ᠡᠪᠡᠳᠴᠢᠳᠡᠨ ᠰᠢᠷᠬᠠᠳᠤᠭᠰᠠᠨ ᠪᠤᠶᠤ ᠡᠪᠡᠳᠴᠢᠨ ᠨᠢ ᠬᠦᠳᠡᠯᠦᠭᠰᠡᠨ ᠦᠶ᠎ᠡ ᠪᠤᠯ ᠪᠠᠴᠢᠮ ᠠᠪᠤᠷᠠᠯᠳᠠ ᠬᠢᠬᠦ | ᠵᠠᠩᠬᠢᠯᠠᠭ᠎ᠠ ᠶᠢᠨ ᠴᠠᠭ ᠪᠤᠯᠤᠨ᠎ᠠ᠂ ᠪᠠᠴᠢᠮ ᠠᠪᠤᠷᠠᠯᠳᠠ ᠶᠢᠨ ᠠᠯᠬᠤᠮ ᠳᠠᠷᠠᠭ᠎ᠠ ᠶᠢ ᠤᠶᠢᠯᠠᠭᠠᠬᠤ ᠨᠢ ᠬᠡᠷᠡᠭ | ᠡᠬᠦᠰᠦᠭᠰᠡᠨ ᠳᠤᠬᠠᠢ ᠶᠢᠨ ᠳᠠᠯᠠᠪᠤᠷ ᠲᠤ ᠡᠪᠡᠳᠴᠢᠳᠡᠨ ᠳᠤ ᠵᠦᠪ ᠤᠨᠤᠪᠴᠢᠳᠠᠢ ᠪᠠᠴᠢᠮ ᠠᠪᠤᠷᠠᠯᠳᠠ ᠬᠢᠬᠦ ᠳᠤ | ᠳᠤᠰᠠᠯᠠᠮᠵᠢ ᠪᠤᠯᠬᠤ ᠪᠦᠬᠡᠳ ᠡᠮᠨᠡᠯᠬᠡ ᠶᠢᠨ ᠬᠤᠷᠢᠶᠠᠨ ᠤ ᠠᠪᠤᠷᠠᠯᠳᠠ ᠡᠮᠴᠢᠯᠡᠭᠡ ᠳᠤ ᠨᠦᠬᠦᠴᠡᠯ ᠪᠦᠷᠢᠯᠳᠦᠬᠦᠯᠦᠨ | ᠦᠭᠴᠦ᠂ ᠡᠪᠡᠳᠴᠢᠳᠡᠨ ᠤ ᠰᠢᠷᠬᠠᠳᠤᠵᠤ ᠵᠡᠮᠳᠡᠭ ᠪᠤᠯᠬᠤ ᠠᠶᠤᠮᠰᠢᠭ ᠢ ᠪᠠᠭᠠᠰᠬᠠᠵᠤ ᠴᠢᠳᠠᠨ᠎ᠠ᠃ | 1. ᠬᠡᠷᠡᠭ ᠤᠨ ᠳᠠᠯᠠᠪᠠᠢ ᠶᠢ ᠮᠠᠭᠠᠳᠯᠠᠬᠤ | ᠬᠡᠷᠡᠭ ᠤᠨ ᠳᠠᠯᠠᠪᠠᠢ ᠶᠢᠨ ᠠᠮᠤᠷ ᠳᠦᠪᠰᠢᠨ ᠤ ᠪᠠᠶᠢᠳᠠᠯ᠂ ᠬᠡᠨᠡᠳᠡᠯ ᠡᠬᠦᠰᠦᠭᠰᠡᠨ ᠰᠢᠯᠳᠠᠭᠠᠨ᠂ | ᠰᠢᠷᠬᠠᠳᠤᠭᠰᠠᠨ ᠬᠦᠮᠦᠨ ᠤ ᠳᠤᠭ᠎ᠠ᠂ ᠰᠢᠷᠬᠠᠳᠤᠭᠰᠠᠨ ᠪᠠᠶᠢᠳᠠᠯ ᠵᠡᠷᠬᠡ ᠶᠢ ᠦᠨᠳᠦᠰᠦᠯᠡᠨ᠂ ᠶᠠᠮᠠᠷ ᠳᠡᠮᠵᠢᠯᠬᠡ | ᠬᠡᠷᠡᠭᠰᠡᠬᠦ ᠪᠠ ᠶᠠᠮᠠᠷ ᠠᠪᠤᠷᠠᠯᠳᠠ ᠬᠢᠬᠦ ᠴᠢᠬᠤᠯᠠᠳᠠᠢ ᠶᠢ ᠮᠠᠭᠠᠳᠯᠠᠨ᠎ᠠ᠃ | 2.120 ᠪᠠᠴᠢᠮ ᠠᠪᠤᠷᠠᠯᠳᠠ ᠳᠤ ᠤᠳᠠᠰᠤᠳᠠᠨ᠎ᠠ | ᠰᠢᠷᠬᠠᠳᠤᠭᠰᠠᠨ ᠬᠡᠮᠵᠢᠶ᠎ᠡ᠂ ᠬᠡᠨᠡᠳᠡᠯ ᠡᠬᠦᠰᠦᠭᠰᠡᠨ ᠰᠢᠯᠳᠠᠭᠠᠨ ᠢ ᠳᠤᠪᠴᠢ ᠤᠶᠢᠯᠠᠭᠠᠮᠵᠢᠳᠠᠢ ᠮᠡᠳᠡᠬᠦᠯᠵᠦ᠂ | 120 ᠪᠠᠴᠢᠮ ᠠᠪᠤᠷᠠᠯᠳᠠ ᠶᠢᠨ ᠠᠵᠢᠯᠳᠠᠨ ᠤ ᠠᠰᠠᠭᠤᠯᠳᠠ ᠶᠢ ᠤᠨᠤᠪᠴᠢᠳᠠᠢ ᠬᠠᠷᠢᠭᠤᠯᠵᠤ ᠵᠢᠯᠤᠭᠤᠳᠤᠯᠭ᠎ᠠ ᠶᠢ ᠨᠢ | ᠰᠤᠨᠤᠰᠤᠨ᠎ᠠ᠃ | 3. ᠦᠨᠳᠦᠰᠦᠨ ᠪᠠᠶᠢᠴᠠᠭᠠᠯᠳᠠ | ᠰᠢᠷᠬᠠᠳᠤᠭᠰᠠᠨ ᠬᠦᠮᠦᠨ ᠤ ᠰᠡᠷᠬᠡᠭ ᠪᠠᠶᠢᠬᠤ ᠡᠰᠡᠬᠦ ᠶᠢ ᠪᠠᠶᠢᠴᠠᠭᠠᠵᠤ᠂ ᠠᠮᠢᠰᠬᠤᠯ ᠰᠢᠯᠤᠭᠤᠨ ᠪᠠᠶᠢᠬᠤ | ᠡᠰᠡᠬᠦ ᠶᠢ ᠦᠵᠡᠨ᠎ᠡ᠃ ᠬᠦᠵᠦᠬᠦᠨ ᠤ ᠳᠠᠷᠬᠠᠭᠠᠬᠤ ᠰᠤᠳᠠᠯ ᠯᠤᠭᠰᠢᠵᠤ ᠪᠠᠶᠢᠬᠤ ᠡᠰᠡᠬᠦ᠂ ᠠᠮᠢᠰᠬᠤᠯ ᠲᠠᠢ ᠪᠠᠶᠢᠬᠤ | ᠡᠰᠡᠬᠦ᠂ ᠴᠢᠰᠤ ᠶᠡᠭᠡ ᠭᠠᠷᠤᠭᠰᠠᠨ ᠡᠰᠡᠬᠦ᠂ ᠰᠢᠷᠬᠠᠳᠤᠭᠰᠠᠨ ᠪᠠᠶᠢᠷᠢ ᠵᠢᠴᠢ ᠰᠢᠷᠬᠠᠳᠤᠭᠰᠠᠨ ᠬᠡᠮᠵᠢᠶ᠎ᠡ ᠶᠢ ᠪᠠᠶᠢᠴᠠᠭᠠᠨ | ᠦᠵᠡᠨ᠎ᠡ᠃ | 4. ᠦᠪᠡᠷ ᠢ ᠪᠠᠨ ᠠᠪᠤᠷᠠᠵᠤ᠂ ᠬᠠᠷᠢᠯᠴᠠᠨ ᠠᠪᠤᠷᠠᠬᠤ | ᠦᠨᠳᠦᠰᠦᠨ ᠪᠠᠶᠢᠴᠠᠭᠠᠯᠳᠠ ᠶᠢ ᠦᠨᠳᠦᠰᠦᠯᠡᠵᠦ᠂ ᠦᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠬᠠᠮᠢᠶ᠎ᠠ | ᠪᠦᠬᠦᠢ ᠠᠷᠭ᠎ᠠ ᠬᠡᠮᠵᠢᠶ᠎ᠡ ᠠᠪᠤᠨ᠎ᠠ᠃ | ᠬᠡᠷ ᠪᠦᠯᠢ ᠶᠢᠨ ᠪᠠᠴᠢᠮ ᠠᠪᠤᠷᠠᠯᠳᠠ ᠶᠢᠨ ᠬᠡᠷᠡᠭᠰᠡᠯ ᠢ ᠳᠤᠬᠢᠷᠠᠭᠤᠯᠬᠤ ᠳᠤ ᠪᠠᠨ ᠬᠡᠷ ᠪᠦᠯᠢ ᠶᠢᠨ | ᠪᠦᠷᠢᠯᠳᠦᠬᠦᠨ ᠤ ᠡᠷᠡᠬᠦᠯ ᠮᠡᠨᠳᠦ ᠶᠢᠨ ᠪᠠᠶᠢᠳᠠᠯ ᠢᠶᠠᠨ ᠦᠨᠳᠦᠰᠦᠯᠡᠵᠦ᠂ ᠨᠠᠰᠤᠳᠠᠨ ᠪᠠ ᠬᠡᠥᠬᠡᠳ ᠲᠤ ᠬᠡᠷᠭᠰᠡᠬᠦ ᠡᠮ | ᠢ ᠠᠪᠴᠤ ᠶᠠᠪᠤᠪᠠᠯ ᠬᠠᠮᠤᠭ ᠰᠠᠶᠢᠨ ᠃ | ᠪᠠᠴᠢᠮ ᠠᠪᠤᠷᠠᠯᠳᠠ ᠶᠢᠨ ᠪᠡᠯᠡᠳᠬᠡᠯ ᠬᠠᠶᠢᠷᠴᠠᠭ ᠳᠠᠬᠢ ᠡᠮ ᠢ ᠳᠤᠭᠳᠠᠭᠰᠠᠨ ᠬᠤᠭᠤᠴᠠᠭᠠᠨ ᠳᠤ ᠪᠠᠶᠢᠴᠠᠭᠠᠬᠤ | ᠪᠠ ᠰᠢᠨᠡᠳᠬᠡᠨ ᠰᠤᠯᠢᠵᠤ᠂ ᠡᠮ ᠤᠨ ᠦᠢᠯᠡᠳᠦᠯ ᠢᠶᠠᠨ ᠠᠯᠳᠠᠬᠤ ᠠᠴᠠ ᠵᠠᠶᠢᠯᠠᠰᠬᠢᠬᠤ ᠬᠡᠷᠡᠭᠳᠠᠢ᠃ | |