ ᠪᠤᠢ︾᠂ ︽ᠬᠡᠮᠳᠦᠯ ᠲᠠᠢ︾ ᠬᠡᠬᠦ ᠳᠡᠮᠳᠡᠭ ᠡᠯᠬᠦᠭᠰᠡᠨ ᠡᠬᠦᠳᠡ ᠨᠢ ᠨᠡᠬᠡᠬᠡᠰᠦᠳᠠᠢ ᠴᠠᠬᠢᠯᠭᠠᠨ ᠱᠠᠳᠤ ᠳᠤ ᠭᠠᠷᠴᠤ ᠪᠤᠯᠬᠤ ᠦᠬᠡᠢ᠃      ● ᠡᠬᠦᠳᠡ ᠪᠠᠨ ᠬᠠᠭᠠᠬᠤ ᠬᠡᠵᠦ ᠪᠠᠶᠢᠭ᠎ᠠ ᠴᠠᠬᠢᠯᠭᠠᠨ ᠱᠠᠳᠤᠨ ᠳᠤ ᠴᠢᠬᠢᠯᠳᠦᠨ ᠭᠠᠷᠴᠤ ᠪᠤᠯᠬᠤ ᠦᠬᠡᠢ᠂ ᠬᠦᠯ ᠢᠶᠠᠨ ᠬᠠᠪᠴᠢᠭᠤᠯᠬᠤ ᠶᠢ ᠠᠩᠬᠠᠷᠤᠨ᠎ᠠ᠃      ● ᠴᠠᠬᠢᠯᠭᠠᠨ ᠱᠠᠳᠤ ᠠᠴᠠ ᠭᠠᠷᠬᠤ ᠳᠤ ᠪᠠᠨ ᠬᠦᠯ ᠳᠤᠤᠷᠠᠬᠢ ᠪᠠᠨ ᠰᠠᠶᠢᠳᠤᠷ ᠦᠵᠡᠵᠦ᠂ ᠤᠶᠢᠴᠢᠬᠤ ᠶᠢ ᠰᠡᠷᠬᠡᠶᠢᠯᠡᠨ᠎ᠡ᠃      ᠠᠷᠭᠠᠴᠠᠭᠠᠬᠤ ᠭᠤᠤᠯᠳᠠᠯᠭ᠎ᠠ      ● ᠴᠠᠬᠢᠯᠭᠠᠨ ᠱᠠᠲᠣᠨ ᠳᠤ ᠬᠠᠰᠢᠭᠳᠠᠪᠠᠯ ᠭᠠᠷ ᠤᠳᠠᠰᠤ᠂ ᠴᠠᠬᠢᠯᠭᠠᠨ ᠱᠠᠳᠤᠨ ᠳᠠᠬᠢ ᠳᠤᠬᠢᠶᠠᠨ ᠬᠤᠩᠬᠤ᠂ ᠬᠠᠷᠢᠯᠴᠠᠭᠤᠷ ᠵᠡᠷᠬᠡ ᠪᠠᠷ ᠭᠠᠳᠠᠭᠰᠢ ᠠᠪᠤᠷᠠᠯᠳᠠ ᠬᠦᠰᠡᠬᠦ ᠴᠢᠮᠡᠭᠡ ᠦᠭᠬᠦ ᠬᠡᠷᠡᠭᠳᠠᠢ᠃      ● ᠴᠠᠬᠢᠯᠭᠠᠨ ᠱᠠᠳᠤ ᠶᠢᠨ ᠡᠬᠦᠳᠡ ᠶᠢ ᠠᠯᠪᠠ ᠪᠠᠷ ᠨᠡᠬᠡᠬᠡᠵᠦ ᠳᠤᠳᠠᠭᠠᠵᠤ ᠪᠤᠯᠬᠤ ᠦᠬᠡᠢ᠃      ● ᠴᠠᠬᠢᠯᠭᠠᠨ ᠱᠠᠳᠤ ᠰᠠᠨᠠᠮᠰᠠᠷ ᠦᠬᠡᠢ ᠳᠦᠷᠬᠡᠨ ᠭᠤᠯᠭᠤᠷᠢᠬᠤ ᠦᠶᠡᠰ ᠬᠠᠵᠠᠭᠤ ᠶᠢᠨ ᠠᠳᠬᠤᠵᠤ ᠪᠤᠯᠤᠮᠠᠷ ᠭᠠᠵᠠᠷ ᠠᠴᠠ ᠴᠢᠩᠭ᠎ᠠ ᠠᠳᠬᠤᠵᠤ᠂ ᠬᠠᠭᠠᠰ ᠰᠦᠬᠦᠳᠬᠦ ᠬᠡᠯᠪᠡᠷᠢ ᠪᠠᠷ ᠰᠢᠷᠬᠠᠳᠤᠯ ᠢ ᠰᠡᠷᠬᠡᠶᠢᠯᠡᠨ᠎ᠡ᠃      ᠴᠠᠬᠢᠯᠭᠠᠨ ᠤ ᠠᠳᠡᠯ      ᠬᠦᠮᠦᠰ ᠴᠠᠬᠢᠯᠭᠠᠨ ᠲᠠᠢ ᠵᠤᠯᠭᠠᠯᠴᠠᠵᠤ ᠰᠢᠷᠬᠠᠳᠤᠵᠤ ᠬᠡᠮᠳᠦᠬᠦ ᠠᠳᠡᠯ ᠢ ᠬᠡᠯᠡᠵᠦ ᠪᠤᠢ᠃ ᠭᠤᠤᠯᠳᠠᠭᠤ ᠬᠡᠥᠷᠰᠢᠵᠤ ᠰᠢᠷᠬᠠᠳᠤᠬᠤ᠂ ᠪᠤᠯᠴᠢᠩ ᠳᠠᠳᠠᠯᠳᠤᠬᠤ ᠵᠡᠷᠬᠡ ᠶᠢᠨ ᠨᠦᠯᠦᠬᠡᠯᠡᠯ ᠢᠶᠠᠷ ᠵᠢᠷᠦᠬᠡ᠂ ᠠᠮᠢᠰᠬᠤᠯ᠂ ᠰᠤᠳᠠᠯ  ᠤᠨ ᠯᠤᠭᠰᠢᠯᠳᠠ ᠵᠤᠭᠰᠤᠬᠤ ᠵᠡᠷᠬᠡ ᠢᠯᠡᠷᠡᠯ ᠭᠠᠷᠳᠠᠭ᠃      ᠰᠡᠷᠬᠡᠶᠢᠯᠡᠬᠦ ᠭᠤᠤᠯᠳᠠᠯᠭ᠎ᠠ      ● ᠬᠡᠥᠬᠡᠳ ᠴᠠᠬᠢᠯᠭᠠᠨ ᠤᠳᠠᠰᠤ᠂ ᠳ᠋ᠧᠩ᠂ ᠴᠠᠬᠢᠯᠭᠠᠨ ᠤ ᠬᠠᠭᠠᠯᠳᠠ᠂ ᠵᠠᠯᠭᠠᠭᠤᠷ ᠵᠡᠷᠬᠡ ᠪᠠᠷ ᠨᠠᠭᠠᠳᠬᠤ  ᠶᠢ ᠬᠡᠷᠰᠡᠥᠯᠡᠨ ᠰᠤᠷᠭᠠᠨ᠎ᠠ᠃ ᠴᠠᠬᠢᠯᠭᠠᠨ ᠳᠦᠬᠦᠬᠡᠷᠦᠮᠵᠢ ᠶᠢᠨ ᠬᠠᠪᠢ ᠪᠠᠷ ᠨᠠᠭᠠᠳᠴᠤ ᠳᠤᠭᠯᠠᠬᠤ᠂ ᠴᠠᠬᠢᠯᠭᠠᠨ ᠤᠳᠠᠰᠤᠨ ᠪᠠᠭᠠᠨ᠎ᠠ ᠳᠤ ᠮᠠᠴᠤᠬᠤ ᠵᠡᠷᠬᠡ ᠶᠢ ᠠᠩᠬᠠᠷᠤᠨ᠎ᠠ᠃      ● ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠬᠡᠷᠡᠴᠢ ᠪᠠᠷᠢᠮᠳᠠ ᠲᠠᠢ ᠴᠠᠬᠢᠯᠭᠠᠨ ᠬᠡᠷᠡᠭᠰᠡᠯ ᠢ ᠬᠤᠳᠠᠯᠳᠤᠨ ᠠᠪᠬᠤ ᠬᠡᠷᠡᠭᠳᠠᠢ᠃ ᠴᠠᠬᠢᠯᠭᠠᠨ ᠳ᠋ᠧᠩ᠂ ᠬᠠᠭᠠᠯᠳᠠ᠂ ᠵᠠᠯᠭᠠᠭᠤᠷ ᠵᠡᠷᠬᠡ ᠶᠢ ᠭᠠᠷ ᠢᠶᠠᠷ ᠢᠶᠠᠨ ᠠᠳᠬᠤᠵᠤ ᠪᠤᠯᠬᠤ ᠦᠬᠡᠢ᠃ ᠴᠠᠬᠢᠯᠭᠠᠨ ᠬᠡᠷᠡᠭᠰᠡᠯ ᠢ ᠰᠢᠯᠵᠢᠬᠦᠯᠬᠦ ᠳᠤ ᠪᠠᠨ ᠤᠷᠢᠳ ᠢᠶᠠᠷ ᠴᠠᠬᠢᠯᠭᠠᠨ ᠤᠳᠠᠰᠤ ᠶᠢ ᠨᠢ ᠰᠠᠯᠭᠠᠵᠤ ᠳᠠᠷᠠᠭ᠎ᠠ ᠨᠢ ᠰᠢᠯᠵᠢᠬᠦᠯᠬᠦ ᠬᠡᠷᠡᠭᠳᠠᠢ᠃      ● ᠡᠷᠦᠬᠡ ᠳᠤ ᠤᠷᠤᠭᠰᠠᠨ ᠴᠠᠬᠢᠯᠭᠠᠨ ᠪᠠᠭᠠᠨ᠎ᠠ ᠶᠢᠨ ᠬᠠᠵᠠᠭᠤ ᠠᠴᠠ ᠰᠢᠷᠤᠢ ᠠᠪᠴᠤ ᠪᠤᠯᠬᠤ ᠦᠬᠡᠢ᠃      ● ᠴᠠᠬᠢᠯᠭᠠᠨ ᠤᠳᠠᠰᠤ ᠳᠠᠰᠤᠷᠠᠨ ᠭᠠᠵᠠᠷ ᠤᠨᠠᠭᠰᠠᠨ ᠪᠤᠯ ᠳᠠᠷᠤᠶᠢᠬᠠᠨ ᠴᠠᠬᠢᠯᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠬᠦᠯᠬᠦ ᠬᠡᠷᠡᠭᠳᠠᠢ᠃ ᠬᠠᠷᠢᠨ ᠤᠶᠢᠷᠠᠳᠤᠨ ᠤᠴᠢᠵᠤ ᠪᠤᠯᠬᠤ ᠦᠬᠡᠢ᠃      ● ᠪᠠᠷᠢᠯᠭ᠎ᠠ ᠬᠢᠬᠦ᠂ ᠡᠳ᠋ ᠪᠤᠳᠠᠰ ᠵᠦᠬᠡᠬᠡᠪᠦᠷᠢᠯᠡᠬᠦ ᠳᠤ ᠪᠠᠨ ᠦᠨᠳᠦᠷ ᠬᠦᠴᠦᠳᠡᠯᠳᠦ ᠴᠠᠬᠢᠯᠭᠠᠨ ᠤ ᠳᠦᠬᠦᠬᠡᠷᠦᠮᠵᠢ ᠠᠴᠠ ᠠᠶᠦᠯᠬᠦᠢ ᠵᠠᠢ ᠲᠠᠢ ᠪᠠᠶᠢᠬᠤ ᠶᠢ ᠪᠠᠳᠤᠯᠠᠬᠤ ᠬᠡᠷᠡᠭᠳᠠᠢ᠃      ᠠᠷᠭᠠᠴᠠᠭᠠᠬᠤ ᠭᠤᠤᠯᠳᠠᠯᠭ᠎ᠠ      ● ᠴᠠᠬᠢᠯᠭᠠᠨ ᠳᠤ ᠳᠠᠭᠠᠷᠢᠭᠳᠠᠭᠰᠠᠨ ᠬᠦᠮᠦᠨ ᠯᠦᠭᠡ ᠰᠢᠭᠤᠳ ᠭᠠᠷ ᠢᠶᠠᠷ ᠢᠶᠠᠨ ᠵᠤᠯᠭᠠᠯᠴᠠᠵᠤ ᠪᠤᠯᠬᠤ ᠦᠬᠡᠢ᠃      ● ᠴᠠᠬᠢᠯᠭᠠᠨ ᠳᠤ ᠳᠠᠭᠠᠷᠢᠭᠳᠠᠭᠰᠠᠨ ᠬᠦᠮᠦᠰ ᠢ ᠤᠯᠵᠤ ᠦᠵᠡᠪᠡᠯ ᠬᠦᠨᠳᠡᠶᠢᠷᠡᠬᠦᠯᠦᠭᠴᠢ ᠲᠠᠢ ᠬᠠᠪᠴᠢᠭᠤᠷ ᠂ ᠮᠤᠳᠤᠨ ᠡᠰᠢ ᠲᠠᠢ ᠰᠦᠬᠡ ᠵᠡᠷᠬᠡ ᠪᠠᠷ ᠴᠠᠬᠢᠯᠭᠠᠨ ᠤᠳᠠᠰᠤ ᠶᠢ ᠳᠠᠰᠤᠯᠠᠬᠤ ᠬᠡᠷᠡᠭᠳᠠᠢ᠃ ᠬᠠᠭᠤᠷᠠᠢ ᠬᠤᠪᠴᠠᠰᠤ ᠵᠡᠷᠬᠡ ᠪᠠᠷ ᠭᠠᠷ ᠢᠶᠠᠨ ᠤᠷᠢᠶᠠᠨ ᠴᠠᠬᠢᠯᠭᠠᠨ ᠳᠤ ᠳᠠᠭᠠᠷᠢᠭᠳᠠᠭᠰᠠᠳ ᠢ ᠰᠢᠯᠵᠢᠬᠦᠯᠦᠨ᠎ᠡ᠃ ᠦᠨᠳᠦᠷ ᠬᠦᠴᠦᠳᠡᠯᠳᠦ ᠴᠠᠬᠢᠯᠭᠠᠨ ᠳᠤ ᠳᠠᠭᠠᠷᠢᠭᠳᠠᠭᠰᠠᠳ ᠢ ᠳᠠᠷᠤᠶᠢᠬᠠᠨ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠮᠡᠳᠡᠬᠦᠯᠦᠨ᠎ᠡ᠃      ● ᠴᠠᠬᠢᠯᠭᠠᠨ ᠳᠤ ᠳᠠᠭᠠᠷᠢᠭᠳᠠᠭᠰᠠᠳ ᠢ ᠴᠠᠬᠢᠯᠭᠠᠨ ᠠᠴᠠ ᠰᠠᠯᠭᠠᠭᠰᠠᠨ ᠤ ᠳᠠᠷᠠᠭ᠎ᠠ ᠰᠢᠷᠬ᠎ᠠ ᠨᠢ ᠬᠦᠨᠳᠦ ᠪᠢᠰᠢ ᠪᠤᠯ ᠨᠠᠮ ᠰᠡᠯᠡᠬᠦᠤ ᠠᠮᠠᠷᠠᠭᠤᠯᠵᠤ᠂ 1 — 2 ᠴᠠᠭ ᠠᠵᠢᠭᠯᠠᠨ ᠪᠠᠶᠢᠴᠠᠭᠠᠨ᠎ᠠ᠃ ᠶᠠᠮᠠᠷ ᠴᠦ ᠪᠠᠶᠢᠳᠠᠯ ᠮᠡᠳᠡᠭᠳᠡᠬᠦ ᠦᠬᠡᠢ ᠪᠤᠯ ᠳᠤᠪᠴᠢ ᠪᠦᠰᠡ ᠶᠢ ᠨᠢ ᠠᠯᠳᠠᠷᠭᠠᠵᠤ ᠠᠭᠤᠵᠢᠮ ᠠᠮᠢᠰᠬᠤᠭᠤᠯᠤᠨ᠎ᠠ᠃ ᠠᠮᠢᠰᠬᠤᠯ ᠦᠬᠡᠢ ᠪᠤᠶᠤ ᠨᠠᠮᠵᠢᠭᠤᠨ ᠰᠤᠳᠠᠯ ᠨᠢ ᠴᠤᠬᠢᠯᠠᠬᠤ ᠦᠬᠡᠢ ᠪᠠᠶᠢᠪᠠᠯ ᠳᠠᠷᠤᠶᠢᠬᠠᠨ ᠬᠦᠮᠦᠨ ᠤ ᠬᠦᠴᠦ ᠪᠠᠷ ᠠᠮᠢᠰᠬᠤᠭᠤᠯᠵᠤ ᠴᠡᠬᠡᠵᠢᠨ ᠳᠡᠬᠡᠷ᠎ᠡ ᠨᠢ ᠵᠢᠷᠦᠬᠡᠨ ᠳᠠᠷᠤᠯᠳᠠ ᠬᠢᠨ᠎ᠡ᠃      ● ᠴᠠᠬᠢᠯᠭᠠᠨ ᠳᠦᠬᠦᠬᠡᠷᠦᠮᠵᠢ ᠠᠴᠠ ᠭᠠᠯ ᠭᠠᠷᠪᠠᠯ ᠴᠠᠬᠢᠯᠭᠠᠨ ᠵᠠᠯᠭᠠᠭᠤᠷ ᠢ ᠳᠠᠷᠤᠶᠢᠬᠠᠨ ᠳᠠᠰᠤᠯᠵᠤ᠂ ᠤᠰᠤ ᠪᠠᠷ ᠭᠠᠯ ᠢ ᠨᠢ ᠤᠨᠳᠠᠷᠠᠭᠠᠵᠤ ᠪᠤᠯᠬᠤ ᠦᠬᠡᠢ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号