ᠦᠷᠬᠦᠯᠵᠢ ᠳᠤᠬᠢᠶᠠᠯᠳᠤᠳᠠᠭ ᠰᠢᠷᠬ᠎ᠠ ᠪᠤᠶᠤ ᠡᠪᠡᠳᠴᠢᠨ ᠢ ᠡᠮᠨᠡᠬᠦ ᠶᠡᠷᠦ ᠶᠢᠨ ᠮᠡᠳᠡᠯᠬᠡ ︵ᠬᠤᠶᠠᠷ︶
ᠨᠡᠶᠢᠲᠡᠯᠡᠭᠰᠡᠨ ᠴᠠᠭ᠄
2016/3/2
     ᠳᠦᠷᠬᠡᠨ ᠴᠢᠨᠠᠷᠳᠠᠢ ᠵᠢᠷᠦᠬᠡᠨ ᠪᠤᠯᠴᠢᠩ ᠪᠢᠳᠡᠬᠦᠷᠡᠨ ᠦᠬᠦᠵᠢᠬᠦ      ᠵᠢᠷᠦᠬᠡᠨ ᠪᠤᠯᠴᠢᠩ ᠪᠢᠳᠡᠬᠦᠷᠡᠨ ᠦᠬᠦᠵᠢᠬᠦ ᠬᠡᠳᠡᠭ ᠨᠢ ᠴᠢᠰᠤᠨ ᠰᠤᠳᠠᠯ ᠪᠦᠭᠯᠡᠷᠡᠭᠰᠡᠨ ᠠᠴᠠ ᠪᠤᠯᠵᠤ ᠵᠢᠷᠦᠬᠡᠨ ᠳᠤ ᠴᠢᠰᠤ ᠳᠤᠳᠠᠭᠳᠠᠵᠤ ᠦᠬᠦᠵᠢᠬᠦ ᠶᠢ ᠵᠢᠭᠠᠨ᠎ᠠ᠃ ᠭᠤᠤᠯᠳᠠᠭᠤ ᠴᠡᠬᠡᠵᠢᠨ ᠪᠡᠶ᠎ᠡ ᠴᠤᠴᠢᠮᠠᠭ ᠡᠪᠡᠳᠬᠦ  ᠶᠢᠨ ᠳᠠᠭᠠᠥ ᠴᠡᠬᠡᠵᠢ ᠪᠤᠬᠢᠨᠢᠳᠤᠨ ᠠᠮᠢᠰᠬᠤᠬᠤ ᠳᠤ ᠬᠦᠴᠢᠷᠳᠠᠢ ᠪᠤᠯᠵᠤ᠂ ᠳᠤᠷ᠎ᠠ ᠪᠤᠯᠬᠢᠬᠤ᠂ ᠪᠦᠬᠡᠯᠵᠢᠬᠦ᠂ ᠴᠢᠷᠠᠢ ᠬᠤᠵᠠᠶᠢᠬᠤ᠂ ᠬᠦᠢᠳᠡᠨ ᠬᠦᠯᠦᠰᠦ ᠭᠠᠷᠬᠤ ᠵᠡᠷᠬᠡ ᠢᠯᠡᠷᠡᠯ ᠭᠠᠷᠴᠤ᠂ ᠴᠢᠨᠠᠭᠰᠢᠯᠠᠨ ᠵᠢᠷᠦᠬᠡᠨ ᠤ ᠠᠵᠢᠯᠯᠠᠭᠠᠨ ᠵᠢᠮ᠎ᠡ ᠬᠠᠥᠯᠢ ᠪᠠᠨ ᠠᠯᠳᠠᠵᠤ᠂ ᠦᠬᠦᠳᠬᠢᠬᠦ ᠵᠡᠷᠬᠡ ᠢᠯᠡᠷᠡᠯ ᠭᠠᠷᠳᠠᠭ᠃      ᠠᠷᠭᠠᠴᠠᠭᠠᠬᠤ ᠭᠤᠤᠯᠳᠠᠯᠭ᠎ᠠ      ● ᠳᠠᠷᠤᠢ ᠳᠦᠷᠬᠡᠨ 120 ᠪᠠᠴᠢᠮ ᠠᠪᠤᠷᠠᠯᠳᠠ ᠳᠤ ᠤᠳᠠᠰᠤᠳᠠᠨ᠎ᠠ᠃      ● ᠡᠪᠡᠳᠴᠢᠳᠡᠨ ᠢ ᠳᠤᠬᠠᠢ ᠶᠢᠨ ᠳᠠᠯᠠᠪᠤᠷ ᠲᠤ ᠬᠡᠪᠳᠡᠬᠦᠯᠦᠨ ᠠᠮᠠᠷᠠᠭᠤᠯᠵᠤ᠂ ᠪᠡᠶ᠎ᠡ ᠶᠢ ᠪᠠᠷᠢᠭᠰᠠᠨ ᠬᠤᠪᠴᠠᠰᠤ ᠶᠢ ᠨᠢ ᠰᠤᠯᠠᠳᠬᠠᠵᠤ᠂ ᠡᠪᠡᠳᠴᠢᠳᠡᠨ ᠢ ᠳᠤᠷ᠎ᠠ ᠪᠠᠷ ᠬᠦᠳᠡᠯᠬᠡᠵᠦ ᠪᠤᠯᠬᠤ ᠦᠬᠡᠢ᠂ ᠡᠪᠡᠳᠴᠢᠳᠡᠨ ᠳᠤ ᠵᠢᠷᠦᠬᠡᠨ ᠤ ᠡᠮ ᠪᠤᠶᠤ ᠳᠠᠶᠢᠪᠤᠰᠢᠷᠠᠭᠤᠯᠬᠤ ᠡᠮ ᠤᠤᠭᠤᠯᠭᠠᠨ᠎ᠠ᠃      ● ᠵᠢᠷᠦᠬᠡᠨ ᠤ ᠴᠤᠬᠢᠯᠭ᠎ᠠ᠂ ᠠᠮᠢᠰᠬᠤᠯ ᠵᠤᠭᠰᠤᠭᠰᠠᠨ ᠡᠪᠡᠳᠴᠢᠳᠡᠨ ᠳᠤ ᠵᠢᠷᠦᠬᠡ ᠠᠭᠤᠰᠬᠢ ᠶᠢᠨ ᠠᠵᠢᠯᠯᠠᠭᠠᠨ ᠢ ᠰᠡᠷᠬᠦᠬᠡᠬᠦ ᠠᠪᠤᠷᠠᠯᠳᠠ ᠬᠢᠨ᠎ᠡ᠃      ᠦᠬᠦᠳᠬᠢᠬᠦ      ᠦᠬᠦᠳᠬᠢᠬᠦ ᠬᠡᠳᠡᠭ ᠨᠢ ᠪᠡᠶ᠎ᠡ ᠶᠢᠨ ᠭᠤᠤᠯ ᠡᠷᠬᠡᠳᠡᠨ ᠳᠤ ᠴᠢᠰᠤ ᠬᠦᠴᠢᠯᠳᠦ᠋ᠷᠦᠭᠴᠢ ᠳᠤᠳᠠᠭᠳᠠᠵᠤ᠂ ᠴᠢᠰᠤᠨ ᠤ ᠡᠷᠬᠢᠯᠳᠡ ᠬᠠᠷᠰᠢᠯᠠᠭᠳᠠᠬᠤ ᠶᠢ ᠵᠢᠭᠠᠨ᠎ᠠ᠃ ᠭᠤᠤᠯᠳᠠᠭᠤ ᠶᠡᠭᠡ ᠴᠢᠰᠤ ᠭᠠᠷᠬᠤ᠂ ᠬᠠᠯᠳᠠᠪᠤᠷᠢᠯᠠᠬᠤ᠂ ᠬᠤᠤᠷᠠᠳᠠᠭᠳᠠᠬᠤ᠂ ᠵᠢᠷᠦᠬᠡᠨ ᠡᠪᠡᠳᠴᠢᠨ᠂ ᠬᠠᠷᠰᠢᠬᠤ᠂ ᠬᠦᠨᠳᠦ ᠰᠢᠷᠬ᠎ᠠ ᠵᠡᠷᠬᠡ ᠠᠴᠠ ᠡᠬᠦᠰᠳᠡᠭ᠃ ᠭᠤᠤᠯᠳᠠᠭᠤ ᠪᠠᠴᠢᠮᠳᠠᠬᠤ ᠰᠤᠳᠠᠯ ᠤᠨ ᠯᠤᠭᠰᠢᠯᠳᠠ ᠳᠦᠷᠬᠡᠰᠬᠦ᠂ ᠠᠷᠠᠰᠤ ᠬᠤᠵᠠᠶᠢᠵᠤ ᠬᠦᠢᠳᠡᠨ ᠬᠦᠯᠦᠰᠦ ᠭᠠᠷᠬᠤ᠂ ᠬᠦᠯᠦᠰᠦ ᠭᠤᠭᠤᠵᠢᠬᠤ᠂ ᠰᠢᠬᠡᠰᠦᠨ ᠤ ᠬᠡᠮᠵᠢᠶ᠎ᠡ ᠪᠠᠭᠠᠰᠬᠤ ᠵᠡᠷᠬᠡ ᠡᠪᠡᠳᠴᠢᠨ ᠤ ᠢᠯᠡᠷᠡᠯ ᠲᠠᠢ᠂ ᠬᠦᠨᠳᠦ ᠦᠶ᠎ᠡ ᠳᠤ ᠠᠷᠠᠰᠤ ᠬᠠᠷᠠᠯᠠᠵᠤ᠂ ᠤᠬᠠᠭᠠᠨ ᠮᠡᠳᠡᠷᠡᠯ ᠪᠠᠯᠠᠷᠠᠨ᠂ ᠰᠢᠬᠡᠰᠦ ᠦᠬᠡᠢ ᠪᠤᠯᠬᠤ ᠪᠤᠶᠤ ᠴᠢᠨᠠᠭᠰᠢᠯᠠᠨ ᠮᠠᠨᠠᠷᠠᠬᠤ ᠢᠯᠡᠷᠡᠯ ᠭᠠᠷᠳᠠᠭ      ᠠᠷᠭᠠᠴᠠᠭᠠᠬᠤ ᠭᠤᠤᠯᠳᠠᠯᠭ᠎ᠠ      ● 120 ᠪᠠᠴᠢᠮ ᠠᠪᠤᠷᠠᠯᠳᠠ ᠳᠤ ᠤᠳᠠᠰᠤᠳᠠᠨ᠎ᠠ᠃      ● ᠵᠢᠷᠦᠬᠡᠨ ᠴᠤᠬᠢᠯᠭ᠎ᠠ᠂ ᠠᠮᠢᠰᠬᠤᠯ ᠵᠤᠭᠰᠤᠭᠰᠠᠨ ᠡᠪᠡᠳᠴᠢᠳᠡᠨ ᠳᠤ ᠵᠢᠷᠦᠬᠡ ᠠᠭᠤᠰᠬᠢ ᠶᠢᠨ ᠠᠵᠢᠯᠯᠠᠭ᠎ᠠ ᠶᠢ ᠰᠡᠷᠬᠦᠬᠡᠬᠦ ᠠᠪᠤᠷᠠᠯᠳᠠ ᠬᠢᠨ᠎ᠡ᠃      ● ᠡᠪᠡᠳᠴᠢᠳᠡᠨ ᠢ ᠳᠡᠷ᠎ᠡ ᠦᠬᠡᠢ ᠪᠠᠷ ᠳᠡᠭᠰᠢᠬᠡᠨ ᠬᠡᠪᠳᠡᠬᠦᠯᠵᠦ᠂ ᠨᠦᠬᠦᠴᠡᠯ ᠬᠦᠷᠦᠯᠴᠡᠪᠡᠯ ᠳᠤᠤᠷ᠎ᠠ ᠮᠦᠴᠢ ᠶᠢ ᠨᠢ ᠦᠨᠳᠦᠷ ᠳᠠᠯᠪᠢᠵᠤ᠂ ᠪᠡᠶ᠎ᠡ ᠶᠢ ᠪᠠᠷᠢᠭᠰᠠᠨ ᠬᠤᠪᠴᠠᠰᠤ ᠶᠢ ᠨᠢ ᠰᠤᠯᠠᠳᠬᠠᠬᠤ ᠶᠢᠨ ᠬᠠᠮᠳᠤ ᠪᠡᠶ᠎ᠡ  ᠶᠢᠨ ᠳᠤᠯᠠᠭᠠᠨ ᠢ ᠨᠢ ᠬᠠᠮᠠᠭᠠᠯᠠᠨ᠎ᠠ᠃      ● ᠶᠡᠭᠡ ᠴᠢᠰᠤ ᠭᠠᠷᠬᠤ ᠪᠠ ᠰᠢᠷᠬᠠᠳᠤᠬᠤ ᠵᠡᠷᠬᠡ ᠠᠴᠠ ᠪᠤᠯᠵᠤ ᠦᠬᠦᠳᠬᠢᠭᠰᠡᠨ ᠰᠢᠯᠳᠠᠭᠠᠨ ᠢ ᠳᠠᠷᠤᠶᠢᠬᠠᠨ ᠰᠢᠢᠳᠪᠦᠷᠢᠯᠡᠨ᠎ᠡ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号