ᠵᠦᠢᠯᠡᠰ ᠤᠨ ᠨᠡᠷᠡᠶᠢᠳᠦᠯ | ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠤ ᠵᠠᠰᠠᠮᠠᠯ ᠵᠠᠮ ᠤᠨ ᠪᠣᠰᠤ ᠲᠡᠮᠳᠡᠭ ᠪᠠᠶᠢᠷᠢᠯᠠᠭᠤᠯᠬᠤ ᠬᠠᠦᠯᠢ | ᠴᠠᠭᠠᠵᠠ ᠬᠠᠦᠯᠢ ᠲᠣᠭᠲᠠᠭᠠᠯ ᠪᠣᠯᠣᠨ ᠲᠥᠷᠥ ᠶᠢᠨ ᠪᠣᠳᠤᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠤᠨ ᠦᠨᠳᠦᠰᠦᠯᠡᠯ | ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠦᠯᠢ︾ ᠶᠢᠨ ᠲᠠᠪᠢᠨ ᠳᠦᠷᠪᠡᠳᠥᠭᠡᠷ | ᠵᠦᠢᠯ | ᠵᠦᠪᠰᠢᠶᠡᠷᠡᠬᠦ ᠨᠥᠬᠦᠴᠡᠯ | 1᠂ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠤ ᠵᠠᠰᠠᠮᠠᠯ ᠵᠠᠮ ᠤᠨ ᠪᠣᠰᠤ ᠲᠡᠮᠳᠡᠭ ᠪᠠᠶᠢᠷᠢᠯᠠᠭᠤᠯᠬᠤ | ᠦᠨᠡᠨᠬᠦ ᠴᠢᠬᠤᠯᠠ ᠲᠠᠢ ᠪᠠᠶᠢᠬᠤ︔ | 2᠂ ᠵᠢᠷᠤᠭᠯᠠᠨ ᠲᠥᠯᠥᠪᠯᠡᠬᠦ ᠪᠠ ᠪᠠᠷᠢᠯᠭ᠎ᠠ ᠪᠠᠷᠢᠬᠤ ᠨᠢ ︽ᠵᠠᠰᠠᠮᠠᠯ ᠵᠠᠮ ᠤᠨ ᠪᠠᠷᠢᠯᠭ᠎ᠠ ᠶᠢᠨ ᠮᠡᠷᠭᠡᠵᠢᠯ ᠤᠨ | ᠪᠠᠷᠢᠮᠵᠢᠶ᠎ᠠ︾ ᠳᠤ ᠨᠡᠶᠢᠴᠡᠵᠦ᠂ ᠵᠠᠰᠠᠮᠠᠯ ᠵᠠᠮ ᠤᠨ ᠪᠥᠲᠦᠭᠡᠨ ᠪᠠᠶᠢᠭᠤᠯᠤᠯᠲᠠ ᠶᠢᠨ ᠲᠥᠯᠥᠪᠯᠡᠭᠡ ᠪᠠ | ᠲᠥᠯᠥᠪᠵᠢᠭᠦᠯᠭᠡ ᠯᠦᠭᠡ ᠬᠠᠷᠢᠯᠴᠠᠨ ᠵᠣᠬᠢᠴᠠᠯᠳᠤᠵᠤ᠂ ᠵᠠᠰᠠᠮᠠᠯ ᠵᠠᠮ ᠤᠨ ᠠᠮᠤᠷ ᠲᠥᠪᠰᠢᠨ ᠳᠤ ᠠᠶᠤᠯ ᠦᠭᠡᠢ ᠪᠠᠶᠢᠬᠤ | ᠬᠡᠷᠡᠭᠲᠡᠢ︔ | 3᠂ ᠮᠠᠲ᠋ᠧᠷᠢᠶᠠᠯ᠂ ᠥᠩᠭᠡ᠂ ᠭᠠᠳᠠᠷ ᠬᠦᠪᠡᠭᠡ ᠶᠢᠨ ᠬᠡᠮᠵᠢᠶ᠎ᠡ᠂ ᠪᠥᠲᠦᠴᠡ ᠶᠢᠨ ᠠᠮᠤᠷ ᠲᠥᠪᠰᠢᠨ᠂ ᠳ᠋ᠧᠩ ᠤᠨ | ᠬᠡᠷᠡᠯ ᠤᠨ ᠭᠡᠭᠡ᠂ ᠪᠠᠶᠢᠷᠢᠯᠠᠭᠤᠯᠬᠤ ᠭᠠᠵᠠᠷ᠂ ᠠᠯᠤᠰᠯᠠᠬᠤ ᠵᠠᠢ ᠵᠡᠷᠭᠡ ᠨᠢ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ ᠬᠡᠷᠡᠭᠲᠡᠢ︔ | 4᠂ ᠵᠠᠮ ᠬᠠᠷᠢᠯᠴᠠᠭᠠᠨ ᠤ ᠲᠡᠮᠳᠡᠭ ᠯᠦᠭᠡ ᠠᠳᠠᠯᠢ ᠪᠣᠶᠤ ᠲᠦᠰᠥᠭᠡᠲᠡᠢ ᠬᠡ ᠤᠭᠠᠯᠵᠠ᠂ ᠦᠰᠦᠭ ᠪᠢᠴᠢᠭ ᠪᠣᠶᠤ | ᠥᠩᠭᠡ ᠶᠢ ᠬᠡᠷᠡᠭᠯᠡᠭᠰᠡᠨ ᠦᠭᠡᠢ ᠪᠠᠶᠢᠬᠤ︔ | 5᠂ ᠵᠠᠮ ᠬᠠᠷᠢᠯᠴᠠᠭᠠᠨ ᠤ ᠪᠡᠯᠡᠳᠬᠡᠮᠵᠢ ᠯᠦᠭᠡ ᠴᠢᠬᠤᠯᠠ ᠪᠦᠬᠦᠢ ᠵᠠᠢ ᠲᠠᠢ ᠪᠠᠶᠢᠬᠤ ᠶᠢ ᠪᠠᠲᠤᠯᠠᠵᠤ᠂ ᠵᠠᠮ | ᠬᠠᠷᠢᠯᠴᠠᠭᠠᠨ ᠤ ᠲᠣᠬᠢᠶ᠎ᠡ᠂ ᠵᠠᠮ ᠬᠠᠷᠢᠯᠴᠠᠭᠠᠨ ᠤ ᠲᠡᠮᠳᠡᠭ᠂ ᠬᠢᠨᠠᠨ ᠡᠵᠡᠮᠳᠡᠬᠦ ᠰᠢᠷᠪᠢᠭᠦᠷ ᠵᠡᠷᠭᠡ ᠶᠢ ᠬᠠᠯᠬᠠᠯᠠᠬᠤ ᠦᠭᠡᠢ᠂ | ᠠᠮᠤᠷ ᠲᠥᠪᠰᠢᠨ ᠤ ᠬᠠᠷᠠᠭᠠᠨ ᠵᠠᠢ ᠶᠢ ᠬᠠᠷᠰᠢᠯᠠᠬᠤ ᠦᠭᠡᠢ᠂ ᠵᠠᠮ ᠢᠶᠠᠷ ᠨᠡᠪᠲᠡᠷᠡᠬᠦ ᠶᠢ ᠨᠥᠯᠥᠭᠡᠯᠡᠬᠦ ᠦᠭᠡᠢ ᠪᠠᠶᠢᠬᠤ | ᠬᠡᠷᠡᠭᠲᠡᠢ︔ | 6᠂ ᠵᠠᠰᠠᠮᠠᠯ ᠵᠠᠮ ᠪᠥᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠴᠢᠬᠤᠯᠠ ᠲᠠᠢ ᠦᠶ᠎ᠡ ᠳᠤ | ᠬᠢᠵᠠᠭᠠᠷᠯᠠᠭᠰᠠᠨ ᠬᠤᠭᠤᠴᠠᠭᠠᠨ ᠳᠤ ᠨᠦᠬᠦᠴᠡᠯ ᠦᠭᠡᠢ ᠢᠶᠠᠷ ᠪᠠᠭᠤᠯᠭᠠᠬᠤ ᠪᠣᠶᠤ ᠨᠡᠭᠦᠯᠭᠡᠨ ᠰᠢᠯᠵᠢᠭᠦᠯᠬᠦ ᠶᠢ ᠵᠦᠪᠰᠢᠶᠡᠷᠡᠬᠦ | ᠬᠡᠷᠡᠭᠲᠡᠢ᠃ | ᠵᠦᠪᠰᠢᠶᠡᠷᠡᠬᠦ ᠲᠤᠭ᠎ᠠ ᠬᠡᠮᠵᠢᠶ᠎ᠡ | ᠬᠢᠵᠠᠭᠠᠷᠯᠠᠬᠤ ᠦᠭᠡᠢ᠃ | ᠵᠦᠪᠰᠢᠶᠡᠷᠡᠬᠦ ᠬᠤᠭᠤᠴᠠᠭ᠎ᠠ | ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠤᠯᠪᠤᠭᠳᠠᠯ ᠪᠥᠬᠦᠢ ᠲᠣᠭᠲᠠᠭᠠᠯ ᠶᠣᠰᠤᠭᠠᠷ | ᠬᠡᠷᠡᠭᠵᠢᠭᠦᠯᠦᠨ᠎ᠡ᠃ | ᠲᠣᠰᠢᠶᠠᠬᠤ ᠴᠢᠬᠤᠯᠡ ᠲᠠᠢ ᠭᠤᠶᠤᠴᠢᠯᠠᠯ ᠤᠨ ᠮᠠᠲ᠋ᠧᠷᠢᠶᠠᠯ | 1᠂ ᠭᠤᠶᠤᠴᠢᠯᠠᠯ ᠤᠨ ᠪᠢᠴᠢᠭ ᠮᠠᠲ᠋ᠧᠷᠢᠶᠠᠯ︔ | 2᠂ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠤ ᠵᠠᠰᠠᠮᠠᠯ ᠵᠠᠮ ᠤᠨ ᠪᠣᠰᠤ ᠲᠡᠮᠳᠡᠭ ᠪᠠᠶᠢᠷᠢᠯᠠᠭᠤᠯᠬᠤ | ᠭᠤᠶᠤᠴᠢᠯᠠᠯ ᠤᠨ ᠬᠥᠰᠦᠨᠦᠭᠲᠦ︔ | 3᠂ ᠵᠠᠰᠠᠭ ᠵᠠᠬᠢᠷᠭᠠᠨ ᠤ ᠬᠠᠷᠢᠴᠠᠩᠭᠤᠢ ᠬᠥᠮᠦᠨ ᠤ ᠪᠡᠶ᠎ᠡ ᠶᠢᠨ ᠬᠢᠷᠢ ᠭᠡᠮ ︵ᠨᠢᠭᠡᠴᠡ ᠶᠢᠨ ᠬᠢᠷᠢ ᠬᠡᠮ︶ ᠤᠨ ᠤᠭ | ᠭᠡᠷᠡᠴᠢ ᠪᠠ ᠬᠠᠭᠤᠯᠪᠤᠷᠢ︔ | 4᠂ ᠪᠥᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ | ᠲᠥᠰᠥᠯ᠂ ᠲᠤᠬᠠᠢ ᠶᠢᠨ ᠲᠠᠯᠠᠪᠠᠢ ᠶᠢᠨ ᠬᠠᠪᠲᠠᠭᠠᠢ ᠲᠠᠶᠢᠯᠪᠤᠷᠢ ᠵᠢᠷᠤᠭ᠂ ᠭᠠᠳᠠᠷ ᠪᠠᠶᠢᠳᠠᠯ ᠤᠨ ᠦᠷ᠎ᠡ ᠳ᠋ᠦᠩ ᠤᠨ ᠵᠢᠷᠤᠭ᠂ | ᠲᠡᠮᠳᠡᠭ ᠤᠨ ᠭᠡᠪᠯᠡᠯ ᠤᠨ ᠨᠢᠭᠤᠷ ᠤᠨ ᠠᠭᠤᠯᠭ᠎ᠠ ᠵᠡᠷᠭᠡ︔ | 5᠂ ᠵᠠᠰᠠᠮᠠᠯ ᠵᠠᠮ ᠪᠥᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠴᠢᠬᠤᠯᠠ ᠲᠠᠢ ᠦᠶ᠎ᠡ ᠳᠤ | ᠬᠢᠵᠠᠭᠠᠷᠯᠠᠭᠰᠠᠨ ᠬᠤᠭᠤᠴᠠᠭᠠᠨ ᠳᠤ ᠨᠥᠬᠦᠴᠡᠯ ᠦᠭᠡᠢ ᠪᠠᠷ ᠪᠠᠭᠤᠯᠭᠠᠬᠤ ᠪᠣᠶᠤ ᠨᠡᠭᠦᠯᠭᠡᠨ ᠰᠢᠯᠵᠢᠭᠦᠯᠬᠦ ᠶᠢ ᠵᠦᠪᠰᠢᠶᠡᠷᠡᠭᠰᠡᠨ | ᠠᠮᠠᠯᠠᠯᠲᠠ ᠶᠢᠨ ᠪᠢᠴᠢᠭ︔ | 6᠂ ᠪᠣᠰᠤᠳ ᠬᠠᠩᠭᠠᠬᠤ ᠴᠢᠬᠤᠯᠡ ᠲᠠᠢ ᠮᠠᠲ᠋ᠧᠷᠢᠶᠠᠯ︔ | ᠵᠠᠷᠤᠳᠠᠯ ᠬᠤᠷᠢᠶᠠᠬᠤ ᠦᠨᠳᠦᠰᠦᠯᠡᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠳᠦᠷᠢᠮ︾ ᠤᠨ ᠭᠤᠴᠢ ᠶᠢᠰᠦᠳᠦᠭᠡᠷ | ᠵᠦᠢᠯ | ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠬᠥᠷᠥᠩᠭᠡ ᠶᠢ ᠡᠪᠳᠡᠯᠡᠵᠦ ᠡᠵᠡᠯᠡᠨ | ᠬᠡᠷᠡᠭᠯᠡᠭᠰᠡᠨ ᠢ ᠲᠦᠯᠥᠪᠥᠷᠢᠯᠡᠭᠦᠯᠬᠦ ︹ ᠨᠥᠬᠦᠪᠦᠷᠢᠯᠡᠭᠦᠯᠬᠦ ︺ ᠲᠣᠭᠲᠠᠭᠠᠯ﹀ ᠪᠣᠯᠣᠨ ︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠬᠥᠷᠥᠩᠭᠡ ᠶᠢ ᠡᠪᠳᠡᠯᠡᠵᠦ ᠡᠵᠡᠯᠡᠨ ᠬᠡᠷᠡᠭᠯᠡᠭᠰᠡᠨ ᠢ ᠲᠥᠯᠥᠪᠦᠷᠢᠯᠡᠭᠦᠯᠬᠦ | ︹ ᠨᠥᠬᠦᠪᠦᠷᠢᠯᠡᠭᠦᠯᠬᠦ ︺ ᠪᠠᠷᠢᠮᠵᠢᠶ᠎ᠡ﹀ ᠶᠢ ᠳᠠᠷᠤᠮᠠᠯᠯᠠᠨ ᠶᠠᠪᠤᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠶᠢᠨ ᠲᠢᠩᠬᠢᠮ᠂ ᠪᠠᠷᠠᠭᠠᠨ ᠤ ᠦᠨ᠎ᠡ ᠶᠢᠨ ᠲᠣᠪᠴᠢᠶ᠎ᠡ᠂ ᠡᠳ᠋ ᠤᠨ ᠵᠠᠰᠠᠭ ᠤᠨ | ᠲᠢᠩᠬᠢᠮ ᠤᠨ ᠮᠡᠳᠡᠭᠳᠡᠯ︾ ︵ᠥᠪᠥᠷ ᠵᠠᠮ ᠬᠠᠷᠢᠯᠴᠠᠭ᠎ᠠ ᠲᠠᠷᠬᠠᠭᠠᠭᠰᠠᠨ ︹1998︺ 383 ᠳ᠋ᠤᠭᠠᠷ ᠲᠣᠭᠠᠲᠤ︶᠃ | ᠤᠷᠢᠳᠠᠪᠡᠷ ᠬᠢᠨᠠᠨ ᠪᠠᠶᠢᠴᠠᠭᠠᠬᠤ | ᠵᠦᠪᠰᠢᠶᠡᠷᠡᠬᠦ ᠠᠴᠠ ᠡᠮᠦᠨ᠎ᠡ ᠠᠳᠠᠯᠢ ᠱᠠᠲᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ | ᠰᠢᠯᠵᠢᠭᠦᠯᠦᠨ ᠪᠢᠴᠢᠭᠯᠡᠭᠰᠡᠨ ᠰᠠᠨᠠᠯ ᠭᠠᠷᠭᠠᠭᠤᠯᠵᠦ᠂ ᠳᠠᠷᠠᠭ᠎ᠠ ᠨᠢ ᠬᠠᠮᠢᠶ᠎ᠠ ᠪᠥᠬᠦᠢ ᠲᠡᠰ ᠳᠠᠷᠠᠭᠠᠯᠠᠯ ᠤᠨ ᠶᠣᠰᠤᠭᠠᠷ | ᠭᠦᠢᠴᠡᠳᠬᠡᠬᠦ ᠬᠡᠷᠡᠭᠲᠡᠢ᠃ | ᠲᠣᠳᠣᠷᠬᠠᠶᠢᠯᠠᠬᠤ ᠵᠦᠢᠯ | ᠣᠷᠣᠯᠠᠨ ᠭᠦᠢᠴᠡᠳᠭᠡᠭᠴᠢ ᠪᠠᠷ ᠭᠤᠶᠣᠴᠢᠯᠠᠯ ᠢ ᠣᠷᠣᠯᠠᠨ ᠳᠤᠷᠠᠳᠤᠭᠤᠯᠤᠭᠰᠠᠨ ᠪᠣᠯ ᠨᠠᠶᠢᠳᠠᠬᠰᠠᠨ ᠵᠦᠢᠯ ᠪᠣᠯᠣᠨ | ᠣᠷᠣᠯᠠᠨ ᠭᠦᠢᠴᠡᠳᠭᠡᠭᠴᠢ ᠶᠢᠨ ᠡᠷᠬᠡ ᠮᠡᠳᠡᠯ ᠢ ᠲᠣᠳᠣᠷᠬᠠᠶᠢᠯᠠᠨ ᠪᠢᠴᠢᠭᠰᠡᠨ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ | ᠬᠢᠵᠦ ᠥᠭᠬᠦ ᠶᠢᠨ ᠬᠠᠮᠲᠤ ᠲᠡᠭᠦᠨ ᠤ ᠪᠡᠶ᠎ᠡ ᠶᠢᠨ ᠬᠢᠷᠢ ᠭᠡᠮ ᠤᠨ ᠤᠭ ᠭᠡᠷᠡᠴᠢ ᠪᠣᠯᠣᠨ ᠬᠠᠭᠤᠯᠪᠤᠷᠢ ᠶᠢ ᠬᠠᠩᠭᠠᠬᠤ ᠬᠡᠷᠡᠭᠲᠡᠢ | ᠃ |