ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠲᠦᠷᠢᠮ ︵ᠨᠢᠭᠡ︶
ᠨᠡᠶᠢᠲᠡᠯᠡᠭᠰᠡᠨ ᠴᠠᠭ᠄
2018/1/30
       ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠲᠦᠷᠢᠮ                   ︵2008 ᠤᠨ ᠤ 11 ᠳ᠋ᠦ᠋ᠭᠡᠷ ᠰᠠᠷ᠎ᠠ ᠶᠢᠨ 14 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠶᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠳᠦᠭᠠᠷ ᠬᠤᠷᠠᠯ ᠠᠴᠠ ᠪᠠᠳᠦᠯᠠᠪᠠ︶ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ ᠲᠠᠪᠦᠳᠦᠭᠠᠷ ᠲᠤᠭᠠᠳᠤ                                    2008 ᠤᠨ ᠤ 11 ᠳ᠋ᠦ᠋ᠭᠡᠷ ᠰᠠᠷ᠎ᠠ ᠶᠢᠨ 14 ᠤ ᠡᠳᠥᠷ        ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠦᠳᠦᠭᠠᠷ ᠬᠤᠷᠠᠯ ᠠᠴᠠ ᠵᠠᠰᠠᠨ ᠳᠣᠭᠳᠠᠭᠠᠭᠰᠠᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠲᠦᠷᠢᠮ︾ ᠢ ᠪᠠᠳᠦᠯᠠᠪᠠ᠂ ᠤᠳᠦ ᠨᠡᠶᠢᠳᠡᠯᠡᠶ᠎ᠠ ᠂ 2009 ᠤᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠭᠡᠷᠡᠭᠵᠢᠭᠦᠯᠦᠨ᠎ᠠ᠃                                    2008 ᠤᠨ ᠤ 11 ᠳ᠋ᠦ᠋ᠭᠡᠷ ᠰᠠᠷ᠎ᠠ ᠶᠢᠨ 14 ᠤ ᠡᠳᠦᠷ        ᠨᠢᠭᠡᠳᠦᠭᠡᠷ ᠪᠦᠯᠦᠭ     ᠶᠡᠷᠦᠩᠬᠡᠢ ᠲᠦᠷᠢᠮ        ᠬᠤᠶᠠᠳᠦᠭᠠᠷ ᠪᠦᠯᠦᠭ    ᠵᠠᠰᠠᠮᠠᠯ ᠵᠠᠮ ᠤᠨ ᠲᠦᠯᠦᠪᠵᠢᠭᠦᠯᠭᠡ ᠪᠠ ᠪᠦᠳᠦᠭᠡᠨ ᠪᠠᠶᠢᠭᠤᠯᠦᠯᠳᠠ        ᠭᠤᠷᠪᠠᠳᠦᠭᠠᠷ ᠪᠦᠯᠦᠭ   ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ        ᠲᠦᠷᠪᠡᠳᠦᠭᠡᠷ ᠪᠦᠯᠦᠭ   ᠵᠠᠰᠠᠮᠠᠯ ᠵᠠᠮ ᠢ ᠠᠷᠠᠴᠢᠯᠠᠬᠤ ᠰᠦᠢᠳᠭᠡᠯ ᠢ ᠲᠠᠳᠠᠪᠦᠷᠢᠯᠠᠬᠤ        ᠲᠠᠪᠦᠳᠦᠭᠠᠷ ᠪᠦᠯᠦᠭ    ᠵᠠᠮ ᠤᠨ ᠶᠠᠪᠦᠳᠠᠯ ᠤᠨ ᠬᠠᠮᠢᠶᠠᠷᠦᠯᠳᠠ        ᠵᠢᠷᠭᠤᠳᠦᠭᠠᠷ ᠪᠦᠯᠦᠭ   ᠰᠦᠢᠳᠭᠡᠯ ᠬᠤᠷᠢᠶᠠᠬᠤ ᠵᠠᠰᠠᠮᠠᠯ ᠵᠠᠮ        ᠲᠤᠯᠦᠳᠦᠭᠠᠷ ᠪᠦᠯᠦᠭ   ᠬᠠᠤᠯᠢ ᠴᠠᠭᠠᠵᠠ ᠶᠢᠨ ᠬᠠᠷᠢᠭᠤᠴᠠᠯᠭ᠎ᠠ        ᠨᠠᠢᠮᠠᠳᠦᠭᠠᠷ ᠪᠦᠯᠦᠭ    ᠲᠠᠭᠠᠯᠳᠦᠭᠤᠯᠦᠬᠰᠠᠨ ᠲᠦᠷᠢᠮ        ᠨᠢᠭᠡᠳᠦᠭᠡᠷ ᠪᠦᠯᠦᠭ    ᠶᠡᠷᠦᠩᠭᠡᠢ ᠲᠦᠷᠢᠮ        ᠨᠢᠭᠡᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢ ᠲᠦᠷᠭᠡᠳᠭᠡᠵᠦ᠂ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠶᠢ ᠠᠬᠢᠭᠤᠯᠬᠤ ᠶᠢᠨ ᠲᠦᠯᠦᠭᠡ ᠂ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠦᠰ ᠤᠨ ᠵᠠᠰᠠᠮᠠᠯ ᠵᠠᠮ ᠤᠨ ᠬᠠᠤᠯᠢ︾ ᠪᠤᠯᠦᠨ ᠤᠯᠦᠰ ᠤᠨ ᠬᠤᠯᠪᠤᠬᠳᠠᠯ ᠪᠦᠬᠦᠢ ᠬᠠᠤᠯᠢ ᠴᠠᠭᠠᠵᠠ᠂ ᠬᠠᠤᠯᠢ ᠲᠤᠬᠳᠠᠭᠠᠯ ᠢ ᠦᠨᠳᠦᠰᠦᠯᠡᠵᠦ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ ᠪᠠᠨ ᠤᠶᠠᠯᠳᠦᠭᠤᠯᠦᠨ᠂ ᠲᠤᠰ ᠲᠦᠷᠢᠮ ᠢ ᠲᠤᠬᠳᠠᠭᠠᠪᠠ᠃        ᠬᠤᠶᠠᠳᠦᠭᠠᠷ ᠵᠦᠢᠯ ᠦᠪᠡᠷᠳᠡᠭᠡᠨ ᠵᠠᠰᠠᠬᠤ ᠤᠷᠤᠨ ᠤ ᠵᠠᠰᠠᠬ ᠵᠠᠬᠢᠷᠭᠠᠨ ᠤ ᠤᠷᠤᠨ ᠤ ᠲᠤᠳᠦᠷᠠᠬᠢ ᠵᠠᠰᠠᠮᠠᠯ ᠵᠠᠮ ᠢ ᠲᠦᠯᠦᠪᠵᠢᠭᠦᠯᠬᠦ᠂ ᠪᠦᠳᠦᠬᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠡᠵᠡᠩᠨᠠᠬᠦ᠂ ᠬᠡᠷᠡᠭᠯᠡᠬᠦ ᠪᠠ ᠬᠠᠮᠢᠶᠠᠷᠬᠤ ᠳᠤ ᠲᠤᠰ ᠲᠦᠷᠢᠮ ᠢ ᠬᠡᠷᠡᠭᠵᠢᠭᠦᠯᠦᠨ᠎ᠠ᠃        ᠭᠤᠷᠪᠠᠳᠦᠭᠠᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠪᠦᠬᠦ ᠤᠷᠤᠨ ᠤ ᠵᠠᠰᠠᠮᠠᠯ ᠵᠠᠮ ᠤᠨ ᠠᠵᠢᠯ ᠢ ᠭᠤᠤᠯᠯᠠᠠ ᠬᠠᠮᠢᠶᠠᠷᠤᠨ᠎ᠠ᠃ ᠤᠯᠦᠰ ᠤᠨ ᠵᠠᠮ᠂ ᠮᠤᠵᠢ ᠶᠢᠨ ᠵᠠᠮ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠶᠢᠮᠠᠬ ᠤᠨ ᠵᠠᠬᠢᠷᠭ᠎ᠠ᠂ ᠲᠤᠭᠤᠷᠢᠬ ᠲᠠᠢ ᠬᠤᠳᠠ ᠶᠢᠨ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢ ᠵᠤᠬᠢᠶᠠᠨ ᠪᠠᠶᠢᠭᠤᠯᠦᠨ ᠪᠦᠳᠦᠭᠡᠨ ᠪᠠᠶᠢᠭᠤᠯᠵᠦ ᠬᠠᠮᠢᠶᠠᠷᠦᠨ᠎ᠠ︔ ᠰᠢᠶᠠᠨ ᠤ ᠵᠠᠮ ᠢ ᠬᠤᠰᠢᠭᠤ ᠰᠢᠶᠠᠨ ᠤ ᠱᠠᠳᠦᠨ ᠤ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠭᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠪᠦᠳᠦᠭᠡᠨ ᠪᠠᠶᠢᠭᠤᠯᠵᠦ ᠬᠠᠮᠢᠶᠠᠷᠦᠨ᠎ᠠ︔ ᠰᠢᠶᠠᠩ ᠤᠨ ᠵᠠᠮ᠂ ᠲᠤᠰᠬᠤᠨ ᠤ ᠵᠠᠮ ᠢ ᠰᠤᠮᠦ ᠰᠢᠶᠠᠩ ᠪᠠᠯᠭᠠᠰᠦᠨ ᠤ ᠠᠷᠠᠳ ᠤᠨ ᠵᠠᠰᠠᠬ ᠤᠨ ᠤᠷᠳᠦᠨ ᠠᠴᠠ ᠬᠠᠷᠢᠭᠤᠴᠠᠨ ᠪᠦᠳᠦᠭᠡᠨ ᠪᠠᠶᠢᠭᠤᠯᠵᠦ ᠬᠠᠮᠢᠶᠠᠷᠦᠨ᠎ᠠ᠃ ᠬᠦᠭᠵᠢᠭᠦᠯᠦᠯᠳᠠ ᠪᠠ ᠦᠭᠡᠷᠡᠴᠢᠯᠠᠯᠳᠠ᠂ ᠡᠳ᠋ ᠤᠨ ᠵᠠᠰᠠᠬ᠂ ᠤᠯᠦᠰ ᠤᠨ ᠭᠠᠵᠠᠷ ᠰᠢᠷᠦᠢ ᠡᠬᠢ ᠪᠠᠶᠠᠯᠢᠬ᠂ ᠤᠰᠦᠨ ᠠᠰᠢᠬᠯᠠᠯᠳᠠ᠂ ᠤᠢ ᠰᠢᠭᠤᠢ᠂ ᠪᠦᠳᠦᠭᠡᠨ ᠪᠠᠶᠢᠭᠤᠯᠦᠯᠳᠠ᠂ ᠤᠷᠴᠢᠨ ᠲᠤᠭᠤᠷᠢᠨ ᠢ ᠬᠠᠮᠠᠭᠠᠯᠠᠬᠤ᠂ ᠲᠤᠳᠦᠭᠠᠳᠦ ᠶᠢ ᠬᠠᠮᠠᠭᠠᠯᠠᠬᠤ ᠵᠠᠷᠭᠡ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠦᠪᠡᠷ ᠦᠪᠡᠷ ᠤᠨ ᠲᠤᠰᠢᠶᠠᠯ ᠬᠠᠷᠢᠭᠤᠴᠠᠯᠭ᠎ᠠ ᠶᠤᠰᠦᠭᠠᠷ ᠢᠶᠠᠨ ᠵᠠᠰᠠᠮᠠᠯ ᠵᠠᠮ ᠤᠨ ᠬᠠᠮᠢᠶᠠᠷᠦᠯᠳᠠ ᠶᠢᠨ ᠠᠵᠢᠯ ᠢ ᠰᠠᠶᠢᠳᠦᠷ ᠬᠢᠬᠦ ᠬᠡᠷᠡᠭᠳᠡᠢ᠃        ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢ ᠲᠤᠰ ᠭᠠᠵᠠᠷ ᠤᠷᠤᠨ ᠤ ᠪᠠᠨ ᠤᠯᠦᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠲᠦᠯᠦᠪᠵᠢᠭᠦᠯᠬᠡ ᠳᠤ ᠪᠠᠨ ᠤᠷᠤᠭᠤᠯᠵᠦ᠂ ᠢᠳᠡᠪᠬᠢᠳᠡᠢ ᠠᠷᠭ᠎ᠠ ᠬᠡᠮᠵᠢᠶ᠎ᠠ ᠠᠪᠴᠦ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢ ᠲᠡᠮᠵᠢᠨ ᠠᠬᠢᠭᠤᠯᠵᠦ᠂ ᠤᠯᠤᠰ ᠤᠨ ᠲᠤᠳᠦᠭᠠᠳᠦ ᠭᠠᠳᠠᠭᠠᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠦᠯᠳᠠ ᠶᠢᠨ ᠬᠠᠤᠯᠢ ᠶᠤᠰᠦᠭᠠᠷ ᠵᠠᠰᠠᠮᠠᠯ ᠵᠠᠮ ᠢ ᠪᠦᠳᠦᠭᠡᠨ ᠪᠠᠶᠢᠭᠤᠯᠵᠦ᠂ ᠡᠵᠡᠩᠨᠠᠬᠦ ᠶᠢ ᠵᠤᠷᠢᠬᠵᠢᠭᠤᠯᠦᠨ ᠵᠢᠯᠦᠭᠤᠳᠬᠤ ᠬᠡᠷᠡᠭᠳᠡᠢ᠃        ᠲᠠᠪᠦᠳᠦᠭᠠᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠴᠦᠬᠡᠨ ᠲᠤᠭᠠᠳᠦ ᠦᠨᠳᠦᠰᠦᠳᠡᠨ ᠲᠦᠪᠯᠡᠷᠡᠨ ᠰᠠᠭᠤᠵᠣ ᠪᠠᠶᠢᠭ᠎ᠠ ᠭᠠᠵᠡᠷ ᠤᠷᠤᠨ᠂ ᠶᠠᠳᠠᠭᠤ ᠬᠦᠴᠢᠷᠳᠡᠢ ᠭᠠᠵᠡᠷ ᠤᠷᠤᠨ᠂ ᠬᠢᠯᠢ ᠬᠢᠵᠠᠭᠠᠷ ᠤᠨ ᠪᠤᠶᠢᠳᠠ ᠪᠦᠭᠯᠡᠭᠦᠦ ᠭᠠᠵᠠᠷ ᠤᠷᠤᠨ ᠪᠠ ᠡᠷᠳᠡ ᠴᠢᠯᠦᠭᠡᠯᠡᠭᠳᠡᠭᠰᠡᠨ ᠤᠷᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠳᠤ ᠪᠡᠯᠨ ᠮᠦᠡᠭᠭᠦ᠂ ᠪᠤᠳᠠᠰ ᠵᠡᠷᠭᠡ ᠲᠠᠯ᠎ᠠ ᠪᠠᠷ ᠡᠩ ᠲᠡᠷᠢᠭᠦᠨ ᠳᠤ ᠲᠤᠬᠢᠷᠠᠭᠤᠯᠦᠨ ᠬᠠᠷᠠᠭᠠᠯᠵᠠᠬᠤ ᠬᠡᠷᠡᠭᠳᠡᠢ᠃        ᠬᠤᠶᠠᠳᠦᠭᠠᠷ ᠪᠦᠯᠦᠭ ᠵᠠᠰᠠᠮᠠᠯ ᠵᠠᠮ ᠤᠨ ᠲᠦᠯᠦᠪᠵᠢᠭᠦᠯᠭᠡ ᠪᠠ ᠪᠦᠳᠦᠭᠡᠨ ᠪᠠᠶᠢᠭᠤᠯᠦᠯᠳᠠ        ᠵᠢᠷᠭᠤᠳᠦᠭᠠᠷ ᠵᠦᠢᠯ ᠵᠠᠰᠠᠮᠠᠯ ᠵᠠᠮ ᠤᠨ ᠲᠦᠯᠦᠪᠵᠢᠭᠦᠯᠭᠡ ᠶᠢ ᠤᠯᠤᠰ ᠠᠷᠠᠳ ᠤᠨ ᠠᠵᠦ ᠠᠬᠤᠢ ᠪᠤᠯᠦᠨ ᠨᠡᠶᠢᠭᠡᠮ ᠤᠨ ᠬᠦᠭᠵᠢᠯᠳᠠ ᠶᠢᠨ ᠲᠦᠯᠦᠪᠵᠢᠭᠦᠯᠭᠡ᠂ ᠤᠯᠦᠰ ᠤᠨ ᠪᠠᠳᠦᠯᠠᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠦᠯᠳᠠ ᠶᠢᠨ ᠱᠠᠭᠠᠷᠳᠠᠯᠭ᠎ᠠ ᠪᠤᠯᠦᠨ ᠦᠪᠡᠷᠲᠡᠭᠡᠨ ᠵᠠᠰᠠᠬᠤ ᠤᠷᠤᠨ ᠤ ᠪᠤᠳᠠᠳᠦ ᠪᠠᠶᠢᠳᠠᠯ ᠢ ᠦᠨᠳᠦᠰᠦᠯᠡᠨ ᠨᠠᠶᠢᠷᠠᠭᠤᠯᠦᠨ ᠵᠤᠬᠢᠶᠠᠬᠤ ᠶᠢᠨ ᠬᠠᠮᠳᠦ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠦᠯᠳᠠ ᠶᠢᠨ ᠬᠦᠭᠵᠢᠯᠳᠠ ᠶᠢᠨ ᠲᠦᠯᠦᠪᠵᠢᠭᠦᠯᠭᠡ ᠵᠢᠴᠢ ᠲᠡᠮᠦᠷ ᠵᠠᠮ᠂ ᠤᠰᠤᠨ ᠵᠠᠮ᠂ ᠠᠭᠠᠷ ᠤᠨ ᠲᠡᠭᠡᠭᠡᠪᠦᠷᠢ᠂ ᠬᠤᠭᠤᠯᠠᠢ ᠪᠠᠷ ᠵᠦᠭᠡᠭᠡᠪᠦᠷᠢᠯᠡᠬᠦ ᠵᠡᠷᠭᠡ ᠪᠤᠰᠦᠳ ᠬᠤᠯᠪᠤᠬᠳᠠᠯ ᠪᠦᠬᠦᠢ ᠠᠵᠢᠯ ᠦᠢᠯᠡᠰ ᠤᠨ ᠬᠦᠭᠵᠢᠯᠳᠠ ᠶᠢᠨ ᠲᠦᠯᠦᠪᠵᠢᠭᠦᠯᠭᠡ ᠲᠠᠢ ᠬᠠᠷᠢᠯᠴᠠᠨ ᠵᠤᠬᠢᠴᠠᠯᠳᠦᠭᠤᠯᠬᠤ ᠬᠡᠷᠡᠭᠳᠡᠢ᠃        ᠲᠤᠯᠦᠳᠦᠭᠠᠷ ᠵᠦᠢᠯ ᠲᠤᠰᠬᠤᠨ ᠪᠠᠯᠭᠠᠰᠦ᠂ ᠨᠡᠬᠡᠬᠡᠯᠳᠠ ᠶᠢᠨ ᠤᠷᠤᠨ᠂ ᠰᠤᠷᠭᠠᠭᠤᠯᠢ᠂ ᠦᠢᠯᠡᠳᠪᠦᠷᠢ ᠠᠭᠤᠷᠬᠠᠢ ᠂ ᠴᠤᠬᠯᠠᠭ᠎ᠠ ᠵᠠᠬ᠎ᠠ ᠠᠷᠠᠯᠵᠢᠶᠠᠨ ᠤ ᠲᠠᠯᠠᠪᠦᠷ ᠤᠷᠤᠨ ᠵᠡᠷᠭᠡ ᠪᠠᠷᠢᠯᠭ᠎ᠠ ᠶᠢ ᠲᠦᠯᠦᠪᠵᠢᠭᠦᠯᠦᠨ ᠰᠢᠨ᠎ᠠ ᠪᠠᠷ ᠪᠠᠶᠢᠭᠤᠯᠬᠤ ᠳᠤ᠂ ᠵᠠᠰᠠᠮᠠᠯ ᠵᠠᠮ ᠤᠨ ᠬᠤᠶᠠᠷ ᠬᠠᠪᠢ ᠪᠠᠷ ᠵᠤᠬᠢᠴᠠᠭᠤᠯᠦᠨ ᠪᠠᠶᠢᠭᠤᠯᠬᠤ ᠠᠴᠠ ᠵᠠᠶᠢᠯᠠᠰᠬᠢᠵᠦ᠂ ᠵᠠᠰᠠᠮᠠᠯ ᠵᠠᠮ ᠨᠢ ᠵᠡᠭᠡᠯᠢ ᠭᠤᠳᠦᠮᠵᠢ ᠪᠤᠯᠵᠦ᠂ ᠵᠠᠰᠠᠮᠠᠯ ᠵᠠᠮ ᠤᠨ ᠠᠮᠦᠷ ᠲᠦᠪᠰᠢᠨ ᠪᠤᠯᠦᠨ ᠰᠠᠭᠠᠳ ᠦᠭᠡᠢ ᠨᠡᠪᠳᠡᠷᠡᠬᠦ ᠶᠢ ᠨᠦᠯᠦᠭᠡᠯᠡᠬᠦ ᠠᠴᠠ ᠰᠡᠷᠬᠡᠶᠢᠯᠡᠬᠦ ᠬᠡᠷᠡᠭᠳᠡᠢ᠃ ᠪᠠᠷᠢᠯᠭ᠎ᠠ ᠶᠢᠨ ᠬᠦᠪᠡᠭᠡ ᠵᠠᠬ᠎ᠠ ᠪᠤᠯᠦᠨ ᠵᠠᠰᠠᠮᠠᠯ ᠵᠠᠮ ᠤᠨ ᠬᠠᠵᠠᠭᠤ ᠳᠠᠬᠢ ᠭᠤᠤ ︵ᠤᠰᠦ ᠬᠠᠰᠢᠬᠤ ᠭᠤᠤ᠂ ᠨᠠᠯᠦ ᠶᠢ ᠬᠠᠮᠠᠭᠠᠯᠠᠬᠤ ᠵᠠᠮ︶ ᠶᠢᠨ ᠵᠠᠬ᠎ᠠ ᠶᠢᠨ ᠬᠤᠭᠤᠷᠦᠨᠳᠦᠬᠢ ᠬᠠᠮᠤᠬ ᠤᠨ ᠤᠬᠤᠷ ᠵᠠᠢ ᠶᠢ᠄ ᠤᠯᠦᠰ ᠤᠨ ᠵᠠᠮ᠂ ᠮᠤᠵᠢ ᠶᠢᠨ ᠵᠠᠮ 100 ᠮᠧᠲᠷ ᠠᠴᠠ ᠤᠬᠤᠷ ᠪᠠᠶᠢᠵᠦ ᠪᠤᠯᠬᠤ ᠦᠭᠡᠢ︔ ᠰᠢᠶᠠᠨ ᠤ ᠵᠠᠮ 60 ᠮᠧᠲᠷ ᠠᠴᠠ ᠤᠬᠤᠷ ᠪᠠᠶᠢᠵᠦ ᠪᠤᠯᠬᠤ ᠦᠭᠡᠢ︔ ᠰᠢᠶᠠᠩ ᠤᠨ ᠵᠠᠮ᠂ ᠲᠤᠰᠬᠤᠨ ᠤ ᠵᠠᠮ 30 ᠮᠧᠲᠷ ᠠᠴᠠ ᠤᠬᠤᠷ ᠪᠠᠶᠢᠵᠦ ᠪᠤᠯᠬᠤ ᠦᠭᠡᠢ᠃        ᠨᠠᠢᠮᠠᠳᠦᠭᠠᠷ ᠵᠦᠢᠯ ᠵᠠᠰᠠᠮᠠᠯ ᠵᠠᠮ ᠪᠤᠯᠦᠨ ᠬᠤᠳᠠ ᠶᠢᠨ ᠵᠠᠮ ᠢ ᠬᠤᠪᠢᠶᠠᠷᠢᠯᠠᠬᠤ ᠳᠤ᠂ ᠬᠤᠳᠠ ᠶᠢᠨ ᠬᠦᠭᠵᠢᠯᠳᠠ ᠶᠢᠨ ᠲᠦᠯᠦᠪᠵᠢᠭᠦᠯᠭᠡ ᠶᠢᠨ ᠤᠷᠤᠨ ᠪᠤᠶᠥ ᠬᠤᠳᠠ ᠶᠢᠨ ᠲᠤᠭᠤᠷᠢᠬ ᠢ ᠦᠷᠭᠡᠳᠭᠡᠭᠰᠡᠨ ᠤ ᠬᠤᠶᠢᠨᠠᠬᠢ ᠪᠤᠳᠠᠳᠠᠢ ᠬᠦᠷᠢᠶ᠎ᠠ ᠬᠡᠪᠴᠢᠶ᠎ᠠ ᠪᠠᠷ ᠵᠠᠭᠠᠬ ᠪᠤᠯᠭᠠᠵᠦ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠪᠤᠶᠥ ᠬᠤᠳᠠ ᠶᠢᠨ ᠵᠠᠮ ᠤᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠡᠷᠭᠦᠳᠡᠯ ᠭᠠᠷᠭᠠᠵᠣ᠂ ᠵᠠᠰᠠᠮᠠᠯ ᠵᠠᠮ ᠤᠨ ᠲᠡᠰ ᠶᠤᠰᠦᠭᠠᠷ ᠵᠠᠰᠠᠮᠠᠯ ᠵᠠᠮ ᠤᠨ ᠲᠦᠯᠦᠪᠵᠢᠭᠦᠯᠭᠡ ᠶᠢ ᠬᠢᠨᠠᠨ ᠵᠦᠪᠰᠢᠶᠡᠷᠡᠭᠰᠡᠨ ᠤᠤᠯ ᠰᠠᠯᠠᠭ᠎ᠠ ᠮᠦᠴᠢᠷ ᠲᠤ ᠮᠡᠳᠡᠭᠦᠯᠦᠨ ᠵᠦᠪᠰᠢᠶᠡᠷᠡᠬᠦᠯᠬᠦ ᠬᠡᠷᠡᠭᠳᠡᠢ᠃        ᠶᠢᠰᠦᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠪᠤᠯᠦᠨ ᠬᠤᠰᠢᠭᠤ ᠰᠢᠶᠠᠨ ᠤ ᠱᠠᠳᠦᠨ ᠤ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠬᠡᠷᠡᠭᠯᠡᠭᠡᠨ ᠤ ᠴᠢᠳᠠᠪᠬᠢ ᠪᠠᠨ ᠠᠯᠳᠠᠬᠰᠠᠠ ᠮᠤᠵᠢ ᠶᠢᠨ ᠵᠠᠮ᠂ ᠰᠢᠶᠠᠨ ᠤ ᠵᠠᠮ ᠪᠠ ᠰᠢᠶᠠᠩ ᠤᠨ ᠵᠠᠮ᠂ ᠲᠤᠰᠬᠤᠨ ᠤ ᠵᠠᠮ ᠢ ᠲᠤᠰ ᠱᠠᠳᠦᠨ ᠤ ᠠᠷᠠᠳ ᠤᠨ ᠵᠠᠰᠠᠬ ᠤᠨ ᠤᠷᠳᠦᠨ ᠤ ᠲᠦᠯᠦᠪᠵᠢᠭᠦᠯᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠦᠬᠰᠠᠨ ᠤ ᠲᠠᠷᠠᠭ᠎ᠠ ᠴᠠᠬ ᠲᠤᠬᠠᠢ ᠳᠤᠨᠢ ᠨᠡᠶᠢᠭᠡᠮ ᠨᠡᠶᠢᠳᠠ ᠳᠤ ᠵᠠᠷᠯᠠᠬᠤ ᠶᠢᠨ ᠬᠠᠮᠳᠦ᠂ ᠦᠯᠦ ᠬᠡᠷᠡᠭᠯᠡᠬᠦ ᠵᠠᠰᠠᠮᠠᠯ ᠵᠠᠮ ᠲᠡᠭᠡᠷ᠎ᠠ ᠢᠯᠨ ᠲᠤᠳᠦᠷᠬᠠᠢ ᠲᠡᠮᠳᠡᠭ ᠲᠠᠯᠪᠢᠬᠤ ᠬᠡᠷᠡᠭᠳᠡᠢ᠃        ᠠᠷᠪᠠᠳᠦᠭᠠᠷ ᠵᠦᠢᠯ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠮᠦᠡᠭᠭᠦ ᠶᠢ ᠡᠯ᠎ᠠ ᠱᠠᠳᠦᠨ ᠤ ᠠᠷᠠᠳ ᠤᠨ ᠵᠠᠰᠠᠬ ᠤᠨ ᠤᠷᠳᠦᠨ ᠤ ᠡᠳ᠋ ᠤᠨ ᠵᠠᠰᠠᠬ ᠤᠨ ᠰᠠᠯᠭᠠᠨ ᠦᠭᠬᠦ ᠵᠤᠭᠤᠰ᠂ ᠬᠠᠤᠯᠢ ᠶᠤᠰᠦᠭᠠᠷ ᠭᠠᠶᠢᠯᠢ ᠲᠠᠳᠠᠪᠦᠷᠢᠯᠠᠨ ᠬᠤᠷᠠᠮᠳᠦᠭᠤᠯᠦᠬᠰᠠᠨ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠲᠤᠰᠬᠠᠢ ᠲᠦᠷᠦᠯ ᠤᠨ ᠪᠡᠯᠨ ᠮᠦᠡᠭᠭᠦ ᠠᠴᠠ ᠢᠷᠡᠭᠰᠡᠨ ᠡᠳ᠋ ᠤᠨ ᠵᠠᠰᠠᠬ ᠤᠨ ᠰᠠᠯᠭᠠᠨ ᠦᠭᠬᠦ ᠵᠤᠭᠤᠰ ᠠᠴᠠ ᠪᠤᠰᠦᠳ ᠢ ᠵᠢᠭᠡᠯᠡᠯᠭᠡ᠂ ᠪᠡᠯᠨ ᠬᠤᠷᠠᠮᠳᠦᠭᠤᠯᠬᠤ᠂ ᠰᠦᠢᠳᠭᠡᠯ ᠬᠤᠷᠢᠶᠠᠬᠤ ᠡᠷᠭᠡ ᠶᠢ ᠰᠢᠯᠵᠢᠭᠦᠯᠦᠨ ᠦᠭᠭᠦ᠂ ᠲᠤᠰᠬᠠᠢ ᠬᠡᠷᠡᠭᠯᠡᠬᠦ ᠨᠢᠭᠡᠴᠨ ᠠᠴᠠ ᠪᠡᠯᠨ ᠤᠷᠤᠭᠤᠯᠬᠤ ᠵᠡᠷᠭᠡ ᠠᠷᠭ᠎ᠠ ᠬᠡᠯᠪᠡᠷᠢ ᠪᠠᠷ ᠪᠡᠯᠨ ᠮᠦᠡᠭᠭᠦ ᠬᠤᠷᠠᠮᠳᠦᠭᠤᠯᠵᠦ ᠪᠤᠯᠦᠨ᠎ᠠ᠃        ᠠᠷᠪᠠᠨ ᠨᠢᠭᠡᠳᠦᠭᠡᠷ ᠵᠦᠢᠯ ᠤᠯᠦᠰ᠂ ᠦᠪᠡᠷᠳᠡᠭᠡᠨ ᠵᠠᠰᠠᠬᠤ ᠤᠷᠤᠨ ᠤ ᠲᠦᠷᠭᠡᠨ ᠵᠠᠮ ᠤᠨ ᠲᠤᠤᠷ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠮᠦᠡᠭᠭᠦ ᠶᠢ ᠤᠯᠦᠰ ᠤᠨ ᠪᠡᠯᠨ ᠤᠷᠤᠭᠤᠯᠦᠯᠳᠠ ᠨᠦᠬᠦᠪᠦᠷᠢ ᠠᠴᠠ ᠪᠤᠰᠦᠳ ᠬᠡᠰᠡᠭ ᠢ ᠨᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠨ ᠬᠤᠷᠠᠮᠳᠦᠭᠤᠯᠦᠨ᠎ᠠ᠃ ᠡᠩ ᠤᠨ ᠤᠯᠦᠰ ᠤᠨ ᠪᠠ ᠮᠤᠵᠢ ᠶᠢᠨ ᠭᠤᠤᠯ ᠵᠠᠰᠠᠮᠠᠯ ᠵᠠᠮ᠂ ᠴᠢᠬᠤᠯᠨ ᠰᠢᠶᠠᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠮᠦᠡᠭᠭᠦ ᠶᠢ ᠤᠯᠤᠰ᠂ ᠦᠪᠡᠷᠳᠡᠭᠡᠨ ᠵᠠᠰᠠᠬᠤ ᠤᠷᠤᠨ ᠤ ᠪᠡᠯᠨ ᠤᠷᠤᠭᠤᠯᠦᠯᠳᠠ ᠨᠦᠬᠦᠪᠦᠷᠢ ᠠᠴᠠ ᠪᠤᠰᠤᠳ ᠬᠡᠰᠡᠭ ᠢ ᠨᠢ ᠠᠶᠢᠮᠠᠬ ᠤᠨ ᠵᠠᠬᠢᠷᠭ᠎ᠠ᠂ ᠲᠤᠭᠤᠷᠢᠬ ᠲᠠᠢ ᠬᠤᠳᠠ ᠶᠢᠨ ᠠᠷᠠᠳ ᠤᠨ ᠵᠠᠰᠠᠬ ᠤᠨ ᠤᠷᠳᠦᠨ ᠠᠴᠠ ᠬᠠᠷᠢᠭᠤᠴᠠᠨ ᠬᠤᠷᠠᠮᠳᠦᠭᠤᠯᠦᠨ᠎ᠠ᠃ ᠡᠩ ᠤᠨ ᠰᠢᠶᠠᠨ ᠤ ᠵᠠᠮ᠂ ᠰᠢᠶᠠᠩ ᠤᠨ ᠵᠠᠮ᠂ ᠲᠤᠰᠬᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠮᠦᠡᠭᠭᠦ ᠶᠢ ᠤᠯᠤᠰ᠂ ᠦᠪᠡᠷᠳᠡᠭᠡᠨ ᠵᠠᠰᠠᠬᠤ ᠤᠷᠤᠨ ᠤ ᠪᠡᠯᠨ ᠤᠷᠤᠭᠤᠯᠦᠯᠳᠠ ᠨᠦᠬᠦᠪᠦᠷᠢ ᠠᠴᠠ ᠪᠤᠰᠤᠳ ᠬᠡᠰᠡᠭ ᠢ ᠨᠢ ᠠᠶᠢᠮᠠᠬ ᠤᠨ ᠵᠠᠬᠢᠷᠭ᠎ᠠ᠂ ᠲᠤᠭᠤᠷᠢᠬ ᠲᠠᠢ ᠬᠤᠳᠠ ᠶᠢᠨ ᠠᠷᠠᠳ ᠤᠨ ᠵᠠᠰᠠᠬ ᠤᠨ ᠤᠷᠳᠦᠨ ᠠᠴᠠ ᠬᠠᠷᠢᠭᠤᠴᠠᠨ ᠬᠤᠷᠠᠮᠳᠦᠭᠤᠯᠦᠨ᠎ᠠ᠃ᠲᠤᠰᠬᠠᠢ ᠬᠡᠷᠡᠭᠯᠡᠬᠦ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠮᠦᠡᠭᠭᠦ ᠶᠢ ᠲᠤᠰᠬᠠᠢ ᠬᠡᠷᠡᠭᠯᠡᠬᠦ ᠨᠢᠭᠡᠴᠨ ᠠᠴᠠ ᠬᠠᠷᠢᠭᠤᠴᠠᠨ ᠬᠤᠷᠠᠮᠳᠦᠭᠤᠯᠦᠨ᠎ᠠ᠃ ᠦᠪᠡᠷᠳᠡᠭᠡᠨ ᠵᠠᠰᠠᠬᠤ ᠤᠷᠤᠨ ᠨᠢ ᠤᠯᠤᠰ ᠤᠨ ᠲᠤᠳᠦᠭᠠᠳᠦ ᠭᠠᠳᠠᠭᠠᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠦᠯᠳᠠ ᠶᠢᠨ ᠤᠯᠦᠰ ᠪᠠ ᠦᠪᠡᠷᠳᠡᠭᠡᠨ ᠵᠠᠰᠠᠬᠤ ᠤᠷᠤᠨ ᠤ ᠲᠦᠷᠭᠡᠨ ᠵᠠᠮ ᠤᠨ ᠲᠤᠤᠷ ᠤᠨ ᠲᠦᠯᠦᠪᠵᠢᠭᠦᠯᠭᠡ ᠠᠴᠠ ᠭᠠᠳᠠᠨᠠᠬᠢ ᠨᠢᠭᠡᠳᠦᠭᠡᠷ ᠲᠡᠰ ᠠᠴᠠ ᠲᠡᠭᠡᠭᠰᠢᠬᠢ ᠵᠠᠰᠠᠮᠠᠯ ᠵᠠᠮ ᠢ ᠪᠡᠯᠨ ᠤᠷᠤᠭᠤᠯᠦᠨ ᠪᠦᠳᠦᠭᠡᠨ ᠪᠠᠶᠢᠭᠤᠯᠬᠤ ᠶᠢ ᠵᠤᠷᠢᠬᠵᠢᠭᠤᠯᠦᠨ᠎ᠠ᠃        ᠠᠷᠪᠠᠨ ᠬᠤᠶᠠᠳᠦᠭᠠᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠤ ᠡᠳ᠋ ᠤᠨ ᠵᠠᠰᠠᠬ ᠤᠨ ᠰᠠᠯᠠᠭ᠎ᠠ ᠮᠦᠴᠢᠷ ᠵᠢᠯ ᠪᠦᠷᠢ ᠲᠤᠰ ᠱᠠᠳᠦᠨ ᠤ ᠡᠳ᠋ ᠤᠨ ᠵᠠᠰᠠᠬ ᠤᠨ ᠤᠷᠤᠯᠭ᠎ᠠ ᠠᠴᠠ ᠵᠤᠬᠢᠬᠤ ᠬᠠᠷᠢᠴᠠᠯ ᠪᠦᠬᠦᠢ ᠪᠡᠯᠨ ᠮᠦᠡᠭᠭᠦ ᠶᠢ ᠲᠤᠰ ᠭᠠᠵᠠᠷ ᠤᠷᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠳᠤ ᠬᠡᠷᠡᠭᠯᠡᠬᠦ ᠬᠡᠷᠡᠭᠳᠡᠢ᠃ ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠪᠤᠯᠦᠨ ᠠᠷᠠᠴᠢᠯᠠᠨ ᠬᠠᠮᠠᠭᠠᠯᠠᠬᠤ ᠪᠡᠯᠨ ᠮᠦᠡᠭᠭᠦ ᠶᠢ ᠠᠶᠢᠮᠠᠬ ᠬᠤᠳᠠ᠂ ᠬᠤᠰᠢᠭᠤ ᠰᠢᠶᠠᠨ ᠤ ᠲᠤᠰ ᠱᠠᠳᠦᠨ ᠤ ᠤᠷᠤᠨ ᠨᠤᠳᠤᠬ ᠤᠨ ᠡᠳ᠋ ᠤᠨ ᠵᠠᠰᠠᠬ ᠤᠨ ᠤᠷᠦᠯᠭ᠎ᠠ ᠶᠢᠨ ᠨᠡᠮᠡᠭᠳᠡᠯ ᠢ ᠲᠠᠭᠠᠯᠳᠦᠨ ᠨᠡᠮᠡᠭᠳᠡᠭᠦᠯᠬᠦ ᠬᠡᠷᠡᠭᠳᠡᠢ᠃        ᠠᠷᠪᠠᠨ ᠭᠤᠷᠪᠠᠳᠦᠭᠠᠷ ᠵᠦᠢᠯ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠠ ᠮᠦᠡᠭᠭᠦ ᠶᠢ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠤᠷᠤᠭᠤᠯᠬᠤ ᠲᠦᠯᠦᠪᠯᠡᠭᠡ ᠪᠠ ᠤᠨ ᠤ ᠲᠦᠰᠦᠪ ᠢ ᠦᠨᠳᠦᠰᠦᠯᠡᠨ᠂ ᠶᠡᠷᠦᠩᠭᠡᠶᠢᠯᠡᠨ ᠲᠡᠩᠴᠠᠬᠦᠷᠢᠰᠢᠭᠦᠯᠵᠦ᠂ ᠨᠢᠭᠡᠳᠦᠯᠳᠡᠢ ᠲᠦᠯᠦᠪᠵᠢᠭᠦᠯᠦᠨ ᠲᠤᠬᠢᠷᠠᠭᠤᠯᠵᠦ᠂ ᠲᠤᠰᠬᠠᠢ ᠵᠤᠭᠤᠰ ᠢ ᠲᠤᠰᠬᠠᠢ ᠬᠡᠷᠡᠭᠯᠡᠨ᠎ᠠ᠃        ᠠᠷᠪᠠᠨ ᠲᠦᠷᠪᠡᠳᠦᠭᠡᠷ ᠵᠦᠢᠯ ᠤᠯᠦᠰ ᠠᠴᠠ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠳᠤ ᠬᠡᠷᠡᠭᠯᠡᠬᠦ ᠭᠠᠵᠠᠷ ᠢ ᠲᠠᠳᠠᠪᠦᠷᠢᠯᠠᠬᠤ ᠳᠤ᠂ ᠬᠠᠤᠯᠢ ᠳᠤ ᠲᠤᠬᠳᠠᠭᠠᠬᠰᠠᠨ ᠲᠡᠰ ᠲᠠᠷᠠᠭᠠᠯᠠᠯ ᠶᠤᠰᠦᠭᠠᠷ ᠵᠦᠪᠰᠢᠶᠡᠷᠡᠭᠦᠯᠦᠭᠰᠡᠨ ᠤ ᠳᠠᠷᠠᠭ᠎ᠠ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠠᠴᠠ ᠵᠠᠷᠯᠠᠬᠤ ᠶᠢᠨ ᠬᠠᠮᠳᠦ ᠵᠤᠬᠢᠶᠠᠨ ᠪᠠᠶᠢᠭᠤᠯᠦᠨ ᠬᠡᠷᠡᠭᠵᠢᠭᠦᠯᠦᠨ᠎ᠠ᠃        ᠠᠷᠪᠠᠨ ᠲᠠᠪᠦᠳᠦᠭᠠᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠵᠠᠰᠠᠮᠠᠯ ᠵᠠᠮ ᠤᠨ ᠪᠠᠷᠢᠯᠭ᠎ᠠ ᠶᠢᠨ ᠶᠠᠰᠦ ᠴᠢᠨᠠᠷ ᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠬᠦᠢᠴᠠᠳᠭᠡᠬᠦ ᠬᠡᠷᠡᠭᠳᠡᠢ᠃ ᠪᠠᠷᠢᠯᠭ᠎ᠠ ᠲᠠᠭᠤᠰᠴᠦ ᠰᠢᠯᠭᠠᠨ ᠬᠤᠷᠢᠶᠠᠬᠤ ᠳᠤ ᠬᠢᠷᠢ ᠲᠡᠩᠴᠡᠵᠦ ᠲᠤᠷᠰᠢᠨ ᠨᠡᠪᠳᠡᠷᠡᠬᠦ ᠶᠢ ᠵᠦᠪᠰᠢᠶᠡᠷᠡᠭᠰᠡᠨ ᠵᠠᠰᠠᠮᠠᠯ ᠵᠠᠮ ᠪᠤᠶᠥ ᠪᠠᠷᠢᠯᠭ᠎ᠠ ᠲᠠᠭᠤᠰᠴᠦ ᠰᠢᠯᠭᠠᠨ ᠬᠤᠷᠢᠶᠠᠬᠤ ᠳᠤ ᠬᠢᠷᠢ ᠲᠡᠩᠴᠠᠵᠦ ᠲᠡᠷᠭᠡ ᠨᠡᠪᠳᠡᠷᠡᠬᠦ ᠶᠢ ᠵᠦᠪᠰᠢᠶᠡᠷᠡᠭᠰᠡᠨ ᠵᠠᠰᠠᠮᠠᠯ ᠵᠠᠮ ᠪᠠᠷᠢᠯᠭ᠎ᠠ ᠶᠢᠨ ᠶᠠᠰᠦ ᠴᠢᠨᠠᠷ ᠤᠨ ᠠᠳᠠᠯ ᠭᠠᠷᠪᠠᠯ᠂ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠴᠠᠬ ᠲᠤᠬᠠᠢ ᠳᠤᠨᠢ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃        ᠠᠷᠪᠠᠨ ᠵᠢᠷᠭᠤᠳᠦᠭᠠᠷ ᠵᠦᠢᠯ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠲᠦᠷᠦᠯ ᠵᠦᠢᠯ ᠢ ᠬᠠᠶᠢᠨ ᠪᠠᠶᠢᠴᠠᠭᠠᠨ ᠵᠢᠷᠤᠬᠯᠠᠨ ᠲᠦᠯᠦᠪᠯᠡᠬᠦ᠂ ᠪᠦᠳᠦᠭᠡᠨ ᠪᠠᠶᠢᠭᠤᠯᠬᠤ᠂ ᠪᠠᠷᠢᠯᠭ᠎ᠠ ᠶᠢ ᠬᠢᠨᠠᠨ ᠬᠠᠮᠢᠶᠠᠷᠬᠤ ᠪᠠ ᠲᠤᠷᠰᠢᠯᠳᠠ ᠬᠢᠬᠦ᠂ ᠬᠡᠮᠵᠢᠨ ᠪᠠᠶᠢᠴᠠᠭᠠᠬᠤ ᠠᠵᠢᠯ ᠢ ᠡᠭᠦᠷᠭᠡᠯᠡᠵᠦ ᠪᠠᠶᠢᠭ᠎ᠠ ᠨᠢᠭᠡᠴᠨ ᠤᠯᠤᠰ ᠤᠨ ᠬᠤᠯᠪᠤᠬᠳᠠᠯ ᠪᠦᠬᠦᠢ ᠲᠤᠬᠳᠠᠭᠠᠯ ᠶᠤᠰᠦᠭᠠᠷ ᠶᠠᠰᠦ ᠴᠢᠨᠠᠷ ᠢ ᠪᠠᠳᠦᠯᠠᠬᠤ ᠰᠢᠰᠲ᠋ᠧᠮ ᠢᠶᠠᠨ ᠪᠠᠶᠢᠭᠤᠯᠦᠨ ᠲᠡᠭᠦᠯᠳᠡᠷᠵᠢᠭᠦᠯᠵᠦ᠂ ᠵᠠᠰᠠᠮᠠᠯ ᠵᠠᠮ ᠤᠨ ᠪᠠᠷᠢᠯᠭ᠎ᠠ ᠶᠢᠨ ᠶᠠᠰᠦ ᠴᠢᠨᠠᠷ ᠤᠨ ᠬᠠᠷᠢᠭᠤᠴᠠᠯᠭ᠎ᠠ ᠶᠢᠨ ᠲᠦᠷᠢᠮ ᠪᠤᠯᠦᠨ ᠰᠠᠯᠪᠢᠨ ᠵᠠᠰᠠᠬᠤ ᠶᠢ ᠪᠠᠳᠦᠯᠠᠬᠤ ᠲᠦᠷᠢᠮ ᠢ ᠬᠡᠷᠡᠭᠵᠢᠭᠦᠯᠬᠦ ᠬᠡᠷᠡᠭᠳᠡᠢ᠃ ᠰᠠᠯᠪᠢᠨ ᠵᠠᠰᠠᠬᠤ ᠶᠢ ᠪᠠᠳᠦᠯᠠᠬᠤ ᠬᠤᠭᠤᠴᠠᠭᠠᠨ ᠳᠤ ᠵᠠᠰᠠᠮᠠᠯ ᠵᠠᠮ ᠶᠠᠰᠦ ᠴᠢᠨᠠᠷ ᠤᠨ ᠠᠰᠠᠭᠤᠳᠠᠯ ᠭᠠᠷᠪᠠᠯ᠂ ᠪᠠᠷᠢᠯᠭ᠎ᠠ ᠶᠢᠨ ᠨᠢᠭᠡᠴᠨ ᠠᠴᠠ ᠤᠷᠢᠳᠠᠪᠡᠷ ᠵᠠᠰᠠᠨ ᠰᠠᠯᠪᠢᠬᠦ ᠪᠤᠶᠥ ᠲᠠᠬᠢᠨ ᠲᠡᠪᠢᠰᠬᠦ ᠬᠡᠷᠡᠭᠳᠡᠢ︔ ᠪᠠᠷᠢᠯᠭ᠎ᠠ ᠶᠢᠨ ᠨᠢᠭᠡᠴᠨ ᠲᠤᠬᠳᠠᠭᠠᠬᠰᠠᠨ ᠬᠤᠭᠤᠴᠠᠭᠠᠨ ᠳᠤ ᠵᠠᠰᠠᠨ ᠰᠠᠯᠪᠢᠬᠰᠠᠨ ᠦᠭᠡᠢ ᠪᠤᠶᠥ ᠲᠠᠬᠢᠨ ᠲᠡᠪᠢᠰᠦᠭᠰᠡᠨ ᠦᠭᠡᠢ ᠪᠤᠯ᠂ ᠪᠦᠳᠦᠭᠡᠨ ᠪᠠᠶᠢᠭᠤᠯᠬᠤ ᠨᠢᠭᠡᠴᠨ ᠠᠴᠠ ᠵᠤᠬᠢᠶᠠᠨ ᠪᠠᠶᠢᠭᠤᠯᠦᠨ ᠵᠠᠰᠠᠨ ᠰᠡᠯᠪᠢᠬᠦ ᠪᠤᠶᠥ ᠲᠠᠬᠢᠨ ᠲᠡᠪᠢᠰᠴᠦ᠂ ᠬᠡᠷᠡᠭᠯᠡᠬᠦ ᠪᠦᠬᠦᠢ ᠵᠠᠷᠦᠳᠠᠯ ᠢ ᠬᠠᠷᠢᠭᠤᠴᠠᠯᠭ᠎ᠠ ᠲᠠᠢ ᠡᠳᠡᠭᠡᠳ ᠠᠴᠠ ᠡᠭᠦᠷᠭᠡᠯᠡᠨ᠎ᠠ᠃        ᠠᠷᠪᠠᠨ ᠲᠤᠯᠦᠳᠦᠭᠠᠷ ᠵᠦᠢᠯ ᠵᠠᠰᠠᠮᠠᠯ ᠵᠠᠮ ᠢ ᠰᠢᠨ᠎ᠠ ᠪᠠᠷ ᠪᠠᠶᠢᠭᠤᠯᠵᠦ᠂ ᠦᠭᠡᠷᠡᠴᠢᠯᠠᠠ ᠪᠠᠶᠢᠭᠤᠯᠬᠤ ᠠᠴᠠ ᠪᠤᠯᠵᠦ ᠂ ᠲᠡᠮᠦᠷ ᠵᠠᠮ᠂ ᠤᠰᠤᠨ ᠠᠰᠢᠬᠯᠠᠯᠳᠠ᠂ ᠬᠤᠭᠤᠯᠠᠢ ᠪᠠᠷ ᠵᠦᠭᠡᠭᠡᠪᠦᠷᠢᠯᠡᠬᠦ᠂ ᠴᠠᠬᠢᠯᠭᠠᠨ ᠬᠦᠴᠦ᠂ ᠰᠢᠤᠳᠠᠨ ᠤ ᠶᠠᠪᠣᠳᠠᠯ᠂ ᠴᠢᠮᠡᠭᠡ ᠬᠤᠯᠪᠣᠭ᠎ᠠ ᠶᠢᠨ ᠲᠦᠭᠦᠭᠡᠷᠦᠮᠵᠢ ᠪᠤᠯᠤᠠ ᠪᠤᠰᠤᠳ ᠲᠦᠬᠦᠬᠡᠷᠦᠮᠵᠢ ᠲᠠᠢ ᠰᠤᠯᠪᠢᠴᠠᠬᠤ ᠦᠶᠡᠰ᠂ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠨᠢᠭᠡᠴᠨ ᠤᠷᠢᠳᠠᠪᠡᠷ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠬᠤ ᠬᠡᠷᠡᠭᠳᠡᠢ᠃ ᠲᠡᠭᠡᠷ᠎ᠠ ᠲᠤᠷᠠᠳᠦᠬᠰᠠᠨ ᠬᠤᠯᠪᠤᠬᠳᠠᠯ ᠪᠦᠬᠦᠢ ᠰᠠᠯᠠᠭ᠎ᠠ ᠮᠦᠴᠢᠷ ᠠᠴᠠ ᠲᠦᠯᠦᠪᠵᠢᠭᠦᠯᠭᠡ ᠶᠢᠨ ᠤᠷᠤᠨ ᠪᠠᠶᠢᠷᠢ ᠶᠢ ᠤᠷᠢᠳᠴᠢᠯᠠᠨ ᠦᠯᠡᠳᠡᠭᠡᠬᠦ ᠬᠡᠵᠦ ᠲᠤᠷᠠᠳᠪᠠᠯ᠂ ᠤᠤᠯ ᠤᠨ ᠪᠠᠷᠢᠮᠵᠢᠶ᠎ᠠ ᠠᠴᠠ ᠭᠡᠳᠦᠷᠡᠭᠰᠡᠨ ᠰᠢᠨ᠎ᠠ ᠪᠠᠷ ᠨᠡᠮᠡᠭᠳᠡᠬᠦ ᠪᠠᠷᠢᠯᠭ᠎ᠠ ᠶᠢᠨ ᠪᠠᠯᠨ ᠤᠷᠤᠭᠤᠯᠦᠯᠳᠠ ᠶᠢ ᠤᠷᠢᠳᠴᠢᠯᠠᠨ ᠦᠯᠡᠳᠡᠭᠡᠬᠦ ᠪᠠᠷ ᠲᠤᠷᠠᠳᠦᠬᠰᠠᠨ ᠡᠳᠡᠭᠡᠳ ᠠᠴᠠ ᠡᠭᠦᠷᠭᠡᠯᠡᠨ᠎ᠠ᠃ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠠᠴᠠ ᠪᠤᠯᠵᠦ ᠬᠤᠯᠪᠤᠬᠳᠠᠯ ᠪᠦᠬᠦᠢ ᠲᠦᠭᠦᠭᠡᠷᠦᠮᠵᠢ ᠶᠢ ᠡᠪᠳᠡᠨ ᠰᠦᠢᠳᠭᠡᠭᠰᠡᠨ ᠪᠤᠯ ᠵᠠᠰᠠᠮᠠᠯ ᠵᠠᠮ ᠤᠨ ᠪᠠᠷᠢᠯᠭ᠎ᠠ ᠶᠢᠨ ᠨᠢᠭᠡᠴᠨ ᠠᠴᠠ ᠲᠤᠰ ᠲᠦᠭᠦᠭᠡᠷᠦᠮᠵᠢ ᠶᠢᠨ ᠤᠤᠯ ᠤᠨ ᠮᠡᠷᠭᠡᠵᠢᠯ ᠤᠨ ᠪᠠᠷᠢᠮᠵᠢᠶ᠎ᠠ ᠠᠴᠠ ᠲᠤᠤᠷ᠎ᠠ ᠪᠤᠰᠦ ᠬᠡᠪ ᠢᠶᠠᠷ ᠰᠡᠷᠭᠦᠭᠡᠨ ᠵᠠᠰᠠᠬᠤ ᠪᠤᠶᠥ ᠵᠤᠬᠢᠴᠠᠬᠰᠠᠨ ᠠᠵᠦ ᠠᠬᠤᠢ ᠶᠢᠨ ᠨᠦᠬᠦᠪᠦᠷᠢ ᠦᠭᠭᠦ ᠬᠡᠷᠡᠭᠳᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号