ᠭᠠᠯ ᠤᠨ ᠠᠶᠤᠯ ︵ᠨᠢᠭᠡ︶
ᠨᠡᠶᠢᠲᠡᠯᠡᠭᠰᠡᠨ ᠴᠠᠭ᠄
2016/1/8
     ᠤᠯᠠᠨ ᠨᠡᠶᠢᠳᠡ ᠶᠢᠨ ᠭᠠᠵᠠᠷ ᠤᠨ ᠭᠠᠯ ᠤᠨ ᠠᠶᠤᠯ      ᠬᠡᠳᠦ ᠳᠡᠯᠬᠡᠬᠦᠷ᠂ ᠬᠤᠭᠤᠯᠠᠨ ᠬᠡᠷ᠂ ᠺᠢᠨᠤ᠋ ᠵᠦᠴᠦᠬᠡ ᠶᠢᠨ ᠬᠦᠷᠢᠶᠡᠯᠡᠩ᠂ ᠳᠠᠮᠢᠷ ᠤᠨ ᠤᠷᠳᠤᠨ᠂ ᠳᠤᠮᠤ ᠬᠡᠪᠴᠢᠶ᠎ᠡ ᠶᠢᠨ ᠨᠠᠶᠢᠷ ᠴᠡᠩᠬᠡᠬᠦᠨ ᠤ ᠭᠠᠵᠠᠷ ᠭᠠᠯ ᠤᠨ ᠠᠶᠤᠯ ᠭᠠᠷᠬᠤ ᠶᠢ ᠵᠢᠭᠠᠵᠤ ᠪᠤᠢ᠃ ᠠᠶᠤᠯ ᠠᠴᠠ ᠵᠢᠭᠤᠳᠠᠬᠤ ᠭᠤᠳᠤᠮ ᠳᠤ ᠬᠦᠮᠦᠨ ᠬᠠᠰᠢᠭᠳᠠᠵᠤ ᠵᠦᠭ ᠴᠢᠭᠯᠡᠯ ᠢᠶᠠᠨ ᠳᠤᠳᠤᠷᠬᠠᠢ ᠮᠡᠳᠡᠬᠦ ᠦᠬᠡᠢ ᠠᠴᠠ ᠳᠦᠯᠡᠢ ᠪᠠᠯᠠᠢ ᠪᠠᠷ ᠨᠠᠭᠠᠰᠢ ᠴᠠᠭᠠᠰᠢ ᠬᠦᠶᠦᠯᠳᠦᠨ ᠰᠢᠷᠬᠠᠳᠤᠵᠤ ᠠᠳᠡᠯ ᠭᠠᠷᠳᠠᠭ᠃      ᠰᠡᠷᠬᠡᠶᠢᠯᠡᠬᠦ ᠭᠤᠤᠯᠳᠠᠯᠭ᠎ᠠ      ᠤᠯᠠᠨ ᠨᠡᠶᠢᠳᠡ ᠶᠢᠨ ᠴᠤᠭᠯᠠᠭᠠᠨ ᠤ ᠭᠠᠵᠠᠷ ᠲᠤ ᠭᠠᠳᠠᠭᠰᠢ ᠭᠠᠷᠬᠤ ᠵᠠᠮ ᠱᠤᠭᠤᠮ ᠢ ᠳᠤᠳᠤᠷᠬᠠᠢ ᠢᠯᠡᠳᠬᠡᠵᠦ᠂ ᠠᠶᠤᠯᠬᠦᠢ ᠭᠠᠷᠬᠤ ᠡᠬᠦᠳᠡ ᠶᠢ ᠨᠠᠷᠢᠯᠢᠭ ᠤᠶᠢᠯᠠᠭᠠᠵᠤ᠂ ᠳᠡᠮᠳᠡᠭ ᠢᠯᠡᠷᠬᠡᠶᠢᠯᠡᠯ ᠢ ᠨᠢ ᠠᠩᠬᠠᠷᠬᠤ ᠬᠡᠷᠡᠭᠳᠠᠢ᠃      ᠠᠷᠭᠠᠴᠠᠭᠠᠬᠤ ᠭᠤᠤᠯᠳᠠᠯᠭ᠎ᠠ      ● ᠭᠠᠯ ᠡᠬᠢᠯᠡᠨ ᠨᠤᠴᠤᠬᠤ ᠦᠶᠡᠰ ᠠᠰᠠᠷ ᠤᠨ ᠳᠤᠳᠤᠷᠠᠬᠢ ᠭᠠᠯ ᠤᠨᠳᠠᠷᠠᠭᠠᠬᠤ ᠪᠠᠭᠠᠵᠢ ᠬᠡᠷᠡᠭᠰᠡᠯ ᠢᠶᠠᠷ ᠴᠠᠭ ᠳᠤᠬᠠᠢ ᠳᠤ ᠨᠢ ᠤᠨᠳᠠᠷᠠᠭᠠᠬᠤ ᠬᠡᠷᠡᠭᠳᠠᠢ᠃ ᠪᠠᠷᠢᠯᠭ᠎ᠠ ᠳᠤ ᠳᠤᠬᠢᠶᠠᠭᠰᠠᠨ ᠪᠠᠭᠠᠵᠢ᠂ ᠠᠪᠤᠷᠠᠯᠳᠠ ᠶᠢᠨ ᠤᠭᠤᠳᠠ᠂ ᠪᠠᠴᠢᠮ ᠳᠤᠳᠠᠭᠠᠬᠤ ᠳᠡᠬᠡᠰᠦ ᠵᠡᠷᠬᠡ ᠶᠢ ᠠᠰᠢᠭᠯᠠᠨ ᠭᠠᠳᠠᠭᠰᠢ ᠵᠠᠶᠢᠳᠠᠨ ᠳᠤᠳᠠᠭᠠᠬᠤ ᠬᠡᠷᠡᠭᠳᠠᠢ᠃ ᠴᠢᠬᠢᠯᠳᠦᠨ ᠰᠢᠬᠠᠯᠳᠤᠬᠤ ᠪᠤᠶᠤ ᠴᠠᠬᠢᠯᠭᠠᠨ ᠱᠠᠳᠤᠨ ᠳᠤ ᠭᠠᠷᠴᠤ ᠪᠤᠯᠬᠤ ᠦᠬᠡᠢ᠃      ● ᠡᠬᠦᠳᠡ ᠪᠠᠷ ᠭᠠᠳᠠᠭᠰᠢ ᠳᠤᠳᠠᠭᠠᠬᠤ ᠳᠤ ᠪᠠᠨ ᠬᠠᠯᠠᠭᠤᠨ ᠤ ᠬᠡᠮᠵᠢᠶ᠎ᠡ ᠶᠢ ᠠᠩᠬᠠᠷᠴᠤ᠂ ᠬᠡᠷᠪᠡ ᠬᠠᠯᠠᠭᠤᠨ ᠪᠢᠰᠢ ᠪᠤᠯ ᠡᠬᠦᠳᠡ ᠪᠠᠨ ᠠᠯᠭᠤᠷ ᠢᠶᠠᠷ ᠨᠡᠬᠡᠬᠡᠵᠦ᠂ ᠳᠠᠷᠤᠶᠢᠬᠠᠨ ᠭᠠᠳᠠᠭᠰᠢ ᠭᠠᠷᠴᠤ᠂ ᠭᠠᠷᠤᠮᠠᠭᠴᠠ ᠡᠬᠦᠳᠡ ᠪᠠᠨ ᠬᠠᠭᠠᠬᠤ ᠬᠡᠷᠡᠭᠳᠠᠢ᠃ ᠡᠬᠦᠳᠡ ᠴᠢᠨᠢ ᠬᠡᠳᠦᠷᠬᠡᠢ ᠬᠠᠯᠠᠭᠤᠨ ᠪᠤᠯ ᠪᠢᠳᠡᠬᠡᠢ ᠨᠡᠬᠡᠬᠡ᠂ ᠨᠤᠶᠢᠳᠠᠨ ᠠᠯᠴᠢᠭᠤᠷ᠂ ᠪᠦᠰ ᠵᠡᠷᠬᠡ ᠪᠠᠷ ᠡᠬᠦᠳᠡᠨ ᠤ ᠵᠠᠪᠰᠠᠷ ᠢ ᠳᠠᠷᠤᠬᠤ ᠬᠡᠷᠡᠭᠳᠠᠢ᠃ ᠤᠰᠤ ᠪᠠᠷ ᠡᠬᠦᠳᠡ ᠪᠠᠨ ᠵᠦᠯᠬᠦᠵᠦ ᠬᠠᠯᠠᠭᠤᠨ ᠢ ᠨᠢ ᠪᠠᠭᠤᠷᠠᠭᠤᠯᠤᠨ ᠬᠡᠷ ᠲᠤ ᠭᠠᠯ ᠤᠷᠤᠬᠤ ᠶᠢ ᠰᠡᠷᠬᠡᠶᠢᠯᠡᠵᠦ᠂ ᠴᠤᠩᠬᠤ ᠪᠠᠷ ᠢᠶᠠᠨ ᠭᠠᠳᠠᠭᠰᠢ ᠭᠠᠷᠴᠤ᠂ ᠡᠰᠡᠬᠦᠯ᠎ᠡ ᠴᠤᠩᠬᠤᠨ ᠳᠡᠷᠬᠡᠳᠡ ᠪᠠᠨ ᠠᠪᠤᠷᠠᠯᠳᠠ ᠶᠢ ᠬᠦᠯᠢᠶᠡᠬᠦ ᠬᠡᠷᠡᠭᠳᠠᠢ᠃      ● ᠭᠠᠳᠠᠭᠰᠢ ᠭᠠᠷᠬᠤ ᠵᠠᠮ ᠦᠬᠡᠢ ᠪᠤᠯ ᠡᠬᠦᠳᠡ ᠴᠤᠩᠬᠤ ᠪᠠᠨ ᠰᠠᠶᠢᠳᠤᠷ ᠬᠠᠭᠠᠵᠤ᠂ ᠴᠤᠩᠬᠤ ᠶᠢᠨ ᠢᠶᠠᠨ ᠳᠡᠷᠬᠡᠳᠡ ᠠᠴᠠ ᠠᠪᠤᠷᠠᠯᠳᠠ ᠬᠦᠰᠡᠨ ᠴᠢᠮᠡᠭᠡ ᠦᠭᠬᠦ ᠬᠡᠷᠡᠭᠳᠠᠢ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号