ᠲᠤᠯᠦᠳᠦᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠲᠦᠴᠢ ᠶᠢᠰᠦᠳᠤᠭᠡᠷ ᠵᠦᠢᠯ ᠲᠤᠰ ᠲᠦᠷᠢᠮ ᠤᠨ ᠲᠤᠬᠳᠠᠭᠠᠯ ᠠᠴᠠ ᠵᠦᠷᠢᠴᠡᠭᠰᠡᠨ ᠠᠵᠢᠯᠯᠠᠭ᠎ᠠ ᠳᠤ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠬᠳᠠᠭᠠᠯ ᠳᠤ ᠨᠢᠭᠡᠨᠳᠠ ᠰᠢᠳᠭᠡᠨ ᠲᠤᠷᠭᠠᠬᠤ ᠪᠠᠷ ᠲᠤᠬᠳᠠᠭᠠᠬᠰᠠᠨ ᠪᠤᠯ ᠲᠡᠷᠨ | ᠲᠤᠬᠳᠠᠭᠠᠯ ᠢ ᠬᠦᠯᠢᠶᠡᠨ᠎ᠠ᠃ | ᠲᠠᠪᠢᠳᠦᠭᠠᠷ ᠵᠦᠢᠯ ᠲᠤᠰ ᠲᠦᠷᠢᠮ ᠤᠨ ᠭᠤᠴᠢᠨ ᠨᠢᠭᠡᠳᠦᠭᠡᠷ ᠵᠦᠢᠯ ᠤᠨ ᠲᠤᠬᠳᠠᠭᠠᠯ ᠠᠴᠠ ᠵᠦᠷᠢᠴᠠᠪᠠᠯ᠂ | ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠬᠠᠤᠯᠢ ᠪᠤᠰᠦ ᠠᠵᠢᠯᠯᠠᠭ᠎ᠠ ᠶᠢ ᠨᠢ ᠵᠠᠷᠯᠢᠬᠳᠠᠨ ᠵᠤᠬᠰᠦᠭᠠᠬᠤ ᠶᠢᠨ | ᠬᠠᠮᠳᠦ 5000 ᠲᠦᠭᠦᠷᠢᠭ ᠠᠴᠠ ᠲᠤᠷᠤᠬᠰᠢ ᠵᠤᠭᠤᠰ ᠢᠶᠠᠷ ᠲᠤᠷᠭᠠᠨ᠎ᠠ᠃ | ᠲᠠᠪᠢᠨ ᠨᠢᠭᠡᠳᠦᠭᠡᠷ ᠵᠦᠢᠯ ᠲᠤᠰ ᠲᠦᠷᠢᠮ ᠤᠨ ᠭᠤᠴᠢᠨ ᠲᠤᠯᠦᠳᠦᠭᠠᠷ ᠵᠦᠢᠯ ᠤᠨ ᠲᠤᠬᠳᠠᠭᠠᠯ ᠠᠴᠠ ᠵᠦᠷᠢᠴᠠᠵᠦ | ᠂ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ ᠶᠤᠰᠦᠭᠠᠷ ᠰᠤᠯᠪᠢᠴᠠᠬᠰᠠᠨ ᠵᠠᠮ ᠤᠨ ᠠᠭᠤᠯᠵᠠᠷ ᠢ ᠦᠯᠦ ᠵᠠᠰᠠᠬᠰᠠᠨ ᠪᠤᠯ᠂ | ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠬᠤᠭᠤᠴᠠᠭ᠎ᠠ ᠬᠢᠵᠠᠭᠠᠷᠯᠠᠨ ᠨᠤᠷᠠᠭᠠᠬᠤ ᠪᠤᠶᠤ ᠲᠡᠬᠢᠠ | ᠪᠠᠶᠢᠭᠤᠯᠬᠤ ᠪᠠᠷ ᠵᠠᠷᠯᠢᠭᠳᠠᠵᠥ᠂ ᠲᠤᠭᠳᠠᠭᠰᠠᠠ ᠬᠤᠭᠤᠴᠠᠭᠠᠠ ᠳᠤ ᠨᠤᠷᠠᠭᠠᠭᠰᠠᠠ ᠦᠬᠡᠢ ᠪᠦᠬᠡᠳ ᠲᠡᠬᠢᠠ ᠪᠠᠶᠢᠭᠤᠯᠤᠭᠰᠠᠠ | ᠦᠬᠡᠢ ᠪᠤᠯ ᠵᠠᠰᠠᠮᠠᠯ ᠵᠠᠮ ᠤᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠨᠤᠷᠠᠭᠠᠵᠦ᠂ ᠬᠡᠷᠡᠭᠰᠡᠬᠦ ᠵᠠᠷᠦᠳᠠᠯ ᠢ | ᠪᠠᠶᠢᠷᠢᠯᠠᠭᠤᠯᠦᠬᠰᠠᠨ ᠡᠳᠡᠭᠡᠳ ᠠᠴᠠ ᠡᠭᠦᠷᠭᠡᠯᠡᠨ᠎ᠠ᠃ | ᠲᠠᠪᠢᠨ ᠬᠤᠶᠠᠳᠦᠭᠠᠷ ᠵᠦᠢᠯ ᠵᠠᠰᠠᠮᠠᠯ ᠵᠠᠮ ᠲᠡᠭᠡᠷ᠎ᠠ ᠶᠠᠪᠦᠵᠦ ᠪᠠᠶᠢᠭ᠎ᠠ ᠮᠠᠰᠢᠨ ᠲᠡᠷᠭᠡ ᠵᠠᠰᠠᠮᠠᠯ ᠵᠠᠮ ᠢ ᠨᠡᠯᠢᠶᠡᠳ | ᠶᠡᠭᠡ ᠪᠠᠷ ᠡᠪᠳᠡᠪᠡᠯ᠂ ᠬᠠᠷᠢᠭᠤᠴᠠᠯᠭ᠎ᠠ ᠲᠠᠢ ᠬᠦᠮᠦᠨ ᠡᠷᠬᠡᠪᠰᠢ ᠲᠠᠷᠦᠢ ᠳᠤᠨᠢ ᠲᠡᠷᠭᠡ ᠪᠠᠨ ᠵᠤᠬᠰᠦᠭᠠᠵᠦ᠂ ᠲᠤᠬᠠᠢ ᠶᠢᠨ | ᠲᠠᠯᠠᠪᠦᠷ ᠢ ᠬᠠᠮᠠᠭᠠᠯᠠᠵᠦ᠂ ᠴᠠᠬ ᠲᠡᠷᠤᠢ ᠳᠤᠨᠢ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠳᠤ ᠮᠡᠳᠡᠬᠦᠯᠦᠨ | ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠶᠢᠨ ᠪᠠᠶᠢᠴᠠᠭᠠᠯᠳᠠ ᠶᠢ ᠬᠦᠯᠢᠶᠡᠬᠦ ᠬᠡᠷᠡᠭᠳᠡᠢ᠃ ᠵᠠᠰᠠᠮᠠᠯ ᠵᠠᠮ ᠤᠨ | ᠬᠠᠮᠢᠶᠠᠷᠦᠯᠳᠠ ᠶᠢᠨ ᠪᠠᠶᠢᠭᠤᠯᠦᠮᠵᠢ ᠪᠠᠶᠢᠴᠠᠭᠠᠨ ᠰᠢᠢᠳᠪᠦᠷᠢᠯᠷᠬᠦ ᠦᠶᠡᠰ᠂ ᠬᠠᠷᠢᠭᠤᠴᠠᠯᠭ᠎ᠠ ᠲᠠᠢ ᠬᠦᠮᠦᠨ ᠢ ᠮᠠᠰᠢᠨ | ᠲᠡᠷᠭᠡ ᠪᠠᠨ ᠲᠤᠬᠳᠠᠬᠰᠠᠨ ᠭᠠᠵᠠᠷ ᠲᠤ ᠵᠤᠬᠰᠦᠯᠭᠠᠬᠤ ᠪᠠᠷ ᠱᠠᠭᠠᠷᠳᠠᠵᠦ ᠪᠤᠯᠦᠨ᠎ᠠ︔ ᠪᠠᠶᠢᠴᠠᠭᠠᠨ ᠰᠢᠢᠳᠪᠦᠷᠢᠯᠡᠵᠦ | ᠪᠠᠷᠠᠬᠰᠠᠨ ᠤ ᠲᠠᠷᠠᠭ᠎ᠠ ᠰᠠᠶ᠋ᠢ ᠲᠡᠷᠭᠡ ᠪᠠᠨ ᠠᠪᠴᠦ ᠶᠠᠪᠦᠵᠦ ᠪᠤᠯᠦᠨ᠎ᠠ᠃ | ᠲᠠᠪᠢᠨ ᠭᠤᠷᠪᠠᠳᠦᠭᠠᠷ ᠵᠦᠢᠯ ᠵᠠᠰᠠᠮᠠᠯ ᠵᠠᠮ ᠢ ᠠᠷᠠᠴᠢᠯᠠᠬᠤ ᠰᠦᠢᠳᠭᠡᠯ ᠢ ᠦᠷᠢᠳᠠᠵᠦ 6 ᠰᠠᠷ᠎ᠠ ᠠᠴᠠ ᠲᠡᠭᠡᠭᠰᠢ | ᠪᠤᠯᠦᠬᠰᠠᠨ ᠪᠦᠭᠡᠳ ᠵᠠᠰᠠᠮᠠᠯ ᠵᠠᠮ ᠢ ᠠᠷᠠᠴᠢᠯᠠᠬᠤ ᠰᠦᠢᠳᠭᠡᠯ ᠪᠠ ᠬᠤᠭᠤᠴᠠᠭ᠎ᠠ ᠰᠠᠭᠠᠳᠠᠭᠠᠬᠰᠠᠨ ᠮᠦᠡᠭᠭᠦ ᠶᠢ ᠨᠦᠬᠦᠵᠦ | ᠲᠤᠰᠢᠶᠠᠬᠤ ᠶᠢ ᠲᠡᠪᠴᠢᠭᠰᠡᠨ ᠢ ᠨᠢ᠂ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠠᠴᠠ | ᠠᠷᠭ᠎ᠠ ᠬᠡᠮᠵᠢᠶ᠎ᠠ ᠠᠪᠴᠦ ᠬᠠᠤᠯᠢ ᠠᠴᠠ ᠵᠦᠷᠢᠴᠡᠭᠰᠡᠨ ᠮᠠᠰᠢᠨ ᠲᠡᠷᠭᠡ ᠶᠢ ᠭᠡᠷᠡᠭᠯᠡᠬᠦ ᠶᠢ ᠲᠦᠷ ᠴᠠᠭ ᠵᠤᠬᠰᠦᠭᠠᠵᠦ ᠪᠤᠯᠦᠨ᠎ᠠ᠃ | ᠵᠠᠮ ᠬᠠᠷᠢᠯᠴᠠᠭᠠᠨ ᠤ ᠰᠦᠢᠳᠭᠡᠯ ᠲᠠᠳᠠᠪᠦᠷᠢᠯᠠᠬᠤ ᠶᠢ ᠪᠠᠶᠢᠴᠠᠭᠠᠬᠤ ᠪᠠᠶᠢᠭᠤᠯᠦᠮᠵᠢ ᠬᠠᠤᠯᠢ ᠠᠴᠠ ᠵᠦᠷᠢᠴᠡᠭᠰᠡᠨ ᠮᠠᠰᠢᠨ | ᠲᠡᠷᠭᠡ ᠶᠢ ᠬᠡᠷᠡᠭᠯᠡᠬᠦ ᠶᠢ ᠲᠦᠷ ᠴᠠᠬ ᠵᠤᠬᠰᠦᠭᠠᠬᠤ ᠳᠤ᠂ ᠲᠤᠬᠠᠢ ᠶᠢᠨ ᠬᠦᠮᠦᠨ ᠳᠤ ᠬᠡᠷᠡᠴᠢ ᠦᠨᠡᠮᠯᠡᠯ ᠢᠶᠠᠨ ᠭᠠᠷᠭᠠᠬᠤ ᠶᠢᠨ | ᠬᠠᠮᠳᠦ ᠮᠠᠰᠢᠨ ᠲᠡᠷᠭᠡᠨ ᠤ ᠦᠮᠴᠢᠯᠡᠭᠴᠢ ᠶᠢ ᠵᠠᠷᠯᠢᠬᠳᠠᠨ ᠵᠠᠰᠠᠮᠠᠯ ᠵᠠᠮ ᠢ ᠠᠷᠠᠴᠢᠯᠠᠬᠤ ᠰᠦᠢᠳᠭᠡᠯ ᠪᠠ ᠬᠤᠭᠤᠴᠠᠭ᠎ᠠ | ᠰᠠᠭᠠᠳᠠᠭᠠᠬᠰᠠᠨ ᠮᠦᠡᠭᠭᠦ ᠪᠠᠨ ᠲᠤᠰᠢᠶᠠᠯᠭᠠᠬᠤ ᠪᠠ ᠵᠠᠰᠠᠬ ᠵᠠᠬᠢᠷᠭᠠᠨ ᠤ ᠰᠢᠳᠭᠡᠨ ᠲᠤᠷᠭᠠᠯᠳᠠ ᠶᠢᠨ ᠰᠢᠢᠳᠪᠦᠷᠢᠯᠡᠭᠰᠡᠨ | ᠲᠤᠬᠳᠠᠭᠠᠯ ᠢ ᠭᠡᠷᠡᠭᠵᠢᠭᠦᠯᠬᠦ ᠬᠡᠷᠡᠭᠳᠡᠢ᠃ ᠮᠠᠰᠢᠨ ᠲᠡᠷᠭᠡᠨ ᠤ ᠦᠮᠴᠢᠯᠡᠭᠴᠢ ᠰᠢᠢᠳᠪᠦᠷᠢᠯᠡᠭᠰᠡᠨ ᠲᠤᠬᠳᠠᠭᠠᠯ ᠢ ᠬᠦᠢᠴᠠᠳᠭᠡᠪᠡᠯ | ᠂ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠠᠴᠠ ᠴᠠᠭ ᠲᠤᠬᠠᠢ ᠳᠤᠨᠢ ᠮᠠᠰᠢᠨ ᠲᠡᠷᠭᠡ ᠶᠢ | ᠬᠡᠷᠡᠭᠯᠡᠵᠦ ᠪᠤᠯᠬᠤ ᠲᠤᠬᠳᠠᠭᠠᠯ ᠭᠠᠷᠭᠠᠬᠤ ᠬᠡᠷᠡᠭᠳᠡᠢ᠃ | ᠲᠠᠪᠢᠨ ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ | ᠤᠷᠳᠦᠨ ᠤ ᠵᠠᠮ ᠬᠠᠷᠢᠯᠴᠠᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ᠂ ᠵᠠᠰᠠᠮᠠᠯ ᠵᠠᠮ ᠤᠨ ᠬᠠᠮᠢᠶᠠᠷᠦᠯᠳᠠ ᠶᠢᠨ | ᠪᠠᠶᠢᠭᠤᠯᠦᠮᠵᠢ᠂ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠶᠢᠨ ᠠᠵᠢᠯᠳᠠᠠ ᠲᠤᠰ | ᠲᠦᠷᠢᠮ ᠤᠨ ᠲᠤᠬᠳᠠᠭᠠᠯ ᠢ ᠵᠦᠷᠢᠴᠡᠭᠰᠡᠨ ᠲᠤᠤᠷᠠᠬᠢ ᠠᠯᠢ ᠨᠢᠭᠡᠨ ᠠᠵᠢᠯᠯᠠᠭ᠎ᠠ ᠲᠠᠢ ᠪᠠᠶᠢᠵᠦ᠂ ᠶᠠᠯ᠎ᠠ ᠳᠤ ᠦᠯᠦ | ᠬᠦᠷᠦᠭᠰᠡᠨ ᠪᠤᠯ ᠬᠠᠤᠯᠢ ᠶᠤᠰᠦᠭᠠᠷ ᠵᠠᠰᠠᠬ ᠵᠠᠬᠢᠷᠭᠠᠨ ᠤ ᠰᠢᠳᠭᠡᠯ ᠦᠭᠬᠦᠨ᠎ᠠ︔ ᠶᠠᠯ᠎ᠠ ᠳᠤ ᠬᠦᠷᠦᠭᠰᠡᠨ ᠪᠤᠯ ᠬᠠᠤᠯᠢ | ᠶᠤᠰᠦᠭᠠᠷ ᠡᠷᠡᠭᠦᠦ ᠶᠢᠨ ᠭᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠠ᠄ ︵ᠨᠢᠭᠡ︶ ᠵᠠᠰᠠᠬ ᠵᠠᠬᠢᠷᠭᠠᠨ ᠤ ᠵᠦᠪᠰᠢᠶᠠᠷᠡᠯ ᠢ ᠬᠠᠤᠯᠢ | ᠪᠤᠰᠦ ᠪᠠᠷ ᠭᠡᠷᠡᠭᠵᠢᠭᠦᠯᠦᠭᠰᠡᠨ︔ ︵ᠬᠤᠶᠠᠷ︶ ᠵᠠᠰᠠᠬ ᠵᠠᠬᠢᠷᠭᠠᠨ ᠤ ᠰᠢᠳᠭᠡᠨ ᠲᠤᠷᠭᠠᠯᠳᠠ ᠶᠢ ᠬᠠᠤᠯᠢ ᠪᠤᠰᠦ ᠪᠠᠷ | ᠬᠡᠷᠡᠭᠵᠢᠭᠦᠯᠦᠭᠰᠡᠨ︔ ︵ᠭᠤᠷᠪᠠ︶ ᠬᠢᠨᠠᠯᠳᠠ ᠲᠠᠯᠪᠢᠯᠳᠠ ᠰᠤᠯᠠᠷᠠᠬᠰᠠᠨ ᠠᠴᠠ ᠪᠤᠯᠵᠦ᠂ ᠵᠠᠰᠠᠮᠠᠯ ᠵᠠᠮ ᠨᠡᠯᠢᠶᠡᠳ ᠶᠡᠭᠡ ᠪᠠᠷ | ᠡᠪᠳᠡᠭᠳᠡᠭᠰᠡᠨ ᠪᠤᠶᠥ ᠬᠦᠮᠦᠨ ᠰᠢᠷᠠᠬᠳᠤᠵᠦ᠂ ᠡᠳ᠋ ᠬᠦᠷᠦᠩᠭᠡ ᠬᠤᠬᠢᠷᠠᠯ ᠳᠤ ᠤᠴᠠᠷᠠᠬᠰᠠᠨ︔ ︵ᠲᠦᠷᠪᠡ︶ ᠵᠦᠪᠰᠢᠶᠡᠷᠡᠯ | ᠦᠭᠡᠢ ᠪᠠᠷ ᠲᠤᠬᠳᠠᠮᠠᠯ ᠪᠤᠶᠥ ᠲᠦᠷ ᠴᠠᠬ ᠤᠨ ᠬᠡᠮᠵᠢᠶ᠎ᠡ ᠠᠴᠠ ᠬᠡᠳᠦᠷᠡᠳᠡᠯ᠎ᠡ ᠲᠡᠭᠡᠭᠡᠪᠦᠷᠢᠯᠡᠬᠦ ᠶᠢ ᠪᠠᠶᠢᠴᠠᠭᠠᠨ ᠬᠡᠮᠵᠢᠬᠦ | ᠦᠷᠳᠡᠭᠡ ︵ᠴᠢᠭ᠋︶ ᠢ ᠲᠤᠷ᠎ᠠ ᠪᠠᠷ ᠪᠠᠶᠢᠷᠢᠯᠠᠭᠤᠯᠦᠬᠰᠠᠨ︔ ︵ᠲᠠᠪᠦ︶ ᠵᠠᠰᠠᠮᠠᠯ ᠵᠠᠮ ᠢ ᠠᠷᠠᠴᠢᠯᠠᠬᠤ ᠰᠦᠢᠳᠭᠡᠯ ᠪᠠ | ᠬᠤᠭᠤᠴᠠᠭ᠎ᠠ ᠰᠠᠭᠠᠳᠠᠭᠠᠬᠰᠠᠨ ᠮᠦᠡᠭᠭᠦ ᠶᠢ ᠲᠤᠬᠳᠠᠭᠠᠯ ᠠᠴᠠ ᠵᠦᠷᠢᠴᠠᠨ ᠲᠠᠳᠠᠪᠦᠷᠢᠯᠠᠨ ᠬᠤᠷᠢᠶᠠᠬᠤ ᠪᠤᠶᠥ ᠪᠠᠭᠠᠰᠬᠠᠨ | ᠬᠡᠯᠳᠦᠷᠢᠭᠦᠯᠦᠭᠰᠡᠨ︔ ︵ᠵᠢᠷᠭᠤᠭ᠎ᠠ︶ ᠪᠤᠰᠦᠳ ᠠᠯᠪᠠᠨ ᠲᠤᠰᠢᠶᠠᠯ ᠳᠠᠭᠠᠨ ᠠᠯᠮᠠᠶᠢᠷᠠᠠ ᠤᠰᠦᠯᠳᠦᠵᠦ᠂ ᠬᠤᠪᠢ ᠪᠠᠨ | ᠪᠤᠳᠦᠵᠦ᠂ ᠡᠷᠭᠡ ᠲᠤᠰᠢᠶᠠᠯ ᠢᠶᠠᠨ ᠲᠤᠷ᠎ᠠ ᠪᠠᠷ ᠬᠡᠷᠡᠭᠯᠡᠭᠰᠡᠨ ᠠᠵᠢᠯᠯᠠᠭ᠎ᠠ᠃ | | ᠨᠠᠢᠮᠠᠳᠦᠭᠠᠷ ᠪᠦᠯᠦᠭ ᠲᠠᠭᠠᠯᠳᠦᠭᠤᠯᠦᠬᠰᠠᠨ ᠲᠦᠷᠢᠮ | ᠲᠠᠪᠢᠨ ᠲᠠᠪᠦᠳᠦᠭᠠᠷ ᠵᠦᠢᠯ ᠤᠯᠦᠰ ᠤᠨ ᠪᠠᠳᠦᠯᠠᠨ ᠬᠠᠮᠠᠭᠠᠯᠠᠯᠳᠠ᠂ ᠬᠢᠯᠢ ᠶᠢᠨ ᠬᠠᠮᠠᠭᠠᠯᠠᠯᠳᠠ ᠶᠢᠨ ᠵᠠᠰᠠᠮᠠᠯ ᠵᠠᠮ ᠢ | ᠪᠦᠳᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠳᠤ ᠲᠤᠰ ᠲᠦᠷᠢᠮ ᠢ ᠭᠡᠷᠡᠭᠵᠢᠭᠦᠯᠬᠦ ᠠᠴᠠ ᠭᠠᠳᠠᠨ᠎ᠠ | ᠪᠠᠰᠠ ᠤᠯᠦᠰ ᠤᠨ ᠪᠤᠰᠦᠳ ᠬᠤᠯᠪᠤᠬᠳᠠᠯ ᠪᠦᠬᠦᠢ ᠲᠤᠬᠳᠠᠭᠠᠯ ᠢ ᠭᠡᠷᠡᠭᠵᠢᠭᠦᠯᠬᠦ ᠬᠡᠷᠡᠭᠳᠡᠢ᠃ | ᠲᠠᠪᠢᠨ ᠵᠢᠷᠭᠤᠳᠦᠭᠠᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠦᠨ ᠲᠤᠰ | ᠲᠦᠷᠢᠮ ᠢ ᠦᠨᠳᠦᠰᠦᠯᠡᠵᠦ ᠬᠡᠷᠡᠭᠵᠢᠭᠦᠯᠭᠦ ᠨᠠᠷᠢᠨ ᠲᠦᠷᠢᠮ ᠲᠤᠬᠳᠠᠭᠠᠵᠦ ᠪᠤᠯᠦᠨ᠎ᠠ᠃ | ᠲᠠᠪᠢᠨ ᠲᠤᠯᠦᠳᠦᠭᠠᠷ ᠵᠦᠢᠯ ᠲᠤᠰ ᠲᠦᠷᠢᠮ ᠢ 2009 ᠤᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠠ᠃ 1994 ᠤᠨ ᠤ 3 ᠳ᠋ᠤᠭᠠᠷ ᠰᠠᠷ᠎ᠠ ᠶᠢᠨ 4 ᠤ ᠡᠳᠦᠷ ᠦᠪᠦᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠨᠠᠢᠮᠠᠳᠦᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠵᠢᠷᠭᠤᠳᠦᠭᠠᠷ ᠬᠤᠷᠠᠯ ᠠᠴᠠ ᠪᠠᠳᠦᠯᠠᠬᠰᠠᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠵᠠᠰᠠᠮᠠᠯ ᠵᠠᠮ ᠤᠨ ᠬᠠᠮᠢᠶᠠᠷᠦᠯᠳᠠ ᠶᠢᠨ ᠲᠦᠷᠢᠮ︾ ᠢ ᠬᠠᠮᠳᠦ ᠳᠤᠨᠢ ᠬᠦᠴᠦᠨ ᠦᠬᠡᠢ ᠪᠤᠯᠭᠠᠨ᠎ᠠ᠃ | |