1. ᠭᠠᠶᠢᠯᠢ ᠲᠤᠰᠢᠶᠠᠭᠴᠢ | ᠬᠤᠲᠠ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠳᠤ ᠦᠷᠲᠡᠭ | ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ᠂ ᠡᠵᠡᠩᠨᠡᠯᠲᠡ ᠶᠢᠨ ᠭᠠᠶᠢᠯᠢ ᠲᠤᠰᠢᠶᠠᠬᠤ ᠡᠯ᠎ᠡ ᠲᠦᠷᠥᠯ ᠤᠨ ᠠᠵᠤ | ᠠᠬᠤᠶᠢᠯᠠᠯ᠂ ᠨᠢᠭᠡᠴᠡ᠂ ᠬᠤᠪᠢ ᠶᠢᠨ ᠡᠵᠡᠩᠨᠡᠭᠴᠢ ᠪᠠ ᠪᠤᠰᠤᠳ ᠬᠦᠮᠦᠨ ︵ᠭᠠᠳᠠᠭᠠᠲᠤ ᠶᠢᠨ ᠬᠤᠳᠠᠯᠳᠤᠭᠠᠴᠢᠨ ᠤ | ᠪᠡᠯᠡ ᠤᠷᠤᠭᠤᠯᠤᠭᠰᠠᠨ ᠠᠵᠤ ᠠᠬᠤᠶᠢᠯᠠᠯ᠂ ᠭᠠᠳᠠᠭᠠᠲᠤ ᠤᠯᠤᠰ ᠤᠨ ᠠᠵᠤ ᠠᠬᠤᠶᠢᠯᠠᠯ ᠪᠠ ᠭᠠᠳᠠᠭᠠᠲᠤ ᠶᠢᠨ | ᠬᠦᠮᠦᠨ ᠪᠠᠭᠲᠠᠬᠤ ᠦᠭᠡᠢ︶ ᠪᠠᠭᠲᠠᠨ᠎ᠠ᠃ | 2. ᠭᠠᠶᠢᠯᠢ ᠶᠢᠨ ᠨᠤᠷᠮ᠎ᠠ ᠪᠠ ᠲᠤᠰᠢᠶᠠᠪᠠᠰᠦ ᠵᠣᠬᠢᠬᠤ ᠭᠠᠶᠢᠯᠢ ᠶᠢᠨ ᠲᠤᠭ᠎ᠠ ᠶᠢ ᠪᠤᠳᠤᠬᠤ ᠠᠷᠭ᠎ᠠ ᠬᠤᠲᠠ | ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠭᠠᠶᠢᠯᠢ ᠶᠢ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠤᠨ ᠶᠤᠰᠤᠭᠠᠷ | ᠵᠦᠷᠢᠶᠡᠲᠦ ᠭᠠᠶᠢᠯᠢ ᠶᠢᠨ ᠨᠤᠷᠮ᠎ᠠ ᠶᠢ ᠬᠡᠷᠡᠭᠵᠢᠭᠦᠯᠥᠨ᠎ᠡ᠄ ᠬᠤᠲᠠ ᠲᠤᠭᠤᠷᠢᠭ ᠤᠨ ᠭᠠᠶᠢᠯᠢ ᠶᠢᠨ ᠨᠤᠷᠮ᠎ᠠ ᠨᠢ 7% | ᠪᠣᠯᠤᠨ᠎ᠠ᠂ ᠰᠢᠶᠠᠨ ᠤ ᠬᠤᠲᠠ᠂ ᠪᠠᠶᠢᠭᠤᠯᠤᠮᠵᠢᠲᠤ ᠪᠠᠯᠭᠠᠰᠤ ᠶᠢᠨ ᠭᠠᠶᠢᠯᠢ ᠶᠢᠨ ᠨᠤᠷᠮ᠎ᠠ ᠨᠢ 5%᠂ ᠪᠤᠰᠤᠳ | ᠭᠠᠵᠠᠷ ᠤᠷᠤᠨ ᠤ ᠭᠠᠶᠢᠯᠢ ᠶᠢᠨ ᠨᠤᠷᠮ᠎ᠠ ᠨᠢ 1% ᠪᠣᠯᠤᠨ᠎ᠠ᠃ ᠲᠤᠰ ᠭᠠᠶᠢᠯᠢ ᠶᠢ ᠭᠠᠶᠢᠯᠢ ᠲᠤᠰᠢᠶᠠᠭᠴᠢ ᠶᠢᠨ | ᠪᠤᠳᠠᠲᠠᠢ ᠲᠤᠰᠢᠶᠠᠵᠦ ᠪᠠᠶᠢᠭ᠎ᠠ ᠦᠷᠲᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ᠂ ᠡᠵᠡᠩᠨᠡᠯᠲᠡ ᠶᠢᠨ | ᠭᠠᠶᠢᠯᠢ ᠪᠠᠷ ᠭᠠᠶᠢᠯᠢ ᠪᠤᠳᠤᠬᠤ ᠦᠨᠳᠦᠰᠦᠯᠡᠯ ᠪᠤᠯᠭᠠᠨ᠂ ᠲᠤᠰ ᠲᠤᠰ ᠳᠡᠭᠡᠷ᠎ᠡ ᠦᠬᠦᠯᠡᠭᠰᠡᠨ ᠭᠤᠷᠪᠠᠨ ᠵᠦᠢᠯ ᠤᠨ | ᠭᠠᠶᠢᠯᠢ ᠶᠢ ᠵᠡᠷᠭᠡ ᠳᠤᠨᠢ ᠲᠤᠰᠢᠶᠠᠨ᠎ᠠ᠃ ᠲᠤᠰᠢᠶᠠᠪᠠᠰᠦ ᠵᠣᠬᠢᠬᠤ ᠭᠠᠶᠢᠯᠢ ᠶᠢᠨ ᠲᠤᠭ᠎ᠠ ᠶᠢ ᠪᠤᠳᠤᠬᠤ ᠲᠤᠮᠢᠶ᠎ᠠ᠄ | ᠲᠤᠰᠢᠶᠠᠪᠠᠰᠦ ᠵᠣᠬᠢᠬᠤ ᠭᠠᠶᠢᠯᠢ ᠶᠢᠨ ᠲᠤᠭ᠎ᠠ = ᠭᠠᠶᠢᠯᠢ ᠪᠤᠳᠤᠬᠤ ᠦᠨᠳᠦᠰᠦᠯᠡᠯ × ᠲᠣᠬᠢᠷᠠᠬᠤ | ᠭᠠᠶᠢᠯᠢ ᠶᠢᠨ ᠨᠤᠷᠮ᠎ᠠ |