ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠲᠦᠷᠢᠮ ︵ᠬᠤᠶᠠᠷ︶
ᠨᠡᠶᠢᠲᠡᠯᠡᠭᠰᠡᠨ ᠴᠠᠭ᠄
2018/1/30
       ᠭᠤᠷᠪᠠᠳᠦᠭᠠᠷ ᠪᠦᠯᠦᠭ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ        ᠠᠷᠪᠠᠨ ᠨᠠᠢᠮᠠᠳᠦᠭᠠᠷ ᠵᠦᠢᠯ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠤᠯᠤᠰ ᠠᠴᠠ ᠲᠤᠬᠳᠠᠭᠠᠬᠰᠠᠨ ᠮᠡᠷᠭᠡᠵᠢᠯ ᠤᠨ ᠵᠢᠷᠦᠮᠵᠢᠯ ᠪᠠ ᠠᠵᠢᠯᠯᠠᠬᠤ ᠲᠤᠬᠳᠠᠭᠠᠯ ᠶᠤᠰᠦᠭᠠᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠵᠦ᠂ ᠵᠠᠰᠠᠮᠠᠯ ᠵᠠᠮ ᠤᠨ ᠨᠡᠯᠢᠶᠡᠳ ᠰᠠᠶᠢᠨ ᠮᠡᠷᠭᠡᠵᠢᠯ ᠤᠨ ᠪᠠᠶᠢᠳᠠᠯ ᠲᠠᠢ ᠪᠠᠶᠢᠬᠤ ᠶᠢ ᠪᠠᠳᠦᠯᠠᠬᠤ ᠭᠡᠷᠡᠭᠳᠡᠢ᠃ ᠤᠯᠤᠰ ᠤᠨ ᠵᠠᠮ᠂ ᠮᠤᠵᠢ ᠶᠢᠨ ᠵᠠᠮ᠂ ᠬᠢᠯᠢ ᠶᠢᠨ ᠬᠠᠮᠠᠭᠠᠯᠠᠯᠳᠠ ᠶᠢᠨ ᠵᠠᠮ ᠢ ᠠᠷᠠᠴᠢᠯᠠᠨ ᠬᠠᠮᠠᠭᠠᠯᠠᠬᠤ ᠶᠢ ᠠᠶᠢᠮᠠᠬ ᠬᠤᠳᠠ ᠶᠢᠨ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠬᠠᠷᠢᠭᠤᠴᠠᠨ᠎ᠠ︔ ᠰᠢᠶᠠᠨ ᠤ ᠵᠠᠮ ᠢ ᠠᠷᠠᠴᠢᠯᠠᠨ ᠬᠠᠮᠠᠭᠠᠯᠠᠬᠤ ᠶᠢ ᠬᠤᠰᠢᠭᠤ ᠰᠢᠶᠠᠨ ︵ᠬᠤᠳᠠ᠂ ᠲᠤᠭᠤᠷᠢᠬ︶ ᠤ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠬᠠᠷᠢᠭᠤᠴᠠᠨ᠎ᠠ ︔ ᠰᠢᠶᠠᠩ ᠤᠨ ᠵᠠᠮ ᠢ ᠠᠷᠠᠴᠢᠯᠠᠨ ᠬᠠᠮᠠᠭᠠᠯᠠᠬᠤ ᠶᠢ ᠰᠤᠮᠦ ᠰᠢᠶᠠᠩ ᠪᠠᠯᠭᠠᠰᠦᠨ ᠤ ᠠᠷᠠᠳ ᠤᠨ ᠵᠠᠰᠠᠬ ᠤᠨ ᠤᠷᠳᠦᠨ ᠠᠴᠠ ᠬᠠᠷᠢᠭᠤᠴᠠᠨ᠎ᠠ︔ ᠲᠤᠰᠬᠤᠨ ᠤ ᠵᠠᠮ ᠢ ᠠᠷᠠᠴᠢᠯᠠᠨ ᠬᠠᠮᠠᠭᠠᠯᠠᠬᠤ ᠶᠢ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠠᠴᠠ ᠬᠠᠷᠢᠭᠤᠴᠠᠨ᠎ᠠ᠃ ᠡᠵᠡᠩᠨᠠᠯᠳᠠ ᠶᠢᠨ ᠴᠢᠨᠠᠷ ᠲᠠᠢ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠢ ᠵᠠᠰᠠᠮᠠᠯ ᠵᠠᠮ ᠢ ᠡᠵᠡᠩᠨᠠᠵᠦ ᠪᠠᠶᠢᠭ᠎ᠠ ᠠᠵᠦ ᠠᠬᠤᠢᠢᠯᠠᠯ ᠠᠴᠠ ᠬᠠᠷᠢᠭᠤᠴᠠᠨ᠎ᠠ᠃ ᠲᠤᠰᠬᠠᠢ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ ᠲᠤᠰᠬᠠᠢ ᠬᠡᠷᠡᠭᠯᠡᠬᠦ ᠨᠢᠭᠡᠴᠠ ᠠᠴᠠ ᠬᠠᠷᠢᠭᠤᠴᠠᠨ᠎ᠠ᠃        ᠠᠷᠪᠠ ᠶᠢᠰᠦᠳᠦᠭᠡᠷ ᠵᠦᠢᠯ ᠬᠤᠰᠢᠭᠤ ᠰᠢᠶᠠᠨ ᠤ ᠱᠠᠳᠦᠨ ᠤ ᠠᠷᠠᠳ ᠤᠨ ᠵᠠᠰᠠᠬ ᠤᠨ ᠤᠷᠳᠦᠨ ᠠᠴᠠ ᠵᠠᠮ ᠲᠠᠭᠠᠤ ᠤᠷᠤᠨ ᠤ ᠮᠠᠯᠴᠢᠨ ᠲᠠᠷᠢᠶᠠᠴᠢᠨ ᠢ ᠰᠢᠶᠠᠨ ᠤ ᠵᠠᠮ᠂ ᠰᠢᠶᠠᠩ ᠤᠨ ᠵᠠᠮ᠂ ᠲᠤᠰᠬᠤᠨ ᠤ ᠵᠠᠮ ᠵᠡᠷᠭᠡ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠤᠨ ᠠᠷᠠᠴᠢᠯᠠᠠ ᠬᠠᠮᠠᠭᠠᠯᠠᠯᠳᠠ ᠳᠤ ᠬᠦᠴᠦ ᠬᠦᠳᠡᠯᠮᠦᠷᠢ ᠡᠷᠬᠦᠬᠦᠯᠬᠦ ᠪᠠᠷ ᠵᠢᠯᠦᠭᠤᠳᠦᠨ ᠲᠠᠭᠠᠭᠤᠯᠵᠦ ᠪᠤᠯᠦᠨ᠎ᠠ᠃        ᠬᠤᠷᠢᠳᠦᠭᠠᠷ ᠵᠦᠢᠯ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠤᠯᠦᠰ ᠪᠠ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠪᠠᠷᠢᠮᠵᠢᠶ᠎ᠠ ᠵᠢᠷᠦᠮᠵᠢᠯ ᠶᠤᠰᠦᠭᠠᠷ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠯᠳᠠ ᠶᠢᠨ ᠴᠠᠬᠳᠠᠨ ᠪᠠᠶᠢᠴᠠᠭᠠᠯᠳᠠ ᠶᠢᠨ ᠲᠦᠷᠢᠮ ᠲᠤᠬᠳᠠᠭᠠᠨ᠂ ᠲᠤᠬᠳᠠᠬᠰᠠᠨ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠯᠳᠠ ᠶᠢᠨ ᠴᠠᠬᠳᠠᠨ ᠪᠠᠶᠢᠴᠠᠭᠠᠯᠳᠠ ᠶᠠᠪᠤᠭᠤᠯᠬᠤ ᠬᠡᠷᠡᠭᠳᠡᠢ︔ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠯᠳᠠ ᠪᠠ ᠰᠠᠯᠪᠢᠨ ᠵᠠᠰᠠᠯᠳᠠ ᠶᠢᠨ ᠮᠡᠳᠡᠭᠡ ᠵᠠᠩᠭᠢ ᠶᠢᠨ ᠲᠠᠩᠰᠠ ᠪᠠᠶᠢᠭᠤᠯᠦᠨ᠂ ᠠᠷᠠᠴᠢᠯᠠᠨ ᠬᠠᠮᠠᠭᠠᠯᠠᠬᠰᠠᠨ ᠠᠵᠢᠯᠯᠠᠭ᠎ᠠ᠂ ᠴᠠᠬᠳᠠᠨ ᠪᠠᠶᠢᠴᠠᠭᠠᠯᠳᠠ᠂ ᠬᠢᠨᠠᠨ ᠬᠡᠮᠵᠢᠯᠳᠠ ᠵᠢᠴᠢ ᠪᠤᠰᠦᠳ ᠬᠠᠮᠢᠶ᠎ᠠ ᠪᠦᠬᠦᠢ ᠮᠡᠳᠡᠭᠡ ᠵᠠᠩᠭᠢ ᠶᠢ ᠲᠡᠮᠳᠡᠭᠯᠡᠬᠦ ᠬᠡᠷᠡᠭᠳᠡᠢ︔ ᠵᠠᠷᠯᠠᠬᠤ ᠢᠯᠡᠷᠬᠡᠶᠢᠯᠡᠯ ᠪᠤᠰᠬᠠᠨ᠂ ᠨᠢᠭᠡᠴᠠ ᠶᠢᠨ ᠨᠡᠷᠡᠶᠢᠳᠦᠯ᠂ ᠠᠷᠠᠴᠢᠯᠠᠨ ᠬᠠᠮᠠᠭᠠᠯᠠᠬᠤ ᠬᠡᠰᠡᠭ ᠵᠢᠴᠢ ᠰᠠᠯᠪᠢᠨ ᠵᠠᠰᠠᠬᠤ ᠶᠢ ᠮᠡᠳᠡᠭᠦᠯᠬᠦ ᠪᠠ ᠢᠯᠠᠴᠢᠯᠠᠨ ᠮᠡᠳᠡᠭᠦᠯᠬᠦ ᠤᠳᠠᠰᠦᠨ ᠨᠤᠮᠧᠷ ᠢᠶᠠᠨ ᠵᠠᠷᠯᠠᠬᠤ ᠬᠡᠷᠡᠭᠳᠡᠢ᠃        ᠬᠤᠷᠢᠨ ᠨᠢᠭᠡᠳᠦᠭᠡᠷ ᠵᠦᠢᠯ ᠵᠠᠰᠠᠮᠠᠯ ᠵᠠᠮ ᠵᠢᠴᠢ ᠲᠡᠭᠦᠨ ᠤ ᠲᠠᠭᠠᠯᠳᠠ ᠪᠠᠷᠢᠯᠭ᠎ᠠ ᠡᠪᠳᠡᠭᠳᠡᠵᠦ᠂ ᠲᠠᠭᠠᠭᠠᠴᠠ ᠶᠢᠨ ᠴᠢᠳᠠᠪᠦᠷᠢ ᠬᠦᠷᠦᠯᠴᠡᠬᠦ ᠦᠭᠡᠢ ᠪᠤᠶᠥ ᠠᠶᠦᠯ ᠲᠠᠢ ᠪᠠᠶᠢᠳᠠᠯ ᠭᠠᠷᠦᠬᠰᠡᠨ ᠠᠴᠠ ᠪᠤᠯᠵᠦ᠂ ᠵᠠᠮ ᠬᠠᠷᠢᠯᠴᠠᠭ᠎ᠠ ᠰᠠᠭᠠᠳᠠᠯ ᠳᠤ ᠤᠴᠠᠷᠠᠪᠠᠯ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠴᠠᠬ ᠲᠤᠬᠠᠢ ᠳᠤᠨᠢ ᠢᠯᠡᠷᠭᠡᠢ ᠵᠢᠭᠠᠯᠳᠠ ᠶᠢᠨ ᠲᠡᠮᠳᠡᠭ ᠪᠤᠰᠬᠠᠨ᠂ ᠴᠠᠬ ᠲᠤᠬᠠᠢ ᠳᠤᠨᠢ ᠰᠠᠯᠪᠢᠨ ᠵᠠᠰᠠᠵᠦ᠂ ᠠᠯᠢ ᠲᠦᠷᠭᠡᠨ ᠢᠶᠠᠷ ᠵᠠᠮ ᠬᠠᠷᠢᠯᠴᠠᠭ᠎ᠠ ᠶᠢ ᠰᠡᠷᠭᠦᠭᠡᠬᠦ ᠬᠡᠷᠡᠭᠳᠡᠢ︔ ᠲᠦᠷ ᠴᠠᠬ ᠲᠤ ᠨᠡᠪᠳᠡᠷᠡᠵᠦ ᠲᠡᠶᠢᠯᠬᠦ ᠦᠬᠡᠢ ᠪᠤᠯ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠪᠤᠯᠦᠨ ᠲᠤᠳᠦᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠰᠠᠯᠠᠭ᠎ᠠ ᠮᠦᠴᠢᠷ ᠬᠠᠮᠳᠦᠷᠠᠨ ᠠᠯᠪᠠᠨ ᠮᠡᠳᠡᠭᠳᠡᠯ ᠨᠡᠶᠢᠳᠡᠯᠡᠬᠦ ᠭᠡᠷᠡᠭᠳᠡᠢ᠃ ᠡᠵᠡᠩᠨᠠᠯᠳᠠ ᠶᠢᠨ ᠴᠢᠨᠠᠷ ᠲᠠᠢ ᠵᠠᠰᠠᠮᠠᠯ ᠵᠠᠮ ᠨᠢᠭᠡᠳᠦᠭᠡᠷ ᠪᠠᠳᠠᠬ ᠲᠤ ᠲᠤᠷᠠᠳᠦᠬᠰᠠᠨ ᠪᠠᠶᠢᠳᠠᠯ ᠭᠠᠷᠪᠠᠯ᠂ ᠡᠵᠡᠩᠨᠠᠵᠦ ᠪᠠᠶᠢᠭ᠎ᠠ ᠠᠵᠦ ᠠᠬᠤᠢᠢᠯᠠᠯ ᠠᠴᠠ ᠬᠠᠷᠢᠭᠤᠴᠠᠨ ᠴᠠᠭ ᠲᠤᠬᠠᠢ ᠳᠤᠨᠢ ᠰᠠᠯᠪᠢᠨ ᠵᠠᠰᠠᠬᠤ ᠬᠡᠷᠡᠭᠳᠡᠢ᠂ ᠡᠵᠡᠩᠨᠡᠵᠥ ᠪᠠᠶᠢᠭ᠎ᠠ ᠠᠵᠥ ᠠᠬᠤᠢᠢᠯᠠᠯ ᠴᠠᠭ ᠲᠤᠬᠠᠢ ᠳᠤᠨᠢ ᠰᠠᠯᠪᠢᠠ ᠵᠠᠰᠠᠬᠤ ᠶᠢ ᠲᠡᠪᠴᠢᠬᠦ ᠪᠤᠶᠥ ᠴᠠᠬ ᠰᠠᠭᠠᠳᠠᠭᠠᠨ ᠰᠠᠯᠪᠢᠨ ᠵᠠᠰᠠᠪᠠᠯ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠰᠠᠯᠪᠢᠨ ᠵᠠᠰᠠᠬᠤ ᠳᠤ ᠬᠡᠷᠡᠭᠰᠡᠬᠦ ᠵᠠᠷᠦᠳᠠᠯ ᠢ ᠡᠵᠡᠩᠨᠠᠵᠦ ᠪᠠᠶᠢᠭ᠎ᠠ ᠠᠵᠦ ᠠᠬᠤᠢᠢᠯᠠᠯ ᠠᠴᠠ ᠡᠭᠦᠷᠭᠡᠯᠡᠨ᠎ᠠ᠃        ᠲᠦᠷᠪᠡᠳᠦᠭᠡᠷ ᠪᠦᠯᠦᠭ ᠵᠠᠰᠠᠮᠠᠯ ᠵᠠᠮ ᠢ ᠠᠷᠠᠴᠢᠯᠠᠬᠤ ᠰᠦᠢᠳᠬᠡᠯ ᠢ ᠲᠠᠳᠠᠪᠦᠷᠢᠯᠠᠬᠤ        ᠬᠤᠷᠢᠨ ᠬᠤᠶᠠᠳᠦᠭᠠᠷ ᠵᠦᠢᠯ ᠵᠠᠰᠠᠮᠠᠨᠯ ᠵᠠᠮ ᠢ ᠠᠷᠠᠴᠢᠯᠠᠬᠤ ᠰᠦᠢᠳᠬᠡᠯ ᠪᠤᠯ ᠤᠯᠤᠰ ᠠᠴᠠ ᠮᠠᠰᠢᠨ ᠲᠡᠷᠭᠡ ᠦᠮᠴᠢᠯᠡᠭᠴᠢ ᠠᠴᠠ ᠲᠠᠳᠠᠪᠦᠷᠢᠯᠠᠬᠰᠠᠨ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ᠂ ᠠᠷᠠᠴᠢᠯᠠᠨ ᠬᠠᠮᠠᠭᠠᠯᠠᠯᠳᠠ ᠪᠠ ᠬᠠᠮᠢᠶᠠᠷᠦᠯᠳᠠ ᠳᠤ ᠬᠡᠷᠡᠭᠰᠡᠬᠦ ᠲᠤᠰᠬᠠᠢ ᠵᠠᠷᠦᠳᠠᠯ ᠪᠠᠶᠢᠵᠦ᠂ ᠵᠠᠰᠠᠬ ᠤᠨ ᠤᠷᠳᠦᠨ ᠤ ᠡᠳ᠋ ᠤᠨ ᠵᠠᠰᠠᠬ ᠤᠨ ᠲᠦᠰᠦᠪ ᠤᠨ ᠬᠠᠮᠢᠶᠠᠷᠦᠯᠳᠠ ᠳᠤ ᠤᠷᠤᠭᠤᠯᠵᠦ ᠲᠤᠰᠬᠠᠢ ᠵᠤᠭᠤᠰ ᠢ ᠲᠤᠰᠬᠠᠢ ᠬᠡᠷᠡᠭᠯᠡᠨ᠎ᠠ᠃ ᠮᠠᠰᠢᠨ ᠲᠡᠷᠭᠡᠨ ᠤ ᠦᠮᠴᠢᠯᠡᠭᠴᠢ ᠪᠤᠯ ᠵᠠᠰᠠᠮᠠᠯ ᠵᠠᠮ ᠢ ᠠᠷᠠᠴᠢᠯᠠᠬᠤ ᠰᠦᠢᠳᠬᠡᠯ ᠢ ᠲᠤᠰᠢᠶᠠᠬᠤ ᠡᠭᠦᠷᠭᠡ ᠲᠠᠢ ᠬᠦᠮᠦᠨ᠂ ᠲᠤᠬᠳᠠᠭᠠᠯ ᠶᠤᠰᠦᠭᠠᠷ ᠵᠠᠰᠠᠮᠠᠯ ᠵᠠᠮ ᠢ ᠠᠷᠠᠴᠢᠯᠠᠬᠤ ᠰᠦᠢᠳᠭᠡᠯ ᠢ ᠲᠤᠰᠢᠶᠠᠬᠰᠠᠨ ᠦᠬᠡᠢ ᠮᠠᠰᠢᠨ ᠲᠡᠷᠭᠡ ᠵᠠᠮ ᠳᠤ ᠭᠠᠷᠴᠦ ᠪᠤᠯᠬᠤ ᠦᠭᠡᠢ᠃        ᠬᠤᠷᠢᠨ ᠭᠤᠷᠪᠠᠳᠦᠭᠠᠷ ᠵᠦᠢᠯ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠨᠢ ᠪᠦᠬᠦ ᠤᠷᠤᠨ ᠤ ᠵᠠᠰᠠᠮᠠᠯ ᠵᠠᠮ ᠢ ᠠᠷᠠᠴᠢᠯᠠᠬᠤ ᠰᠦᠢᠳᠭᠡᠯ ᠢ ᠬᠤᠷᠢᠶᠠᠬᠤ᠂ ᠪᠠᠶᠢᠴᠠᠭᠠᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠯ᠎ᠠ ᠱᠠᠳᠦᠨ ᠤ ᠵᠠᠮ ᠬᠠᠷᠢᠯᠴᠠᠭᠠᠨ ᠤ ᠰᠦᠢᠳᠬᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠨᠢ ᠵᠠᠰᠠᠮᠠᠯ ᠵᠠᠮ ᠢ ᠠᠷᠠᠴᠢᠯᠠᠬᠤ ᠰᠦᠢᠳᠭᠡᠯ ᠢ ᠬᠤᠷᠢᠶᠠᠬᠤ᠂ ᠪᠠᠶᠢᠴᠠᠭᠠᠬᠤ ᠪᠠ ᠬᠠᠮᠢᠶᠠᠷᠬᠤ ᠠᠵᠢᠯ ᠢ ᠪᠤᠳᠠᠳᠠᠢ ᠬᠠᠷᠢᠭᠤᠴᠠᠨ᠎ᠠ᠃        ᠬᠤᠷᠢᠨ ᠲᠦᠷᠪᠡᠳᠦᠭᠡᠷ ᠵᠦᠢᠯ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠠᠵᠢᠯᠳᠠᠠ ᠨᠢ ᠠᠶᠤᠯ ᠦᠭᠡᠢ ᠨᠡᠪᠳᠡᠷᠡᠬᠦ ᠶᠢ ᠨᠦᠯᠦᠭᠡᠯᠡᠬᠦ ᠦᠬᠡᠢ ᠪᠠᠶᠢᠳᠠᠯ ᠲᠤᠤᠷ᠎ᠠ᠂ ᠵᠠᠰᠠᠮᠠᠯ ᠵᠠᠮ ︵ᠲᠦᠷᠭᠡᠨ ᠵᠠᠮ ᠠᠴᠠ ᠪᠤᠰᠦᠳ︶ ᠪᠠ ᠲᠦᠷᠭᠡᠨ ᠵᠠᠮ ᠳᠤ ᠤᠷᠤᠵᠦ ᠭᠠᠷᠬᠤ ᠠᠮᠠᠰᠠᠷ᠂ ᠦᠢᠯᠡᠴᠢᠯᠡᠭᠡᠨ ᠤ ᠭᠠᠵᠠᠷ᠂ ᠪᠠᠶᠢᠴᠠᠭᠠᠯᠳᠠ ᠶᠢᠨ ᠦᠷᠳᠡᠭᠡ ᠬᠢᠭᠡᠳ ᠪᠤᠰᠦᠳ ᠮᠠᠰᠢᠨ ᠲᠡᠷᠭᠡ ᠲᠦᠪᠯᠡᠷᠡᠭᠰᠡᠨ ᠲᠠᠯᠠᠪᠦᠷ ᠲᠤ ᠮᠠᠰᠢᠨ ᠲᠡᠷᠭᠡᠨ ᠤ ᠵᠠᠰᠠᠮᠠᠯ ᠵᠠᠮ ᠢ ᠠᠷᠠᠴᠢᠯᠠᠬᠤ ᠰᠦᠢᠳᠭᠡᠯ ᠲᠤᠰᠢᠶᠠᠬᠰᠠᠨ ᠪᠠᠶᠢᠳᠠᠯ ᠢ ᠪᠠᠶᠢᠴᠠᠭᠠᠵᠦ ᠪᠤᠯᠦᠨ᠎ᠠ᠃        ᠬᠤᠷᠢᠨ ᠲᠠᠪᠦᠳᠦᠭᠠᠷ ᠵᠦᠢᠯ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠨᠢ ᠰᠦᠢᠳᠭᠡᠯ ᠬᠤᠷᠢᠶᠠᠬᠤ ᠦᠢᠯᠡᠴᠢᠯᠡᠭᠡᠨ ᠤ ᠲᠤᠤᠷ ᠢ ᠵᠤᠬᠢᠰᠳᠠᠢ ᠪᠠᠶᠢᠷᠢᠯᠠᠭᠤᠯᠵᠦ᠂ ᠰᠦᠢᠳᠭᠡᠯ ᠬᠤᠷᠢᠶᠠᠬᠤ ᠴᠤᠩᠬᠤ ᠶᠢ ᠨᠡᠮᠡᠵᠦ᠂ ᠰᠦᠢᠳᠭᠡᠯ ᠬᠤᠷᠢᠶᠠᠬᠤ ᠬᠡᠯᠪᠡᠷᠢ ᠶᠢ ᠦᠭᠡᠷᠡᠴᠢᠯᠠᠨ ᠰᠠᠶᠢᠵᠢᠷᠠᠭᠤᠯᠵᠦ᠂ ᠰᠦᠢᠳᠭᠡᠯ ᠲᠤᠰᠢᠶᠠᠬᠤ ᠳᠤ ᠲᠦᠭᠦᠮ ᠪᠤᠯᠭᠠᠬᠤ ᠬᠡᠷᠡᠭᠳᠡᠢ᠃ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠨᠢ ᠨᠡᠶᠢᠭᠡᠮ ᠲᠠᠶᠠᠭᠠᠷ ᠲᠤ ᠵᠠᠰᠠᠮᠠᠯ ᠵᠠᠮ ᠠᠷᠠᠴᠢᠯᠠᠬᠤ ᠰᠦᠢᠳᠭᠡᠯ ᠬᠤᠷᠢᠶᠠᠬᠤ ᠦᠨᠳᠦᠰᠦ ᠪᠠᠷᠢᠮᠳᠠ᠂ ᠬᠤᠷᠢᠶᠠᠬᠤ ᠪᠠᠷᠢᠮᠵᠢᠶ᠎ᠠ ᠪᠠ ᠠᠵᠢᠯᠯᠠᠬᠤ ᠲᠠᠷᠠᠭᠠᠯᠠᠯ ᠢᠶᠠᠨ ᠨᠡᠶᠢᠳᠡᠯᠠᠵᠦ᠂ ᠯᠠᠪᠯᠠᠨ ᠠᠰᠠᠭᠤᠬᠤ ᠪᠠ ᠢᠯᠡᠴᠢᠯᠡᠨ ᠮᠡᠳᠡᠭᠦᠯᠬᠦ ᠤᠳᠠᠰᠦ ᠪᠠᠨ ᠨᠡᠶᠢᠳᠡᠯᠠᠵᠦ᠂ ᠤᠬᠠᠮᠰᠠᠷ ᠠᠴᠠ ᠪᠠᠨ ᠨᠡᠶᠢᠭᠡᠮ ᠤᠨ ᠬᠢᠨᠠᠯᠳᠠ ᠶᠢ ᠬᠦᠯᠢᠶᠡᠬᠦ ᠬᠡᠷᠡᠭᠳᠡᠢ᠃ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠨᠢ ᠵᠠᠬᠢᠳᠠᠯ᠂ ᠤᠳᠠᠰᠦ᠂ ᠴᠢᠬᠢᠮ ᠮᠡᠳᠡᠭᠡ᠂ ᠢᠮᠧᠯ ᠵᠡᠷᠭᠡ ᠤᠯᠠᠨ ᠵᠦᠢᠯ ᠤᠨ ᠬᠡᠯᠪᠡᠷᠢ ᠪᠠᠷ ᠮᠠᠰᠢᠨ ᠲᠡᠷᠭᠡᠨ ᠤ ᠦᠮᠴᠢᠯᠡᠭᠴᠢ ᠶᠢ ᠴᠠᠭ ᠲᠤᠬᠠᠢ ᠳᠤᠨᠢ ᠵᠠᠰᠠᠮᠠᠯ ᠵᠠᠮ ᠠᠷᠠᠴᠢᠯᠠᠬᠤ ᠰᠦᠢᠳᠭᠡᠯ ᠲᠤᠰᠢᠶᠠᠯᠭᠠᠬᠤ ᠪᠠᠷ ᠰᠠᠨᠠᠭᠤᠯᠬᠤ ᠬᠡᠷᠡᠭᠳᠡᠢ᠃        ᠬᠤᠷᠢᠨ ᠵᠢᠷᠭᠤᠳᠦᠭᠠᠷ ᠵᠦᠢᠯ ᠰᠦᠢᠳᠭᠡᠯ ᠲᠤᠰᠢᠶᠠᠬᠤ ᠡᠭᠦᠷᠭᠡ ᠲᠠᠢ ᠬᠦᠮᠦᠨ ᠲᠤᠬᠳᠠᠬᠰᠠᠨ ᠴᠠᠬ ᠬᠤᠭᠤᠴᠠᠭ᠎ᠠ ᠶᠤᠰᠦᠭᠠᠷ ᠰᠦᠢᠳᠭᠡᠯ ᠲᠤᠰᠢᠶᠠᠬᠤ ᠦᠬᠡᠢ ᠪᠤᠯ ᠵᠠᠮ ᠬᠠᠷᠢᠯᠴᠠᠭᠠᠨ ᠤ ᠰᠦᠢᠳᠬᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠠᠴᠠ ᠵᠠᠰᠠᠮᠠᠯ ᠵᠠᠮ ᠠᠷᠠᠴᠢᠯᠠᠬᠤ ᠰᠦᠢᠳᠭᠡᠯ ᠢ ᠨᠦᠬᠦᠨ ᠲᠤᠰᠢᠶᠠᠯᠭᠠᠬᠤ ᠠᠴᠠ ᠭᠠᠳᠠᠨ᠎ᠠ ᠪᠠᠰᠠ ᠤᠯᠦᠰ ᠤᠨ ᠲᠤᠬᠳᠠᠭᠠᠯ ᠶᠤᠰᠦᠭᠠᠷ ᠬᠤᠭᠤᠴᠠᠭ᠎ᠠ ᠰᠠᠭᠠᠳᠠᠭᠠᠬᠰᠠᠨ ᠮᠦᠡᠭᠭᠦ ᠨᠡᠮᠡᠨ ᠬᠤᠷᠢᠶᠠᠵᠦ ᠪᠤᠯᠦᠨ᠎ᠠ᠃ ᠬᠤᠭᠤᠴᠠᠭ᠎ᠠ ᠰᠠᠭᠠᠳᠠᠭᠠᠬᠰᠠᠨ ᠮᠦᠡᠭᠭᠦ ᠶᠢ ᠤᠯᠤᠰ ᠤᠨ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠲᠤᠬᠳᠠᠭᠠᠬᠰᠠᠨ ᠪᠤᠳᠦᠬᠤ ᠠᠷᠭ᠎ᠠ ᠪᠠᠷ ᠪᠤᠳᠦᠨ ᠬᠤᠷᠢᠶᠠᠨ᠎ᠠ᠂ ᠭᠡᠬᠦ ᠳᠤ ᠪᠠᠨ ᠬᠠᠮᠤᠬ ᠤᠨ ᠦᠨᠳᠦᠷ ᠲᠡᠭᠡᠨ ᠵᠠᠰᠠᠮᠠᠯ ᠵᠠᠮ ᠠᠷᠠᠴᠢᠯᠠᠬᠤ ᠰᠦᠢᠳᠭᠡᠯ ᠢ ᠨᠦᠭᠦᠪᠦᠷᠢᠯᠡᠨ ᠠᠪᠬᠤ ᠬᠡᠮᠵᠢᠶᠡᠨ ᠠᠴᠠ ᠬᠡᠳᠦᠷᠡᠭᠦᠯᠵᠦ ᠪᠤᠯᠬᠤ ᠦᠬᠡᠢ᠃ ᠵᠠᠰᠠᠮᠠᠯ ᠵᠠᠮ ᠠᠷᠠᠴᠢᠯᠠᠬᠤ ᠰᠦᠢᠳᠭᠡᠯ ᠪᠠ ᠬᠤᠭᠤᠴᠠᠭ᠎ᠠ ᠰᠠᠭᠠᠳᠠᠭᠠᠬᠰᠠᠨ ᠮᠦᠡᠭᠭᠦ ᠶᠢ ᠬᠠᠰᠦᠨ ᠬᠡᠯᠳᠦᠷᠢᠭᠦᠯᠬᠦ ᠶᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠲᠤᠬᠳᠠᠭᠠᠯ ᠶᠤᠰᠦᠭᠠᠷ ᠬᠡᠷᠡᠭᠵᠢᠭᠦᠯᠦᠨ᠎ᠠ᠃        ᠬᠤᠷᠢᠨ ᠲᠤᠯᠦᠳᠦᠭᠠᠷ ᠵᠦᠢᠯ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠨᠢ ᠲᠤᠳᠦᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠰᠠᠯᠠᠭ᠎ᠠ ᠮᠦᠴᠢᠷ ᠲᠠᠢ ᠮᠠᠰᠢᠨ ᠲᠡᠷᠭᠡᠨ ᠤ ᠲᠤᠭ᠎ᠠ ᠪᠠᠷᠢᠮᠳᠠ ᠶᠢᠨ ᠮᠡᠳᠡᠭᠡ ᠵᠠᠩᠭᠢ ᠪᠠᠨ ᠲᠤᠬᠳᠠᠮᠠᠯ ᠬᠤᠭᠤᠴᠠᠭ᠎ᠠ ᠲᠠᠢ ᠪᠠᠷ ᠰᠤᠯᠢᠯᠴᠠᠬᠤ ᠬᠡᠷᠡᠭᠳᠡᠢ᠃ ᠲᠤᠳᠦᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠰᠠᠯᠠᠭ᠎ᠠ ᠮᠦᠴᠢᠷ ᠮᠠᠰᠢᠨ ᠲᠡᠷᠭᠡᠨ ᠤ ᠨᠡᠪᠳᠡᠷᠡᠬᠦ ᠶᠢ ᠵᠤᠬᠰᠦᠭᠠᠬᠤ᠂ ᠲᠠᠩᠰᠠᠠ ᠠᠴᠠ ᠬᠠᠰᠦᠬᠤ᠂ ᠦᠮᠴᠢᠯᠡᠬᠦ ᠡᠷᠭᠡ ᠶᠢ ᠦᠭᠡᠷᠡᠴᠢᠯᠡᠬᠦ᠂ ᠤᠨ ᠤ ᠪᠠᠶᠢᠴᠠᠭᠠᠯᠳᠠ ᠬᠢᠬᠦ ᠵᠡᠷᠭᠡ ᠭᠠᠷᠳᠠᠮ ᠢ ᠬᠦᠢᠴᠠᠳᠭᠡᠬᠦ ᠦᠶᠡᠰ᠂ ᠵᠠᠰᠠᠮᠠᠯ ᠵᠠᠮ ᠢ ᠠᠷᠠᠴᠢᠯᠠᠬᠤ ᠰᠦᠢᠳᠬᠡᠯ ᠢᠶᠠᠨ ᠲᠤᠰᠢᠶᠠᠬᠰᠠᠨ ᠦᠭᠡᠢ ᠠᠵᠢᠯᠯᠠᠭ᠎ᠠ ᠶᠢ ᠢᠯᠡᠷᠡᠭᠦᠯᠪᠡᠯ᠂ ᠴᠠᠭ ᠲᠤᠬᠠᠢ ᠳᠤᠨᠢ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠳᠤ ᠮᠡᠳᠡᠭᠦᠯᠦᠨ ᠪᠠᠶᠢᠴᠠᠭᠠᠨ ᠰᠢᠢᠳᠪᠦᠷᠢᠯᠡᠬᠦᠯᠬᠦ ᠬᠡᠷᠡᠭᠳᠡᠢ︔ ᠵᠠᠮ ᠬᠠᠷᠢᠯᠴᠠᠭᠠᠨ ᠤ ᠰᠦᠢᠳᠬᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠵᠠᠰᠠᠮᠠᠯ ᠵᠠᠮ ᠠᠷᠠᠴᠢᠯᠠᠬᠤ ᠰᠦᠢᠳᠭᠡᠯ ᠬᠤᠷᠢᠶᠠᠬᠤ ᠳᠠᠭᠠᠨ᠂ ᠮᠠᠰᠢᠨ ᠲᠡᠷᠭᠡᠨ ᠤ ᠲᠡᠮᠳᠡᠭ ᠫᠠᠶᠢᠰᠠ ᠶᠢ ᠲᠤᠬᠤᠵᠦ ᠬᠡᠷᠡᠭᠯᠡᠭᠰᠡᠨ᠂ ᠬᠠᠭᠤᠷᠮᠠᠬ ᠢᠶᠠᠷ ᠵᠤᠬᠢᠶᠠᠬᠰᠠᠨ ᠵᠡᠷᠭᠡ ᠠᠵᠢᠯᠯᠠᠭ᠎ᠠ ᠶᠢ ᠢᠯᠡᠷᠡᠭᠦᠯᠪᠡᠯ᠂ ᠴᠠᠬ ᠲᠤᠬᠠᠢ ᠳᠤᠨᠢ ᠲᠤᠳᠦᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠰᠠᠯᠠᠭ᠎ᠠ ᠮᠦᠴᠢᠷ ᠲᠤ ᠮᠡᠳᠡᠭᠦᠯᠦᠨ ᠪᠠᠶᠢᠴᠠᠭᠠᠨ ᠰᠢᠢᠳᠪᠦᠷᠢᠯᠡᠬᠦᠯᠬᠦ ᠬᠡᠷᠡᠭᠳᠡᠢ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号