ᠠᠯᠳᠠᠷᠳᠤ ᠳᠠᠭᠤᠴᠢᠨ ᠪᠠᠶᠠᠨᠴᠠᠭᠠᠨ
ᠨᠡᠶᠢᠲᠡᠯᠡᠭᠰᠡᠨ ᠴᠠᠭ᠄
2018/11/22
     ᠰᠠᠷᠳᠤᠳ᠂ ᠪᠠᠶᠠᠨᠴᠠᠭᠠᠨ᠂ 1956 ᠣᠨ ᠳᠤ ᠠᠷᠤ ᠬᠤᠷᠴᠢᠨ ᠬᠤᠰᠢᠭᠤᠨ ᠤ ᠱᠤᠤ ᠰᠤᠮᠤ ᠶᠢᠨ ᠲᠠᠪᠢᠨ ᠠᠶᠢᠯ ᠤᠨ ᠵᠢᠷ ᠤᠨ ᠮᠠᠯᠴᠢᠨ ᠤ ᠭᠡᠷ ᠲᠤ ᠲᠦᠷᠦᠵᠦ ᠦᠰᠪᠡ᠃ ᠲᠠᠷᠡ ᠪᠠᠭ᠎ᠠ ᠰᠤᠷᠭᠠᠭᠤᠯᠢ ᠶᠢᠨ ᠡᠭᠦᠳᠡᠨ ᠪᠣᠱᠤᠭ᠎ᠠ ᠶᠢ ᠠᠩᠬ᠎ᠠ ᠠᠯᠬᠤᠵᠤ᠂ ᠡᠷᠳᠡᠮ ᠮᠡᠳᠡᠯᠭᠡ ᠶᠢᠨ ᠵᠢᠯᠤᠭᠤ ᠶᠢ ᠰᠢᠭᠦᠷᠦᠮᠡᠭᠴᠡ ᠡᠬᠡ ᠬᠡᠯᠡ ᠪᠠᠨ ᠪᠠᠬ᠎ᠠ ᠲᠠᠢ ᠰᠤᠷᠴᠤ᠂ ᠡᠭᠡᠰᠢᠭ ᠠᠶᠠᠯᠭᠤ ᠶᠢ ᠬᠠᠩᠭᠢᠨᠠᠭᠤᠯᠤᠨ ᠳᠠᠭᠤᠯᠠᠵᠤ᠂ ᠠᠳᠠᠷ ᠲᠠᠯ᠎ᠠ ᠪᠠᠷ ᠢᠶᠠᠨ ᠶᠠᠪᠤᠬᠤ ᠳᠠᠭᠠᠨ ᠠᠷᠠᠳ  ᠤᠨ ᠳᠠᠭᠤᠤ ᠪᠠᠨ ᠳᠠᠭᠤᠷᠢᠰᠤᠭᠤᠯᠵᠤ᠂ ᠦᠨᠳᠦᠰᠦᠳᠡᠨ ᠤ ᠰᠣᠶᠤᠯ ᠤᠷᠠᠯᠢᠭ ᠲᠠᠭᠠᠨ ᠰᠤᠭᠳᠤᠭᠤᠷᠠᠵᠤ ᠶᠠᠪᠤᠭᠰᠠᠨ ᠪᠢᠯᠡ᠃ 1973 - 1974 ᠣᠨ ᠤ ᠦᠶ᠎ᠡ ᠪᠠᠷ ᠠᠯᠳᠠᠷᠳᠤ ᠳᠠᠭᠤᠴᠢᠨ ᠯᠾᠡᠰᠦ᠋ᠷᠦᠩ ᠤᠨ ᠳᠠᠭᠤᠯᠠᠭᠰᠠᠨ ︽ᠤᠮᠠᠷᠠᠳᠤ ᠬᠢᠯᠢ ᠶᠢᠨ ᠮᠠᠭᠳᠠᠭᠠᠯ ᠳᠠᠭᠤᠤ︾ ᠭᠡᠰᠡᠨ ᠤᠷᠳᠤ ᠶᠢᠨ ᠳᠠᠭᠤᠤ ᠶᠢ ᠦᠪᠦᠷ ᠮᠤᠩᠭᠤᠯ ᠤᠨ ᠷᠠᠳᠢᠤ᠋ ᠬᠤᠷᠢᠶᠠᠨ ᠠᠴᠠ ᠡᠳᠦᠷ ᠪᠤᠯᠭᠠᠨ ᠨᠡᠪᠳᠡᠷᠡᠭᠦᠯᠵᠦ ᠪᠠᠶᠢᠭᠰᠠᠨ ᠤᠴᠢᠷ ᠠᠴᠠ ᠳᠠᠭᠤᠤ ᠬᠦᠭᠵᠢᠮ ᠳᠤ ᠠᠪᠢᠶᠠᠰ ᠲᠠᠢ ᠵᠠᠯᠠᠭᠤᠴᠤᠳ ᠪᠦᠬᠦᠨ ᠲᠤᠰ ᠳᠠᠭᠤᠤ ᠶᠢ ᠲᠠᠭᠠᠨ ᠳᠠᠭᠤᠯᠠᠵᠤ ᠪᠠᠶᠢᠭᠰᠠᠨ ᠶᠤᠮ᠂ ᠡᠭᠦᠨ ᠤ ᠨᠢᠭᠡ ᠨᠢ ᠪᠠᠶᠠᠨᠴᠠᠭᠠᠨ ᠪᠤᠯᠤᠨ᠎ᠠ᠃      1974 ᠤᠨ ᠳᠤ ᠪᠠᠶᠠᠨᠴᠠᠭᠠᠨ ᠢ ᠱᠤᠤ ᠶᠢᠨ ᠠᠩᠬ᠎ᠠ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠬᠤ ᠦᠶ᠎ᠡ ᠳᠤ ᠠᠷᠤ ᠬᠤᠷᠴᠢᠨ ᠬᠤᠰᠢᠭᠤᠨ ᠤ ᠤᠯᠠᠭᠠᠨᠮᠦ᠋ᠴᠢᠷ ᠲᠡᠭᠦᠨ ᠢ ᠰᠢᠯᠭᠠᠵᠤ ᠦᠩᠭᠡᠷᠡᠵᠠᠢ᠃ ᠪᠢ ᠲᠡᠷᠡ ᠦᠶ᠎ᠡ  ᠳᠤ ᠶᠠᠭ ᠰᠠᠶ᠋ᠢᠬᠠᠨ ᠵᠤᠤ ᠤᠳᠠ ᠠᠶᠢᠮᠠᠭ ᠤᠨ ᠯᠢᠨᠳᠦ᠋ᠩ ᠳᠤ ᠪᠤᠯᠤᠭᠰᠠᠨ ︽ᠪᠦᠬᠦ ᠠᠶᠢᠮᠠᠭ ᠤᠨ ᠤᠯᠠᠭᠠᠨᠮᠦ᠋ᠴᠢᠷ  ᠤᠨ ᠳᠠᠭᠤᠤ ᠬᠦᠭᠵᠢᠮ ᠪᠦᠵᠢᠭ ᠤᠨ ᠪᠤᠯᠪᠠᠰᠤᠷᠠᠯ ᠤᠨ ᠠᠩᠬᠢ︾ ᠳᠤ ᠬᠤᠶᠠᠷ ᠰᠠᠷ᠎ᠠ ᠶᠢᠨ ᠬᠤᠭᠤᠴᠠᠭ᠎ᠠ ᠲᠠᠢ ᠰᠤᠷᠤᠯᠴᠠᠬᠤ ᠪᠠᠷ ᠶᠠᠪᠤᠭᠰᠠᠨ ᠲᠤᠯᠠ ᠪᠠᠶᠠᠨᠴᠠᠭᠠᠨ ᠤ ᠠᠷᠤ ᠬᠤᠷᠴᠢᠨ ᠬᠤᠰᠢᠭᠤᠨ ᠤ ᠤᠯᠠᠭᠠᠨᠮᠦ᠋ᠴᠢᠷ ᠲᠤ ᠰᠢᠯᠭᠠᠭᠰᠠᠨ ᠢ ᠨᠢ ᠮᠡᠳᠡᠬᠦ ᠦᠭᠡᠢ᠃ 1974 ᠤᠨ ᠤ 12 ᠰᠠᠷ᠎ᠠ ᠶᠢᠨ ᠰᠡᠭᠦᠯᠴᠢ ᠪᠠᠷ ᠮᠠᠨᠤᠰ ᠬᠤᠶᠠᠷ ᠰᠠᠷ᠎ᠠ ᠢᠯᠡᠭᠦᠦ ᠶᠢᠨ ᠪᠤᠯᠪᠠᠰᠤᠷᠠᠯ ᠢᠶᠠᠨ ᠲᠡᠭᠦᠰᠬᠡᠵᠦ ᠪᠤᠴᠠᠨ ᠢᠷᠡᠬᠦ ᠳᠤ ᠤᠯᠠᠭᠠᠨᠮᠦ᠋ᠴᠢᠷ ᠤᠨ ᠨᠦᠬᠦᠳ ᠮᠠᠨ ᠢ ᠦᠵᠡᠮᠡᠭᠴᠡ ︽ᠪᠢᠳᠡ ᠣᠷᠴᠢᠮᠬᠠᠨ ᠶᠠᠭ ᠯᠾᠠᠰᠦ᠋ᠷᠦᠩ ᠰᠢᠭ ᠰᠠᠶᠢᠬᠠᠨ ᠳᠠᠭᠤᠯᠠᠳᠠᠭ ᠪᠠᠶᠠᠨᠴᠠᠭᠠᠨ ᠵᠠᠯᠠᠭᠤ ᠶᠢ ᠰᠢᠯᠭᠠᠭᠰᠠᠨ᠂ ᠤᠷᠳᠤ ᠶᠢᠨ ᠳᠠᠭᠤᠤ ᠶᠢ ᠤᠨᠴᠠ ᠰᠠᠶᠢᠬᠠᠨ ᠳᠠᠭᠤᠯᠠᠵᠤ ᠪᠠᠶᠢᠨ᠎ᠠ︾ ᠭᠡᠵᠦ ᠬᠡᠯᠡᠵᠦ ᠪᠠᠶᠢᠯ᠎ᠠ᠃ 1975 ᠤᠨ ᠤ 1 ᠰᠠᠷ᠎ᠠ ᠳᠤ ᠪᠠᠶᠠᠨᠴᠠᠭᠠᠨ ᠢ ᠠᠷᠤ ᠬᠤᠷᠴᠢᠨ ᠬᠤᠰᠢᠭᠤᠨ ᠤ ᠤᠯᠠᠭᠠᠨᠮᠦ᠋ᠴᠢᠷ ᠤᠨ ᠳᠠᠭᠤᠴᠢᠨ  ᠢᠶᠠᠷ ᠡᠯᠰᠡᠪᠡ᠃      ᠪᠠᠶᠠᠨᠴᠠᠭᠠᠨ ᠤᠯᠠᠭᠠᠨᠮᠦ᠋ᠴᠢᠷ ᠤᠨ ᠤᠷᠠᠯᠢᠭᠴᠢᠨ ᠪᠤᠯᠤᠭᠰᠠᠨ ᠤ ᠳᠠᠷᠠᠭ᠎ᠠ᠂ ᠦᠪᠡᠷ ᠤᠨ ᠪᠡᠶ᠎ᠡ ᠪᠠᠨ ᠨᠡᠩ ᠴᠢᠩᠭ᠎ᠠ ᠱᠠᠭᠠᠷᠳᠠᠵᠤ᠂ ᠡᠷᠳᠡᠯᠡᠵᠦ ᠤᠷᠤᠶᠢᠯᠠᠨ ᠳᠠᠭᠤᠯᠠᠨ ᠪᠤᠯᠪᠠᠰᠤᠷᠠᠭᠤᠯᠵᠤ᠂ ᠦᠷᠭᠦᠯᠵᠢ ᠬᠤᠰᠢᠭᠤᠨ ᠤ ᠷᠠᠳᠢᠤ᠋ ᠨᠡᠪᠳᠡᠷᠡᠭᠦᠯᠭᠡ ᠶᠢᠨ ᠦᠷᠳᠡᠭᠡᠨ ᠳᠤ ᠤᠴᠢᠵᠤ᠂ ᠠᠯᠳᠠᠷᠳᠤ ᠳᠠᠭᠤᠴᠢᠨ ᠯᠾᠠᠵᠠᠪ᠂ ᠪᠤᠶᠠᠨᠳᠡᠯᠭᠡᠷ᠂ ᠵᠠᠭᠤᠨᠨᠠᠰᠤᠳᠤ᠂ ᠯᠾᠠᠰᠦ᠋ᠷᠦᠩ᠂ ᠮᠦᠯᠠᠨ ᠤ ᠳᠠᠭᠤᠤ ᠰᠢᠩᠭᠡᠭᠡᠯᠳᠡ ᠶᠢ ᠦᠷᠭᠦᠯᠵᠢ ᠰᠣᠨᠤᠰᠴᠤ᠂ ᠡᠳᠡᠭᠡᠷ ᠪᠠᠭᠰᠢ ᠨᠠᠷ ᠤᠨ ᠳᠠᠭᠤᠤ  ᠶᠢᠨ ᠦᠩᠭᠡ᠂ ᠡᠭᠡᠰᠢᠭ ᠨᠤᠭᠤᠯᠤᠭ᠎ᠠ ᠶᠢᠨ ᠠᠪᠢᠶᠠᠰ ᠢ ᠠᠩᠬᠠᠷᠤᠨ ᠰᠤᠷᠳᠠᠭ ᠪᠠᠶᠢᠭᠰᠠᠨ᠃ 1973 ᠤᠨ ᠳᠤ ᠤᠯᠳᠤᠢ ᠮᠢᠨᠤ ᠪᠢᠴᠢᠭᠰᠡᠨ ︽ᠮᠠᠯᠴᠢᠨ ᠲᠦᠮᠡᠨ ᠮᠠᠤ ᠲᠡᠷᠢᠭᠦᠯᠡᠭᠴᠢ ᠪᠠᠨ ᠮᠠᠭᠳᠠᠨ ᠳᠠᠭᠤᠯᠠᠨ᠎ᠠ︾ ᠭᠡᠰᠡᠨ ᠳᠠᠭᠤᠤ  ᠶᠢᠨ ᠦᠭᠡ ᠳᠤ ᠠᠶᠠᠯᠭᠤᠴᠢᠨ ᠵᠢᠭᠮᠡᠳ ᠠᠶ᠎ᠠ ᠳᠠᠭᠠᠷᠠᠭᠤᠯᠤᠭᠰᠠᠨ ᠳᠤ ᠪᠠᠶᠠᠨᠴᠠᠭᠠᠨ ᠳᠠᠭᠤᠯᠠᠭᠠᠳ᠂ ᠦᠷᠭᠡᠨ ᠣᠯᠠᠨ ᠲᠦᠮᠡᠨ ᠤ ᠮᠠᠭᠳᠠᠭᠠᠯ ᠰᠠᠶᠢᠰᠢᠶᠠᠯ ᠢ ᠤᠯᠵᠤ᠂ ᠵᠤᠤ ᠤᠳᠠ ᠠᠶᠢᠮᠠᠭ ᠤᠨ ᠤᠯᠠᠭᠠᠨᠮᠦ᠋ᠴᠢᠷ ᠤᠨ ᠦᠵᠡᠭᠦᠯᠭᠡ ᠳᠤ ᠱᠠᠩᠨᠠᠯ ᠲᠤᠰᠴᠤ᠂ ᠵᠤᠤ ᠤᠳᠠ ᠶᠢᠨ ᠷᠠᠳᠢᠤ᠋ ᠬᠤᠷᠢᠶ᠎ᠠ ᠳᠤ ᠰᠢᠩᠭᠡᠭᠡᠯᠳᠡ ᠬᠢᠵᠦ ᠶᠠᠪᠤᠯ᠎ᠠ᠃ ᠪᠠᠶᠠᠨᠴᠠᠭᠠᠨ ᠤᠯᠠᠭᠠᠨᠮᠦ᠋ᠴᠢᠷ ᠤᠨ ᠲᠤᠭᠯᠠᠭᠴᠢ ᠪᠤᠯᠤᠭᠰᠠᠨ ᠤ ᠬᠤᠪᠢ ᠳᠤ ᠵᠦᠪᠬᠡᠨ ᠭᠤᠴᠤᠯᠠᠯ ᠳᠠᠭᠤᠤ ᠳᠠᠭᠤᠯᠠᠬᠤ ᠲᠡᠳᠦᠢ ᠯᠡ ᠪᠢᠰᠢ᠂ ᠲᠡᠷᠡ ︽ᠨᠢᠭᠡ ᠵᠦᠢᠯ ᠳᠤ ᠴᠠᠭᠠᠷᠠᠵᠤ᠂ ᠤᠯᠠᠨ ᠵᠦᠢᠯ ᠳᠤ ᠮᠡᠷᠭᠡᠰᠢᠬᠦ︾ ᠱᠠᠭᠠᠷᠳᠠᠯᠭ᠎ᠠ ᠪᠠᠷ ᠪᠦᠵᠢᠭ ᠪᠦᠵᠢᠭᠯᠡᠬᠦ᠂ ᠳᠦᠷᠪᠡᠨ ᠤᠳᠠᠰᠤᠳᠤ ᠬᠤᠭᠤᠷ ᠪᠠ ᠱᠣᠳᠤᠷᠭᠤ ᠬᠦᠭᠵᠢᠮᠳᠡᠬᠦ ᠶᠢ ᠬᠠᠪᠰᠤᠷᠭᠠᠨ ᠰᠤᠷᠴᠤ᠂ ᠪᠦᠵᠢᠭ᠂ ᠳᠠᠭᠤᠯᠠᠯᠳᠤ ᠪᠦᠵᠢᠭ ᠲᠤ ᠬᠦᠭᠵᠢᠮ ᠤᠨ ᠠᠩᠬᠢ ᠶᠢᠨ ᠬᠤᠪᠢ ᠪᠠᠷ ᠬᠠᠪᠰᠤᠷᠭᠠᠨ ᠬᠦᠭᠵᠢᠮᠳᠡᠵᠦ ᠪᠠᠶᠢᠭᠰᠠᠨ ᠶᠤᠮ᠃ ᠪᠠᠶᠠᠨᠴᠠᠭᠠᠨ ᠨᠦᠬᠦᠷ ᠠᠷᠤ ᠬᠤᠷᠴᠢᠨ ᠠᠷᠠᠳ ᠤᠨ ᠳᠠᠭᠤᠤ ︽ᠵᠢᠢ ᠲᠠᠯ᠎ᠠ ᠶᠢᠨ ᠭᠤᠷᠭᠤᠤᠯ︾᠂ ︽ᠵᠠᠩ ᠮᠦᠷᠡᠨ  ᠤ ᠤᠰᠤ︾᠂ ︽ᠪᠦᠮᠪᠠᠢ ᠶᠢᠨ ᠰᠢᠯᠢ︾᠂ ︽ᠯᠠᠮᠠ ᠶᠢᠨ ᠲᠠᠷᠬᠠᠨ︾ ᠵᠡᠷᠭᠡ ᠤᠷᠳᠤ ᠶᠢᠨ ᠳᠠᠭᠤᠤ ᠶᠢ ᠳᠠᠭᠤᠯᠠᠭᠠᠳ ᠣᠷᠤᠨ ᠤ ᠳᠤᠲᠤᠷ᠎ᠠ ᠭᠠᠳᠠᠨ᠎ᠠ ᠠᠯᠳᠠᠷ ᠮᠠᠨᠳᠤᠭᠰᠠᠨ ᠶᠤᠮ᠃ 1980 ᠤᠨ ᠤ 6 ᠰᠠᠷ᠎ᠠ ᠳᠤ ᠪᠣᠯᠤᠭᠰᠠᠨ ︽ᠦᠪᠦᠷ ᠮᠣᠩᠭᠤᠯ ᠤᠨ ᠵᠡᠭᠦᠨ ᠭᠤᠷᠪᠠᠨ ᠠᠶᠢᠮᠠᠭ ᠤᠨ ᠤᠯᠠᠭᠠᠨᠮᠦ᠋ᠴᠢᠷ ᠤᠨ ᠦᠵᠡᠭᠦᠯᠭᠡ︾ ᠳᠤ ᠪᠠᠶᠠᠨᠴᠠᠭᠠᠨ ᠤ ᠤᠷᠳᠤ ᠶᠢᠨ ᠳᠠᠭᠤᠤ ᠶᠢᠨ ᠮᠡᠷᠭᠡᠵᠢᠯ ᠨᠢ ᠡᠯ᠎ᠡ ᠠᠶᠢᠮᠠᠭ ᠬᠤᠳᠠ ᠠᠴᠠ ᠢᠷᠡᠭᠰᠡᠨ ᠤᠯᠠᠭᠠᠨᠮᠦ᠋ᠴᠢᠷ  ᠤᠨ ᠨᠦᠬᠦᠳ ᠤᠨ ᠬᠠᠯᠠᠭᠤᠨ ᠳᠠᠭᠠᠰᠢᠶᠠᠯ ᠢ ᠤᠯᠵᠤ᠂ ᠵᠠᠭᠳᠠᠰᠦ᠋ᠷᠦᠩ ᠵᠡᠷᠭᠡ ᠶᠢᠨ ᠳᠠᠭᠤᠴᠢᠳ ᠪᠠᠶᠠᠨᠴᠠᠭᠠᠨ ᠢ ᠡᠷᠢᠵᠦ᠂ ᠳᠠᠭᠤᠯᠠᠬᠤ ᠮᠡᠷᠭᠡᠵᠢᠯ ᠢᠶᠠᠨ ᠳᠡᠭᠡᠭᠰᠢᠯᠡᠭᠦᠯᠬᠦ ᠰᠠᠨᠠᠯ ᠵᠦᠪᠯᠡᠯᠭᠡ ᠪᠠᠨ ᠰᠣᠯᠢᠯᠴᠠᠵᠤ ᠪᠠᠶᠢᠭᠰᠠᠨ ᠪᠢᠯᠡ᠃ 1980 ᠤᠨ ᠤ 10 ᠰᠠᠷ᠎ᠠ ᠳᠤ ᠲᠦᠩᠯᠢᠶᠤᠤ ᠳᠤ ᠪᠤᠯᠤᠭᠰᠠᠨ ︽ᠲᠦᠪ ᠤᠨ ᠷᠠᠳᠢᠤ᠋ ᠨᠡᠪᠳᠡᠷᠡᠭᠦᠯᠭᠡ ᠶᠢᠨ ᠬᠤᠷᠢᠶ᠎ᠠ ᠂ ᠦᠪᠦᠷ ᠮᠣᠩᠭᠤᠯ ᠤᠨ ᠷᠠᠳᠢᠤ᠋ ᠨᠡᠪᠳᠡᠷᠡᠭᠦᠯᠭᠡ ᠶᠢᠨ ᠬᠤᠷᠢᠶ᠎ᠠ᠂ ᠬᠦᠯᠦᠨ ᠪᠣᠶᠢᠷ᠂ ᠵᠢᠷᠢᠮ᠂ ᠵᠤᠤ ᠤᠳᠠ︾ ᠵᠡᠷᠭᠡ ᠲᠠᠪᠤᠨ ᠷᠠᠳᠢᠣ᠋ ᠬᠤᠷᠢᠶ᠎ᠠ ᠶᠢᠨ ᠬᠠᠮᠳᠤᠷᠠᠭᠰᠠᠨ ᠰᠢᠩᠭᠡᠭᠡᠯᠳᠡ ᠳᠤ ᠪᠠᠶᠠᠨᠴᠠᠭᠠᠨ ᠭᠤᠸᠠᠢ᠂ ᠠᠷᠪᠠᠨ ᠬᠡᠳᠦᠨ ᠲᠣᠭᠯᠠᠯᠳᠠ ᠰᠢᠩᠭᠡᠭᠡᠭᠰᠰᠡᠨ ᠪᠦᠭᠡᠳ ᠲᠡᠭᠦᠨ ᠤ ᠳᠠᠭᠤᠯᠠᠭᠰᠠᠨ ᠳᠠᠭᠤᠤ ᠨᠤᠭᠤᠳ ᠢ ᠣᠯᠠᠨᠳᠠ ᠨᠡᠪᠳᠡᠷᠡᠭᠦᠯᠦᠭᠰᠡᠨ ᠪᠢᠯᠡ᠃      1981 ᠤᠨ ᠳᠤ ᠪᠠᠶᠠᠨᠴᠠᠭᠠᠨ ᠭᠤᠸᠠᠢ ᠵᠤᠤ ᠤᠳᠠ ᠠᠶᠢᠮᠠᠭ ᠤᠨ ᠺᠢᠨᠤ᠋ ᠺᠤᠮᠫᠠᠨᠢ ᠶᠢᠨ ᠣᠷᠴᠢᠭᠤᠯᠬᠤ ᠰᠠᠯᠠᠭ᠎ᠠ ᠳᠤ ᠠᠵᠢᠯ ᠰᠢᠯᠵᠢᠵᠦ᠂ ᠣᠯᠠᠨ ᠠᠷᠪᠢᠨ ᠺᠢᠨᠣ᠋ ᠶᠢ ᠣᠷᠴᠢᠭᠤᠯᠵᠤ ᠠᠪᠢᠶᠠᠯᠠᠵᠤ ᠪᠠᠶᠢᠭᠰᠠᠨ ᠶᠤᠮ᠃ ᠲᠡᠷᠡ ᠤᠷᠢᠳ ᠬᠤᠵᠢᠳ ᠵᠠᠭᠤᠭᠠᠳ ᠺᠢᠨᠣ᠋ ᠵᠦᠴᠦᠭᠡ ᠶᠢ ᠣᠷᠴᠢᠭᠤᠯᠤᠨ ᠠᠪᠢᠶᠠᠯᠠᠵᠤ᠂ ᠠᠮᠵᠢᠯᠳᠠ ᠲᠠᠢ ᠨᠡᠪᠳᠡᠷᠡᠭᠦᠯᠵᠦ ᠪᠠᠶᠢᠭᠰᠠᠨ᠃ ᠲᠡᠭᠦᠨ ᠤ ᠣᠷᠴᠢᠭᠤᠯᠤᠨ ᠤᠳᠤᠷᠢᠳᠤᠭᠠᠵᠤ ᠬᠢᠨᠠᠨ ᠦᠢᠯᠡᠳᠦᠭᠰᠡᠨ ︽ᠬᠦᠰᠢᠭᠡᠨ ᠠᠷᠤ ᠠᠴᠠ ᠲᠦᠷᠦ ᠪᠠᠷᠢᠭᠰᠠᠨ ᠨᠢ︾ ᠭᠡᠳᠡᠭ ᠺᠢᠨᠣ᠋ ᠵᠦᠴᠦᠭᠡ ᠨᠢ ᠤᠯᠤᠰ ᠤᠨ ᠰᠣᠶᠤᠯ ᠤᠨ ᠶᠠᠮᠤᠨ ᠤ ︽ᠣᠷᠴᠢᠭᠤᠯᠤᠨ ᠦᠢᠯᠡᠳᠦᠭᠰᠡᠨ ᠰᠢᠯᠢᠳᠡᠭ ᠱᠠᠩᠨᠠᠯ︾ ᠢ ᠭᠠᠷᠳᠠᠵᠤ ᠦᠩᠭᠡᠷᠡᠪᠡ᠃ 1983 ᠤᠨ ᠳᠤ ᠪᠣᠯᠤᠭᠰᠠᠨ ᠠᠷᠤ ᠬᠤᠷᠴᠢᠨ ᠬᠤᠰᠢᠭᠤᠨ ᠤ ᠨᠠᠭᠠᠳᠤᠮ ᠤᠨ ᠬᠤᠷᠠᠯ ᠳᠤ ᠪᠠᠶᠠᠨᠴᠠᠭᠠᠨ ᠨᠦᠬᠦᠷ ᠣᠷᠢᠭᠳᠠᠨ ᠢᠷᠡᠵᠦ᠂ ᠺᠢᠨᠣ᠋ ᠶᠢ ᠮᠤᠩᠭᠤᠯᠴᠢᠯᠠᠨ ᠠᠬᠤᠢ ᠲᠠᠯᠠᠪᠠᠢ ᠳᠤ ᠠᠪᠢᠶᠠᠯᠠᠵᠤ ᠪᠠᠶᠢᠭᠰᠠᠨ ᠢ ᠪᠢ ᠨᠢᠳᠦ ᠪᠠᠷ ᠢᠶᠠᠨ ᠦᠵᠡᠭᠰᠡᠨ᠃ ᠲᠡᠷᠡ ᠪᠠᠰᠠ ᠮᠣᠩᠭᠤᠯ ᠤᠷᠠᠨ ᠪᠢᠴᠢᠯᠭᠡ ᠳᠤ ᠳᠤᠷ᠎ᠠ ᠪᠠᠭ᠋ᠠᠲᠠᠢ ᠪᠠᠶᠢᠳᠠᠭ᠃ ᠨᠠᠮ᠎ᠠ ᠶᠢ ᠤᠯᠠᠭᠠᠨᠮᠦ᠋ᠴᠢᠷ ᠤᠨ ᠳᠣᠭᠯᠠᠯᠳᠠ ᠶᠢᠨ ᠮᠠᠲ᠋ᠧᠷᠢᠶᠠᠯ ᠤᠳ ᠢ ᠭᠠᠩᠪᠠᠨ ᠳᠡᠭᠡᠷ᠎ᠡ ᠬᠢᠳᠠᠳ ᠮᠣᠩᠭᠤᠯ ᠢᠶᠠᠷ ᠤᠷᠠᠯᠠᠨ ᠰᠡᠶᠢᠷᠡᠭᠦᠯᠵᠦ᠂ ᠮᠣᠩᠭᠤᠯ ᠤᠷᠠᠨ ᠪᠢᠴᠢᠯᠭᠡ ᠶᠢ ᠪᠠᠭ᠎ᠠ ᠰᠠᠭ᠎ᠠ ᠪᠢᠴᠢᠵᠦ ᠪᠠᠶᠢᠭᠰᠠᠨ ᠦᠶ᠎ᠡ ᠳᠤ ᠪᠠᠶᠠᠨᠴᠠᠭᠠᠨ ᠮᠢᠨᠤ ᠪᠢᠴᠢᠭᠰᠡᠨ ᠢ ᠬᠢᠨᠠᠯᠳᠠ ᠪᠤᠯᠭᠠᠵᠤ ᠳᠠᠭᠤᠷᠢᠶᠠᠨ ᠪᠢᠴᠢᠵᠦ ᠪᠠᠶᠢᠭᠰᠠᠨ ᠪᠦᠭᠡᠳ ᠠᠵᠢᠯ ᠰᠢᠯᠵᠢᠭᠰᠡᠨ ᠤ ᠳᠠᠷᠠᠭ᠎ᠠ ᠴᠦ ᠦᠷᠭᠦᠯᠵᠢᠯᠡᠨ ᠵᠠᠭᠢᠳᠠᠯ ᠢᠷᠡᠭᠦᠯᠵᠦ᠂ ᠨᠠᠳᠠ ᠪᠠᠷ ᠲᠤᠷᠭᠠᠨ ᠴᠠᠭᠠᠰᠤᠨ ᠳᠡᠭᠡᠷ᠎ᠡ ᠦᠰᠦᠨ ᠪᠢᠷ ᠢᠶᠠᠷ ᠪᠢᠴᠢᠭᠦᠯᠵᠦ ᠠᠪᠴᠢᠬᠠᠭᠠᠳ᠂ ᠤᠷᠠᠨ ᠪᠢᠴᠢᠯᠭᠡ ᠶᠢᠨ ᠮᠠᠲ᠋ᠧᠷᠢᠶᠠᠯ ᠪᠤᠯᠭᠠᠵᠤ ᠪᠤᠯᠪᠠᠰᠤᠷᠠᠵᠤ ᠪᠠᠶᠢᠯ᠎ᠠ᠃ ᠲᠡᠷᠡ ᠪᠠᠰᠠ ᠲᠤᠬᠠᠢ ᠶᠢᠨ ᠦᠶ᠎ᠡ ᠶᠢᠨ ︽ᠰᠢᠷᠠᠮᠦ᠋ᠷᠡᠨ︾ ᠰᠡᠳᠬᠦᠯ ᠤᠨ ᠭᠤᠤᠯ ᠨᠠᠶᠢᠷᠠᠭᠤᠯᠤᠭᠴᠢ ᠪᠠᠶᠢᠭᠰᠠᠨ ᠠᠯᠳᠠᠷᠳᠤ ᠢᠷᠠᠭᠤ ᠨᠠᠶᠢᠷᠠᠭᠴᠢ ᠯ᠊ · ᠤᠳᠽᠠᠷ ᠪᠠᠭᠰᠢ ᠶᠢᠨ ᠮᠣᠩᠭᠤᠯ ᠤᠷᠠᠨ ᠪᠢᠴᠢᠯᠭᠡ  ᠶᠢ ᠳᠠᠭᠤᠷᠢᠶᠠᠨ ᠪᠢᠴᠢᠵᠦ ᠪᠠᠶᠢᠯ᠎ᠠ ᠭᠡᠳᠡᠭ᠃ ᠮᠢᠨᠤ ᠣᠶᠢᠯᠭᠠᠭᠰᠠᠨ ᠢᠶᠠᠷ ᠪᠠᠶᠠᠨᠴᠠᠭᠠᠨ ᠭᠤᠸᠠᠢ ᠳᠡᠭᠡᠷ᠎ᠡ ᠵᠠᠭᠤᠨ ᠤ ᠨᠠᠶᠠᠭᠠᠳ ᠤᠨ ᠤ ᠡᠬᠢᠨ ᠠᠴᠠ ᠮᠣᠩᠭᠤᠯ ᠤᠷᠠᠨ ᠪᠢᠴᠢᠯᠭᠡ ᠶᠢ ᠠᠮᠳᠠᠷᠬᠠᠨ ᠪᠤᠯᠪᠠᠰᠤᠷᠠᠵᠤ᠂ ᠣᠷᠤᠨ ᠤ ᠵᠠᠯᠠᠭᠤ ᠤᠷᠠᠨ ᠪᠢᠴᠢᠯᠭᠡᠳᠡᠨ ᠤ ᠡᠩᠨᠡᠭᠡᠨ ᠳᠤ ᠵᠢᠭᠰᠠᠭᠠᠭᠳᠠᠵᠤ᠂ 1990 ᠣᠨ ᠳᠤ ᠬᠦᠭᠡᠬᠤᠳᠠ ᠶᠢᠨ ᠮᠣᠩᠭᠤᠯ ᠤᠷᠠᠨ ᠪᠢᠴᠢᠯᠭᠡᠳᠡᠳ ᠤᠨ ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠢ ᠭᠠᠷᠳᠠᠵᠤ᠂ 1994 ᠤᠨ ᠳᠤ ᠪᠦᠬᠦ ᠤᠯᠤᠰ ᠤᠨ ᠵᠡᠪᠰᠡᠭᠲᠦ ᠴᠠᠭᠳᠠᠭ᠎ᠠ ᠶᠢᠨ ᠭᠤᠷᠪᠠᠳᠤᠭᠠᠷ ᠬᠤᠭᠤᠴᠠᠭᠠᠨ ᠤ ᠤᠷᠠᠨ ᠪᠢᠴᠢᠯᠭᠡ ᠶᠢᠨ ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠲᠤᠰᠴᠤ᠂ 1995 ᠣᠨ ᠳᠤ ᠦᠪᠡᠷᠳᠡᠭᠡᠨ ᠵᠠᠰᠠᠬᠤ ᠣᠷᠤᠨ ᠤ ᠬᠤᠶᠠᠳᠤᠭᠠᠷ ᠬᠤᠭᠤᠴᠠᠭᠠᠨ ᠤ ᠮᠣᠩᠭᠤᠯ ᠤᠷᠠᠨ ᠪᠢᠴᠢᠯᠭᠡ ᠶᠢᠨ ᠦᠵᠡᠭᠦᠯᠦᠯᠭᠡ ᠳᠤ ᠨᠢᠭᠡᠳᠦᠭᠡᠷ ᠳᠡᠰ ᠤᠨ ᠱᠠᠩᠨᠠᠯ ᠢ ᠬᠦᠷᠳᠡᠪᠡ᠃ 1996 ᠣᠨ ᠳᠤ ᠨᠠᠢᠮᠠᠨ ᠮᠣᠵᠢ ᠣᠷᠤᠨ ᠤ ᠮᠣᠩᠭᠤᠯ ᠤᠷᠠᠨ ᠪᠢᠴᠢᠯᠭᠡ ᠶᠢᠨ ᠤᠷᠤᠯᠳᠤᠭᠠᠨ ᠳᠤ ᠲᠡᠷᠢᠭᠦᠨ ᠱᠠᠩᠨᠠᠯ ᠢ ᠣᠯᠤᠭᠰᠠᠨ ᠪᠠᠶᠢᠳᠠᠭ᠃ 1998 ᠣᠨ ᠳᠤ ᠦᠪᠦᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ  ᠠᠴᠠ ᠬᠡᠪᠯᠡᠨ ᠲᠠᠷᠬᠠᠭᠠᠭᠰᠠᠨ ︽ᠪᠦᠬᠦ ᠣᠯᠤᠰ ᠤᠨ ᠶᠡᠭᠡ᠂ ᠳᠡᠭᠡᠳᠦ ᠰᠤᠷᠭᠠᠭᠤᠯᠢ ᠶᠢᠨ ᠵᠢᠭᠠᠬᠤ ᠮᠠᠲ᠋ᠧᠷᠢᠶᠠᠯ︾ ︵ᠤᠷᠠᠨ ᠪᠢᠴᠢᠯᠭᠡ ᠶᠢᠨ ᠤᠳᠤᠷᠢᠳᠤᠮᠵᠢ︶ ᠭᠡᠬᠦ ᠨᠤᠮ ᠳᠤ ᠪᠠᠶᠠᠨᠴᠠᠭᠠᠨ ᠭᠤᠸᠠᠢ ᠶᠢᠨ ᠦᠰᠦᠨ ᠪᠢᠷ ᠢᠶᠠᠷ ᠪᠢᠴᠢᠭᠰᠡᠨ ᠰᠢᠯᠦᠭ ᠤᠳ ᠨᠢ ᠰᠤᠩᠭᠤᠭᠳᠠᠨ ᠣᠷᠤᠭᠰᠠᠨ ᠪᠠᠶᠢᠨ᠎ᠠ᠃ 2001 ᠣᠨ ᠳᠤ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠦᠭᠰᠡᠨ ︽ᠣᠳᠤ ᠦᠶ᠎ᠡ ᠶᠢᠨ ᠮᠣᠩᠭᠤᠯ ᠤᠷᠠᠨ ᠪᠢᠴᠢᠯᠭᠡᠳᠡᠳ ᠤᠨ ᠪᠦᠳᠦᠭᠡᠯ︾ ᠭᠡᠬᠦ ᠨᠣᠮ ᠳᠤ ᠪᠠᠶᠠᠨᠴᠠᠭᠠᠨ ᠤ ᠪᠦᠳᠦᠭᠡᠯ ᠴᠦ ᠰᠤᠩᠭᠤᠭᠳᠠᠵᠤ ᠪᠠᠶᠢᠭᠰᠠᠨ᠃ 1989 - 1994 ᠣᠨ ᠳᠤ ᠪᠡᠭᠡᠵᠢᠩ ᠳᠤ ᠪᠣᠯᠤᠭᠰᠠᠨ᠂ ᠦᠨᠳᠦᠰᠦᠳᠡᠨ ᠤ ᠰᠣᠶᠤᠯ ᠤᠨ ᠣᠷᠳᠤᠨ ᠤ ᠬᠤᠶᠠᠷ ᠤᠳᠠᠭᠠᠨ ᠤ ᠦᠵᠡᠭᠦᠯᠦᠯᠭᠡ ᠳᠤ ᠪᠠᠶᠠᠨᠴᠠᠭᠠᠨ ᠭᠤᠸᠠᠢ ᠦᠪᠡᠷ ᠤᠨ ᠪᠦᠳᠦᠭᠡᠯ ᠲᠠᠢ ᠪᠠᠨ ᠤᠷᠤᠯᠴᠠᠭᠰᠠᠨ ᠶᠤᠮ᠃ ᠲᠡᠭᠦᠨ ᠤ ᠪᠤᠰᠤᠳ ᠤᠯᠠᠨ ᠪᠦᠳᠦᠭᠡᠯ ᠤᠳ ᠨᠢ ᠮᠣᠩᠭᠤᠯ ᠲᠧᠯᠸᠢᠰ ᠤᠨ ᠲᠤᠰᠬᠠᠢ ᠪᠣᠯᠤᠩ ᠤᠨ ᠭᠠᠷᠴᠠᠭ ᠪᠤᠶᠤ ᠲᠠᠨᠢᠯᠴᠠᠭᠤᠯᠭ᠎ᠠ ᠶᠢᠨ ᠬᠡᠯᠪᠡᠷᠢ  ᠪᠠᠷ ᠦᠵᠡᠭᠴᠢᠳ ᠤᠨ ᠬᠠᠷᠠᠭᠠᠨ ᠳᠤ ᠲᠣᠳᠤᠷᠠᠵᠤ ᠪᠠᠶᠢᠭᠰᠠᠨ ᠪᠦᠭᠡᠳ ᠶᠠᠫᠤᠨ᠂ ᠮᠣᠩᠭᠤᠯ᠂ ᠰᠢᠩᠭᠠᠪᠤᠷ᠂ ᠰᠢᠶᠠᠩᠭᠠᠩ ᠵᠡᠷᠭᠡ ᠣᠷᠤᠨ ᠨᠤᠭᠤᠳ ᠢᠶᠠᠷ ᠲᠠᠷᠬᠠᠵᠤ᠂ ᠬᠠᠨ᠎ᠠ ᠶᠢᠨ ᠴᠢᠮᠡᠭ᠂ ᠬᠠᠷᠠᠭᠠᠨ ᠤ ᠤᠷᠠᠯᠠᠯ ᠪᠤᠯᠵᠤ ᠬᠠᠳᠠᠭᠠᠯᠠᠭᠳᠠᠵᠠᠢ᠃ ︽ᠤᠷᠢᠳ ᠢᠶᠠᠷ ᠭᠠᠷᠤᠭᠰᠠᠨ ᠴᠢᠬᠢ ᠠᠴᠠ ᠬᠤᠶᠢᠨ᠎ᠠ ᠨᠢ ᠤᠷᠭᠤᠭᠰᠠᠨ ᠡᠪᠡᠷ ᠬᠠᠳᠠᠭᠤ︾ ᠭᠡᠳᠡᠭ ᠢᠶᠠᠷ ᠪᠠᠶ᠋ᠨᠨᠴᠠᠭᠠᠨ ᠭᠤᠸᠠᠢ ᠶᠢᠨ ᠤᠷᠠᠨ ᠪᠢᠴᠢᠯᠭᠡ ᠨᠢ ᠦᠪᠡᠷ ᠤᠨ ᠬᠠᠯᠠᠰᠢᠷᠠᠯ ᠦᠭᠡᠢ ᠪᠣᠯᠪᠠᠰᠤᠷᠠᠯ ᠪᠣᠯᠤᠨ ᠬᠠᠳᠠᠭᠤ ᠰᠦᠰᠦᠳᠠᠢ ᠴᠢᠷᠮᠠᠶᠢᠯᠭ᠎ᠠ ᠪᠠᠷ ᠦᠪᠡᠷ ᠤᠨ ᠬᠡᠪ ᠨᠠᠮᠪᠠ ᠲᠠᠢ᠂ ᠦᠰᠦᠨ ᠪᠢᠷ ᠤᠨ ᠣᠨᠴᠠᠯᠢᠭ ᠤᠷᠠᠯᠢᠭ  ᠲᠠᠢ᠂ ᠣᠯᠠᠨ ᠠᠴᠠ ᠣᠨᠴᠠᠭᠠᠢ ︽ᠪᠠᠶᠠᠨᠴᠠᠭᠠᠨ ᠤ ᠤᠷᠠᠨ ᠪᠢᠴᠢᠯᠭᠡ︾ ᠪᠤᠯᠵᠤ ᠴᠢᠳᠠᠭᠰᠠᠨ ᠪᠠᠶᠢᠨ᠎ᠠ᠃ ᠲᠡᠷᠡ 2005 ᠣᠨ ᠤ 5 ᠰᠠᠷ᠎ᠠ ᠳᠤ ︽ᠪᠠᠶᠠᠨᠴᠠᠭᠠᠨ ᠤ ᠤᠷᠠᠨ ᠪᠢᠴᠢᠯᠭᠡ︾ ᠭᠡᠬᠦ ᠨᠤᠮ ᠢᠶᠠᠨ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠠᠢ᠃      ᠪᠠᠶᠠᠨᠴᠠᠭᠠᠨ ᠭᠤᠸᠠᠢ ᠮᠤᠩᠭᠤᠯ ᠤᠷᠳᠤ ᠶᠢᠨ ᠳᠠᠭᠤᠤ ᠳᠠᠭᠠᠨ ᠬᠠᠶᠢᠷᠠᠳᠠᠢ ᠪᠠᠭ᠋ᠠᠳᠠᠢ ᠪᠠᠶᠢᠳᠠᠭ ᠢᠶᠠᠷ ᠢᠶᠠᠨ ᠠᠷᠠᠳ ᠤᠨ ᠳᠠᠭᠤᠤ ᠪᠠᠨ ᠬᠠᠩᠭᠢᠨᠠᠭᠤᠯᠵᠤ ᠶᠠᠪᠤᠭᠰᠠᠨ᠂ ᠮᠠᠨᠳᠤᠭᠤᠯᠬᠤ ᠶᠠᠪᠤᠭᠰᠠᠨ︕ ᠲᠡᠷᠡ 1986 ᠣᠨ ᠳᠤ ᠲᠦᠷᠦ ᠶᠢᠨ ᠰᠣᠶᠤᠯ ᠤᠨ ᠶᠠᠮᠤᠨ᠂ ᠷᠠᠳᠢᠤ᠋ ᠺᠢᠨᠤ᠋ ᠲᠧᠯᠸᠢᠰ ᠠᠴᠠ ᠡᠷᠬᠢᠯᠡᠭᠰᠡᠨ ︽ ᠪᠦᠬᠦ ᠤᠯᠤᠰ ᠤᠨ ᠠᠷᠠᠳ ᠤᠨ ᠳᠠᠭᠤᠤ᠂ ᠬᠦᠭᠵᠢᠮ᠂ ᠪᠦᠵᠢᠭ ᠤᠨ ᠤᠷᠤᠯᠳᠤᠭᠠᠨ︾ ᠳᠤ ᠮᠤᠩᠭᠤᠯ ᠤᠷᠳᠤ ᠶᠢᠨ ᠳᠠᠭᠤᠤ  ︽ᠵᠢᠭᠠᠬᠠᠨ ᠰᠢᠷᠭ᠎ᠠ︾ ᠪᠠᠷ ᠢᠶᠠᠨ ᠲᠦᠷᠦ ᠶᠢᠨ ᠺᠢᠨᠤ᠋ ᠲᠧᠯᠸᠢᠰ ᠤᠨ ᠶᠡᠭᠡ ᠱᠠᠩᠨᠠᠯ ᠢ ᠬᠦᠷᠳᠡᠭᠰᠡᠨ ᠶᠤᠮ᠃ ᠡᠨᠡ ᠨᠢ ᠦᠪᠦᠷ ᠮᠣᠩᠭᠤᠯ  ᠤᠨ ᠦᠪᠡᠷᠳᠡᠭᠡᠨ ᠵᠠᠰᠠᠬᠤ ᠣᠷᠤᠨ ᠪᠠᠶᠢᠭᠤᠯᠤᠭᠳᠠᠭᠰᠠᠨ ᠠᠴᠠ ᠨᠠᠭᠠᠰᠢ ᠲᠦᠷᠦ ᠶᠢᠨ ᠲᠡᠷᠢᠭᠦᠨ ᠱᠠᠩᠨᠠᠯ ᠢ ᠠᠩᠬ᠎ᠠ ᠲᠤᠰᠤᠭᠰᠠᠨ ᠳᠠᠭᠤᠴᠢᠨ ᠪᠣᠯᠪᠠ᠃ ᠲᠦᠷᠦ ᠶᠢᠨ ᠱᠠᠩᠨᠠᠯᠳᠤ ᠳᠠᠭᠤᠴᠢᠨ ᠪᠠᠶᠠᠨᠴᠠᠭᠠᠨ ᠮᠠᠨᠢ ᠦᠪᠡᠷ ᠤᠨ ᠤᠷᠳᠤ ᠬᠤᠭᠤᠴᠠᠭᠠᠨ ᠤ ᠰᠢᠷᠭᠠᠭᠤ ᠴᠢᠷᠮᠠᠶᠢᠯᠭ᠎ᠠ᠂ ᠦᠨᠳᠦᠷ ᠠᠮᠵᠢᠯᠳᠠ ᠶᠢᠨ ᠦᠩᠭᠡ ᠭᠢᠯᠪᠠᠭ᠎ᠠ ᠪᠠᠷ ᠣᠷᠤᠨ ᠤ ᠲᠦᠪ ᠬᠦᠬᠡᠬᠤᠳᠠᠨ᠎ᠠ ᠤᠷᠤᠵᠤ᠂ ᠦᠪᠦᠷ ᠮᠣᠩᠭᠤᠯ ᠤᠨ ᠵᠡᠪᠰᠡᠭᠳᠦ ᠴᠠᠭᠳᠠᠭ᠎ᠠ ᠶᠢᠨ ᠤᠷᠠᠨ ᠰᠠᠶᠢᠬᠠᠨ ᠤ ᠪᠦᠯᠬᠦᠮ ᠤᠨ ᠳᠠᠭᠤᠴᠢᠨ ᠪᠤᠯᠵᠤ᠂ ᠣᠷᠤᠨ ᠤ ᠪᠠ ᠲᠦᠪ ᠤᠨ ᠷᠠᠳᠢᠤ᠋ ᠬᠤᠷᠢᠶ᠎ᠠ᠂ ᠣᠯᠠᠨ ᠤᠯᠤᠰ ᠤᠨ ᠷᠠᠳᠢᠤ᠋ ᠬᠤᠷᠢᠶ᠎ᠠ ᠶᠢᠨ ᠮᠣᠩᠭᠤᠯ ᠬᠡᠯᠡᠨ ᠤ ᠨᠡᠪᠳᠡᠷᠡᠭᠦᠯᠭᠡ ᠳᠤ ᠣᠯᠠᠨ ᠰᠠᠶᠢᠬᠠᠨ ᠤᠷᠳᠤ ᠶᠢᠨ ᠳᠠᠭᠤᠤ ᠪᠠᠨ ᠰᠢᠩᠭᠡᠭᠡᠨ ᠨᠡᠪᠳᠡᠷᠡᠭᠦᠯᠵᠦ ᠶᠠᠪᠤᠵᠠᠢ᠃ ᠣᠯᠠᠨ ᠲᠦᠮᠡᠨ ᠤ ᠬᠦᠰᠡᠯ ᠡᠷᠮᠡᠯᠵᠡᠯ ᠢᠶᠠᠷ ᠳᠠᠭᠤᠴᠢᠨ ᠤ ᠮᠠᠨᠢ ᠳᠠᠭᠤᠯᠠᠭᠰᠠᠨ ᠳᠠᠭᠤᠤ ᠨᠤᠭᠤᠳ ᠢ ᠦᠪᠦᠷ ᠮᠣᠩᠭᠤᠯ ᠤᠨ ᠷᠠᠳᠢᠤ᠋ ᠲᠧᠯᠸᠢᠰ ᠬᠤᠷᠢᠶ᠎ᠠ ᠨᠢ ᠣᠯᠠᠨᠳᠠ ᠨᠡᠪᠳᠡᠷᠡᠭᠦᠯᠦᠭᠰᠡᠨ ᠠᠴᠠ ᠦᠷᠭᠡᠨ ᠣᠯᠠᠨ ᠦᠵᠡᠭᠴᠢᠳ ᠰᠣᠨᠤᠰᠤᠭᠴᠢᠳ ᠤᠨ ᠬᠠᠯᠠᠭᠤᠨ ᠬᠦᠷᠢᠶᠡᠯᠡᠯ ᠢ ᠣᠯᠤᠭᠰᠠᠨ ᠪᠠᠶᠢᠨ᠎ᠠ᠃ ᠪᠠᠶᠠᠨᠴᠠᠭᠠᠨ ᠡᠶᠢᠮᠦᠷᠬᠦᠦ ᠰᠤᠷᠤᠯᠭ᠎ᠠ ᠴᠢᠷᠮᠠᠶᠢᠯᠭ᠎ᠠ ᠪᠠᠷ ᠢᠶᠠᠨ ᠤᠯᠤᠰ ᠤᠨ ᠨᠢᠭᠡᠳᠦᠭᠡᠷ ᠳᠡᠰ ᠤᠨ ᠲᠣᠭᠯᠠᠭᠴᠢ᠂ ᠠᠯᠳᠠᠷᠳᠤ ᠳᠠᠭᠤᠴᠢᠨ ᠪᠤᠯᠤᠭᠰᠠᠨ ᠰᠠᠨ᠃      ᠨᠠᠮ᠎ᠠ ᠶᠢ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠳᠤ ᠠᠵᠢᠯᠯᠠᠵᠤ ᠪᠠᠶᠢᠬᠤ ᠦᠶ᠎ᠡ ᠳᠤ ᠳᠤᠮᠳᠠᠳᠤ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ 80 ᠵᠢᠯ ᠤᠨ ᠣᠢ ᠳᠤ ᠵᠤᠷᠢᠭᠤᠯᠤᠨ ︽ᠦᠵᠡᠰᠬᠦᠯᠡᠩᠳᠦ ᠰᠠᠶᠢᠬᠠᠨ ᠠᠷᠤ ᠬᠤᠷᠴᠢᠨ︾ ᠭᠡᠰᠡᠨ ᠠᠷᠤ ᠬᠤᠷᠴᠢᠨ ᠠᠷᠠᠳ ᠤᠨ ᠳᠠᠭᠤᠤ ᠪᠠᠷ ᠭᠤᠤᠯᠳᠠᠭᠤᠯᠤᠭᠰᠠᠨ ᠰᠣᠷᠢᠨᠵᠢᠨ ᠭᠡᠷᠡᠯ ᠲᠠᠪᠠᠭ ᠢ 2001 ᠣᠨ ᠳᠤ ᠬᠡᠪᠯᠡᠨ ᠦᠢᠯᠡᠳᠬᠦ ᠳᠤ ᠪᠠᠶᠠᠨᠴᠠᠭᠠᠨ ︽ᠵᠠᠩ ᠮᠦᠷᠡᠨ ᠤ ᠤᠰᠤ︾᠂ ︽ᠵᠢᠢ ᠲᠠᠯ᠎ᠠ ᠶᠢᠨ ᠭᠤᠷᠭᠤᠤᠯ︾᠂ ︽ᠪᠤᠭᠳᠠ ᠴᠢᠩᠭᠢᠰ︾᠂ ︽ᠨᠠᠮᠤᠭ ᠲᠠᠯ᠎ᠠ ᠶᠢᠨ ᠪᠤᠷᠭᠠᠰᠤ︾ ᠵᠡᠷᠭᠡ ᠠᠷᠠᠳ ᠤᠨ ᠳᠠᠭᠤᠤ ᠨᠤᠭᠤᠳ ᠢ ᠳᠠᠭᠤᠯᠠᠵᠤ ᠰᠢᠩᠭᠡᠭᠡᠵᠠᠢ᠃ ᠲᠡᠭᠦᠨ ᠤ ᠳᠠᠭᠤᠯᠠᠭᠰᠠᠨ ᠣᠯᠠᠨ ᠰᠠᠶᠢᠬᠠᠨ ᠳᠠᠭᠤᠤ ᠨᠤᠭᠤᠳ ᠨᠢ ᠣᠳᠤ ᠪᠤᠯᠳᠠᠯ᠎ᠠ ᠣᠯᠤᠰ ᠤᠨ ᠳᠤᠳᠤᠨ᠎ᠠ ᠭᠠᠳᠠᠨ᠎ᠠ᠂ ᠦᠪᠡᠷ ᠤᠨ ᠬᠢᠨᠢ ᠨᠤᠳᠤᠭ — ᠠᠷᠤ ᠬᠤᠷᠴᠢᠨ ᠳᠤ ᠪᠠᠶᠠᠷ ᠶᠤᠰᠤᠯᠠᠯ ᠤᠨ ᠴᠤᠭᠯᠠᠭᠠᠨ᠂ ᠨᠠᠶᠢᠷ ᠨᠠᠭᠠᠳᠤᠮ ᠳᠡᠭᠡᠷ᠎ᠡ ᠬᠠᠩᠭᠢᠨᠠᠵᠤ᠂ ᠠᠯᠳᠠᠷᠳᠤ ᠳᠠᠭᠤᠴᠢᠨ ᠤ ᠮᠠᠨᠢ ᠳᠠᠭᠤᠯᠠᠭᠰᠠᠨ ᠳᠠᠭᠤᠤ ᠨᠤᠭᠤᠳ ᠨᠢ ᠠᠷᠠᠳ ᠤᠨ ᠢᠶᠠᠨ ᠳᠤᠮᠳᠠ ᠠᠮᠢᠳᠤᠷᠠᠭᠰᠠᠭᠠᠷ᠂ ᠳᠠᠭᠤᠯᠠᠭᠳᠠᠭᠰᠠᠭᠠᠷ᠂ ᠴᠤᠤᠷᠢᠶᠠᠳᠤᠭᠰᠠᠭᠠᠷ ᠪᠠᠶᠢᠭ᠎ᠠ ᠁      2006 ᠣᠨ ᠤ 4 ᠰᠠᠷ᠎ᠠ ᠶᠢᠨ 26 ᠤ ᠡᠳᠦᠷ᠂ ᠠᠯᠳᠠᠷᠳᠤ ᠳᠠᠭᠤᠴᠢᠨ ᠪᠠᠶᠠᠨᠴᠠᠭᠠᠨ ᠮᠠᠨᠢ ᠦᠢᠯᠡᠰ ᠪᠦᠳᠦᠭᠡᠬᠦ ᠢᠳᠡᠷ ᠨᠠᠰᠤᠨ ᠳᠠᠭᠠᠨ ᠦᠪᠡᠷ ᠤᠨ ᠬᠠᠶᠢᠷᠠᠳᠠᠢ ᠳᠠᠭᠤᠤ ᠶᠢᠨ ᠳᠠᠪᠴᠠᠩ ᠠᠴᠠ ᠪᠠᠨ ᠰᠠᠯᠵᠤ᠂ ᠦᠰᠴᠦ ᠲᠦᠷᠦᠭᠰᠡᠨ ᠦᠯᠦᠭᠡᠢ ᠨᠤᠳᠤᠭ᠂ ᠡᠯᠢᠭᠡᠨ ᠬᠠᠶᠢᠷᠠᠳᠤ ᠭᠡᠷᠭᠡᠢ ᠡᠩᠬᠦᠷᠠᠢ ᠪᠠᠭ᠎ᠠ ᠬᠡᠥᠬᠡᠳ ᠠᠴᠠ ᠪᠠᠨ ᠰᠠᠯᠵᠤ᠂ ᠦᠷᠭᠡᠨ ᠣᠯᠠᠨ ᠰᠣᠨᠤᠰᠤᠭᠴᠢᠳ ᠠᠴᠠ ᠪᠠᠨ ᠰᠠᠯᠵᠤ᠂ ᠰᠠᠨᠰᠠᠷ ᠤᠨ ᠣᠳᠤᠨ ᠪᠤᠯᠵᠤ ᠰᠣᠯᠢᠷᠠᠵᠤ᠂ ᠰᠠᠷᠠᠭᠤᠯ ᠰᠠᠶᠢᠬᠠᠨ ᠳᠠᠭᠤᠤ ᠠᠶᠠᠯᠭᠤ ᠶᠢᠨ ᠮᠦᠩᠬᠡ ᠬᠦᠰᠢᠶ᠎ᠡ ᠪᠤᠯᠵᠤ ᠰᠡᠭᠦᠶᠢᠪᠡ᠃ ᠠᠪᠤᠷᠭᠤ ᠳᠠᠭᠤᠴᠢᠨ ᠮᠠᠨᠢ ᠠᠷᠤ ᠬᠤᠷᠴᠢᠨ ᠤ ᠠᠷᠠᠳ ᠣᠯᠠᠨ᠂ ᠲᠡᠷᠡᠴᠢᠯᠡᠨ ᠲᠡᠭᠦᠨ ᠢ ᠲᠠᠨᠢᠳᠠᠭ ᠦᠷᠭᠡᠨ ᠣᠯᠠᠨ ᠮᠣᠩᠭᠤᠯ ᠠᠬ᠎ᠠ ᠳᠡᠭᠦᠦ ᠨᠠᠷ ᠤᠨ  ᠢᠶᠠᠨ ᠰᠡᠳᠬᠢᠯ ᠵᠢᠷᠦᠬᠡᠨ ᠳᠤ ᠦᠨᠢᠳᠡ ᠮᠦᠩᠬᠡᠷᠡᠬᠦ ᠶᠣᠰᠤᠳᠠᠢ︕      ᠪᠠᠶᠠᠨᠴᠠᠭᠠᠨ ᠮᠠᠨᠢ᠂ ᠠᠮᠤᠷᠯᠢᠩᠭᠤᠢ ᠨᠤᠶᠢᠷᠰᠤᠭᠠᠷᠠᠢ᠃ ︵ᠪ᠊ · ᠲᠡᠮᠦᠷᠭᠤᠣᠯᠲᠣ︶
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号