ᠰᠦᠯᠵᠢᠶ᠎ᠡ ᠶᠢᠨ ᠨᠢᠭᠤᠴᠠ ᠶᠢ ᠬᠠᠮᠠᠭᠠᠯᠠᠬᠤ ᠳᠦᠷᠢᠮ
ᠨᠡᠶᠢᠲᠡᠯᠡᠭᠰᠡᠨ ᠴᠠᠭ᠄
2017/3/24
      ᠨᠢᠭᠡ᠂ ᠨᠠᠮ ᠪᠤᠯᠤᠨ ᠣᠯᠣᠰ ᠤᠨ ᠠᠰᠢᠭ ᠳᠣᠰᠠ ᠶᠢ ᠠᠯᠢᠪᠠ ᠠᠴᠠ ᠡᠷᠬᠢᠮ ᠳᠤ ᠦᠵᠡᠵᠦ᠂ ᠨᠢᠭᠤᠴᠠ ᠶᠢ ᠬᠠᠮᠠᠭᠠᠯᠠᠬᠤ ᠠᠵᠢᠯ ᠢ ᠴᠠᠭ ᠢᠮᠠᠭᠳᠠ ᠠᠩᠬᠠᠷᠴᠣ᠂ ᠣᠯᠣᠰ ᠲᠦᠷᠦ ᠶᠢᠨ ᠬᠠᠷᠢᠭᠤᠴᠠᠯᠭᠠᠲᠤ ᠣᠪᠣᠷ ᠢᠶᠠᠷ ᠬᠠᠨᠳᠣᠵᠣ᠂ ᠦᠢᠯᠡ ᠠᠵᠢᠯᠯᠠᠭ᠎ᠠ ᠶᠢᠨ ᠢᠶᠠᠨ ᠵᠠᠷᠴᠢᠮ ᠪᠤᠯᠭᠠᠨ ᠪᠠᠷᠢᠮᠲᠠᠯᠠᠨ᠎ᠠ᠃       ᠬᠤᠶᠠᠷ᠂ ᠠᠯᠢᠪᠠ ᠡᠬᠡ ᠪᠢᠴᠢᠭ ᠢ ᠨᠡᠶᠢᠲᠡᠯᠡᠬᠦ ᠳᠤ ᠣᠯᠣᠰ ᠭᠡᠷ ᠤᠨ ᠨᠢᠭᠤᠴᠠ ᠲᠠᠢ ᠬᠤᠯᠪᠤᠭᠳᠠᠬᠤ ᠡᠰᠡᠬᠦ  ᠶᠢ ᠴᠢᠩᠭ᠎ᠠ ᠬᠢᠨᠠᠵᠣ᠂ ︽ᠨᠢᠭᠤᠴᠠ ᠶᠢ ᠬᠠᠮᠠᠭᠠᠯᠠᠬᠤ ᠬᠠᠤᠯᠢ︾ ᠶᠢ ᠡᠷᠡᠰ ᠵᠢᠷᠣᠮᠯᠠᠨ᠎ᠠ᠃       ᠭᠤᠷᠪᠠ᠂ ᠡᠬᠡ ᠪᠢᠴᠢᠭ ᠨᠠᠶᠢᠷᠠᠭᠤᠯᠬᠤ ᠳᠤ ᠪᠠᠨ ᠨᠢᠭᠤᠴᠠ ᠶᠢ ᠬᠠᠮᠠᠭᠠᠯᠠᠬᠤ ᠳᠦᠷᠢᠮ ᠳᠣᠭᠲᠠᠭᠠᠯ ᠢ ᠵᠦᠷᠢᠴᠡᠬᠦ ᠠᠵᠢᠯᠯᠠᠭ᠎ᠠ ᠶᠢ ᠡᠷᠡᠰ ᠬᠢᠴᠢᠶᠡᠵᠦ᠂ ᠣᠰᠣᠯ ᠭᠠᠷᠭᠠᠪᠠᠯ ᠬᠠᠷᠢᠭᠤᠴᠠᠯᠭ᠎ᠠ ᠶᠢ ᠨᠡᠬᠡᠮᠵᠢᠯᠡᠨ᠎ᠡ᠃       ᠳᠦᠷᠪᠡ᠂ ᠡᠬᠡ ᠪᠢᠴᠢᠭ ᠢ ᠨᠡᠶᠢᠲᠡᠯᠡᠬᠦ ᠳᠤ ᠪᠠᠨ ᠭᠤᠷᠪᠠᠨ ᠬᠢᠨᠠᠯᠲᠠ ᠶᠢ ᠴᠢᠩᠭ᠎ᠠ ᠪᠠᠷᠢᠮᠲᠠᠯᠠᠵᠣ᠂ ᠳᠣᠷ᠎ᠠ ᠳᠠᠪᠠ ᠪᠠᠷ ᠪᠠᠨ ᠡᠬᠡ ᠪᠢᠴᠢᠭ ᠨᠡᠶᠢᠲᠡᠯᠡᠬᠦ ᠶᠢ ᠴᠢᠩᠭ᠎ᠠ ᠬᠤᠷᠢᠭᠯᠠᠵᠣ᠂ ᠬᠠᠷᠢᠭᠤᠴᠯᠠᠭ᠎ᠠ ᠠᠯᠳᠠᠬᠤ ᠶᠢ ᠴᠠᠭ ᠢᠮᠠᠭᠲᠠ ᠠᠩᠬᠠᠷᠣᠨ᠎ᠠ᠃       ᠳᠠᠪᠤ᠂ ᠣᠨᠴᠠ ᠴᠢᠬᠤᠯᠠ ᠣᠴᠢᠷ ᠢ ᠬᠠᠮᠢᠶ᠎ᠠ ᠪᠦᠬᠦᠢ ᠬᠤᠪᠢᠳᠠᠨ ᠬᠠᠷᠢᠭᠤᠴᠠᠵᠣ ᠪᠠᠶᠢᠭ᠎ᠠ ᠣᠳᠣᠷᠢᠳᠣᠯᠭ᠎ᠠ  ᠳᠤ ᠬᠠᠷᠢᠭᠤ ᠮᠡᠳᠡᠬᠦᠯᠦᠨ ᠵᠢᠭᠠᠪᠣᠷᠢ ᠠᠪᠴᠣ ᠪᠤᠳᠠᠳᠠᠢ ᠪᠠᠷ ᠭᠦᠢᠴᠡᠳᠬᠡᠨ᠎ᠡ᠃       ᠵᠢᠷᠭᠤᠭ᠎ᠠ᠂ ᠡᠬᠡ ᠪᠢᠴᠢᠭ ᠢ ᠴᠢᠩᠭ᠎ᠠ ᠬᠠᠮᠢᠶᠠᠷᠴᠣ᠂ ᠳᠠᠩᠰᠠ ᠡᠪᠬᠡᠮᠡᠯ ᠢ ᠴᠢᠩᠭ᠎ᠠ ᠬᠤᠷᠢᠶᠠᠨ ᠬᠠᠳᠠᠭᠠᠯᠠᠵᠣ ᠂ ᠨᠢᠭᠤᠴᠠ ᠳᠤ ᠬᠤᠯᠪᠤᠭᠳᠠᠬᠤ ᠤᠴᠢᠷ ᠶᠠᠪᠤᠳᠠᠯ ᠭᠠᠷᠬᠤ ᠶᠢ ᠣᠨᠴᠠ ᠰᠡᠷᠭᠡᠶᠢᠯᠡᠨ᠎ᠡ᠃       ᠳᠣᠯᠤᠭ᠎ᠠ᠂ ᠰᠦᠯᠵᠢᠶ᠎ᠡ ᠶᠢᠨ ᠨᠢᠭᠤᠴᠠ ᠨᠤᠮᠧᠷ ᠢ ᠴᠢᠩᠭ᠎ᠠ ᠬᠠᠮᠢᠶᠠᠷᠴᠣ᠂ ᠪᠤᠰᠣᠳ ᠶᠠᠮᠠᠷᠪᠠ ᠬᠦᠮᠦᠨ ᠳᠤ ᠮᠡᠳᠡᠭᠦᠯᠵᠦ ᠪᠤᠯᠬᠤ ᠦᠭᠡᠢ᠃ ᠵᠦᠷᠢᠴᠡᠭᠰᠡᠳ ᠠᠴᠠ ᠬᠠᠷᠢᠭᠤᠴᠠᠯᠭ᠎ᠠ ᠨᠡᠬᠡᠮᠵᠢᠯᠡᠵᠦ᠂ ᠬᠡᠷᠡᠭ ᠣᠴᠢᠷ ᠭᠠᠷᠪᠠᠯ ᠴᠢᠩᠭ᠎ᠠ ᠪᠠᠷ ᠰᠢᠢᠳᠪᠦᠷᠢᠯᠡᠨ᠎ᠡ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号