ᠵᠠᠷ ᠤᠨ ᠴᠢᠨᠠᠷᠳᠠᠢ ᠴᠢᠰᠤ ᠭᠠᠷᠬᠤ ᠬᠠᠯᠠᠭᠤᠨ | ᠵᠠᠷ ᠤᠨ ᠴᠢᠨᠠᠷᠳᠠᠢ ᠴᠢᠰᠤ ᠭᠠᠷᠬᠤ ᠬᠠᠯᠠᠭᠤᠨ ᠪᠤᠯ ᠨᠢᠬᠡ ᠵᠦᠢᠯ ᠤᠨ ᠡᠪᠡᠳᠴᠢᠨ ᠤ ᠬᠤᠤᠷ᠎ᠠ ᠠᠴᠠ | ᠡᠬᠦᠰᠦᠭᠰᠡᠨ ᠬᠢᠵᠢᠭ ᠤᠨ ᠴᠢᠨᠠᠷᠳᠠᠢ ᠡᠪᠡᠳᠴᠢᠨ ᠪᠤᠯᠤᠨ᠎ᠠ᠃ ᠳᠤᠯᠤᠭᠠᠢ ᠡᠪᠡᠳᠬᠦ᠂ ᠨᠢᠷᠤᠭᠤ ᠡᠪᠡᠳᠬᠦ᠂ ᠢᠳᠦᠨ | ᠵᠤᠪᠬᠢ ᠡᠪᠡᠳᠬᠦ᠂ ᠬᠠᠴᠠᠷ᠂ ᠬᠦᠵᠦᠬᠦᠤ᠂ ᠴᠡᠬᠡᠵᠢ ᠤᠯᠠᠶᠢᠬᠤ ᠵᠡᠷᠬᠡ ᠢᠯᠡᠷᠡᠯ ᠭᠠᠷᠳᠠᠭ᠃ ᠬᠦᠨᠳᠦ ᠨᠤᠴᠢᠳᠠᠢ ᠨᠢ | ᠠᠷᠠᠰᠤ ᠵᠡᠷᠬᠡ ᠠᠴᠠ ᠴᠢᠰᠤ ᠭᠠᠷᠴᠤ᠂ ᠳᠤᠳᠤᠷ ᠪᠦᠬᠡᠷ᠎ᠡ ᠶᠢ ᠬᠤᠤᠷᠠᠳᠠᠭᠤᠯᠳᠠᠭ᠃ | ᠰᠡᠷᠬᠡᠶᠢᠯᠡᠬᠦ ᠭᠤᠤᠯᠳᠠᠯᠭ᠎ᠠ | ● ᠤᠯᠠᠨ ᠵᠦᠢᠯ ᠤᠨ ᠬᠡᠯᠪᠡᠷᠢ ᠪᠠᠷ ᠬᠤᠯᠤᠭᠠᠨ᠎ᠠ ᠶᠢ ᠤᠰᠠᠳᠬᠠᠨ᠎ᠠ᠃ | ● ᠢᠳᠡᠬᠡᠨ ᠪᠤᠯᠤᠨ ᠬᠤᠪᠢ ᠬᠦᠮᠦᠨ ᠤ ᠡᠷᠡᠬᠦᠯ ᠬᠠᠮᠠᠭᠠᠯᠠᠯ ᠢ ᠰᠠᠶᠢᠳᠤᠷ ᠬᠢᠨ᠎ᠡ᠃ | ᠠᠷᠭᠠᠴᠠᠭᠠᠬᠤ ᠭᠤᠤᠯᠳᠠᠯᠭ᠎ᠠ | ● ᠡᠪᠡᠳᠴᠢᠨ ᠤ ᠢᠯᠡᠷᠡᠯ ᠭᠠᠷᠪᠠᠯ ᠳᠠᠷᠤᠶᠢᠬᠠᠨ ᠡᠮᠨᠡᠯᠬᠡ ᠳᠤ ᠤᠴᠢᠵᠤ ᠤᠨᠤᠰᠢᠭᠤᠯᠤᠨ ᠵᠠᠰᠠᠨ᠎ᠠ᠃ | ●ᠡᠪᠡᠳᠴᠢᠳᠡᠨ ᠢ ᠤᠷᠤ ᠠᠴᠠ ᠨᠢ ᠬᠦᠳᠡᠯᠬᠡᠵᠦ ᠪᠤᠯᠬᠤ ᠦᠬᠡᠢ᠂ ᠮᠡᠳᠡᠭᠡ ᠠᠯᠳᠠᠬᠤ ᠶᠢ ᠰᠡᠷᠬᠡᠶᠢᠯᠡᠨ᠎ᠡ᠃ | ᠰᠢᠮ᠎ᠡ ᠳᠡᠵᠢᠬᠡᠯ ᠰᠠᠶᠢᠳᠠᠢ ᠢᠳᠡᠬᠡᠨ ᠵᠡᠷᠬᠡ ᠶᠢ ᠢᠳᠡᠬᠦᠯᠵᠦ ᠰᠢᠩᠬᠡᠬᠡᠯᠳᠡ ᠳᠤ ᠰᠠᠶᠢᠨ ᠡᠰᠡᠬᠦ ᠶᠢ ᠠᠩᠬᠠᠷᠤᠨ᠎ᠠ᠃ | ● ᠡᠪᠡᠳᠴᠢᠳᠡᠨ ᠤ ᠬᠡᠷᠡᠭᠰᠡᠯ ᠡᠳ᠋ᠯᠡᠯ ᠢ ᠠᠷᠢᠭᠤᠳᠬᠠᠨ᠎ᠠ᠃ | ●ᠡᠪᠡᠳᠴᠢᠳᠡᠨ ᠲᠠᠢ ᠤᠶᠢᠷᠠᠳᠤᠭᠠᠳ ᠪᠡᠶ᠎ᠡ ᠳᠤ ᠳᠠᠭᠠᠯᠠᠮᠵᠢ ᠦᠬᠡᠢ ᠢᠯᠡᠷᠡᠯ ᠭᠠᠷᠪᠠᠯ ᠳᠠᠷᠤᠶᠢᠬᠠᠨ ᠡᠮᠨᠡᠯᠬᠡ | ᠳᠤ ᠤᠴᠢᠨ᠎ᠠ᠃ | | ᠠᠶᠢᠽ ᠡᠪᠡᠳᠴᠢᠨ | ᠠᠶᠢᠽ ᠡᠪᠡᠳᠴᠢᠨ ᠪᠤᠯ ᠬᠦᠮᠦᠨ ᠤ ᠪᠡᠶ᠎ᠡ ᠮᠠᠬᠠᠪᠤᠳ ᠤᠨ ᠦᠯᠦ ᠬᠠᠯᠳᠠᠭᠠᠬᠤ ᠴᠢᠳᠠᠪᠤᠷᠢ ᠮᠡᠬᠦᠰᠳᠡᠭᠰᠡᠨ | ᠠᠴᠠ ᠪᠤᠯᠤᠭᠰᠠᠨ ᠬᠢᠵᠢᠭ ᠪᠤᠯᠤᠨ᠎ᠠ᠃ ᠭᠤᠤᠯᠳᠠᠭᠤ ᠬᠠᠯᠠᠭᠤᠷᠠᠬᠤ᠂ ᠯᠢᠮᠹ ᠤᠨ ᠪᠤᠯᠴᠢᠷᠬᠠᠢ ᠳᠤᠮᠤᠷᠠᠬᠤ᠂ ᠪᠡᠶ᠎ᠡ ᠶᠢᠨ | ᠬᠦᠴᠦ ᠳᠠᠮᠢᠷ ᠪᠠᠭᠤᠷᠠᠬᠤ᠂ ᠳᠤᠯᠤᠭᠠᠢ ᠡᠷᠬᠢᠬᠦ᠂ ᠳᠤᠯᠤᠭᠠᠢ ᠡᠪᠡᠳᠬᠦ ᠵᠡᠷᠬᠡ ᠶᠢᠨ ᠢᠯᠡᠷᠡᠯ ᠭᠠᠷᠳᠠᠭ᠃ ᠪᠡᠯᠬᠡ ᠶᠢᠨ | ᠠᠵᠢᠯᠯᠠᠭ᠎ᠠ᠂ ᠴᠢᠰᠤ᠂ ᠬᠡᠥᠬᠡᠳ ᠬᠦᠬᠦᠬᠦᠯᠬᠦ ᠵᠡᠷᠬᠡ ᠠᠴᠠ ᠬᠠᠯᠳᠠᠪᠤᠷᠢᠯᠠᠭᠳᠠᠨ᠎ᠠ᠃ | ᠰᠡᠷᠬᠡᠶᠢᠯᠡᠬᠦ ᠭᠤᠤᠯᠳᠠᠯᠭ᠎ᠠ | ● ᠬᠤᠤᠷ ᠳᠠᠳᠠᠬᠤ ᠦᠬᠡᠢ᠃ | ● ᠬᠠᠰᠢ ᠶᠠᠰᠢ ᠪᠠᠷ ᠴᠢᠰᠤ ᠶᠡᠬᠦᠯᠡᠵᠦ ᠪᠤᠯᠬᠤ ᠦᠬᠡᠢ᠂ ᠤᠯᠠᠨ ᠬᠦᠮᠦᠨ ᠬᠠᠮᠳᠤ ᠪᠠᠷ ᠡᠮ ᠶᠡᠬᠦᠯᠡᠬᠦ | ᠪᠠᠭᠠᠵᠢ ᠶᠢ ᠬᠡᠷᠡᠭᠯᠡᠵᠦ ᠪᠤᠯᠬᠤ ᠦᠬᠡᠢ᠃ | ● ᠠᠷᠢᠭᠤᠳᠬᠠᠯ ᠢ ᠴᠢᠩᠭ᠎ᠠ ᠨᠢᠮᠪᠠᠢ ᠬᠢᠭᠰᠡᠨ ᠦᠬᠡᠢ ᠡᠮᠨᠡᠯᠬᠡ ᠶᠢᠨ ᠭᠠᠵᠠᠷ ᠤᠴᠢᠵᠤ ᠰᠢᠳᠦ ᠪᠠᠨ | ᠠᠪᠤᠭᠤᠯᠬᠤ᠂ ᠴᠢᠬᠢ ᠪᠠᠨ ᠴᠤᠭᠤᠯᠬᠤ᠂ ᠬᠦᠮᠦᠰᠬᠡ ᠪᠠᠨ ᠵᠠᠰᠠᠬᠤ᠂ ᠮᠡᠰᠡ ᠵᠠᠰᠠᠯ ᠬᠢᠯᠬᠡᠬᠦ ᠶᠢ ᠬᠢᠴᠢᠶᠡᠨ᠎ᠡ᠃ | ● ᠶᠠᠩᠬᠠᠯᠠᠬᠤ᠂ ᠶᠠᠩᠬᠠᠨ ᠳᠤ ᠤᠷᠤᠬᠤ ᠶᠢ ᠴᠡᠬᠡᠷᠯᠡᠨ᠎ᠡ᠃ | ᠠᠷᠭᠠᠴᠠᠭᠠᠬᠤ ᠭᠤᠤᠯᠳᠠᠯᠭ᠎ᠠ | ● ᠠᠶᠢᠽ ᠡᠪᠡᠳᠴᠢᠨ ᠳᠤ ᠨᠡᠷᠪᠡᠭᠳᠡᠭᠰᠡᠨ ᠡᠮᠡᠭᠳᠠᠶᠢᠴᠤᠳ ᠵᠢᠷᠮᠦᠰᠯᠡᠬᠦ ᠶᠢ ᠴᠡᠬᠡᠷᠯᠡᠨ᠎ᠡ᠃ | ● ᠠᠶᠢᠽ ᠡᠪᠡᠳᠴᠢᠨ ᠳᠤ ᠨᠡᠷᠪᠡᠭᠳᠡᠭᠰᠡᠳ ᠬᠠᠮᠠᠭᠠᠯᠠᠯ ᠦᠬᠡᠢ ᠠᠵᠢᠯᠯᠠᠭ᠎ᠠ ᠶᠢ ᠴᠡᠬᠡᠷᠯᠡᠨ᠎ᠡ᠃ | ● ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠡᠮᠴᠢᠯᠡᠨ ᠵᠠᠰᠠᠵᠤ ᠬᠠᠮᠢᠶᠠᠷᠬᠤ ᠳᠤ ᠢᠳᠡᠪᠬᠢᠳᠠᠢ | ᠬᠠᠮᠵᠢᠯᠴᠠᠨ᠎ᠠ᠃ | |