ᠡᠷᠬᠢᠮ ᠬᠦᠠᠳᠤᠳᠤ ᠰᠦᠯᠵᠢᠶᠡᠨ ᠠᠠᠳᠠ ᠲᠠ ᠪᠦᠬᠦᠨ ᠰᠠᠶᠢᠨ ᠪᠠᠶᠢᠵᠠᠭᠠᠨ᠎ᠠ ᠦᠦ︕ | ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ ᠨᠢ 2016 ᠣᠨ ᠤ 6 | ᠰᠠᠷ᠎ᠠ ᠶᠢᠨ 8 ᠤ ᠡᠳᠦᠷ ᠵᠢᠩᠬᠢᠨᠢ ᠪᠠᠷ ᠢᠨᠲ᠋ᠧᠷᠨ᠋ᠲ ᠪᠠᠷ ᠵᠠᠯᠭᠠᠭᠳᠠᠵᠤ᠂ ᠦᠷᠬᠡᠨ ᠤᠯᠠᠨ ᠰᠦᠯᠵᠢᠶᠡᠨ ᠠᠠᠳᠠ ᠲᠠ | ᠨᠠᠷ ᠲᠠᠢ ᠪᠠᠨ ᠵᠣᠯᠭᠠᠭᠰᠠᠨ ᠶᠤᠮ᠃ | ᠠᠷᠤ ᠬᠤᠷᠴᠢᠨ ᠬᠤᠰᠢᠭᠤᠨ ᠵᠠᠰᠠᠭ ᠤᠨ ᠤᠷᠳᠤᠨ ᠨᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ | ᠪᠠ ᠤᠯᠠᠭᠠᠠᠬᠳᠠ ᠬᠤᠳᠠ ᠶᠢᠨ ᠵᠠᠰᠠᠭ ᠤᠨ ᠤᠷᠳᠤᠨ ᠤ ᠰᠢᠰᠲ᠋ᠧᠮ ᠤᠨ ᠮᠣᠩᠭᠤᠯ ᠰᠦᠯᠵᠢᠶ᠎ᠡ ᠶᠢᠨ | ᠪᠠᠶᠢᠭᠤᠯᠤᠯᠳᠠ ᠶᠢ ᠴᠢᠩᠭᠠᠳᠬᠠᠬᠤ ᠠᠵᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ 2014 ᠣᠨ ᠠᠴᠠ ᠡᠬᠢᠯᠡᠨ | ᠬᠠᠮᠢᠶ᠎ᠡ ᠲᠠᠢ ᠰᠠᠯᠠᠭ᠎ᠠ ᠮᠦᠴᠢᠷ ᠢ ᠵᠤᠬᠢᠴᠠᠭᠤᠯᠤᠨ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠤ ᠰᠢᠰᠲ᠋ᠧᠮ ᠤᠨ ᠮᠣᠩᠭᠤᠯ ᠰᠦᠯᠵᠢᠶ᠎ᠡ ᠶᠢᠨ ᠬᠤᠯᠪᠤᠭ᠎ᠠ ᠳᠤ ᠤᠷᠤᠬᠤ ᠪᠡᠯᠡᠳᠬᠡᠯ ᠠᠵᠢᠯ ᠢ | ᠬᠢᠵᠦ᠂ 2015 ᠤᠨ ᠤ 7 ᠰᠠᠷ᠎ᠠ ᠠᠴᠠ ᠡᠬᠢᠯᠡᠨ ᠰᠢᠨ᠎ᠡ ᠰᠦᠯᠵᠢᠶᠡᠨ ᠳᠤ ᠡᠬᠡ ᠪᠢᠴᠢᠭ ᠨᠡᠶᠢᠳᠡᠯᠡᠬᠦ ᠠᠵᠢᠯ ᠢᠶᠠᠨ | ᠡᠬᠢᠯᠡᠭᠦᠯᠵᠦ᠂ ᠣᠯᠠᠭᠠᠨᠬᠠᠳᠠ ᠬᠤᠳᠠ ᠶᠢᠨ ᠠᠩᠬᠠᠳᠤᠭᠠᠷ ᠱᠠᠳᠤᠨ ᠳᠤ ᠰᠦᠯᠵᠢᠶ᠎ᠡ ᠨᠡᠪᠳᠡᠷᠡᠬᠦᠯᠬᠦ ᠲᠠᠪᠤᠨ ᠬᠤᠰᠢᠭᠤ | ᠰᠢᠶᠡᠨ ᠲᠤᠭᠤᠷᠢᠭ ᠤᠨ ᠨᠢᠭᠡ ᠪᠤᠯᠤᠭᠰᠠᠨ ᠶᠤᠮ᠃2016 ᠣᠨ ᠤ 6 ᠰᠠᠷ᠎ᠠ ᠶᠢᠨ 8 ᠤ ᠡᠳᠦᠷ ︽ᠠᠷᠤ | ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠦᠨ ᠤ ᠰᠦᠯᠵᠢᠶ᠎ᠡ︾ ᠰᠢᠨ᠎ᠡ ᠪᠠᠷ ᠨᠡᠪᠳᠡᠷᠡᠵᠤ᠂ ︽ᠲᠤᠶᠢᠮᠤ | ᠪᠠᠶᠢᠳᠠᠯ︾᠂ ︽ᠰᠤᠨᠢᠨ ᠮᠡᠳᠡᠭᠡ︾᠂ ︽ᠢᠯᠡ ᠵᠠᠰᠠᠭ︾᠂ ︽ᠦᠢᠯᠡᠴᠢᠯᠡᠭᠡ ᠲᠤᠰᠠᠯᠠᠮᠵᠢ︾᠂ ︽ᠰᠤᠶᠤᠯ | ᠡᠷᠳᠠᠨᠢ︾᠂ ︽ᠰᠦᠯᠵᠢᠶᠡᠨ ᠤ ᠲᠤᠬᠠᠢ︾ ᠵᠠᠷᠬᠡ ᠲᠠᠪᠤᠨ ᠲᠤᠮᠤ ᠲᠦᠷᠦᠯ ᠳᠤ ᠬᠤᠯᠪᠤᠭᠳᠠᠬᠤ ᠲᠠᠪᠢᠭᠠᠳ ᠪᠤᠯᠤᠩ | ᠡᠷᠬᠢᠯᠡᠵᠦ᠂ ᠵᠠᠰᠠᠭ ᠤᠨ ᠤᠷᠳᠤᠨ ᠤ ᠦᠢᠯᠡᠴᠢᠯᠡᠭᠡᠨ ᠤ ᠴᠢᠳᠠᠮᠵᠲᠦ ᠤᠠᠴᠠᠯᠢᠭ ᠠᠴᠠ ᠪᠠᠨ ᠡᠬᠦᠰᠴᠤ᠂ ᠵᠠᠰᠠᠭ | ᠵᠠᠬᠢᠷᠭᠠᠨ ᠤ ᠦᠢᠯᠡᠴᠢᠯᠡᠭᠡ ᠪᠠᠷ ᠭᠤᠤᠯᠳᠠᠭᠤᠯᠵᠤ᠂ ᠮᠠᠯᠴᠢᠨ ᠲᠦᠮᠡᠨ ᠳᠤ ᠬᠤᠯᠪᠣᠭᠳᠠᠬᠤ ᠲᠦᠷᠦ ᠶᠢᠨ ᠪᠣᠳᠣᠯᠭ᠎ᠠ᠂ | ᠲᠦᠷᠢᠮ ᠲᠤᠭᠳᠠᠭᠠᠯ᠂ ᠠᠮᠢᠳᠣᠷᠠᠯ ᠦᠢᠯᠡᠳᠪᠤᠷᠢᠯᠡᠯ ᠤᠨ ᠲᠤᠰᠠᠯᠠᠮᠵᠢ᠂ ᠤᠷᠤᠨ ᠨᠤᠲᠤᠭ ᠤᠨ ᠲᠡᠤᠬᠡ ᠰᠤᠶᠤᠯ᠂ | ᠦᠠᠳᠦᠰᠦᠳᠠᠨ ᠤ ᠰᠤᠷᠭᠠᠨ ᠬᠦᠮᠦᠵᠢᠯ ᠵᠡᠷᠭᠡ ᠤᠯᠠᠨ ᠲᠠᠯ᠎ᠠ ᠪᠠᠷ ᠦᠢᠯᠡᠴᠢᠯᠡᠭᠡ ᠬᠠᠩᠭᠠᠬᠤ ᠪᠣᠯᠤᠨ᠎ᠠ᠃ | ᠦᠪᠤᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠢᠰᠲ᠋ᠧᠮ ᠤᠨ ᠮᠣᠩᠭᠤᠯ | ᠰᠦᠯᠵᠢᠶᠠᠨ ᠤ ᠬᠤᠯᠪᠤᠭ᠎ᠠ ᠪᠠᠶᠢᠭᠤᠯᠤᠭᠳᠠᠭᠰᠠᠨ ᠨᠢ ︽ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ | ᠲᠥᠷᠢᠮ︾ ᠤᠨ ᠪᠤᠳᠠᠳᠤ ᠬᠡᠷᠡᠭᠵᠢᠭᠦᠯᠦᠯᠲᠡ ᠪᠣᠯᠬᠤ ᠪᠦᠭᠡᠳ ᠮᠣᠩᠭᠤᠯ ᠦᠭᠡ ᠬᠡᠯᠡ ᠦᠰᠦᠭ ᠪᠢᠴᠢᠭ ᠢᠶᠠᠷ ᠢᠶᠠᠨ | ᠵᠠᠰᠠᠭ ᠤᠨ ᠦᠢᠯᠡᠴᠢᠯᠡᠭᠡ ᠬᠠᠩᠭᠠᠵᠤ᠂ ᠨᠠᠮ ᠵᠠᠰᠠᠭ ᠤᠨ ᠲᠥᠷᠦ ᠶᠢᠨ ᠪᠣᠳᠤᠯᠭ᠎ᠠ ᠶᠢ ᠰᠤᠷᠳᠠᠯᠴᠢᠯᠠᠨ ᠤᠬᠠᠭᠤᠯᠬᠤ | ᠲᠠᠪᠴᠠᠩ ᠪᠤᠯᠤᠭᠰᠠᠨ ᠶᠤᠮ᠃ | |