ᠭᠤᠷᠪᠠᠨ ᠴᠢᠳᠠᠪᠣᠷᠢ ᠶᠢ ᠴᠢᠩᠭᠠᠳᠬᠠᠬᠤ᠄ | ᠨᠢᠭᠡ᠂ ᠰᠦᠯᠵᠢᠶ᠎ᠡ ᠳᠤ ᠮᠣᠩᠭᠤᠯ ᠰᠣᠷᠪᠣᠯᠵᠢᠯᠠᠭ᠎ᠠ ᠬᠢᠬᠦ ᠶᠢ ᠴᠢᠩᠭᠠᠳᠬᠠᠵᠤ᠂ ᠰᠣᠷᠠᠭ ᠵᠠᠩᠬᠢ ᠶᠢᠨ | ᠢᠷᠡᠯᠲᠡ ᠶᠢ ᠦᠷᠭᠡᠳᠬᠡᠨ᠎ᠡ᠃ | ᠬᠤᠶᠠᠷ᠂ ᠨᠠᠶᠢᠷᠠᠭᠤᠯᠣᠭᠴᠢ ᠶᠢᠨ ᠵᠤᠬᠢᠶᠠᠨ ᠪᠢᠴᠢᠬᠦ᠂ ᠨᠠᠶᠢᠷᠠᠭᠤᠯᠬᠤ᠂ ᠣᠷᠴᠢᠭᠤᠯᠬᠤ᠂ ᠭᠡᠷᠡᠯ ᠵᠢᠷᠤᠭ | ᠠᠪᠬᠤ᠂ ᠦᠰᠦᠭ ᠮᠠᠰᠢᠨᠳᠠᠬᠤ ᠵᠡᠷᠭᠡ ᠲᠠᠪᠤᠨ ᠴᠢᠳᠠᠪᠣᠷᠢ ᠶᠢ ᠴᠢᠩᠭᠠᠳᠬᠠᠨ᠎ᠠ᠃ | ᠭᠤᠷᠪᠠ᠂ ᠵᠤᠬᠢᠶᠠᠭᠴᠢ ᠯᠤᠭ᠎ᠠ ᠶᠢᠨ ᠬᠠᠷᠢᠯᠴᠠᠭ᠎ᠠ ᠶᠢ ᠴᠢᠩᠭᠠᠳᠬᠠᠵᠣ᠂ ᠬᠠᠮᠢᠶ᠎ᠠ ᠪᠦᠬᠦᠢ ᠬᠦᠮᠦᠰ ᠢᠶᠠᠷ | ᠪᠦᠷᠢᠯᠳᠦᠭᠰᠡᠨ ᠵᠤᠬᠢᠶᠠᠭᠴᠢ ᠶᠢᠨ ᠳᠣᠭᠤᠶᠢᠯᠠᠩ ᠢ ᠵᠤᠬᠢᠶᠠᠨ ᠪᠠᠶᠢᠭᠤᠯᠵᠤ᠂ ᠵᠢᠯ ᠪᠦᠷᠢ ᠠᠳᠠᠭ ᠲᠤ ᠪᠠᠨ ᠨᠢᠭᠡ | ᠣᠳᠠᠭ᠎ᠠ ᠶᠢᠨ ᠲᠤᠰᠬᠠᠢ ᠰᠠᠭᠤᠳᠠᠯ ᠤᠨ ᠬᠤᠷᠠᠯ ᠵᠡᠷᠭᠡ ᠶᠢ ᠡᠷᠬᠢᠯᠡᠵᠦ ᠰᠠᠨᠠᠯ ᠵᠦᠪᠯᠡᠯᠭᠡ ᠪᠠᠨ ᠰᠣᠯᠢᠯᠴᠠᠨ᠎ᠠ᠃ | ᠲᠤᠬᠢᠲᠠᠢ ᠦᠶ᠎ᠡ ᠳᠤ ᠲᠤᠰᠬᠠᠢ ᠮᠡᠷᠭᠡᠵᠢᠯᠲᠡᠨ᠂ ᠠᠬ᠎ᠠ ᠳᠡᠭᠦᠦ ᠰᠦᠯᠵᠢᠶ᠎ᠡ ᠯᠦᠭᠡ ᠶᠢᠨ ᠰᠣᠳᠣᠯᠣᠯ ᠶᠠᠷᠢᠯᠴᠠᠭ᠎ᠠ ᠶᠢᠨ | ᠬᠤᠷᠠᠯ ᠢ ᠡᠷᠬᠢᠯᠡᠨ᠎ᠡ᠃ |