ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠲᠦᠷᠢᠮ ︵ᠭᠤᠷᠪᠠ︶
ᠨᠡᠶᠢᠲᠡᠯᠡᠭᠰᠡᠨ ᠴᠠᠭ᠄
2018/1/30
       ᠲᠠᠪᠦᠳᠦᠭᠠᠷ ᠪᠦᠯᠦᠭ ᠵᠠᠮ ᠤᠨ ᠶᠠᠪᠦᠳᠠᠯ ᠤᠨ ᠬᠠᠮᠢᠶᠠᠷᠦᠯᠳᠠ        ᠬᠤᠷᠢᠨ ᠨᠠᠢᠮᠠᠳᠦᠭᠠᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠤᠨ ᠬᠠᠷᠢᠶ᠎ᠠ ᠳᠤ ᠬᠢ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠵᠠᠮ ᠤᠨ ᠶᠠᠪᠦᠳᠠᠯ ᠤᠨ ᠬᠠᠮᠢᠶᠠᠷᠦᠯᠳᠠ ᠶᠢ ᠬᠠᠷᠢᠭᠤᠴᠠᠨ᠎ᠠ᠂ ᠲᠡᠭᠦᠨ ᠤ ᠭᠤᠤᠯ ᠲᠤᠰᠢᠶᠠᠯ ᠬᠠᠷᠢᠭᠤᠴᠠᠯᠭ᠎ᠠ ᠪᠤᠯ᠄ ︵ᠨᠢᠭᠡ︶ ᠵᠠᠰᠠᠮᠠᠯ ᠵᠠᠮ ᠢ ᠮᠠᠯᠳᠠᠬᠤ᠂ ᠡᠵᠡᠯᠡᠭᠦ᠂ ᠠᠰᠢᠬᠯᠠᠬᠤ ᠪᠠᠷ ᠭᠤᠶᠥᠴᠢᠯᠠᠬᠤ ᠵᠦᠢᠯᠡᠰ ᠢ ᠵᠦᠪᠰᠢᠶᠡᠷᠡᠬᠦ᠂ ᠵᠠᠰᠠᠮᠠᠯ ᠵᠠᠮ ᠢ ᠡᠪᠳᠡᠨ ᠰᠦᠢᠳᠭᠡᠬᠦ ᠪᠤᠶᠥ ᠬᠠᠤᠯᠢ ᠪᠤᠰᠦ ᠪᠠᠷ ᠡᠵᠡᠯᠡᠭᠰᠡᠨ ᠠᠵᠢᠯᠯᠠᠭ᠎ᠠ ᠶᠢ ᠬᠤᠷᠢᠬᠯᠠᠨ ᠵᠤᠬᠰᠦᠭᠠᠬᠤ ᠪᠤᠶᠤ ᠪᠠᠶᠢᠴᠠᠭᠠᠨ ᠰᠢᠢᠳᠪᠦᠷᠢᠯᠡᠬᠦ︔ ︵ᠬᠤᠶᠠᠷ︶ ᠬᠡᠮᠵᠢᠶ᠎ᠠ ᠠᠴᠠ ᠬᠡᠳᠦᠷᠡᠭᠦᠯᠦᠨ ᠲᠡᠭᠡᠭᠡᠪᠦᠷᠢᠯᠷᠬᠦ ᠪᠠᠷ ᠭᠤᠶᠥᠴᠢᠯᠠᠬᠤ ᠵᠦᠢᠯᠡᠰ ᠢ ᠵᠦᠪᠰᠢᠶᠡᠷᠡᠬᠦ᠂ ᠬᠠᠤᠯᠢ ᠪᠤᠰᠦ ᠪᠠᠷ ᠬᠡᠮᠵᠢᠶ᠎ᠠ ᠠᠴᠠ ᠬᠡᠳᠦᠷᠡᠭᠦᠯᠦᠨ ᠲᠡᠭᠡᠭᠡᠪᠦᠷᠢᠯᠡᠬᠦ ᠠᠵᠢᠯᠯᠠᠭ᠎ᠠ ᠶᠢ ᠬᠤᠷᠢᠬᠯᠠᠨ ᠵᠤᠬᠰᠦᠭᠠᠬᠤ ᠪᠠ ᠪᠠᠶᠢᠴᠠᠭᠠᠨ ᠰᠢᠢᠳᠪᠦᠷᠢᠯᠡᠬᠦ︔ ︵ᠭᠤᠷᠪᠠ︶ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠶᠢ ᠪᠠᠶᠢᠷᠢᠯᠠᠭᠤᠯᠬᠤ ᠪᠠ ᠬᠠᠮᠠᠭᠠᠯᠠᠬᠤ︔ ︵ᠲᠦᠷᠪᠡ︶ ᠵᠠᠰᠠᠮᠠᠯ ᠵᠠᠮ ᠤᠨ ᠬᠤᠶᠠᠷ ᠲᠠᠯ᠎ᠠ ᠶᠢᠨ ᠪᠠᠷᠢᠯᠭ᠎ᠠ ᠶᠢᠨ ᠡᠵᠡᠮᠰᠢᠯ ᠤᠷᠤᠨ ᠢ ᠬᠠᠮᠢᠶᠠᠷᠬᠤ︔ ︵ᠲᠠᠪᠦ︶ ᠵᠠᠰᠠᠮᠠᠯ ᠵᠠᠮ ᠤᠨ ᠪᠠᠷᠢᠯᠭ᠎ᠠ ᠶᠢᠨ ᠡᠮᠬᠢ ᠵᠢᠷᠣᠮ ᠢ ᠬᠠᠮᠢᠶᠠᠷᠬᠤ︔ ︵ᠵᠢᠷᠭᠤᠭ᠎ᠠ︶ᠵᠠᠰᠠᠮᠠᠯ ᠵᠠᠮ ᠤᠨ ᠪᠠᠷᠢᠯᠭ᠎ᠠ ᠳᠤ ᠬᠢ ᠵᠠᠮ ᠤᠨ ᠶᠠᠪᠦᠳᠠᠯ ᠤᠨ ᠬᠠᠮᠢᠶᠠᠷᠦᠯᠳᠠ ᠶᠢᠨ ᠲᠦᠷᠦᠯ ᠵᠦᠢᠯ ᠲᠠᠢ ᠬᠠᠮᠢᠶᠠᠳᠠᠬᠤ ᠵᠢᠷᠤᠬ ᠲᠦᠯᠦᠪᠯᠡᠭᠡ ᠶᠢ ᠬᠢᠨᠠᠨ ᠪᠠᠶᠢᠴᠠᠭᠠᠬᠤ᠂ ᠪᠠᠷᠢᠯᠭ᠎ᠠ ᠲᠠᠭᠤᠰᠴᠦ ᠰᠢᠯᠭᠠᠨ ᠬᠤᠷᠢᠶᠠᠬᠤ ᠳᠤ ᠤᠷᠤᠯᠴᠠᠬᠤ︔ ︵ᠲᠤᠯᠤᠭ᠎ᠠ︶ ᠵᠠᠰᠠᠮᠠᠯ ᠵᠠᠮ ᠤᠨ ᠵᠠᠮ ᠤᠨ ᠶᠠᠪᠦᠳᠠᠯ ᠤᠨ ᠴᠠᠬᠳᠠᠨ ᠪᠠᠶᠢᠴᠠᠭᠠᠯᠳᠠ ᠶᠢ ᠬᠡᠷᠡᠭᠵᠢᠭᠦᠯᠬᠦ︔ ︵ᠨᠠᠢᠮᠠ︶ ᠬᠠᠤᠯᠢ ᠴᠠᠭᠠᠵᠠ᠂ ᠬᠠᠤᠯᠢ ᠲᠤᠬᠳᠠᠭᠠᠯ ᠳᠤ ᠲᠤᠬᠳᠠᠭᠠᠬᠰᠠᠨ ᠪᠤᠰᠦᠳ ᠲᠤᠰᠢᠶᠠᠯ ᠬᠠᠷᠢᠭᠤᠴᠠᠯᠭ᠎ᠠ᠃        ᠬᠤᠷᠢ ᠶᠢᠰᠦᠳᠦᠭᠡᠷ ᠵᠦᠢᠯ ᠵᠠᠰᠠᠮᠠᠯ ᠵᠠᠮ ᠤᠨ ᠬᠡᠷᠡᠭᠯᠡᠬᠦ ᠭᠠᠵᠡᠷ ᠤᠨ ᠬᠡᠪᠴᠢᠶ᠎ᠠ ᠶᠢ ᠲᠤᠤᠷᠠᠬᠢ ᠪᠠᠷᠢᠮᠵᠢᠶ᠎ᠠ ᠶᠤᠰᠦᠭᠠᠷ ᠲᠤᠬᠳᠠᠭᠠᠨ᠎ᠠ᠄ ︵ᠨᠢᠭᠡ︶ ᠵᠠᠰᠠᠮᠠᠯ ᠵᠠᠮ ᠤᠨ ᠬᠤᠶᠠᠷ ᠬᠠᠵᠠᠭᠤ ᠳᠤ ᠭᠤᠤ ︵ᠤᠰᠦ ᠬᠠᠰᠢᠬᠤ ᠭᠤᠤ᠂ ᠨᠠᠯᠠᠤ ᠶᠢ ᠬᠠᠮᠠᠭᠠᠯᠠᠬᠤ ᠵᠠᠮ︶ ᠲᠠᠢ ᠪᠤᠯ᠂ ᠬᠡᠷᠡᠭᠯᠡᠬᠦ ᠭᠠᠵᠠᠷ ᠤᠨ ᠬᠡᠪᠴᠢᠶ᠎ᠠ ᠨᠢ ᠬᠠᠵᠠᠭᠤ ᠭᠤᠤ ︵ᠤᠰᠦ ᠬᠠᠰᠢᠬᠤ ᠭᠤᠤ᠂ ᠨᠠᠯᠠᠤ ᠶᠢ ᠬᠠᠮᠠᠭᠠᠯᠠᠬᠤ ᠵᠠᠮ︶ ᠶᠢᠨ ᠭᠠᠳᠠᠷ ᠬᠦᠪᠡᠭᠡ ᠠᠴᠠ 1 ᠮᠧᠳ᠋ᠷ ᠠᠴᠠ ᠪᠠᠭ᠎ᠠ ᠪᠤᠰᠦ ᠵᠠᠢ ᠲᠠᠢ ᠤᠷᠤᠨ︔︵ᠬᠤᠶᠠᠷ︶ ᠵᠠᠰᠠᠮᠠᠯ ᠵᠠᠮ ᠤᠨ ᠬᠤᠶᠠᠷ ᠬᠠᠵᠠᠭᠤ ᠳᠤ ᠭᠤᠤ ᠦᠬᠡᠢ ︵ᠤᠰᠦ ᠬᠠᠰᠢᠬᠤ ᠭᠤᠤ᠂ ᠨᠠᠯᠠᠤ ᠶᠢ ᠬᠠᠮᠠᠭᠠᠯᠠᠬᠤ ᠵᠠᠮ︶ ᠪᠤᠯ᠂ ᠬᠡᠷᠡᠭᠯᠡᠬᠦ ᠭᠠᠵᠠᠷ ᠤᠨ ᠬᠡᠪᠴᠢᠶ᠎ᠠ ᠨᠢ ᠵᠠᠰᠠᠮᠠᠯ ᠵᠠᠮ ᠤᠨ ᠵᠠᠭᠠᠬ ᠴᠢᠯᠠᠭᠤ ᠪᠤᠶᠥ ᠪᠡᠯ ᠤᠨ ᠨᠠᠯᠠᠤ ᠱᠤᠭᠤᠮ ᠤᠨ ᠭᠠᠳᠠᠨ᠎ᠠ ᠲᠠᠯ᠎ᠠ ᠠᠴᠠ 5 ᠮᠧᠳ᠋ᠷ ᠠᠴᠠ ᠪᠠᠭ᠎ᠠ ᠪᠤᠰᠦ ᠵᠠᠢ ᠲᠠᠢ ᠤᠷᠤᠨ︔ ︵ᠭᠤᠷᠪᠠ︶ ᠪᠤᠳᠠᠳᠠᠢ ᠲᠠᠳᠠᠪᠦᠷᠢᠯᠠᠬᠰᠠᠨ ᠭᠠᠵᠠᠷ ᠨᠢ ᠲᠡᠭᠡᠷᠡᠬᠢ ᠲᠤᠬᠳᠠᠭᠠᠯ ᠠᠴᠠ ᠬᠡᠳᠦᠷᠡᠭᠰᠡᠨ ᠪᠤᠯ᠂ ᠬᠡᠷᠡᠭᠯᠡᠬᠦ ᠭᠠᠵᠠᠷ ᠤᠨ ᠬᠡᠪᠴᠢᠶ᠎ᠠ ᠶᠢ ᠪᠤᠳᠠᠳᠠᠢ ᠲᠠᠳᠠᠪᠦᠷᠢᠯᠠᠬᠰᠠᠨ ᠭᠠᠵᠠᠷ ᠤᠨ ᠬᠡᠪᠴᠢᠶ᠎ᠠ ᠪᠠᠷ ᠪᠠᠷᠢᠮᠵᠢᠶᠠᠯᠠᠨ᠎ᠠ᠃ ᠲᠤᠰ ᠲᠦᠷᠢᠮ ᠢ ᠬᠡᠷᠡᠭᠵᠢᠭᠦᠯᠬᠦ ᠠᠴᠠ ᠡᠮᠦᠨᠡᠬᠢ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶ᠎ᠠ ᠨᠢ ᠲᠡᠭᠡᠷᠡᠬᠢ ᠲᠤᠬᠳᠠᠭᠠᠯ ᠲᠠᠢ ᠨᠢᠭᠡᠳᠦᠯ ᠦᠬᠡᠢ ᠪᠤᠯ ᠪᠤᠳᠠᠳᠠᠢ ᠬᠡᠪᠴᠢᠶ᠎ᠠ ᠶᠤᠰᠦᠭᠠᠷ ᠲᠤᠬᠳᠠᠭᠠᠨ᠎ᠠ᠃        ᠭᠤᠴᠢᠳᠦᠭᠠᠷ ᠵᠦᠢᠯ ᠵᠠᠰᠠᠮᠠᠯ ᠵᠠᠮ ᠤᠨ ᠪᠠᠷᠢᠯᠭ᠎ᠠ ᠶᠢᠨ ᠡᠵᠡᠮᠰᠢᠯ ᠤᠷᠤᠨ ᠤ ᠬᠡᠪᠴᠢᠶ᠎ᠠ ᠶᠢ ᠵᠠᠰᠠᠮᠠᠯ ᠵᠠᠮ ᠤᠨ ᠬᠤᠶᠠᠷ ᠬᠠᠵᠠᠭᠤ ᠶᠢᠨ ᠭᠤᠤ ︵ᠤᠰᠦ ᠬᠠᠰᠢᠬᠤ ᠭᠤᠤ᠂ ᠨᠠᠯᠠᠤ ᠶᠢ ᠬᠠᠮᠠᠭᠠᠯᠠᠬᠤ ᠵᠠᠮ︶ ᠶᠢᠨ ᠭᠠᠳᠠᠷ ᠬᠦᠪᠡᠭᠡ ᠠᠴᠠ ᠡᠬᠢᠯᠡᠨ ᠪᠤᠳᠦᠨ᠎ᠠ᠂ ᠤᠯᠤᠰ ᠤᠨ ᠵᠠᠮ ᠪᠤᠯ 20 ᠮᠧᠳ᠋ᠷ ᠠᠴᠠ ᠪᠠᠭ᠎ᠠ ᠪᠤᠰᠦ ᠵᠠᠢ ᠲᠠᠢ ᠪᠠᠶᠢᠵᠦ᠂ ᠮᠤᠵᠢ ᠶᠢᠨ ᠵᠠᠮ ᠪᠤᠯ 15 ᠮᠧᠳ᠋ᠷ ᠠᠴᠠ ᠪᠠᠭ᠎ᠠ ᠪᠤᠰᠦ ᠵᠠᠢ ᠲᠠᠢ ᠪᠠᠶᠢᠵᠦ᠂ ᠰᠢᠶᠠᠨ ᠤ ᠵᠠᠮ᠂ ᠰᠢᠶᠠᠩ ᠤᠨ ᠵᠠᠮ᠂ ᠲᠤᠰᠬᠠᠢ ᠬᠡᠷᠡᠭᠯᠡᠬᠦ ᠵᠠᠰᠠᠮᠠᠯ ᠵᠠᠮ 10 ᠮᠧᠳ᠋ᠷ ᠠᠴᠠ ᠪᠠᠭ᠎ᠠ ᠪᠤᠰᠦ ᠵᠠᠢ ᠲᠠᠢ ᠪᠠᠶᠢᠬᠤ ᠬᠡᠷᠡᠭᠳᠡᠢ᠃ ᠰᠢᠨ᠎ᠠ ᠪᠠᠷ ᠪᠠᠶᠢᠭᠤᠯᠬᠤ ᠲᠦᠷᠭᠡᠨ ᠵᠠᠮ ᠪᠠ ᠨᠢᠭᠡᠳᠦᠭᠡᠷ ᠲᠡᠰ ᠤᠨ ᠵᠠᠰᠠᠮᠠᠯ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠶᠢᠨ ᠡᠵᠡᠮᠰᠢᠯ ᠤᠷᠤᠨ ᠨᠢ 50 ᠮᠧᠳ᠋ᠷ ᠠᠴᠠ ᠪᠠᠭ᠎ᠠ ᠪᠤᠰᠦ ᠵᠠᠢ ᠲᠠᠢ ᠪᠠᠶᠢᠵᠦ᠂ ᠬᠤᠶᠠᠳᠦᠭᠠᠷ ᠲᠡᠰ ᠤᠨ ᠵᠠᠰᠠᠮᠠᠯ ᠵᠠᠮ ᠨᠢ 20 ᠮᠧᠳ᠋ᠷ ᠠᠴᠠ ᠪᠠᠭ᠎ᠠ ᠪᠤᠰᠦ ᠵᠠᠢ ᠲᠠᠢ ᠪᠠᠶᠢᠬᠤ ᠬᠡᠷᠡᠭᠳᠡᠢ᠃        ᠭᠤᠴᠢᠨ ᠨᠢᠭᠡᠳᠦᠭᠡᠷ ᠵᠦᠢᠯ ᠶᠠᠮᠡᠷᠪᠠ ᠨᠢᠭᠡᠴᠨ ᠪᠤᠯᠦᠨ ᠬᠤᠪᠢ ᠬᠦᠮᠦᠨ ᠵᠠᠰᠠᠮᠠᠯ ᠵᠠᠮ ᠲᠡᠭᠡᠷ᠎ᠠ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠶᠢᠨ ᠡᠵᠡᠮᠰᠢᠯ ᠤᠷᠤᠨ ᠲᠤᠳᠦᠷ᠎ᠠ ᠪᠠ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠲᠡᠭᠡᠷ᠎ᠠ ᠲᠤᠤᠷᠠᠬᠢ ᠠᠵᠢᠯᠯᠠᠭ᠎ᠠ ᠲᠠᠢ ᠪᠠᠶᠢᠵᠦ ᠪᠤᠯᠬᠤ ᠦᠬᠡᠢ᠄ ︵ᠨᠢᠭᠡ︶ ᠵᠠᠰᠠᠮᠠᠯ ᠵᠠᠮ᠂ ᠵᠠᠰᠠᠮᠠᠯ ᠵᠠᠮ ᠤᠨ ᠬᠠᠵᠠᠭᠤ ᠭᠤᠤ ︵ᠤᠰᠦ ᠬᠠᠰᠢᠬᠤ ᠭᠤᠤ᠂ ᠨᠠᠯᠠᠤ ᠶᠢ ᠬᠠᠮᠠᠭᠠᠯᠠᠬᠤ ᠵᠠᠮ︶ ᠶᠢ ᠠᠰᠢᠬᠯᠠᠨ ᠤᠰᠦᠯᠠᠯᠳᠠ ᠬᠢᠬᠦ ᠪᠤᠶᠥ ᠪᠤᠵᠠᠷ ᠤᠰᠦ ︵ᠪᠤᠳᠠᠰ︶ ᠭᠠᠳᠠᠬᠰᠢᠯᠠᠭᠤᠯᠬᠤ᠂ ᠵᠠᠰᠠᠮᠠᠯ ᠵᠠᠮ ᠤᠨ ᠤᠰᠦ ᠵᠠᠯᠠᠬᠤ ᠲᠦᠭᠦᠭᠡᠷᠦᠮᠵᠢ ᠶᠢ ᠪᠤᠯᠠᠬᠤ᠂ ᠪᠦᠭᠯᠡᠬᠦ᠂ ᠡᠪᠳᠡᠨ ᠰᠦᠢᠳᠭᠡᠬᠦ᠂ ᠬᠦᠬᠦᠷᠭᠡ ᠭᠤᠯᠳᠦᠩ᠂ ᠬᠠᠵᠠᠭᠤ ᠭᠤᠤ ᠶᠢ ᠠᠰᠢᠬᠯᠠᠨ ᠤᠰᠤ ᠬᠠᠳᠠᠭᠠᠯᠠᠵᠦ᠂ ᠬᠠᠭᠠᠯᠳᠠ ᠶᠢᠨ ᠡᠭᠦᠳᠡ ᠲᠤᠬᠢᠷᠠᠭᠤᠯᠬᠤ︔ ︵ᠬᠤᠶᠠᠷ︶ ᠠᠮᠦ ᠪᠤᠳᠠᠭ᠎ᠠ ᠬᠠᠳᠠᠭᠠᠬᠤ᠂ ᠪᠤᠳᠠᠰ ᠮᠡᠲ᠋ᠧᠷᠢᠶᠠᠯ ᠤᠪᠦᠭᠠᠯᠠᠬᠤ᠂ ᠬᠤᠬ ᠨᠤᠪᠰᠢ ᠬᠠᠶᠠᠬᠤ᠂ ᠮᠠᠯ ᠬᠠᠷᠢᠭᠤᠯᠬᠤ ᠂ ᠪᠤᠷᠳᠦᠭᠤᠷ ᠴᠤᠬᠯᠠᠭᠤᠯᠬᠤ᠂ ᠲᠤᠵᠢ ᠵᠤᠬᠢᠶᠠᠬᠤ᠂ ᠲᠠᠷᠢᠮᠠᠯ ᠲᠠᠷᠢᠬᠤ᠂ ᠶᠠᠭᠤᠮ᠎ᠠ ᠰᠢᠳᠠᠭᠠᠬᠤ︔ ︵ᠭᠤᠷᠪᠠ︶ ᠲᠡᠯᠭᠡᠭᠡ ᠴᠢᠭ᠋ ᠲᠤᠬᠢᠷᠠᠭᠤᠯᠬᠤ᠂ ᠵᠠᠮ ᠡᠵᠡᠯᠡᠨ ᠡᠵᠡᠩᠨᠠᠬᠦ᠂ ᠮᠠᠰᠢᠨ ᠲᠡᠷᠭᠡ ᠶᠢ ᠲᠤᠷ᠎ᠠ ᠪᠠᠷ ᠵᠤᠬᠰᠦᠭᠠᠬᠤ︔ ︵ᠲᠦᠷᠪᠡ︶ ᠪᠠᠷᠠᠭ᠎ᠠ ᠲᠡᠭᠡᠭᠡᠵᠦ ᠪᠠᠶᠢᠭ᠎ᠠ ᠲᠡᠷᠭᠡᠨ ᠤ ᠪᠠᠷᠠᠭ᠎ᠠ ᠨᠢ ᠴᠢᠷᠦᠭᠳᠡᠬᠦ︔ ︵ᠲᠠᠪᠦ︶ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠶᠢ ᠠᠰᠢᠬᠯᠠᠨ ᠬᠤᠪᠴᠠᠰᠦ ᠬᠤᠨᠠᠷ ᠬᠠᠳᠠᠭᠠᠬᠤ᠂ ᠬᠤᠭᠤᠯᠠᠢ ᠤᠳᠠᠰᠦ ᠲᠠᠳᠠᠬᠤ᠂ ᠫᠠᠶᠢᠰᠠ ᠢᠯᠡᠷᠬᠡᠶᠢᠯᠡᠯ ᠡᠯᠭᠦᠭᠦ᠂ ᠪᠤᠯᠦᠳ ᠰᠢᠷᠪᠤᠰᠦ ᠲᠠᠳᠠᠬᠤ᠂ ᠮᠠᠯ ᠤᠶᠠᠬᠤ ᠵᠡᠷᠭᠡ︔ ︵ᠵᠢᠷᠭᠤᠭ᠎ᠠ︶ ᠵᠠᠰᠠᠮᠠᠯ ᠵᠠᠮ ᠤᠨ ᠵᠠᠭᠠᠬ ᠬᠦᠰᠢᠶ᠎ᠠ᠂ ᠬᠡᠷᠡᠭᠰᠡᠭᠡ ᠵᠡᠷᠭᠡ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠶᠢ ᠡᠪᠳᠡᠨ ᠰᠦᠢᠳᠭᠡᠬᠦ︔ ︵ᠲᠤᠯᠤᠭ᠎ᠠ︶ ᠬᠠᠤᠯᠢ ᠠᠴᠠ ᠵᠦᠷᠢᠴᠠᠨ ᠵᠠᠰᠠᠮᠠᠯ ᠵᠠᠮ ᠢ ᠬᠠᠤᠯᠢ ᠪᠤᠰᠦ ᠪᠠᠷ ᠠᠰᠢᠬᠯᠠᠬᠰᠠᠨ᠂ ᠡᠵᠡᠯᠡᠭᠰᠡᠨ ᠪᠠ ᠵᠠᠰᠠᠮᠠᠯ ᠵᠠᠮ ᠤᠨ ᠠᠮᠦᠷ ᠲᠦᠪᠰᠢᠨ ᠨᠠᠪᠳᠡᠷᠡᠬᠦ ᠶᠢ ᠰᠦᠷᠳᠡᠭᠦᠯᠦᠭᠰᠡᠨ ᠪᠤᠰᠦᠳ ᠠᠵᠢᠯᠯᠠᠭ᠎ᠠ᠃        ᠭᠤᠴᠢᠨ ᠬᠤᠶᠠᠳᠦᠭᠠᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠤᠨ ᠬᠠᠷᠢᠶᠠᠨ ᠤ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠶᠢᠨ ᠵᠦᠪᠰᠢᠶᠡᠷᠡᠯ ᠦᠬᠡᠢ ᠪᠠᠷ ᠶᠠᠮᠠᠷᠪᠠ ᠨᠢᠭᠡᠴᠨ ᠪᠠ ᠬᠤᠪᠢ ᠬᠦᠮᠦᠨ ᠵᠠᠰᠠᠮᠠᠯ ᠵᠠᠮ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠶᠢᠨ ᠡᠵᠡᠮᠰᠢᠯ ᠤᠷᠤᠨ ᠲᠤᠳᠦᠷ᠎ᠠ ᠪᠠ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠲᠡᠭᠡᠷ᠎ᠠ ᠲᠤᠤᠷᠠᠬᠢ ᠠᠵᠢᠯᠯᠠᠭ᠎ᠠ ᠲᠠᠢ ᠪᠠᠶᠢᠵᠦ ᠪᠤᠯᠬᠤ ᠦᠬᠡᠢ᠄ ︵ᠨᠢᠭᠡ︶ ᠰᠤᠪᠠᠬ ᠮᠠᠯᠳᠠᠬᠤ᠂ ᠡᠯᠡᠰᠦ ᠮᠠᠯᠳᠠᠬᠤ᠂ ᠤᠰᠦ ᠬᠠᠰᠢᠬᠤ᠂ ᠰᠢᠷᠦᠢ ᠠᠪᠬᠤ᠂ ᠴᠢᠯᠠᠭᠤ ᠮᠠᠯᠳᠠᠬᠤ᠂ ᠠᠭᠤᠷᠬᠠᠢ ᠮᠠᠯᠳᠠᠬᠤ︔ ︵ᠬᠤᠶᠠᠷ︶ ᠴᠠᠬᠢᠯᠭᠠᠨ ᠤᠳᠠᠰᠦᠨ ᠪᠠᠭᠠᠨ᠎ᠠ᠂ ᠰᠤᠪᠦᠷᠭ᠎ᠠ᠂ ᠬᠦᠴᠦᠳᠡᠯ ᠦᠭᠡᠷᠡᠴᠢᠯᠡᠭᠴᠢ ᠵᠡᠷᠭᠡ ᠲᠦᠭᠦᠭᠡᠷᠦᠮᠵᠢ ᠶᠢ ᠲᠤᠬᠢᠷᠠᠭᠤᠯᠦᠨ ᠪᠤᠰᠬᠠᠬᠤ︔ ︵ᠭᠤᠷᠪᠠ︶ ᠵᠠᠰᠠᠮᠠᠯ ᠵᠠᠮ ᠤᠨ ᠵᠠᠭᠠᠬ ᠬᠦᠰᠢᠶ᠎ᠠ᠂ ᠬᠡᠷᠡᠰᠭᠡ ᠵᠡᠷᠭᠡ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠶᠢ ᠪᠡᠯᠡᠯᠦᠨ ᠦᠭᠡᠷᠡᠴᠢᠯᠠᠵᠦ᠂ ᠰᠢᠯᠵᠢᠭᠦᠯᠬᠦ︔ ︵ᠲᠦᠷᠪᠡ︶ ᠵᠠᠰᠠᠮᠠᠯ ᠵᠠᠮ ᠤᠨ ᠬᠦᠭᠦᠷᠭᠡ ᠪᠠ ᠨᠦᠬᠡᠨ ᠵᠠᠮ ᠲᠤᠳᠦᠷ᠎ᠠ ᠰᠢᠳᠠᠮᠠᠬᠠᠢ᠂ ᠲᠡᠯᠪᠡᠷᠡᠮᠡᠳᠡᠭᠡᠢ ᠪᠠ ᠬᠤᠤᠷ ᠲᠠᠢ ᠰᠢᠩᠭᠡᠨ ᠪᠡᠶᠡᠳᠦ᠂ ᠭᠡᠷ ᠪᠡᠶᠡᠳᠦ ᠶᠢ ᠲᠠᠮᠵᠢᠭᠤᠯᠬᠤ ᠬᠤᠭᠤᠯᠠᠢ ᠲᠡᠪᠢᠰᠬᠦ᠃        ᠭᠤᠴᠢᠨ ᠭᠤᠷᠪᠠᠳᠦᠭᠠᠷ ᠵᠦᠢᠯ ᠵᠠᠰᠠᠮᠠᠯ ᠵᠠᠮ ᠲᠡᠭᠡᠷ᠎ᠠ ᠶᠠᠪᠦᠵᠦ ᠪᠠᠶᠢᠭ᠎ᠠ ᠮᠠᠰᠢᠨ ᠲᠡᠷᠭᠡᠨ ᠤ ᠲᠡᠭᠡᠭᠡᠪᠦᠷᠢᠯᠡᠭᠰᠡᠨ ᠪᠠᠷᠠᠭ᠎ᠠ ᠶᠢᠨ ᠶᠡᠷᠦᠩᠭᠡᠢ ᠮᠡᠰ᠂ ᠲᠡᠷᠭᠡᠨ ᠤ ᠲᠡᠩᠭᠡᠯᠢᠭ ᠤᠨ ᠲᠠᠭᠠᠭᠠᠵᠦ ᠪᠠᠶᠢᠭ᠎ᠠ ᠮᠡᠰ᠂ ᠲᠡᠭᠡᠭᠡᠪᠦᠷᠢᠯᠡᠭᠰᠡᠨ ᠪᠠᠷᠠᠭᠠᠨ ᠤ ᠶᠡᠷᠦᠩᠭᠡᠢ ᠤᠷᠳᠦ ᠶᠢᠨ ᠬᠡᠮᠵᠢᠶ᠎ᠠ᠂ ᠶᠡᠷᠦᠩᠭᠡᠢ ᠦᠷᠭᠡᠨ ᠤ ᠬᠡᠮᠵᠢᠶ᠎ᠠ ᠪᠤᠯᠦᠨ ᠶᠡᠷᠦᠩᠭᠡᠢ ᠦᠨᠳᠦᠷ ᠤᠨ ᠬᠡᠮᠵᠢᠶ᠎ᠠ ᠨᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠲᠤᠬᠳᠠᠭᠠᠬᠰᠠᠨ ᠬᠠᠮᠤᠬ ᠤᠨ ᠦᠨᠳᠦᠷ ᠬᠢᠵᠠᠭᠠᠷ ᠤᠨ ᠬᠡᠮᠵᠢᠶ᠎ᠠ ᠠᠴᠠ ᠬᠡᠳᠦᠷᠡᠵᠦ ᠪᠤᠯᠬᠤ ᠦᠭᠡᠢ᠃ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠳᠤ ᠬᠡᠷᠡᠭᠰᠡᠬᠦ ᠤᠨᠴᠠᠭᠠᠢ ᠲᠤᠨᠤᠬ ᠲᠦᠭᠦᠭᠡᠷᠦᠮᠵᠢ ᠶᠢ ᠲᠡᠭᠡᠭᠡᠪᠦᠷᠢᠯᠡᠵᠦ ᠪᠠᠶᠢᠭ᠎ᠠ ᠬᠢᠵᠠᠭᠠᠷ ᠠᠴᠠ ᠬᠡᠳᠦᠷᠡᠭᠰᠡᠨ ᠮᠠᠰᠢᠨ ᠲᠡᠷᠭᠡ ᠶᠢ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠬᠤᠯᠪᠤᠬᠳᠠᠯ ᠪᠦᠬᠦᠢ ᠲᠤᠬᠳᠠᠭᠠᠯ ᠶᠤᠰᠦᠭᠠᠷ ᠠᠶᠤᠯ ᠦᠭᠡᠢ᠂ ᠰᠠᠭᠠᠳ ᠦᠭᠡᠢ ᠪᠠᠷ ᠨᠡᠪᠳᠡᠷᠡᠬᠦᠯᠬᠦ ᠶᠢ ᠪᠠᠳᠦᠯᠠᠬᠤ ᠬᠡᠷᠡᠭᠳᠡᠢ᠃        ᠭᠤᠴᠢᠨ ᠲᠦᠷᠪᠡᠳᠦᠭᠡᠷ ᠵᠦᠢᠯ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠬᠡᠷᠡᠭᠴᠡᠭᠡ ᠪᠠᠨ ᠦᠨᠳᠦᠰᠦᠯᠡᠵᠦ᠂ ᠵᠠᠰᠠᠮᠠᠯ ᠵᠠᠮ ᠲᠡᠭᠡᠷ᠎ᠠ ᠲᠤᠬᠳᠠᠮᠠᠯ ᠪᠤᠶᠥ ᠲᠦᠷ ᠴᠠᠬ ᠤᠨ ᠬᠡᠮᠵᠢᠶ᠎ᠡ ᠠᠴᠠ ᠭᠡᠳᠦᠷᠡᠨ ᠲᠡᠭᠡᠭᠡᠪᠦᠷᠢᠯᠡᠬᠦ ᠶᠢ ᠪᠠᠶᠢᠴᠠᠭᠠᠨ ᠬᠡᠮᠵᠢᠬᠦ ᠦᠷᠳᠡᠭᠡ ︵ᠴᠢᠭ᠋︶ ᠲᠤᠬᠢᠷᠠᠭᠤᠯᠵᠦ᠂ ᠮᠠᠰᠢᠨ ᠲᠡᠷᠭᠡᠨ ᠤ ᠲᠡᠭᠡᠭᠡᠪᠦᠷᠢᠯᠡᠭᠰᠡᠨ ᠪᠠᠷᠠᠭᠠᠨ ᠤ ᠶᠡᠷᠦᠩᠭᠡᠢ ᠮᠡᠰ᠂ ᠲᠡᠷᠭᠡᠨ ᠤ ᠲᠡᠩᠭᠡᠯᠢᠭ ᠤᠨ ᠲᠠᠭᠠᠭᠠᠵᠦ ᠪᠠᠶᠢᠭ᠎ᠠ ᠮᠠᠰ᠂ ᠲᠡᠭᠡᠭᠡᠪᠦᠷᠢᠯᠡᠭᠰᠡᠨ ᠪᠠᠷᠠᠭᠠᠨ ᠤ ᠶᠡᠷᠦᠩᠭᠡᠢ ᠤᠷᠳᠦ ᠶᠢᠨ ᠬᠡᠮᠵᠢᠶ᠎ᠠ᠂ ᠶᠡᠷᠦᠩᠭᠡᠢ ᠦᠷᠭᠡᠨ ᠤ ᠬᠡᠮᠵᠢᠶ᠎ᠠ ᠪᠠ ᠶᠡᠷᠦᠩᠭᠡᠢ ᠦᠨᠳᠦᠷ ᠤᠨ ᠬᠡᠮᠵᠢᠶ᠎ᠠ ᠶᠢ ᠪᠠᠶᠢᠴᠠᠭᠠᠨ ᠬᠡᠮᠵᠢᠵᠦ ᠪᠤᠯᠦᠨ᠎ᠠ᠃ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠶᠢᠨ ᠠᠵᠢᠯᠳᠠᠨ ᠲᠤᠬᠳᠠᠮᠠᠯ ᠪᠤᠶᠥ ᠲᠦᠷ ᠴᠠᠬ ᠤᠨ ᠬᠢᠵᠠᠭᠠᠷ ᠠᠴᠠ ᠬᠡᠳᠦᠷᠠᠨ ᠲᠡᠭᠡᠭᠡᠪᠦᠷᠢᠯᠡᠬᠦ ᠶᠢ ᠪᠠᠶᠢᠴᠠᠭᠠᠨ ᠬᠡᠮᠵᠢᠬᠦ ᠦᠷᠳᠡᠭᠡ ︵ᠴᠢᠭ᠋︶ ᠳᠤ ᠪᠠᠶᠢᠴᠠᠭᠠᠯᠳᠠ ᠬᠢᠬᠦ ᠦᠶᠡᠰ᠂ ᠵᠠᠰᠠᠮᠠᠯ ᠵᠠᠮ ᠤᠨ ᠠᠶᠤᠯ ᠦᠭᠡᠢ᠂ ᠰᠠᠭᠠᠳ ᠦᠬᠡᠢ ᠪᠠᠷ ᠨᠡᠪᠳᠡᠷᠬᠦ ᠶᠢ ᠪᠠᠳᠦᠯᠠᠬᠤ ᠬᠡᠷᠡᠭᠳᠡᠢ᠂ ᠪᠠᠶᠢᠴᠠᠭᠠᠨ ᠬᠡᠮᠵᠢᠬᠦ ᠰᠢᠯᠳᠠᠭᠠᠨ ᠠᠴᠠ ᠪᠤᠯᠵᠦ ᠵᠠᠰᠠᠮᠠᠯ ᠵᠠᠮ ᠤᠨ ᠨᠡᠪᠳᠡᠷᠡᠯᠭᠡ ᠰᠠᠭᠠᠳᠠᠯ ᠳᠤ ᠤᠴᠠᠷᠠᠪᠠᠯ᠂ ᠴᠠᠭ ᠲᠤᠬᠠᠢ ᠳᠤᠨᠢ ᠠᠷᠭ᠎ᠠ ᠬᠡᠮᠵᠢᠶ᠎ᠠ ᠠᠪᠴᠦ ᠲᠡᠷᠭᠡ ᠨᠡᠪᠳᠡᠷᠡᠭᠦᠯᠬᠦ ᠨᠤᠷᠮ᠎ᠠ ᠶᠢ ᠲᠡᠭᠡᠭᠰᠢᠯᠡᠭᠦᠯᠬᠦ ᠬᠡᠷᠡᠭᠳᠡᠢ᠃ ᠪᠠᠶᠢᠴᠠᠭᠠᠨ ᠬᠡᠮᠵᠢᠭᠡᠳ ᠬᠡᠮᠵᠢᠶ᠎ᠡ ᠠᠴᠠ ᠬᠡᠳᠦᠷᠡᠭᠰᠡᠨ ᠪᠦᠭᠡᠳ ᠵᠦᠪᠰᠢᠶᠡᠷᠡᠯ ᠤᠨ ᠪᠢᠴᠢᠭ ᠦᠭᠡᠢ ᠶᠢ ᠨᠢ᠂ ᠲᠡᠭᠡᠭᠡᠪᠦᠷᠢ ᠶᠢᠨ ᠲᠠᠭᠠᠭᠠᠴᠢᠯᠠᠬᠴᠢ ᠶᠢ ᠬᠡᠮᠵᠢᠶ᠎ᠡ ᠠᠴᠠ ᠬᠡᠳᠦᠷᠡᠨ ᠲᠡᠭᠡᠭᠡᠪᠦᠷᠢᠯᠡᠭᠰᠡᠨ ᠪᠠᠷᠠᠭ᠎ᠠ ᠪᠠᠨ ᠦᠪᠡᠷ ᠲᠡᠭᠡᠨ ᠪᠠᠭᠤᠯᠭᠠᠭᠤᠯᠬᠤ ᠪᠠᠷ ᠵᠠᠷᠯᠢᠬᠳᠠᠨ᠎ᠠ︔ ᠪᠠᠭᠤᠯᠭᠠᠬᠤ ᠶᠢ ᠲᠡᠪᠴᠢᠪᠡᠯ ᠠᠯᠪᠠᠳᠠᠯᠭ᠎ᠠ ᠪᠠᠷ ᠪᠠᠭᠤᠯᠭᠠᠵᠦ᠂ ᠬᠡᠷᠡᠭᠰᠡᠬᠦ ᠵᠠᠷᠦᠳᠠᠯ ᠢ ᠲᠡᠭᠡᠭᠡᠪᠦᠷᠢ ᠶᠢᠨ ᠲᠠᠭᠠᠭᠠᠴᠢᠯᠠᠬᠴᠢ ᠠᠴᠠ ᠡᠭᠦᠷᠭᠡᠯᠡᠨ᠎ᠠ᠃        ᠭᠤᠴᠢᠨ ᠲᠠᠪᠦᠳᠦᠭᠠᠷ ᠵᠦᠢᠯ ᠲᠤᠬᠳᠠᠭ᠋ᠭ᠍ᠰᠠᠨ ᠬᠡᠮᠵᠢᠶ᠎ᠡ ᠠᠴᠠ ᠬᠡᠳᠦᠷᠡᠨ ᠲᠡᠭᠡᠭᠡᠪᠦᠷᠢᠯᠡᠬᠦ ᠶᠢ ᠪᠠᠶᠢᠴᠠᠭᠠᠨ ᠬᠡᠮᠵᠢᠬᠦ ᠦᠷᠳᠡᠭᠡ ︵ᠴᠢᠭ᠋︶ ᠶᠢ ᠲᠤᠬᠢᠷᠠᠭᠤᠯᠬᠤ ᠳᠤ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠦᠨ ᠢᠶᠠᠷ ᠵᠦᠪᠰᠢᠶᠡᠷᠡᠭᠦᠯᠬᠦ ᠬᠡᠷᠡᠭᠳᠡᠢ᠂ ᠲᠦᠷ ᠴᠠᠭ ᠤᠨ ᠬᠡᠮᠵᠢᠶ᠎ᠡ ᠠᠴᠠ ᠬᠡᠳᠦᠷᠡᠨ ᠲᠡᠭᠡᠭᠡᠪᠦᠷᠢᠯᠡᠬᠦ ᠶᠢ ᠪᠠᠶᠢᠴᠠᠭᠠᠨ ᠬᠡᠮᠵᠢᠭᠦ ᠦᠷᠳᠡᠭᠡ ︵ᠴᠢᠭ᠋︶ ᠶᠢ ᠲᠤᠬᠢᠷᠠᠭᠤᠯᠬᠤ ᠳᠤ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠬᠡᠮᠵᠢᠶ᠎ᠡ ᠠᠴᠠ ᠬᠡᠳᠦᠷᠡᠳᠡᠯ᠎ᠡ ᠲᠡᠭᠡᠭᠡᠪᠦᠷᠢᠯᠡᠬᠦ ᠶᠢ ᠵᠠᠰᠠᠬᠤ ᠠᠵᠢᠯ ᠢ ᠭᠤᠤᠯᠯᠠᠠ ᠬᠠᠮᠢᠶᠠᠷᠬᠤ ᠪᠠᠶᠢᠭᠤᠯᠦᠮᠵᠢ ᠪᠠᠷ ᠵᠦᠪᠰᠢᠶᠡᠷᠡᠭᠦᠯᠬᠦ ᠬᠡᠷᠡᠭᠳᠡᠢ᠃        ᠭᠤᠴᠢᠨ ᠵᠢᠷᠭᠤᠳᠦᠭᠠᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠵᠠᠮ ᠬᠠᠷᠢᠯᠴᠠᠭ᠎ᠠ᠂ ᠲᠤᠳᠦᠭᠠᠳᠦ ᠶᠢ ᠬᠠᠮᠠᠭᠠᠯᠠᠬᠤ᠂ ᠬᠦᠭᠵᠢᠭᠦᠯᠦᠯᠳᠠ ᠪᠠ ᠦᠭᠡᠷᠡᠴᠢᠯᠡᠯᠳᠡ᠂ ᠠᠵᠦ ᠦᠢᠯᠡᠳᠪᠦᠷᠢ ᠬᠤᠳᠠᠯᠳᠤᠭ᠎ᠠ᠂ ᠶᠠᠰᠦ ᠴᠢᠨᠠᠷ ᠮᠡᠷᠭᠡᠵᠢᠯ ᠳᠤ ᠬᠢᠨᠠᠯᠳᠠ ᠲᠠᠯᠪᠢᠬᠤ᠂ ᠠᠶᠤᠯ ᠦᠭᠡᠢ ᠦᠢᠯᠡᠳᠪᠦᠷᠢᠯᠡᠯ ᠳᠤ ᠬᠢᠨᠠᠯᠳᠠ ᠲᠠᠯᠪᠢᠬᠤ ᠂ ᠨᠡᠭᠦᠷᠡᠰᠦ᠂ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠦᠨ ᠬᠠᠮᠳᠦᠪᠡᠷ ᠲᠡᠭᠡᠭᠡᠪᠦᠷᠢ ᠶᠢᠨ ᠮᠠᠰᠢᠨ ᠲᠡᠷᠭᠡ ᠶᠢᠨ ᠬᠡᠮᠵᠢᠶ᠎ᠡ ᠠᠴᠠ ᠬᠡᠳᠦᠷᠡᠳᠡᠯ᠎ᠡ ᠲᠡᠭᠡᠭᠡᠪᠦᠷᠢᠯᠡᠬᠦ ᠠᠵᠢᠯᠯᠠᠭ᠎ᠠ ᠶᠢ ᠴᠡᠭᠴᠡᠯᠡᠨ ᠵᠠᠰᠠᠬᠤ ᠬᠡᠷᠡᠭᠳᠡᠢ᠃        ᠭᠤᠴᠢᠨ ᠲᠤᠯᠦᠳᠦᠭᠠᠷ ᠵᠦᠢᠯ ᠵᠠᠰᠠᠮᠠᠯ ᠵᠠᠮ ᠲᠡᠭᠡᠷ᠎ᠠ ᠰᠤᠯᠪᠢᠴᠠᠬᠰᠠᠨ ᠵᠠᠮ ᠤᠨ ᠠᠭᠤᠯᠵᠠᠷ ᠭᠠᠷᠭᠠᠬᠤ ᠳᠤ᠂ ᠤᠯᠤᠰ ᠤᠨ ᠲᠤᠬᠳᠠᠭᠠᠬᠰᠠᠨ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ ᠳᠤ ᠨᠡᠶᠢᠴᠠᠬᠦ ᠬᠡᠷᠡᠭᠳᠡᠢ ᠪᠦᠭᠡᠳ ᠵᠠᠰᠠᠮᠠᠯ ᠵᠠᠮ ᠤᠨ ᠵᠠᠮ ᠤᠨ ᠵᠠᠬ᠎ᠠ ᠠᠴᠠ ᠡᠬᠢᠯᠡᠨ 30 ᠮᠧᠳ᠋ᠷ ᠠᠴᠠ ᠤᠷᠳᠦ ᠪᠠᠷᠦᠬᠰᠢᠨ ᠪᠤᠶᠥ ᠪᠧᠲ᠋ᠤᠨ ᠵᠠᠮ ᠲᠡᠪᠢᠰᠬᠦ ᠬᠡᠷᠡᠭᠳᠡᠢ︔ ᠵᠠᠰᠠᠮᠠᠯ ᠵᠠᠮ ᠳᠡᠭᠡᠷᠡᠬᠢ ᠤᠰᠦ ᠶᠢ ᠭᠠᠳᠠᠬᠰᠢᠯᠠᠬᠤ ᠶᠢ ᠨᠦᠯᠦᠭᠡᠯᠡᠭᠰᠡᠨ ᠪᠤᠯ ᠵᠤᠬᠢᠴᠠᠬᠰᠠᠨ ᠤᠰᠦ ᠭᠠᠳᠠᠬᠰᠢᠯᠠᠭᠤᠯᠬᠤ ᠲᠦᠭᠦᠭᠡᠷᠦᠮᠵᠢ ᠵᠠᠰᠠᠨ ᠪᠠᠶᠢᠭᠤᠯᠬᠤ ᠬᠡᠷᠡᠭᠳᠡᠢ᠃ ᠵᠦᠪᠰᠢᠶᠡᠷᠡᠯ ᠤᠯᠦᠬᠰᠠᠨ ᠬᠦᠮᠦᠨ ᠰᠤᠯᠪᠢᠴᠠᠬᠰᠠᠨ ᠵᠠᠮ ᠤᠨ ᠠᠭᠤᠯᠵᠠᠷ ᠢ ᠪᠢᠳᠡᠭᠦᠮᠵᠢᠯᠡᠬᠦ ᠦᠶᠡᠰ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠳᠤ ᠲᠠᠩᠰᠠᠯᠠᠭᠤᠯᠬᠤ ᠬᠡᠷᠡᠭᠳᠡᠢ᠃        ᠭᠤᠴᠢᠨ ᠨᠠᠢᠮᠠᠳᠦᠭᠠᠷ ᠵᠦᠢᠯ ᠶᠠᠮᠠᠷᠪᠠ ᠨᠢᠭᠡᠴᠨ ᠪᠠ ᠬᠤᠪᠢ ᠬᠦᠮᠦᠨ ᠵᠠᠰᠠᠮᠠᠯ ᠵᠠᠮ ᠲᠡᠭᠡᠷ᠎ᠠ ᠪᠤᠶᠥ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠦᠷ ᠲᠦᠪᠰᠢᠨ ᠢ ᠬᠠᠮᠠᠭᠠᠯᠠᠬᠤ ᠲᠦᠭᠦᠭᠡᠷᠦᠮᠵᠢ᠂ ᠵᠠᠮ ᠬᠠᠷᠢᠯᠴᠠᠭᠠᠨ ᠤ ᠲᠡᠮᠳᠡᠭ ᠪᠠ ᠵᠠᠮ ᠵᠠᠭᠠᠬᠯᠠᠬᠰᠠᠨ ᠮᠤᠳᠦ ᠵᠡᠷᠭᠡ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠲᠡᠭᠡᠷ᠎ᠠ ᠫᠠᠶᠢᠰᠠ ᠢᠯᠡᠷᠬᠡᠶᠢᠯᠡᠯ᠂ ᠵᠠᠷᠯᠠᠯ ᠤᠨ ᠫᠠᠶᠢᠰᠠ᠂ ᠤᠬᠠᠭᠤᠯᠭ᠎ᠠ ᠶᠢᠨ ᠤᠷᠢᠶ᠎ᠠ᠂ ᠢᠯᠡᠷᠬᠡᠶᠢᠯᠡᠯ ᠬᠦᠰᠢᠶ᠎ᠠ ᠵᠡᠷᠭᠡ ᠵᠠᠰᠠᠮᠠᠯ ᠵᠠᠮ ᠲᠡᠭᠡᠷ᠎ᠠ ᠦᠯᠦ ᠬᠡᠷᠡᠭᠯᠡᠬᠦ ᠲᠡᠮᠳᠡᠭ ᠢ ᠲᠤᠷ᠎ᠠ ᠪᠠᠷ ᠡᠯᠬᠦᠨ ᠲᠠᠯᠪᠢᠵᠦ ᠪᠤᠯᠬᠤ ᠦᠬᠡᠢ᠃ ᠵᠠᠮ ᠬᠠᠷᠢᠯᠴᠠᠭᠠᠨ ᠤ ᠠᠮᠦᠷ ᠲᠦᠪᠰᠢᠨ ᠨᠦᠯᠦᠭᠡᠯᠡᠬᠦ ᠦᠭᠡᠢ ᠪᠠᠶᠢᠳᠠᠯ ᠲᠤᠤᠷ᠎ᠠ ᠦᠨᠡᠨᠬᠦ ᠲᠤᠬᠢᠷᠠᠭᠤᠯᠬᠤ ᠴᠢᠬᠤᠯᠨ ᠲᠠᠢ ᠪᠤᠯ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠪᠠᠷ ᠵᠦᠪᠰᠢᠶᠡᠷᠡᠭᠦᠯᠬᠦ ᠬᠡᠷᠡᠭᠳᠡᠢ᠃        ᠭᠤᠴᠢ ᠶᠢᠰᠦᠳᠦᠭᠡᠷ ᠵᠦᠢᠯ ᠵᠠᠰᠠᠮᠠᠯ ᠵᠠᠮ ᠵᠢᠴᠢ ᠲᠠᠭᠠᠯᠳᠠ ᠲᠦᠭᠦᠭᠡᠷᠦᠮᠵᠢ ᠡᠪᠳᠡᠨ ᠰᠦᠢᠳᠭᠡᠭᠳᠡᠵᠦ᠂ ᠬᠠᠤᠯᠢ ᠶᠤᠰᠦᠭᠠᠷ ᠨᠦᠬᠦᠪᠦᠷᠢᠯᠠᠬᠦ ᠪᠤᠶᠥ ᠲᠦᠯᠦᠪᠦᠷᠢᠯᠡᠭᠦᠯᠬᠦ ᠬᠡᠷᠡᠭᠳᠡᠢ ᠪᠤᠯ ᠬᠠᠷᠢᠭᠤᠴᠠᠯᠭ᠎ᠠ ᠲᠠᠢ ᠬᠦᠮᠦᠨ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠳᠤ ᠨᠦᠬᠦᠪᠦᠷᠢᠯᠡᠬᠦ ᠮᠦᠡᠭᠭᠦ ᠪᠤᠶᠥ ᠲᠦᠯᠦᠪᠦᠷᠢ ᠶᠢᠨ ᠮᠦᠡᠭᠭᠦ ᠪᠠᠨ ᠲᠤᠰᠢᠶᠠᠬᠤ ᠬᠡᠷᠡᠭᠳᠡᠢ᠃ ᠨᠦᠭᠦᠪᠦᠷᠢᠯᠡᠬᠦ ᠮᠦᠡᠭᠭᠦ ᠪᠠ ᠲᠦᠯᠦᠪᠦᠷᠢᠯᠡᠬᠦ ᠮᠦᠡᠭᠭᠦ ᠶᠢᠨ ᠪᠠᠷᠢᠮᠵᠢᠶ᠎ᠠ ᠶᠢ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠬᠦᠭᠵᠢᠭᠦᠯᠦᠯᠳᠠ ᠪᠠ ᠦᠭᠡᠷᠡᠴᠢᠯᠡᠯᠳᠠ᠂ ᠡᠳ᠋ ᠤᠨ ᠵᠠᠰᠠᠬ ᠵᠡᠷᠭᠡ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠦᠷᠠᠨ ᠵᠠᠰᠠᠮᠠᠯ ᠵᠠᠮ ᠤᠨ ᠪᠠᠷᠢᠯᠭ᠎ᠠ ᠶᠢᠨ ᠦᠨ᠎ᠠ ᠶᠢᠨ ᠪᠠᠷᠢᠮᠵᠢᠶ᠎ᠠ ᠶᠢ ᠦᠨᠳᠦᠰᠦᠯᠡᠨ ᠲᠤᠬᠳᠠᠭᠠᠨ ᠲᠤᠬᠢᠷᠠᠭᠤᠯᠬᠤ ᠶᠢᠨ ᠬᠠᠮᠳᠦ ᠨᠡᠶᠢᠭᠡᠮ ᠲᠠᠶᠠᠭᠠᠷ ᠲᠤ ᠨᠡᠶᠢᠳᠡᠯᠡᠬᠦ ᠬᠡᠷᠡᠭᠳᠡᠢ᠃        ᠳᠦᠴᠢᠳᠦᠭᠡᠷ ᠵᠦᠢᠯ ᠵᠠᠰᠠᠮᠠᠯ ᠵᠠᠮ ᠢ ᠡᠵᠡᠩᠨᠠᠨ ᠬᠠᠮᠢᠶᠠᠷᠦᠬᠴᠢ᠂ ᠬᠡᠷᠡᠭᠯᠡᠭᠴᠢ ᠪᠠ ᠪᠤᠰᠦᠳ ᠬᠤᠯᠪᠤᠬᠳᠠᠯ ᠪᠦᠬᠦᠢ ᠨᠢᠭᠡᠴᠨ᠂ ᠬᠤᠪᠢ ᠬᠦᠮᠦᠨ ᠨᠢ ᠵᠠᠮ ᠤᠨ ᠬᠢᠨᠠᠨ ᠬᠠᠮᠢᠶᠠᠷᠦᠬᠴᠢ ᠶᠢᠨ ᠬᠠᠤᠯᠢ ᠶᠤᠰᠦᠭᠠᠷ ᠬᠡᠷᠡᠭᠵᠢᠭᠦᠯᠵᠦ ᠪᠠᠶᠢᠭ᠎ᠠ ᠬᠢᠨᠠᠯᠳᠠ ᠪᠠᠶᠢᠴᠠᠭᠠᠯᠳᠠ ᠶᠢ ᠬᠦᠯᠢᠶᠡᠬᠦ ᠪᠦᠭᠡᠳ ᠲᠠᠳᠠᠨ ᠳᠤ ᠲᠦᠭᠦᠮ ᠦᠵᠡᠭᠦᠯᠬᠦ ᠬᠡᠷᠡᠭᠳᠡᠢ᠃ ᠵᠠᠰᠠᠮᠠᠯ ᠵᠠᠮ ᠤᠨ ᠬᠢᠨᠠᠨ ᠪᠠᠶᠢᠴᠠᠭᠠᠬᠤ ᠠᠵᠢᠯᠳᠠᠨ ᠠᠯᠪᠠᠨ ᠶᠠᠪᠦᠳᠠᠯ ᠢᠶᠠᠨ ᠬᠦᠢᠴᠡᠳᠭᠡᠬᠦ ᠦᠶᠡᠰ ᠲᠡᠮᠳᠡᠭ ᠢᠶᠠᠨ ᠵᠡᠭᠦᠨ᠂ ᠦᠨᠡᠮᠯᠡᠯ ᠢᠶᠠᠨ ᠠᠪᠴᠦ᠂ ᠬᠠᠤᠯᠢ ᠪᠠᠷ ᠲᠤᠬᠳᠠᠭᠠᠬᠰᠠᠨ ᠡᠮᠬᠢ ᠲᠠᠷᠠᠭᠠᠯᠠᠯ ᠢ ᠴᠢᠩᠭ᠎ᠠ ᠬᠡᠷᠡᠭᠵᠢᠭᠦᠯᠬᠦ ᠬᠡᠷᠡᠭᠳᠡᠢ᠃ ᠵᠠᠰᠠᠮᠠᠯ ᠵᠠᠮ ᠢ ᠬᠢᠨᠠᠨ ᠪᠠᠶᠢᠴᠠᠭᠠᠬᠤ ᠳᠤ ᠲᠤᠰᠬᠠᠢ ᠬᠡᠷᠡᠭᠯᠡᠬᠦ ᠮᠠᠰᠢᠨ ᠲᠡᠷᠭᠡ ᠳᠤ ᠨᠢᠭᠡᠳᠦᠯᠳᠡᠢ ᠲᠡᠮᠳᠡᠭ ᠪᠠ ᠰᠡᠷᠡᠮᠵᠢᠭᠦᠯᠬᠦ ᠳ᠋ᠧᠩ ᠲᠤᠬᠢᠷᠠᠭᠤᠯᠬᠤ ᠬᠡᠷᠡᠭᠳᠡᠢ᠃        ᠵᠢᠷᠭᠤᠳᠦᠭᠠᠷ ᠪᠦᠯᠦᠭ ᠰᠦᠢᠳᠭᠡᠯ ᠬᠤᠷᠢᠶᠠᠬᠤ ᠵᠠᠰᠠᠮᠠᠯ ᠵᠠᠮ        ᠲᠦᠴᠢᠨ ᠨᠢᠭᠡᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠤᠯᠦᠰ ᠪᠠ ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠬᠦᠭᠵᠢᠯᠳᠠ ᠶᠢᠨ ᠲᠦᠯᠦᠪᠵᠢᠭᠦᠯᠭᠡ ᠶᠢ ᠦᠨᠳᠦᠰᠦᠯᠡᠨ᠂ ᠪᠠᠶᠢᠭᠤᠯᠬᠤ ᠪᠠᠷ ᠵᠢᠱᠢᠵᠦ ᠪᠠᠶᠢᠭ᠎ᠠ ᠰᠦᠢᠳᠭᠡᠯ ᠬᠤᠷᠢᠶᠠᠬᠤ ᠵᠠᠰᠠᠮᠠᠯ ᠵᠠᠮ ᠤᠨ ᠲᠦᠷᠦᠯ ᠵᠦᠢᠯ ᠤᠨ ᠲᠦᠰᠦᠪ ᠲᠤᠷᠠᠳᠴᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠳᠤ ᠮᠡᠳᠡᠭᠦᠯᠦᠨ ᠵᠦᠪᠰᠢᠶᠡᠷᠡᠭᠦᠯᠬᠦ ᠬᠡᠷᠡᠭᠳᠡᠢ᠃ ᠪᠠᠶᠢᠭᠤᠯᠬᠤ ᠪᠠᠷ ᠵᠢᠱᠢᠵᠦ ᠪᠠᠶᠢᠭ᠎ᠠ ᠰᠦᠢᠳᠭᠡᠯ ᠬᠤᠷᠢᠶᠠᠬᠤ ᠵᠠᠰᠠᠮᠠᠯ ᠵᠠᠮ ᠤᠨ ᠲᠦᠷᠦᠯ ᠵᠦᠢᠯ ᠤᠨ ᠲᠦᠰᠦᠪ ᠨᠢ ᠰᠦᠢᠳᠭᠡᠯ ᠬᠤᠷᠢᠶᠠᠬᠤ ᠵᠠᠰᠠᠮᠠᠯ ᠵᠠᠮ ᠤᠨ ᠪᠠᠶᠢᠭᠤᠯᠦᠯᠳᠠ ᠶᠢᠨ ᠬᠡᠪᠴᠢᠶ᠎ᠠ᠂ ᠮᠡᠷᠭᠡᠵᠢᠯ ᠤᠨ ᠵᠡᠷᠭᠡ ᠲᠡᠰ᠂ ᠲᠦᠰᠦᠭᠡᠯᠡᠨ ᠪᠤᠳᠦᠬᠰᠠᠨ ᠪᠡᠯᠨ ᠤᠷᠤᠭᠤᠯᠦᠯᠳᠠ᠂ ᠡᠵᠡᠩᠨᠠᠯᠳᠠ ᠶᠢᠨ ᠰᠢᠨᠵᠢ ᠴᠢᠨᠠᠷ᠂ ᠰᠦᠢᠳᠭᠡᠯ ᠬᠤᠷᠢᠶᠠᠬᠤ ᠪᠠᠷᠢᠮᠵᠢᠶ᠎ᠠ᠂ ᠰᠦᠢᠳᠭᠡᠯ ᠬᠤᠷᠢᠶᠠᠬᠤ ᠬᠤᠭᠤᠴᠠᠭ᠎ᠠ᠂ ᠰᠦᠢᠳᠭᠡᠯ ᠬᠤᠷᠢᠶᠠᠬᠤ ᠦᠷᠳᠡᠭᠡ ᠴᠢᠭ᠋ ᠤᠨ ᠪᠠᠶᠢᠷᠢᠯᠠᠭᠤᠯᠦᠯᠳᠠ ᠵᠡᠷᠭᠡ ᠠᠭᠤᠯᠭ᠎ᠠ ᠶᠢ ᠪᠠᠭᠳᠠᠭᠠᠨ᠎ᠠ᠃        ᠳᠥᠴᠢᠨ ᠬᠤᠶᠠᠳᠦᠭᠠᠷ ᠵᠦᠢᠯ ᠰᠦᠢᠳᠭᠡᠯ ᠬᠤᠷᠢᠶᠠᠬᠤ ᠵᠠᠰᠠᠮᠠᠯ ᠵᠠᠮ ᠤᠨ ᠰᠦᠢᠳᠭᠡᠯ ᠬᠤᠷᠢᠶᠠᠬᠤ ᠦᠷᠳᠡᠭᠡ ᠶᠢᠨ ᠪᠠᠶᠢᠷᠢᠯᠠᠭᠤᠯᠦᠯᠳᠠ ᠨᠢ ᠤᠯᠦᠰ ᠤᠨ ᠲᠤᠬᠳᠠᠭᠠᠯ ᠲᠠᠢ ᠨᠡᠶᠢᠴᠠᠬᠦ ᠠᠴᠠ ᠭᠠᠳᠠᠨ᠎ᠠ᠂ ᠪᠠᠰᠠ ᠲᠤᠤᠷᠠᠬᠢ ᠲᠤᠬᠳᠠᠭᠠᠯ ᠲᠠᠢ ᠨᠡᠶᠢᠴᠡᠬᠦ ᠬᠡᠷᠡᠭᠳᠡᠢ᠄ ︵ᠨᠢᠭᠡ︶ ᠬᠠᠷᠢᠯᠴᠠᠠ ᠵᠠᠯᠭᠠᠯᠳᠦᠬᠰᠠᠨ ᠲᠦᠷᠭᠡᠨ ᠵᠠᠮ ᠡᠯᠧᠺᠳ᠋ᠷᠣᠨ ᠪᠤᠳᠦᠯᠭ᠎ᠠ ᠶᠢᠨ ᠮᠠᠰᠢᠨ ᠤ ᠲᠤᠤᠷ ᠢᠶᠠᠷ ᠰᠦᠢᠳᠭᠡᠯ ᠬᠤᠷᠢᠶᠠᠬᠤ ᠶᠢ ᠬᠡᠷᠡᠭᠵᠢᠭᠦᠯᠵᠦ᠂ ᠨᠢᠬᠡᠳᠦᠯᠳᠡᠢ ᠳ᠋ᠦᠡᠭᠨᠠᠨ ᠪᠤᠳᠦᠵᠦ᠂ ᠬᠠᠷᠢᠯᠴᠠᠨ ᠵᠠᠯᠭᠠᠯᠳᠦᠬᠰᠠᠨ ᠭᠠᠵᠠᠷ ᠲᠤ ᠰᠦᠢᠳᠭᠡᠯ ᠬᠤᠷᠢᠶᠠᠬᠤ ᠦᠷᠳᠡᠭᠡ ᠪᠠᠶᠢᠷᠢᠯᠠᠭᠤᠯᠵᠦ ᠪᠤᠯᠬᠤ ᠦᠬᠡᠢ᠃ ︵ᠬᠤᠶᠠᠷ︶ ᠠᠳᠠᠯᠢ ᠨᠢᠭᠡ ᠰᠦᠢᠳᠭᠡᠯ ᠬᠤᠷᠢᠶᠠᠬᠤ ᠵᠠᠰᠠᠮᠠᠯ ᠵᠠᠮ ᠲᠡᠭᠡᠷᠡᠬᠢ ᠦᠭᠡᠷᠡᠴᠢᠯᠠᠨ ︵ᠦᠷᠭᠡᠳᠭᠡᠨ︶ ᠪᠠᠶᠢᠭᠤᠯᠦᠬᠰᠠᠨ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠲᠦᠷᠦᠯ ᠵᠦᠢᠯ ᠤᠨ ᠬᠤᠷᠢᠶᠠᠬᠤ ᠰᠦᠢᠳᠭᠡᠯ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠦᠪᠰᠢᠶᠡᠷᠡᠯ ᠢᠶᠠᠷ᠂ ᠤᠤᠯ ᠤᠨ ᠪᠠᠶᠢᠬᠰᠠᠨ ᠰᠦᠢᠳᠭᠡᠯ ᠬᠤᠷᠢᠶᠠᠬᠤ ᠦᠷᠳᠡᠭᠡ ᠪᠠᠷ ᠬᠤᠷᠢᠶᠠᠯᠭᠠᠵᠦ ᠪᠤᠯᠬᠤ ᠪᠦᠭᠡᠳ ᠤᠷᠤᠯᠭ᠎ᠠ ᠪᠠᠨ ᠡᠯ᠎ᠠ ᠪᠠᠯᠨ ᠤᠷᠤᠭᠤᠯᠦᠬᠴᠢ ᠶᠢᠨ ᠪᠠᠯᠨ ᠤᠷᠤᠭᠤᠯᠦᠯᠳᠠ ᠶᠢᠨ ᠪᠠᠶᠢᠳᠠᠯ ᠢᠶᠠᠷ ᠬᠤᠪᠢᠶᠠᠷᠢᠯᠠᠵᠦ ᠪᠤᠯᠦᠨ᠎ᠠ᠃ ︵ᠭᠤᠷᠪᠠ︶ ᠰᠦᠢᠳᠭᠡᠯ ᠬᠤᠷᠢᠶᠠᠬᠤ ᠦᠷᠳᠡᠭᠡᠨ ᠤ ᠲᠡᠷᠭᠡᠨ ᠵᠠᠮ ᠲᠡᠭᠡᠷ᠎ᠠ ᠲᠡᠷᠭᠡ ᠵᠤᠬᠰᠦᠭᠠᠨ ᠪᠢᠯᠧᠲ ᠪᠠᠶᠢᠴᠠᠭᠠᠬᠤ ᠦᠷᠳᠡᠭᠡ ᠪᠠᠶᠢᠷᠢᠯᠠᠭᠤᠯᠵᠦ ᠪᠤᠯᠬᠤ ᠦᠬᠡᠢ᠃ ︵ᠲᠦᠷᠪᠡ︶ ᠵᠦᠪᠰᠢᠶᠡᠷᠡᠯ ᠢᠶᠠᠷ ᠲᠠᠮᠵᠢᠨ ᠰᠢᠨ᠎ᠠ ᠪᠠᠷ ᠪᠠᠶᠢᠷᠢᠯᠠᠭᠤᠯᠦᠬᠰᠠᠠ ᠰᠦᠢᠳᠭᠡᠯ ᠬᠤᠷᠢᠶᠠᠬᠤ ᠦᠷᠳᠡᠭᠡ ᠤᠨᠴᠠᠭᠠᠢ ᠦᠷᠭᠡᠨ ᠵᠠᠮ ᠲᠤᠬᠢᠷᠠᠭᠤᠯᠵᠦ᠂ ᠤᠴᠠᠭᠠᠢ ᠦᠷᠭᠡᠨ ᠪᠤᠶᠥ ᠤᠨᠴᠠ ᠲᠦᠷᠦᠯ ᠤᠨ ᠮᠠᠰᠢᠨ ᠲᠡᠷᠭᠡ ᠨᠡᠪᠳᠡᠷᠡᠬᠦ ᠳᠤ ᠲᠦᠭᠦᠮ ᠦᠵᠡᠭᠦᠯᠬᠦ ᠬᠡᠷᠡᠭᠳᠡᠢ᠃        ᠲᠦᠴᠢᠨ ᠭᠤᠷᠪᠠᠳᠦᠭᠠᠷ ᠵᠦᠢᠯ ᠰᠦᠢᠳᠭᠡᠯ ᠬᠤᠷᠢᠶᠠᠬᠤ ᠵᠠᠰᠠᠮᠠᠯ ᠵᠠᠮ ᠤᠨ ᠰᠦᠢᠳᠬᠡᠯ ᠬᠤᠷᠢᠶᠠᠬᠤ ᠬᠤᠭᠤᠴᠠᠭ᠎ᠠ ᠲᠠᠭᠤᠰᠪᠠᠯ᠂ ᠰᠦᠢᠳᠭᠡᠯ ᠬᠤᠷᠢᠶᠠᠬᠤ ᠪᠠᠨ ᠡᠷᠬᠡᠪᠰᠢ ᠵᠤᠬᠰᠦᠭᠠᠬᠤ ᠬᠡᠷᠡᠭᠳᠡᠢ᠃ ᠵᠠᠰᠠᠬ ᠤᠨ ᠤᠷᠳᠦᠨ ᠠᠴᠠ ᠵᠢᠭᠡᠯᠡᠯᠭᠡ ᠪᠤᠴᠠᠭᠠᠬᠤ ᠵᠠᠰᠠᠮᠠᠯ ᠵᠠᠮ ᠤᠨ ᠰᠦᠢᠳᠭᠡᠯ ᠬᠤᠷᠢᠶᠠᠬᠤ ᠵᠦᠪᠰᠢᠶᠡᠷᠡᠯ ᠤᠨ ᠬᠤᠭᠤᠴᠠᠭ᠎ᠠ ᠲᠠᠭᠤᠰᠬᠤ ᠠᠴᠠ ᠡᠮᠦᠨ᠎ᠠ᠂ ᠵᠢᠭᠡᠯᠡᠯᠭᠡ ᠶᠢᠨ ᠮᠦᠡᠭᠭᠦ ᠪᠤᠶᠥ ᠴᠤᠬᠯᠠᠭᠤᠯᠦᠬᠰᠠᠨ ᠪᠠᠯᠨ ᠮᠦᠡᠭᠭᠦ ᠪᠠᠨ ᠨᠢᠭᠡᠨᠳᠠ ᠪᠤᠴᠠᠭᠠᠬᠰᠠᠨ ᠪᠤᠯ᠂ ᠰᠦᠢᠳᠭᠡᠯ ᠬᠤᠷᠢᠶᠠᠬᠤ ᠪᠠᠨ ᠡᠷᠬᠡᠪᠰᠢ ᠵᠤᠬᠰᠦᠭᠠᠬᠤ ᠬᠡᠷᠡᠭᠳᠡᠢ᠃ ᠰᠦᠢᠳᠭᠡᠯ ᠬᠤᠷᠢᠶᠠᠬᠤ ᠵᠠᠰᠠᠮᠠᠯ ᠵᠠᠮ ᠰᠦᠢᠳᠭᠡᠯ ᠬᠤᠷᠢᠶᠠᠬᠤ ᠪᠠᠨ ᠵᠤᠬᠰᠦᠭᠠᠬᠰᠠᠨ ᠪᠤᠯ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠨᠡᠶᠢᠭᠡᠮ ᠲᠠᠶᠠᠭᠠᠷ ᠲᠤ ᠵᠠᠷᠯᠠᠵᠦ ᠂ ᠰᠦᠢᠳᠭᠡᠯ ᠬᠤᠷᠢᠶᠠᠬᠤ ᠶᠢ ᠵᠤᠬᠰᠦᠭᠠᠬᠤ ᠡᠳᠦᠷ ᠢ ᠲᠤᠬᠳᠠᠭᠠᠨ᠂ ᠨᠡᠶᠢᠭᠡᠮ ᠲᠠᠶᠠᠭᠠᠷ ᠤᠨ ᠬᠢᠨᠠᠯᠳᠠ ᠶᠢ ᠬᠦᠯᠢᠶᠡᠬᠦ ᠬᠡᠷᠡᠭᠳᠡᠢ᠃        ᠲᠦᠴᠢᠨ ᠲᠦᠷᠪᠡᠳᠦᠭᠡᠷ ᠵᠦᠢᠯ ᠰᠦᠢᠳᠭᠡᠯ ᠬᠤᠷᠢᠶᠠᠬᠤ ᠵᠠᠰᠠᠮᠠᠯ ᠵᠠᠮ ᠰᠦᠢᠳᠭᠡᠯ ᠬᠤᠷᠢᠶᠠᠬᠤ ᠪᠠᠨ ᠵᠤᠬᠰᠦᠭᠠᠬᠰᠠᠨ ᠤ ᠲᠠᠷᠠᠭ᠎ᠠ᠂ ᠰᠦᠢᠳᠭᠡᠯ ᠬᠤᠷᠢᠶᠠᠬᠤ ᠵᠠᠰᠠᠮᠠᠯ ᠵᠠᠮ ᠤᠨ ᠡᠵᠡᠩᠨᠠᠨ ᠬᠠᠮᠢᠶᠠᠷᠦᠬᠴᠢ ᠰᠦᠢᠳᠭᠡᠯ ᠬᠤᠷᠢᠶᠠᠬᠤ ᠪᠠᠨ ᠵᠤᠬᠰᠦᠭᠠᠬᠤ ᠡᠳᠦᠷ ᠠᠴᠠ ᠡᠬᠢᠯᠡᠨ ᠠᠷᠪᠠᠨ ᠲᠠᠪᠦᠨ ᠡᠳᠦᠷ ᠤᠨ ᠲᠤᠳᠦᠷ᠎ᠠ ᠰᠦᠢᠳᠭᠡᠯ ᠬᠤᠷᠢᠶᠠᠬᠤ ᠲᠦᠭᠦᠭᠡᠷᠦᠮᠵᠢ ᠶᠢ ᠨᠤᠷᠠᠭᠠᠬᠤ ᠬᠡᠷᠡᠭᠳᠡᠢ᠃        ᠲᠦᠴᠢᠨ ᠲᠠᠪᠦᠳᠦᠭᠠᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠲᠤᠰ ᠵᠠᠰᠠᠬ ᠵᠠᠬᠢᠷᠭᠠᠨ ᠤ ᠤᠷᠤᠨ ᠲᠤᠳᠦᠷᠠᠬᠢ ᠰᠦᠢᠳᠭᠡᠯ ᠬᠤᠷᠢᠶᠠᠬᠤ ᠵᠠᠰᠠᠮᠠᠯ ᠵᠠᠮ ᠵᠢᠴᠢ ᠰᠦᠢᠳᠭᠡᠯ ᠬᠤᠷᠢᠶᠠᠬᠤ ᠦᠷᠳᠡᠭᠡᠨ ᠤ ᠨᠡᠷ᠎ᠠ᠂ ᠰᠦᠢᠳᠭᠡᠯ ᠬᠤᠷᠢᠶᠠᠬᠤ ᠨᠢᠭᠡᠴᠨ᠂ ᠰᠦᠢᠳᠭᠡᠯ ᠬᠤᠷᠢᠶᠠᠬᠤ ᠪᠠᠷᠢᠮᠵᠢᠶ᠎ᠠ᠂ ᠰᠦᠢᠳᠭᠡᠯ ᠬᠤᠷᠢᠶᠠᠬᠤ ᠬᠤᠭᠤᠴᠠᠭᠠᠨ ᠤ ᠬᠢᠵᠠᠭᠠᠷ ᠵᠡᠷᠭᠡ ᠮᠡᠳᠡᠭᠡ ᠵᠠᠩᠭᠢ ᠶᠢ ᠨᠡᠶᠢᠭᠡᠮ ᠲᠠᠶᠠᠭᠠᠷ ᠲᠤ ᠨᠡᠶᠢᠳᠡᠯᠠᠵᠦ᠂ ᠨᠡᠶᠢᠭᠡᠮ ᠲᠠᠶᠠᠭᠠᠷ ᠤᠨ ᠬᠢᠨᠠᠯᠳᠠ ᠶᠢ ᠬᠦᠯᠢᠶᠡᠭᠦ ᠬᠡᠷᠡᠭᠳᠡᠢ᠃        ᠲᠦᠴᠢᠨ ᠵᠢᠷᠭᠤᠳᠦᠭᠠᠷ ᠵᠦᠢᠯ ᠰᠦᠢᠳᠭᠡᠯ ᠬᠤᠷᠢᠶᠠᠬᠤ ᠵᠠᠰᠠᠮᠠᠯ ᠵᠠᠮ ᠢ ᠡᠵᠡᠩᠨᠠᠨ ᠬᠠᠮᠢᠶᠠᠷᠦᠬᠴᠢ ᠲᠤᠤᠷᠠᠬᠢ ᠲᠤᠬᠳᠠᠭᠠᠯ ᠢ ᠵᠢᠷᠦᠮᠯᠡᠬᠤ ᠬᠡᠷᠡᠭᠳᠡᠢ᠄ ︵ᠨᠢᠭᠡ︶ ᠲᠤᠬᠳᠠᠭᠠᠬᠰᠠᠨ ᠰᠦᠢᠳᠭᠡᠯ ᠬᠤᠷᠢᠶᠠᠬᠤ ᠪᠠᠷᠢᠮᠵᠢᠶ᠎ᠠ ᠪᠠ ᠰᠦᠢᠳᠭᠡᠯ ᠬᠤᠷᠢᠶᠠᠬᠤ ᠠᠷᠭ᠎ᠠ ᠬᠡᠯᠪᠡᠷᠢ ᠪᠠᠷ ᠮᠠᠰᠢᠨ ᠲᠡᠷᠭᠡ ᠠᠴᠠ ᠨᠡᠪᠳᠡᠷᠡᠬᠦ ᠰᠦᠢᠳᠭᠡᠯ ᠬᠤᠷᠢᠶᠠᠬᠤ ᠬᠡᠷᠡᠭᠳᠡᠢ︔ ︵ᠬᠤᠶᠠᠷ︶ ᠲᠤᠬᠳᠠᠭᠠᠯ ᠶᠤᠰᠦᠭᠠᠷ ᠰᠦᠢᠳᠭᠡᠯ ᠬᠤᠷᠢᠶᠠᠬᠰᠠᠨ ᠫᠢᠶᠤᠤ ᠪᠠᠷᠢᠮᠳᠠ ᠭᠠᠷᠭᠠᠨ ᠦᠭᠬᠦ ᠬᠡᠷᠡᠭᠳᠡᠢ︔ ︵ᠭᠤᠷᠪᠠ︶ ᠵᠠᠷᠯᠠᠬᠰᠠᠨ ᠵᠢᠷᠦᠮᠵᠢᠯ ᠶᠤᠰᠦᠭᠠᠷ ᠵᠠᠷᠯᠠᠯ ᠤᠨ ᠫᠠᠶᠢᠰᠠ ᠪᠠᠶᠢᠷᠢᠯᠠᠭᠤᠯᠬᠤ ᠬᠡᠷᠡᠭᠳᠡᠢ︔ ︵ᠲᠦᠷᠪᠡ︶ ᠵᠠᠮ ᠤᠨ ᠪᠠᠶᠢᠳᠠᠯ᠂ ᠨᠡᠪᠳᠡᠷᠡᠵᠦ ᠪᠠᠶᠢᠭ᠎ᠠ ᠪᠠᠶᠢᠳᠠᠯ ᠪᠠ ᠤᠷᠢᠳᠴᠢᠯᠠᠨ ᠰᠡᠷᠡᠮᠵᠢᠯᠡᠭᠦᠯᠦᠭᠰᠡᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠩᠭᠠᠬᠤ ᠬᠡᠷᠡᠭᠳᠡᠢ︔ ︵ᠲᠠᠪᠦ︶ ᠪᠠᠷᠢᠮᠵᠢᠶ᠎ᠠ ᠵᠢᠷᠦᠮᠵᠢᠯ ᠶᠤᠰᠦᠭᠠᠷ ᠦᠢᠯᠡᠴᠢᠯᠡᠭᠡᠨ ᠤ ᠲᠤᠭᠤᠷᠢᠬ ᠤᠨ ᠪᠦᠳᠦᠭᠡᠨ ᠪᠠᠶᠢᠭᠤᠯᠦᠯᠳᠠ ᠪᠠ ᠬᠠᠮᠢᠶᠠᠷᠦᠯᠳᠠ ᠪᠠᠨ ᠴᠢᠩᠭᠠᠳᠬᠠᠬᠤ ᠬᠡᠷᠡᠭᠳᠡᠢ᠃ ᠵᠠᠮ ᠨᠡᠪᠳᠡᠷᠡᠯᠭᠡ ᠶᠢᠨ ᠲᠠᠷᠦᠭᠠᠰᠦ ᠶᠡᠬᠡᠳᠴᠦ᠂ ᠮᠠᠰᠢᠨ ᠲᠡᠷᠭᠡ ᠨᠡᠪᠳᠡᠷᠡᠬᠦ ᠶᠢ ᠨᠦᠯᠦᠭᠡᠯᠡᠭᠰᠡᠨ ᠪᠠᠶᠢᠳᠠᠯ ᠲᠤᠯᠭᠠᠷᠠᠪᠠᠯ᠂ ᠰᠦᠢᠳᠭᠡᠯ ᠬᠤᠷᠢᠶᠠᠬᠤ ᠵᠠᠮ ᠢ ᠡᠵᠡᠩᠨᠠᠨ ᠬᠠᠮᠢᠶᠠᠷᠦᠬᠴᠢ ᠴᠠᠭ ᠲᠤᠬᠠᠢ ᠳᠤᠨᠢ ᠮᠠᠰᠢᠨ ᠲᠡᠷᠭᠡ ᠰᠠᠭᠠᠳ ᠦᠭᠡᠢ ᠪᠠᠷ ᠨᠡᠪᠳᠡᠷᠡᠬᠦ ᠠᠷᠭ᠎ᠠ ᠬᠡᠮᠵᠢᠶ᠎ᠠ ᠠᠪᠬᠤ ᠬᠡᠷᠡᠭᠳᠡᠢ᠃        ᠲᠦᠴᠢᠨ ᠲᠤᠯᠦᠳᠦᠭᠠᠷ ᠵᠦᠢᠯ ᠰᠦᠢᠳᠭᠡᠯ ᠬᠤᠷᠢᠶᠠᠬᠤ ᠵᠠᠰᠠᠮᠠᠯ ᠵᠠᠮ ᠲᠡᠭᠡᠷ᠎ᠠ ᠶᠠᠪᠦᠵᠦ ᠪᠠᠶᠢᠭ᠎ᠠ ᠮᠠᠰᠢᠨ ᠲᠡᠷᠭᠡ ᠲᠤᠬᠳᠠᠭᠠᠯ ᠶᠤᠰᠦᠭᠠᠷ ᠨᠡᠪᠳᠡᠷᠡᠬᠦ ᠰᠦᠢᠳᠭᠡᠯ ᠲᠤᠰᠢᠶᠠᠬᠤ ᠬᠡᠷᠡᠭᠳᠡᠢ᠃ ᠰᠦᠢᠳᠭᠡᠯ ᠬᠤᠷᠢᠶᠠᠬᠤ ᠵᠠᠰᠠᠮᠠᠯ ᠵᠠᠮ ᠤᠨ ᠡᠵᠡᠩᠨᠠᠨ ᠬᠠᠮᠢᠶᠠᠷᠦᠬᠴᠢ ᠨᠢ ᠬᠠᠤᠯᠢ ᠶᠤᠰᠦᠭᠠᠷ ᠲᠤᠰᠢᠶᠠᠬᠤ ᠶᠤᠰᠦᠳᠠᠢ ᠨᠡᠪᠳᠡᠷᠡᠬᠦ ᠰᠦᠢᠳᠭᠡᠯ ᠢᠶᠠᠨ ᠲᠤᠰᠢᠶᠠᠬᠤ ᠶᠢ ᠲᠡᠪᠴᠢᠭᠰᠡᠨ᠂ ᠲᠤᠰᠢᠶᠠᠬᠤ ᠦᠭᠡᠢ ᠪᠠᠷ ᠲᠤᠳᠠᠭᠠᠬᠰᠠᠨ᠂ ᠲᠤᠳᠠᠭᠤ ᠲᠤᠰᠢᠶᠠᠬᠰᠠᠨ ᠮᠠᠰᠢᠨ ᠲᠡᠷᠭᠡ ᠶᠢ ᠦᠯᠦ ᠨᠡᠪᠳᠡᠷᠡᠭᠦᠯᠬᠦ ᠡᠷᠭᠡ ᠲᠠᠢ ᠪᠦᠭᠡᠳ ᠲᠤᠰᠢᠶᠠᠬᠤ ᠶᠤᠰᠦᠳᠠᠢ ᠨᠡᠪᠳᠡᠷᠡᠬᠦ ᠰᠦᠢᠳᠭᠡᠯ ᠢ ᠨᠦᠬᠦᠵᠦ ᠲᠤᠰᠢᠶᠠᠯᠭᠠᠬᠤ ᠪᠠᠷ ᠱᠠᠭᠠᠷᠳᠠᠵᠦ ᠪᠤᠯᠦᠨ᠎ᠠ᠃ ᠰᠦᠢᠳᠭᠡᠯ ᠬᠤᠷᠢᠶᠠᠬᠤ ᠵᠠᠰᠠᠮᠠᠯ ᠵᠠᠮ ᠤᠨ ᠡᠵᠡᠩᠨᠠᠨ ᠬᠠᠮᠢᠶᠠᠷᠦᠬᠴᠢ ᠨᠡᠪᠳᠡᠷᠡᠬᠦ ᠺᠡᠷᠲ ᠦᠭᠡᠢ ᠪᠤᠶᠥ ᠨᠡᠪᠳᠡᠷᠡᠬᠦ ᠺᠠᠷᠲ ᠨᠢ ᠡᠪᠳᠡᠭᠳᠡᠨ ᠰᠦᠢᠳᠴᠦ ᠢᠯᠭᠠᠨ ᠲᠠᠨᠢᠬᠤ ᠠᠷᠭ᠎ᠠ ᠦᠭᠡᠢ ᠪᠤᠯᠦᠬᠰᠠᠨ ᠦᠷᠳᠡᠭᠡᠨ ᠳᠤ ᠤᠷᠤᠬᠰᠠᠨ ᠮᠠᠰᠢᠨ ᠲᠡᠷᠭᠡ ᠪᠠ ᠲᠡᠷᠭᠡ ᠵᠤᠬᠰᠦᠬᠤ ᠦᠭᠡᠢ ᠪᠠᠷ ᠰᠦᠢᠳᠭᠡᠯ ᠬᠤᠷᠢᠶᠠᠬᠤ ᠲᠡᠷᠭᠡᠨ ᠵᠠᠮ ᠢᠶᠠᠷ ᠦᠡᠭᠭᠡᠷᠡᠭᠰᠡᠨ ᠡᠯᠧᠺᠳ᠋ᠷᠣᠨ ᠲᠡᠮᠳᠡᠭ ᠦᠭᠡᠢ ᠮᠠᠰᠢᠨ ᠲᠡᠷᠭᠡᠨ ᠠᠴᠠ ᠲᠤᠰ ᠵᠠᠰᠠᠮᠠᠯ ᠵᠠᠮ ᠤᠨ ᠬᠠᠮᠤᠬ ᠤᠨ ᠬᠤᠯᠨ ᠦᠷᠳᠡᠭᠡ ᠠᠴᠠ ᠲᠤᠰ ᠦᠷᠳᠡᠭᠡ ᠬᠦᠷᠬᠦ ᠵᠠᠢ ᠶᠤᠰᠦᠭᠠᠷ ᠨᠡᠪᠳᠡᠷᠬᠦ ᠰᠦᠢᠳᠭᠡᠯ ᠬᠤᠷᠢᠶᠠᠬᠤ ᠡᠷᠭᠡ ᠲᠠᠢ᠃        ᠲᠦᠴᠢᠨ ᠨᠠᠢᠮᠠᠳᠦᠭᠠᠷ ᠵᠦᠢᠯ ᠵᠠᠰᠠᠬ ᠤᠨ ᠤᠷᠳᠦᠨ ᠠᠴᠠ ᠵᠢᠭᠡᠯᠡᠯᠭᠡ ᠪᠤᠴᠠᠭᠠᠬᠤ ᠵᠠᠰᠠᠮᠠᠯ ᠵᠠᠮ ᠤᠨ ᠮᠠᠰᠢᠨ ᠲᠡᠷᠭᠡᠨ ᠤ ᠨᠡᠪᠳᠡᠷᠡᠬᠦ ᠰᠦᠢᠳᠭᠡᠯ ᠤᠨ ᠤᠷᠤᠯᠭ᠎ᠠ ᠶᠢ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠬ ᠤᠨ ᠲᠤᠰᠬᠠᠢ ᠡᠷᠦᠭᠡ ᠳᠤ ᠬᠠᠳᠠᠭᠠᠯᠠᠵᠦ᠂ ᠤᠷᠤᠯᠭ᠎ᠠ ᠵᠠᠷᠦᠯᠭ᠎ᠠ ᠶᠢᠨ ᠬᠠᠮᠢᠶᠠᠷᠦᠯᠳᠠ ᠶᠢ ᠴᠢᠩᠭ᠎ᠠ ᠪᠠᠷ ᠬᠡᠷᠡᠭᠵᠢᠭᠦᠯᠵᠦ᠂ ᠰᠦᠢᠳᠭᠡᠯ ᠬᠤᠷᠢᠶᠠᠬᠤ ᠵᠠᠰᠠᠮᠠᠯ ᠵᠠᠮ ᠤᠨ ᠬᠠᠮᠢᠶᠠᠷᠦᠯᠳᠠ ᠪᠠ ᠠᠷᠠᠴᠢᠯᠠᠨ ᠬᠠᠮᠠᠭᠠᠯᠠᠯᠳᠠ ᠳᠤ ᠬᠡᠷᠡᠭᠯᠡᠬᠦ ᠴᠢᠬᠤᠯᠨ ᠪᠦᠬᠦᠢ ᠵᠠᠷᠦᠳᠠᠯ ᠢ ᠡᠳ᠋ ᠤᠨ ᠵᠠᠰᠠᠬ ᠤᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠰᠡᠨ ᠮᠠᠰᠢᠨ ᠲᠡᠷᠭᠡᠨ ᠤ ᠨᠡᠪᠳᠡᠷᠡᠬᠦ ᠰᠦᠢᠳᠭᠡᠯ ᠤᠨ ᠲᠦᠰᠦᠪ ᠠᠴᠠ ᠭᠠᠷᠭᠠᠬᠤ ᠠᠴᠠ ᠪᠤᠰᠦᠳ ᠢ ᠪᠦᠬᠦᠨ ᠢ ᠵᠢᠭᠡᠯᠡᠯᠭᠡ ᠶᠢᠨ ᠮᠦᠡᠭᠭᠦ ᠪᠠ ᠴᠤᠬᠯᠠᠭᠤᠯᠦᠬᠰᠠᠨ ᠵᠤᠭᠤᠰ ᠤᠨ ᠡᠬᠡ ᠬᠦᠦ ᠮᠦᠡᠭᠭᠦ ᠶᠢ ᠪᠤᠴᠠᠭᠠᠬᠤ ᠳᠤ ᠬᠡᠷᠡᠭᠯᠡᠵᠦ᠂ ᠪᠤᠰᠦᠳ ᠵᠦᠢᠯ ᠳᠤ ᠰᠢᠯᠵᠢᠭᠦᠯᠦᠨ ᠬᠡᠷᠡᠭᠯᠡᠵᠦ ᠪᠤᠯᠬᠤ ᠦᠭᠡᠢ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号