ᠳ᠋ᠧᠩᠭᠦ᠋ ᠬᠠᠯᠠᠭᠤᠷᠠᠯᠭ᠎ᠠ | ᠳ᠋ᠧᠩᠬᠦ᠋ ᠬᠠᠯᠠᠭᠤᠷᠠᠯᠭ᠎ᠠ ᠪᠤᠯ ᠴᠢᠰᠤ ᠪᠠᠷ ᠬᠠᠯᠳᠠᠪᠤᠷᠢᠯᠠᠳᠠᠭ ᠨᠢᠬᠡ ᠵᠦᠢᠯ ᠤᠨ ᠳᠦᠷᠬᠡᠨ ᠴᠢᠨᠠᠷᠳᠠᠢ | ᠬᠠᠯᠳᠠᠪᠤᠷᠢᠳᠤ ᠡᠪᠡᠳᠴᠢᠨ ᠪᠤᠯᠤᠨ᠎ᠠ᠃ ᠳᠤᠯᠤᠭᠠᠢ ᠡᠪᠡᠳᠬᠦ᠂ ᠨᠢᠷᠤᠭᠤ ᠡᠪᠡᠳᠬᠦ᠂ ᠪᠦᠬᠦ ᠪᠡᠶ᠎ᠡ ᠶᠢᠨ ᠪᠤᠯᠴᠢᠩ | ᠪᠤᠯᠤᠨ ᠦᠶ᠎ᠡ ᠬᠡᠰᠢᠬᠦᠤ ᠡᠪᠡᠳᠬᠦ᠂ ᠬᠠᠯᠠᠭᠤᠷᠠᠬᠤ᠂ ᠬᠡᠳᠦ ᠶᠠᠳᠠᠷᠠᠬᠤ ᠵᠡᠷᠬᠡ ᠶᠢᠨ ᠢᠯᠡᠷᠡᠯ ᠭᠠᠷᠳᠠᠭ᠃ | ᠰᠡᠷᠬᠡᠶᠢᠯᠡᠬᠦ ᠭᠤᠤᠯᠳᠠᠯᠭ᠎ᠠ | ● ᠰᠢᠪᠠᠵᠢ ᠰᠢᠮᠠᠭᠤᠯ ᠤᠯᠠᠨ ᠭᠠᠵᠠᠷ ᠲᠤ ᠡᠷᠬᠢᠴᠡᠵᠦ ᠪᠤᠯᠬᠤ ᠦᠬᠡᠢ᠃ | ● ᠳᠤᠨᠤᠮᠠᠯ ᠤᠰᠤ᠂ ᠨᠦᠬᠡ ᠭᠠᠩᠭ᠎ᠠ ᠵᠡᠷᠬᠡ ᠪᠠᠷ ᠰᠢᠮᠠᠭᠤᠯ ᠰᠢᠪᠠᠵᠢ ᠦᠷᠡᠵᠢᠬᠦ ᠶᠢ ᠰᠡᠷᠬᠡᠶᠢᠯᠡᠨ᠎ᠡ᠃ | ● ᠰᠢᠮᠠᠭᠤᠯ ᠢ ᠰᠡᠷᠬᠡᠶᠢᠯᠡᠬᠦ ᠠᠷᠭ᠎ᠠ ᠬᠡᠮᠵᠢᠶ᠎ᠡ ᠠᠪᠴᠤ ᠰᠢᠮᠠᠭᠤᠯ ᠢ ᠤᠰᠠᠳᠬᠠᠨ᠎ᠠ᠃ | ᠠᠷᠭᠠᠴᠠᠭᠠᠬᠤ ᠭᠤᠤᠯᠳᠠᠯᠭ᠎ᠠ | ● ᠰᠢᠮᠠᠭᠤᠯ ᠳᠤ ᠬᠠᠵᠠᠭᠳᠠᠭᠰᠠᠨ ᠭᠠᠵᠠᠷ ᠲᠤ ᠰᠢᠪᠳᠤᠷ ᠤᠨ ᠤᠰᠤ ᠵᠡᠷᠬᠡ ᠡᠮ ᠢ ᠳᠦᠷᠬᠢᠨ᠎ᠡ᠃ | ● ᠬᠡᠷ ᠪᠤᠶᠤ ᠮᠠᠯ ᠤᠨ ᠬᠠᠰᠢᠶ᠎ᠠ ᠳᠤ ᠪᠠᠨ ᠬᠤᠷᠤᠬᠠᠢ ᠤᠰᠠᠳᠬᠠᠬᠤ ᠡᠮ ᠢ ᠰᠦᠷᠴᠢᠨ᠎ᠡ᠃ | ● ᠬᠠᠨᠴᠤᠢ ᠲᠠᠢ ᠬᠤᠪᠴᠠᠰᠤ᠂ ᠦᠮᠦᠳᠦ ᠡᠮᠦᠰᠴᠦ᠂ ᠡᠮᠴᠢ ᠶᠢᠨ ᠵᠢᠯᠤᠭᠤᠳᠤᠯᠭ᠎ᠠ ᠪᠠᠷ ᠰᠡᠷᠬᠡᠶᠢᠯᠡᠬᠦ ᠡᠮ | ᠢ ᠤᠤᠭᠤᠨ᠎ᠠ᠃ | | ᠳᠤᠮᠤᠭᠤ | ᠳᠤᠮᠤᠭᠤ ᠪᠤᠯ ᠰᠠᠪᠬᠠᠨᠴᠢᠷ ᠪᠠᠺᠲ᠋ᠧᠷᠢ ᠠᠴᠠ ᠡᠬᠦᠰᠦᠭᠰᠡᠨ ᠬᠡᠳᠡᠰᠦᠨ ᠵᠠᠮ ᠤᠨ ᠬᠠᠯᠳᠠᠪᠤᠷᠢᠳᠤ ᠡᠪᠡᠳᠴᠢᠨ | ᠪᠤᠯᠤᠨ᠎ᠠ᠃ ᠭᠤᠤᠯᠳᠠᠭᠤ ᠵᠠᠯᠭᠠᠭ᠎ᠠ ᠪᠠᠷ ᠬᠠᠯᠠᠭᠤᠷᠠᠬᠤ᠂ ᠰᠤᠳᠠᠯ ᠤᠳᠠᠭᠠᠰᠢᠷᠠᠬᠤ᠂ ᠡᠯᠢᠬᠡ ᠳᠡᠯᠢᠬᠦᠤ ᠳᠤᠮᠤᠷᠠᠬᠤ | ᠵᠡᠷᠬᠡ ᠢᠯᠡᠷᠡᠯ ᠭᠠᠷᠳᠠᠭ᠃ ᠤᠰᠤ᠂ ᠢᠳᠡᠬᠡᠨ ᠪᠤᠶᠤ ᠢᠯᠠᠭ᠎ᠠ ᠵᠡᠷᠬᠡ ᠠᠴᠠ ᠬᠠᠯᠳᠠᠪᠤᠷᠢᠯᠠᠨ᠎ᠠ᠃ | ᠰᠡᠷᠬᠡᠶᠢᠯᠡᠬᠦ ᠭᠤᠤᠯᠳᠠᠯᠭ᠎ᠠ | ● ᠴᠢᠨᠠᠷ ᠬᠤᠪᠢᠷᠠᠭᠰᠠᠨ ᠢᠳᠡᠬᠡᠨ᠂ ᠳᠦᠬᠦᠬᠡᠢ ᠤᠰᠤ ᠶᠢ ᠤᠤᠭᠤᠵᠤ ᠪᠤᠯᠬᠤ ᠦᠬᠡᠢ᠃ | ● ᠴᠤᠬᠤᠢ ᠵᠡᠷᠬᠡ ᠪᠠᠷ ᠵᠤᠷᠯᠤᠩ ᠢᠶᠠᠨ ᠰᠠᠶᠢᠳᠤᠷ ᠠᠷᠢᠭᠤᠳᠬᠠᠵᠤ ᠤᠷᠴᠢᠨ ᠳᠤᠭᠤᠷᠢᠨ ᠤ ᠠᠷᠢᠭᠤᠨ | ᠴᠡᠪᠡᠷ ᠢ ᠪᠠᠳᠤᠯᠠᠨ᠎ᠠ᠃ | ● ᠬᠤᠪᠢ ᠬᠦᠮᠦᠨ ᠤ ᠢᠳᠡᠬᠡᠨ ᠤ ᠡᠷᠡᠬᠦᠯ ᠬᠠᠮᠠᠭᠠᠯᠠᠯ ᠢ ᠠᠩᠬᠠᠷᠴᠤ᠂ ᠭᠠᠷ ᠢᠶᠠᠨ ᠰᠠᠶᠢᠳᠤᠷ | ᠤᠬᠢᠶᠠᠨ᠎ᠠ᠃ | ᠠᠷᠭᠠᠴᠠᠭᠠᠬᠤ ᠭᠤᠤᠯᠳᠠᠯᠭ᠎ᠠ | ● ᠤᠰᠤ ᠪᠤᠵᠠᠷᠳᠠᠭᠰᠠᠨ ᠢ ᠮᠡᠳᠡᠪᠡᠯ ᠰᠠᠶᠢᠳᠤᠷ ᠠᠷᠢᠭᠤᠳᠬᠠᠨ᠎ᠠ᠃ | ● ᠳᠤᠮᠤᠭᠤ ᠡᠪᠡᠳᠴᠢᠨ ᠳᠤ ᠨᠡᠷᠪᠡᠭᠳᠡᠪᠡᠯ ᠳᠠᠷᠤᠢ ᠳᠤ ᠨᠢ ᠡᠮᠨᠡᠬᠦᠯᠦᠨ᠎ᠡ᠃ | ● ᠡᠮᠴᠢ ᠶᠢᠨ ᠵᠢᠯᠤᠭᠤᠳᠤᠯᠭ᠎ᠠ ᠪᠠᠷ ᠡᠮᠨᠡᠬᠦᠯᠵᠦ᠂ ᠡᠮᠴᠢ ᠶᠢᠨ ᠵᠦᠪᠰᠢᠶᠡᠷᠡᠯ ᠦᠬᠡᠢ ᠪᠤᠯ ᠡᠮᠨᠡᠯᠬᠡ ᠠᠴᠠ | ᠭᠠᠷᠴᠤ ᠪᠤᠯᠬᠤ ᠦᠬᠡᠢ᠃ | |