ᠵᠦᠢᠯᠡᠰ ᠤᠨ ᠨᠡᠷᠡᠶᠢᠳᠦᠯ | ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠮᠤᠳᠤ ᠶᠢ ᠰᠢᠨᠡᠳᠭᠡᠬᠦ᠂ ᠤᠭᠲᠤᠯᠬᠤ ᠵᠦᠪᠰᠢᠶᠡᠷᠡᠯ ᠬᠠᠤᠯᠢ ᠴᠠᠭᠠᠵᠠ᠂ | ᠬᠠᠤᠯᠢ ᠲᠤᠭᠲᠠᠭᠠᠯ ᠬᠢᠭᠡᠳ ᠲᠦᠷᠦ ᠶᠢᠨ ᠪᠤᠳᠤᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠤᠨ ᠦᠨᠳᠦᠰᠦᠯᠡᠯ ︽ᠪᠦᠬᠦᠳᠡ | ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ᠶᠢᠨ ᠳᠦᠴᠢᠨ ᠬᠤᠶᠠᠳᠤᠭᠠᠷ ᠵᠦᠢᠯ | ᠵᠦᠪᠰᠢᠶᠡᠷᠡᠬᠦ ᠨᠦᠬᠦᠴᠡᠯ | 1. ᠮᠤᠳᠤ ᠬᠤᠪᠬᠠᠶᠢᠷᠠᠵᠦ ᠦᠬᠦᠭᠰᠡᠨ᠂ ᠦᠵᠢᠷᠡᠭᠰᠡᠨ ᠠᠴᠠ ᠪᠤᠯᠵᠤ ᠵᠠᠮ ᠬᠠᠷᠢᠯᠴᠠᠭᠠᠨ ᠤ ᠠᠶᠤᠯ ᠦᠭᠡᠢ ᠶᠢ | ᠨᠦᠯᠦᠭᠡᠯᠡᠵᠤ᠂ ᠰᠢᠨᠡᠳᠭᠡᠬᠦ᠂ ᠤᠭᠲᠤᠯᠬᠤ ᠦᠨᠡᠨᠬᠦ ᠴᠢᠬᠤᠯᠠᠲᠠᠢ ᠪᠣᠯᠣᠭᠰᠠᠨ︔ | 2. ᠵᠠᠰᠠᠮᠠᠯ ᠵᠠᠮ ᠢ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠠᠴᠠ ᠪᠣᠯᠤᠭᠠᠳ ᠤᠭᠲᠤᠯᠬᠤ | ᠴᠢᠬᠤᠯᠠᠲᠠᠢ ᠪᠣᠯᠣᠭᠰᠠᠨ︔ | 3. ᠦᠨᠡᠨᠬᠦ ᠶᠠᠪᠤᠭᠳᠠᠭᠤᠰᠢᠲᠠᠢ ᠠᠶᠤᠯ ᠦᠭᠡᠢ ᠶᠢᠨ ᠪᠠᠲᠤᠯᠠᠭ᠎ᠠ ᠬᠢᠭᠡᠳ ᠨᠦᠬᠦᠵᠦ ᠲᠠᠷᠢᠬᠤ ᠠᠷᠭ᠎ᠠ ᠬᠡᠮᠵᠢᠶ᠎ᠡ ᠲᠠᠢ | ᠪᠠᠶᠢᠬᠤ᠃ | ᠵᠦᠪᠰᠢᠶᠡᠷᠡᠬᠦ ᠲᠤᠭ᠎ᠠ ᠬᠡᠮᠵᠢᠶ᠎ᠡ | ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠮᠤᠳᠤᠨ ᠤ ᠤᠨ ᠤ ᠤᠭᠲᠤᠯᠬᠤ ᠲᠦᠯᠦᠪᠯᠡᠭᠡ ᠶᠢᠨ ᠶᠡᠷᠦᠩᠭᠡᠢ | ᠬᠡᠮᠵᠢᠶ᠎ᠡ ᠠᠴᠠ ᠳᠠᠪᠠᠭᠤᠯᠬᠤ ᠦᠭᠡᠢ ᠪᠠᠶᠢᠬᠤ ᠬᠡᠷᠡᠭᠲᠠᠢ᠃ | ᠵᠦᠪᠰᠢᠶᠡᠷᠡᠬᠦ ᠬᠤᠭᠤᠴᠠᠭ᠎ᠠ ᠬᠢᠵᠠᠭᠠᠷ | ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ | ᠬᠡᠷᠡᠭᠵᠢᠬᠦᠯᠦᠨ᠎ᠡ | ᠲᠤᠰᠢᠶᠠᠬᠤ ᠴᠢᠬᠤᠯᠠᠲᠠᠢ ᠭᠤᠶᠤᠴᠢᠯᠠᠯ ᠤᠨ ᠮᠠᠲ᠋ᠧᠷᠢᠶᠠᠯ | 1. ᠭᠤᠶᠤᠴᠢᠯᠠᠯ ᠤᠨ ᠪᠢᠴᠢᠭ ᠮᠠᠲ᠋ᠧᠷᠢᠶᠠᠯ︔ | 2. ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠮᠤᠳᠤ ᠶᠢ ᠰᠢᠨᠡᠳᠭᠡᠬᠦ᠂ ᠤᠭᠲᠤᠯᠬᠤ ᠭᠤᠶᠤᠴᠢᠯᠠᠯ ᠤᠨ ᠬᠦᠰᠦᠨᠦᠭᠲᠦ︔ | | 3. ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ ᠤ ᠪᠡᠶ᠎ᠡ ᠶᠢᠨ ᠬᠡᠷᠡᠴᠢ ︵ᠨᠢᠬᠡᠴᠡ ᠶᠢᠨ ᠬᠢᠷᠢ ᠬᠡᠮ︶ ᠶᠢᠨ ᠤᠭ | ᠵᠦᠢᠯ ᠬᠢᠭᠡᠳ ᠬᠠᠭᠤᠯᠪᠤᠷᠢ︔ | 4. ᠰᠢᠨᠡᠳᠭᠡᠬᠦ ᠪᠤᠶᠤ ᠤᠭᠲᠤᠯᠬᠤ ᠠᠵᠢᠯ ᠤᠨ ᠲᠦᠰᠦᠯ︔ | 5. ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠵᠦ ᠦᠭᠭᠦᠭᠰᠡᠨ ᠲᠤᠬᠠᠢ ᠶᠢᠨ ᠭᠠᠵᠠᠷ ᠲᠤᠨᠢ | ᠬᠠᠶᠢᠨ ᠪᠠᠶᠢᠴᠠᠭᠠᠭᠰᠠᠨ ᠮᠠᠲ᠋ᠧᠷᠢᠶᠠᠯ︔ | 6. ᠪᠤᠰᠤᠳ ᠬᠠᠨᠭ᠍ᠭᠠᠬᠤ ᠴᠢᠬᠤᠯᠠᠲᠠᠢ ᠮᠠᠲ᠋ᠧᠷᠢᠶᠠᠯ᠃ | ᠤᠷᠢᠳᠠᠪᠡᠷ ᠬᠢᠨᠠᠨ ᠪᠠᠶᠢᠴᠠᠭᠠᠬᠤ | ᠵᠦᠪᠰᠢᠶᠡᠷᠡᠬᠦ ᠠᠴᠠ ᠡᠮᠦᠨ᠎ᠡ ᠠᠳᠠᠯᠢ ᠱᠠᠲᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ | ᠰᠢᠯᠵᠢᠭᠦᠯᠦᠨ ᠪᠢᠴᠢᠭᠯᠡᠭᠰᠡᠨ ᠰᠠᠨᠠᠯ ᠭᠠᠷᠭᠠᠯᠭᠠᠵᠦ᠂ ᠳᠠᠷᠠᠭ᠎ᠠ ᠨᠢ ᠬᠠᠮᠢᠶ᠎ᠠ ᠪᠦᠬᠦᠢ ᠲᠡᠰ ᠳᠠᠷᠠᠭᠠᠯᠠᠯ ᠶᠤᠰᠤᠭᠠᠷ | ᠬᠦᠢᠴᠡᠳᠭᠡᠨ᠎ᠡ᠃ | ᠲᠤᠲᠤᠷᠬᠠᠶᠢᠯᠠᠬᠤ ᠵᠦᠢᠯᠡᠰ | ᠤᠷᠤᠯᠠᠨ ᠭᠦᠢᠴᠡᠳᠭᠡᠭᠴᠢ ᠪᠠᠷ ᠤᠷᠤᠯᠠᠭᠤᠯᠤᠨ ᠭᠤᠶᠤᠴᠢᠯᠠᠯ ᠭᠠᠷᠭᠠᠯᠭᠠᠭᠰᠠᠨ ᠪᠤᠯ ᠨᠠᠶᠢᠳᠠᠭᠰᠠᠨ ᠵᠦᠢᠯᠡᠰ ᠢ | ᠪᠢᠴᠢᠵᠦ ᠲᠤᠲᠤᠷᠬᠠᠶᠢᠯᠠᠭᠰᠠᠨ ᠪᠠ ᠤᠷᠤᠯᠠᠨ ᠭᠦᠢᠴᠡᠳᠭᠡᠭᠴᠢ ᠳᠤ ᠡᠷᠭᠡ ᠮᠡᠳᠡᠯ ᠤᠯᠭᠤᠭᠰᠠᠨ ᠨᠠᠶᠢᠳᠠᠯᠭ᠎ᠠ ᠶᠢᠨ ᠪᠢᠴᠢᠭ | ᠬᠢᠵᠦ ᠭᠠᠷᠭᠠᠬᠤ ᠶᠢᠨ ᠬᠠᠮᠲᠤ᠂ ᠪᠡᠶ᠎ᠡ ᠶᠢᠨ ᠬᠡᠷᠡᠴᠢ ᠶᠢᠨ ᠤᠭ ᠵᠦᠢᠯ ᠬᠢᠭᠡᠳ ᠬᠠᠭᠤᠯᠪᠤᠷᠢ ᠶᠢ ᠨᠢ ᠬᠠᠩᠭᠠᠬᠤ ᠬᠡᠷᠡᠭᠲᠡᠢ᠃ | | |