ᠠᠷᠤ ᠬᠤᠷᠴᠢᠨ ᠬᠤᠰᠢᠭᠤᠨ ᠤ 2017 ᠣᠨ ᠤ ᠡᠳ᠋ ᠤᠨ ᠵᠠᠰᠠᠭ | ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2018 ᠣᠨ ᠤ | ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠲᠤᠬᠠᠶ ᠮᠡᠳᠡᠭᠦᠯᠦᠯᠲᠡ | — 2018 ᠣᠨ ᠤ 2 ᠰᠠᠷ᠎ᠠ ᠶᠢᠨ 3 ᠤ ᠡᠳᠦᠷ ᠠᠷᠤ ᠬᠤᠷᠴᠢᠨ ᠬᠤᠰᠢᠭᠤᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠬᠡᠷ᠎ᠡ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ | | ᠲᠥᠯᠥᠭᠡᠯᠡᠭᠴᠢᠳ ᠡ : | ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠶᠢ ᠬᠦᠯᠢᠶᠡᠵᠦ᠂ ᠡᠳᠦᠭᠡ 2017 ᠣᠨ ᠤ | ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2018 ᠣᠨ ᠤ ᠡᠳ᠋ ᠤᠨ ᠵᠠᠰᠠᠭ ᠤᠨ | ᠲᠥᠰᠦᠪ ᠤᠨ ᠲᠥᠰᠦᠯ ᠤᠨ ᠲᠤᠬᠠᠶ ᠮᠡᠳᠡᠭᠦᠯᠦᠯᠲᠡ ᠶᠢ ᠲᠤᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠳᠤ ᠳᠡᠪᠰᠢᠭᠦᠯᠦᠶ᠎ᠡ᠂ ᠬᠢᠨᠠᠨ ᠵᠦᠪᠯᠡᠬᠦ ᠪᠣᠯᠪᠠᠤ᠂ ᠬᠤᠰᠢᠭᠤ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠵᠤ ᠪᠠᠶᠢᠭ᠎ᠠ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ ᠂ 2017 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ | ︵ᠨᠢᠭᠡ︶ ᠡ᠊ᠩ ᠤᠨ ᠣᠯᠠᠨ ᠨᠡᠶᠢᠲᠡ ᠶᠢᠨ ᠲᠥᠰᠦᠪ ᠢ ᠭᠦᠢᠴᠡᠳᠬᠡᠭᠰᠡᠨ ᠪᠠᠶᠢᠳᠠᠯ | ᠪᠦᠭᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 27,297 ᠲᠦᠮᠡᠨ ᠲᠥᠭᠦᠷᠢᠭ | ᠪᠡᠶᠡᠯᠡᠭᠦᠯᠵᠦ᠂ ᠣᠨ ᠤ ᠲᠥᠰᠦᠪ ᠢ 101%① ᠪᠠᠷ ᠪᠡᠶᠡᠯᠡᠭᠦᠯᠵᠦ᠂ ᠬᠠᠷᠢᠴᠠᠭᠤᠯᠵᠤ ᠪᠣᠯᠬᠤ ᠬᠡᠮᠵᠢᠶ᠎ᠡ ᠪᠠᠷ | ᠪᠤᠳᠤᠪᠠᠯ②᠂ ᠲᠦᠷᠦᠭᠦᠦ ᠵᠢᠯ ᠤᠨ ᠣᠷᠣᠯᠭ᠎ᠠ ᠠᠴᠠ 1,147 ᠲᠦᠮᠡᠨ ᠲᠥᠭᠦᠷᠢᠭ ᠨᠡᠮᠡᠭᠳᠡᠵᠦ᠂ 4 % ᠪᠠᠷ | ᠳᠡᠭᠡᠭᠰᠢᠯᠡᠪᠡ᠃ ᠭᠠᠶᠢᠯᠢ ᠲᠠᠲᠠᠪᠤᠷᠢ ᠶᠢᠨ ᠣᠷᠣᠯᠭ᠎ᠠ ᠶᠢ 21,763 ᠲᠦᠮᠡᠨ ᠲᠥᠭᠦᠷᠢᠭ ᠪᠡᠶᠡᠯᠡᠭᠦᠯᠵᠦ᠂ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 80 % ᠶᠢ ᠡᠵᠡᠯᠡᠪᠡ︔ ᠭᠠᠶᠢᠯᠢ ᠶᠢᠨ ᠪᠤᠰᠤ | ᠣᠷᠣᠯᠭ᠎ᠠ ᠶᠢ 5,534 ᠲᠦᠮᠡᠨ ᠲᠥᠭᠦᠷᠢᠭ ᠪᠡᠶᠡᠯᠡᠭᠦᠯᠵᠦ᠂ ᠡ᠊ᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢᠨ 20 % ᠶᠢ ᠡᠵᠡᠯᠡᠵᠠᠢ᠃ | ᠪᠦᠭᠦ ᠬᠤᠰᠢᠭᠤᠨ ᠤ ᠡ᠊ᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 316,676 ᠲᠦᠮᠡᠨ | ᠲᠥᠭᠦᠷᠢᠭ ᠪᠡᠶᠡᠯᠡᠭᠦᠯᠵᠦ᠂ ᠵᠢᠯ ᠤᠨ ᠲᠥᠰᠦᠪ ᠢ 100 % ᠪᠠᠷ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ11,381 ᠲᠦᠮᠡᠨ ᠲᠥᠭᠦᠷᠢᠭ ᠨᠡᠮᠡᠭᠳᠡᠵᠦ᠂ 4 % ᠪᠠᠷ ᠳᠡᠭᠡᠭᠰᠢᠯᠡᠪᠡ᠃ | ᠵᠠᠷᠤᠯᠭ᠎ᠠ ᠶᠢᠨ ᠴᠢᠳᠠᠮᠵᠢ ᠪᠠᠷ ᠲᠦᠷᠦᠯ ᠬᠤᠪᠢᠶᠠᠨ ᠭᠦᠢᠴᠡᠳᠬᠡᠭᠰᠡᠨ ᠪᠠᠶᠢᠳᠠᠯ ᠨᠢ ᠳᠣᠣᠷᠠᠬᠢ ᠮᠡᠲᠦ᠄ | 1 . ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ ᠶᠢ 23,060 ᠲᠦᠮᠡᠨ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ1,281 ᠲᠦᠮᠡᠨ ᠲᠥᠭᠦᠷᠢᠭ ᠨᠡᠮᠡᠭᠳᠡᠵᠦ᠂ 6 % ᠪᠠᠷ | ᠳᠡᠭᠡᠭᠰᠢᠯᠡᠪᠡ᠃ ᠭᠤᠣᠯᠳᠠᠭᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠦᠦ ᠮᠥᠩᠭᠦ ᠶᠢ ᠥᠭᠬᠦ ᠵᠠᠷᠤᠯᠭ᠎ᠠ | ᠨᠡᠮᠡᠭᠳᠡᠭᠰᠡᠨ ᠪᠠᠶᠢᠨ᠎ᠠ︔ | 2 . ᠤᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ ᠶᠢ 12,154 ᠲᠦᠮᠡᠨ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 657 ᠲᠦᠮᠡᠨ ᠲᠥᠭᠦᠷᠢᠭ ᠬᠠᠰᠤᠭᠳᠠᠵᠦ᠂ 5 % ᠪᠠᠷ | ᠪᠠᠭᠠᠰᠴᠠᠢ᠃ ᠭᠤᠣᠯᠳᠠᠭᠤ ᠤᠯᠤᠰ ᠲᠦᠷᠤ ᠬᠠᠤᠯᠢ ᠴᠠᠭᠠᠵᠠ ᠶᠢᠨ ᠰᠢᠯᠵᠢᠭᠦᠯᠦᠨ ᠥᠭᠭᠦᠭᠰᠡᠨ ᠵᠠᠷᠤᠯᠭ᠎ᠠ | ᠬᠠᠰᠤᠭᠳᠠᠵᠠᠢ︔ | 3 . ᠰᠤᠷᠭᠠᠨ ᠬᠥᠮᠦᠵᠢᠯ ᠤᠨ ᠵᠠᠷᠤᠯᠭ᠎ᠠ ᠶᠢ 63,158 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 5,617 ᠲᠦᠮᠡᠨ ᠲᠥᠭᠦᠷᠢᠭ ᠨᠡᠮᠡᠭᠳᠡᠵᠦ᠂ 10 % ᠪᠠᠷ ᠳᠡᠭᠡᠭᠰᠢᠯᠡᠪᠡ᠃ | ᠭᠤᠣᠯᠳᠠᠭᠤ ︽ᠠᠷᠪᠠᠨ ᠳᠠᠶᠢᠴᠢᠯᠠᠬᠤ︾ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ 1985 ᠣᠨ ᠠᠴᠠ | ᠡᠮᠦᠨ᠎ᠡ ᠠᠵᠢᠯ ᠠᠴᠠ ᠨᠢ ᠵᠣᠭᠰᠣᠭᠠᠭᠰᠠᠨᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ ᠨᠠᠷ ᠤᠨ ᠨᠥᠬᠦᠪᠥᠷᠢ | ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠭᠡᠷ ᠪᠦᠯᠢ ᠶᠢᠨ ᠶᠡᠭᠡ ᠰᠤᠷᠭᠠᠭᠤᠯᠢ ᠳᠤ ᠣᠷᠣᠭᠰᠠᠨ | ᠰᠢᠨ᠎ᠡ ᠰᠤᠷᠤᠭᠴᠢᠳ ᠢ ᠪᠡᠯᠡ ᠮᠥᠩᠭᠦ ᠪᠠᠷ ᠲᠤᠰᠠᠯᠠᠬᠤ᠂ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠵᠡᠷᠭᠡ ᠵᠠᠷᠤᠯᠭ᠎ᠠ ᠨᠡᠮᠡᠭᠳᠡᠵᠠᠢ︔ | 4 . ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢ 253 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 241 ᠲᠦᠮᠡᠨ ᠲᠥᠭᠦᠷᠢᠭ ᠬᠠᠰᠤᠭᠳᠠᠵᠦ᠂ 49% ᠪᠠᠷ ᠪᠠᠭᠠᠰᠴᠠᠢ᠃ ᠭᠤᠣᠯᠳᠠᠭᠤ | ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠦᠢᠯᠡᠰ ᠤᠨ ᠵᠠᠷᠤᠯᠭ᠎ᠠ ᠬᠠᠰᠣᠭᠳᠠᠵᠠᠢ︔ | 5 . ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ ᠶᠢ 3,429 ᠲᠦᠮᠡᠨ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 320 ᠲᠦᠮᠡᠨ ᠲᠥᠭᠦᠷᠢᠭ ᠬᠠᠰᠤᠭᠳᠠᠵᠦ᠂ 9 | % ᠪᠠᠷ ᠪᠠᠭᠠᠰᠴᠠᠢ᠃ ᠭᠤᠣᠯᠳᠠᠭᠤ ᠷᠠᠳᠢᠣ᠋ ᠲᠧᠯᠸᠢᠰ ᠢ ᠡᠷᠦᠬᠡ ᠪᠦᠷᠢ ᠳᠤ ᠨᠡᠪᠲᠡᠷᠡᠭᠦᠯᠬᠦ ᠲᠤᠰᠬᠠᠶ ᠲᠦᠷᠦᠯ | ᠪᠠᠭᠠᠰᠴᠠᠢ︔ | 6 . ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ ᠶᠢ 50,751 ᠲᠦᠮᠡᠨ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 940 ᠲᠦᠮᠡᠨ ᠲᠥᠭᠦᠷᠢᠭ ᠨᠡᠮᠡᠭᠳᠡᠵᠦ᠂ 2 % ᠢᠶᠠᠷ | ᠳᠡᠭᠡᠭᠰᠢᠯᠡᠪᠡ᠃ ᠭᠤᠣᠯ ᠨᠢ ᠣᠨᠴᠠ ᠬᠦᠴᠢᠷᠳᠡᠯᠲᠡᠶ ᠠᠰᠠᠷᠠᠭᠤᠯᠤᠨ ᠲᠡᠵᠢᠭᠡᠯᠭᠡᠵᠦ ᠪᠠᠶᠢᠭ᠎ᠠ ᠬᠥᠮᠦᠰ ᠤᠨ ᠨᠥᠬᠦᠪᠥᠷᠢ | ᠮᠥᠩᠭᠦ ᠨᠡᠮᠡᠭᠳᠡᠭᠰᠡᠨ ᠪᠠᠶᠢᠨ᠎ᠠ︔ | 7 . ᠡᠮ ᠡᠮᠨᠡᠯᠭᠡ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠵᠠᠷᠤᠯᠭ᠎ᠠ ᠶᠢ 31,037 ᠲᠦᠮᠡᠨ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ15,951 ᠲᠦᠮᠡᠨ ᠲᠥᠭᠦᠷᠢᠭ ᠨᠡᠮᠡᠭᠳᠡᠵᠦ᠂ 106 | % ᠪᠠᠷ ᠳᠡᠭᠡᠭᠰᠢᠯᠡᠪᠡ᠃ ᠭᠤᠣᠯᠳᠠᠭᠤ ᠬᠤᠳᠠ ᠶᠢᠨ ᠱᠠᠲᠤᠨ ᠠᠴᠠ ᠨᠢᠭᠡᠳᠦᠯᠲᠡᠶ ᠲᠦᠯᠦᠪᠯᠡᠨ ᠲᠣᠬᠢᠷᠠᠭᠤᠯᠵᠤ | ᠪᠠᠶᠢᠭᠰᠠᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠬᠤᠰᠢᠭᠤ ᠱᠠᠲᠤᠨ ᠤ | ᠵᠠᠷᠤᠯᠭ᠎ᠠ ᠪᠣᠯᠭᠠᠨ ᠬᠤᠪᠢᠷᠠᠭᠤᠯᠤᠭᠰᠠᠨ ᠠᠴᠠ ᠪᠣᠯᠵᠠᠢ︔ | 8 . ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠵᠠᠷᠤᠯᠭ᠎ᠠ ᠶᠢ 9,139 ᠲᠦᠮᠡᠨ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4,418 ᠲᠦᠮᠡᠨ ᠲᠥᠭᠦᠷᠢᠭ ᠬᠠᠰᠤᠭᠳᠠᠵᠦ 33 % ᠪᠠᠷ | ᠪᠠᠭᠠᠰᠴᠠᠢ᠃ ᠭᠤᠣᠯᠳᠠᠭᠤ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠰᠤᠷᠪᠤᠯᠵᠢ ᠶᠢ ᠵᠠᠰᠠᠬᠤ᠂ ᠡᠷᠳᠡᠨᠢ ᠰᠢᠰᠢ | ᠨᠣᠭᠤᠭᠠᠨ ᠢᠶᠠᠷ ᠬᠠᠳᠠᠭᠠᠯᠠᠬᠤ ᠨᠥᠬᠦᠪᠥᠷᠢ ᠪᠠᠭᠠᠰᠴᠠᠢ ᠃ | 9 . ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠷᠤᠯᠭ᠎ᠠ ᠶᠢ 11,563 ᠲᠦᠮᠡᠨ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7,846 ᠲᠦᠮᠡᠨ ᠲᠥᠭᠦᠷᠢᠭ ᠨᠡᠮᠡᠭᠳᠡᠵᠦ 211% ᠪᠠᠷ | ᠳᠡᠭᠡᠭᠰᠢᠯᠡᠵᠠᠢ᠃ ᠭᠤᠣᠯᠳᠠᠭᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠪᠠᠷᠢᠯᠭ᠎ᠠ᠂ | ᠬᠤᠩ ᠰᠢᠩ ᠭᠤᠤ ᠶᠢ ᠶᠡᠷᠦᠩᠬᠡᠶᠢᠯᠡᠨ ᠵᠠᠰᠠᠬᠤ᠂ ᠬᠤᠲᠠ ᠲᠣᠭᠤᠷᠢᠭ ᠤᠨ ᠵᠠᠮ ᠤᠨ ᠪᠠᠶᠢᠭᠤᠯᠤᠯᠲᠠ ᠵᠡᠷᠭᠡ | ᠵᠠᠷᠤᠯᠭ᠎ᠠ ᠨᠡᠮᠡᠭᠳᠡᠵᠡᠢ︔ | 10 . ᠲᠠᠷᠢᠶᠠᠯᠠᠩ ᠤᠢ ᠰᠢᠭᠤᠶ ᠤᠰᠤᠨ ᠤ ᠶᠠᠪᠤᠳᠠᠯ ᠤᠨ ᠵᠠᠷᠤᠯᠭ᠎ᠠ ᠶᠢ 73,283 ᠲᠦᠮᠡᠨ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2,637 ᠲᠦᠮᠡᠨ ᠲᠥᠭᠦᠷᠢᠭ ᠬᠠᠰᠤᠭᠳᠠᠵᠦ᠂ 3 % ᠪᠠᠷ | ᠪᠠᠭᠠᠰᠪᠠ᠃ ᠭᠤᠣᠯᠳᠠᠭᠤ ᠲᠠᠷᠢᠶᠠᠯᠠᠩ ᠤᠢ ᠰᠢᠭᠤᠶ ᠤᠰᠤᠨ ᠠᠰᠢᠭᠯᠠᠯᠲᠠ ᠶᠢᠨ ᠲᠤᠰᠬᠠᠶ ᠵᠦᠢᠯ ᠤᠨ ᠵᠠᠷᠤᠯᠭ᠎ᠠ | ᠬᠠᠰᠤᠭᠳᠠᠵᠠᠢ︔ | 11 . ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ ᠶᠢ16,597 ᠲᠦᠮᠡᠨ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 3,727 ᠲᠦᠮᠡᠨ ᠲᠥᠭᠦᠷᠢᠭ ᠨᠡᠮᠡᠭᠳᠡᠵᠦ᠂ 29 % ᠪᠠᠷ ᠳᠡᠭᠡᠭᠰᠢᠯᠡᠵᠡᠢ᠃ | ᠭᠤᠣᠯᠳᠠᠭᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠰᠦᠢᠳᠬᠡᠯ ᠂ ᠴᠢᠯᠠᠭᠤᠨ ᠲᠤᠰᠤᠨ ᠤ | ᠦᠨ᠎ᠡ ᠬᠠᠩᠰᠢ ᠶᠢᠨ ᠥᠭᠡᠷᠡᠴᠢᠯᠡᠯᠲᠡ ᠳᠤ ᠡᠳ᠋ ᠤᠨ ᠵᠠᠰᠠᠭ ᠠᠴᠠ ᠨᠦᠬᠦᠪᠦᠷᠢ ᠦᠭᠬᠦ ᠵᠡᠷᠭᠡ ᠵᠠᠷᠤᠯᠭ᠎ᠠ ᠨᠡᠮᠡᠭᠳᠡᠵᠠᠢ | ᠃ | 12 . ᠡᠬᠢ ᠪᠠᠶᠠᠯᠢᠭ ᠤᠨ ᠬᠠᠶᠢᠨ ᠰᠢᠨᠵᠢᠯᠡᠯᠲᠡ ᠮᠡᠳᠡᠭᠡ ᠵᠠᠩᠭᠢ ᠵᠡᠷᠭᠡ ᠶᠢᠨ ᠵᠠᠷᠤᠯᠭ᠎ᠠ ᠶᠢ 612 ᠲᠦᠮᠡᠨ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 22 ᠲᠦᠮᠡᠨ ᠲᠥᠭᠦᠷᠢᠭ ᠬᠠᠰᠤᠭᠳᠠᠵᠦ᠂ 3 | % ᠪᠠᠷ ᠪᠠᠭᠠᠰᠪᠠ᠃ ᠭᠤᠣᠯᠳᠠᠭᠤ ᠳᠤᠮᠳᠠ ᠵᠢᠵᠢᠭ ᠠᠵᠤ ᠠᠬᠤᠶᠢᠯᠠᠯ ᠢ ᠬᠦᠭᠵᠢᠬᠦᠯᠬᠦ ᠵᠠᠷᠤᠯᠭ᠎ᠠ ᠬᠠᠰᠤᠭᠳᠠᠵᠠᠢ︔ | 13 . ᠬᠤᠳᠠᠯᠳᠤᠭ᠎ᠠ᠂ ᠦᠢᠯᠡᠴᠢᠯᠡᠭᠡᠨ ᠤ ᠦᠢᠯᠡᠰ ᠵᠡᠷᠭᠡ ᠶᠢᠨ ᠵᠠᠷᠤᠯᠭ᠎ᠠ ᠶᠢ 796 ᠲᠦᠮᠡᠨ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ404 ᠲᠦᠮᠡᠨ ᠲᠥᠭᠦᠷᠢᠭ᠂ ᠬᠠᠰᠤᠭᠳᠠᠵᠦ᠂ 34% ᠪᠠᠷ | ᠪᠠᠭᠠᠰᠴᠠᠢ᠃ ᠭᠤᠣᠯᠳᠠᠭᠤ ᠣᠯᠠᠨ ᠲᠦᠮᠡᠨ ᠳᠤ ᠲᠥᠬᠦᠮ ᠦᠵᠡᠭᠦᠯᠬᠦ ᠬᠤᠯᠪᠣᠭᠠᠲᠤ ᠴᠢᠯᠦᠭᠡᠲᠦ ᠳᠡᠯᠭᠡᠭᠦᠷ᠂ | ᠤᠨᠳᠦᠰᠣᠳᠡᠨ ᠤ ᠠᠷᠡᠯᠵᠢᠶᠡᠨ ᠤ ᠺᠣᠮᠫᠠᠨᠢ ᠶᠢᠨ ᠠᠵᠢᠯᠲᠠᠨ ᠠᠵᠢᠯᠴᠢᠨ ᠢ ᠲᠥᠪᠬᠢᠨᠡᠭᠦᠯᠬᠦ ᠵᠠᠷᠤᠳᠠᠯ᠂ ᠬᠦᠳᠡᠭᠡ | ᠲᠣᠰᠬᠤᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠵᠡᠷᠭᠡ ᠵᠠᠷᠤᠯᠭ᠎ᠠ ᠪᠠᠭᠠᠰᠴᠠᠢ︔ | 14 . ᠮᠥᠩᠭᠦᠨ ᠭᠦᠢᠯᠭᠡᠭᠡᠨ ᠤ ᠵᠠᠷᠤᠯᠭ᠎ᠠ ᠶᠢ 8 ᠲᠦᠮᠡᠨ ᠲᠥᠭᠦᠷᠢᠭ ᠪᠡᠶᠡᠯᠡᠭᠦᠯᠵᠦ᠂ ᠲᠦᠷᠦᠭᠦᠦ ᠵᠢᠯ | ᠲᠠᠢ ᠠᠳᠠᠯᠢ ᠪᠣᠯᠪᠠ︔ | 15 . ᠤᠯᠤᠰ ᠤᠨ ᠨᠤᠲᠤᠭ ᠳᠡᠪᠢᠰᠬᠡᠷ᠂ ᠳᠠᠯᠠᠢ ᠲᠠᠩᠭᠢᠰ ᠴᠠᠭ ᠠᠭᠤᠷ ᠵᠡᠷᠭᠡ ᠲᠠᠯ᠎ᠠ ᠶᠢᠨ ᠵᠠᠷᠤᠯᠭ᠎ᠠ ᠶᠢ1, | 809 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 627 ᠲᠦᠮᠡᠨ ᠲᠥᠭᠦᠷᠢᠭ | ᠨᠡᠮᠡᠭᠳᠡᠵᠦ᠂ 53 % ᠪᠠᠷ ᠳᠡᠭᠡᠭᠰᠢᠯᠡᠪᠡ᠃ ᠭᠤᠣᠯᠳᠠᠭᠤ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠶᠢᠨ | ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠵᠠᠷᠤᠳᠠᠯ ᠵᠡᠷᠭᠡ ᠵᠠᠷᠤᠯᠭ᠎ᠠ ᠨᠡᠮᠡᠭᠳᠡᠵᠠᠢ︔ | 16 . ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ ᠶᠢ 18,169 ᠲᠦᠮᠡᠨ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ12,555 ᠲᠦᠮᠡᠨ ᠲᠥᠭᠦᠷᠢᠭ ᠬᠠᠰᠤᠭᠳᠠᠵᠦ᠂ 41 % ᠪᠠᠷ | ᠪᠠᠭᠠᠰᠪᠠ᠃ ᠭᠤᠣᠯᠳᠠᠭᠤ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ᠂ | ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠵᠡᠷᠭᠡ ᠤᠨ ᠵᠠᠷᠤᠯᠭ᠎ᠠ ᠬᠠᠰᠤᠭᠳᠠᠵᠠᠢ︔ | 17 . ᠠᠮᠤ ᠳᠤᠰᠤ ᠡᠳ᠋ ᠪᠠᠷᠠᠭ᠎ᠠ ᠶᠢᠨ ᠨᠥᠭᠡᠴᠡᠯᠡᠯᠲᠡ ᠶᠢᠨ ᠵᠠᠷᠤᠯᠭ᠎ᠠ ᠶᠢ 600 ᠲᠦᠮᠡᠨ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 993 ᠲᠦᠮᠡᠨ ᠲᠥᠭᠦᠷᠢᠭ ᠬᠠᠰᠤᠭᠳᠠᠵᠦ᠂ 62 % ᠪᠠᠷ | ᠪᠠᠭᠠᠰᠪᠠ᠃ ᠭᠤᠣᠯᠳᠠᠭᠤ ᠠᠮᠤ ᠪᠤᠳᠠᠭᠠᠨ ᠤ ᠨᠤᠷᠠᠬᠤ ᠠᠶᠤᠯᠲᠠᠶ ᠪᠤᠶᠤ ᠬᠠᠭᠤᠴᠢᠨ ᠬᠥᠮᠥᠷᠭᠡ ᠶᠢ ᠰᠡᠯᠪᠢᠨ ᠵᠠᠰᠠᠵᠤ | ᠥᠭᠡᠷᠡᠴᠢᠯᠡᠨ ᠪᠠᠶᠢᠭᠤᠯᠬᠤ᠂ ᠡᠷᠳᠡᠨᠢ ᠰᠢᠰᠢ ᠲᠠᠷᠢᠬᠤ ᠲᠤᠮᠤ ᠡᠷᠦᠬᠡ ᠳᠤ ᠨᠥᠬᠦᠪᠥᠷᠢ ᠥᠭᠬᠦ ᠵᠡᠷᠭᠡ ᠵᠠᠷᠤᠯᠭ᠎ᠠ | ᠬᠠᠰᠤᠭᠳᠠᠵᠠᠢ︔ | 18 . ᠤᠯᠤᠰ ᠤᠨ ᠵᠢᠭᠡᠯᠡᠯᠭᠡ ᠶᠢᠨ ᠡᠬᠡ ᠬᠦᠦ ᠶᠢ ᠪᠤᠴᠠᠭᠠᠬᠤ ᠵᠠᠷᠤᠯᠭ᠎ᠠ ᠶᠢ 59 ᠲᠦᠮᠡᠨ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ2,018 ᠲᠦᠮᠡᠨ ᠲᠥᠭᠦᠷᠢᠭ ᠬᠠᠰᠤᠭᠳᠠᠵᠦ᠂ 97 % ᠪᠠᠷ | ᠪᠠᠭᠠᠰᠪᠠ᠃ ᠭᠤᠣᠯᠳᠠᠭᠤ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠬᠦᠦ | ᠮᠥᠩᠭᠦ ᠲᠦᠯᠦᠬᠦ ᠵᠠᠷᠤᠯᠭ᠎ᠠ ᠬᠠᠰᠤᠭᠳᠠᠵᠠᠢ︔ | 19 . ᠪᠤᠰᠤᠳ ᠵᠠᠷᠤᠯᠭ᠎ᠠ ᠶᠢ199 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ343 ᠲᠦᠮᠡᠨ ᠲᠥᠭᠦᠷᠢᠭ ᠬᠠᠰᠤᠭᠳᠠᠵᠦ᠂ 63 % ᠪᠠᠷ ᠪᠠᠭᠠᠰᠪᠠ᠃ ᠭᠤᠣᠯᠳᠠᠭᠤ | ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠤᠰᠬᠠᠶ ᠵᠦᠢᠯ ᠬᠠᠰᠤᠭᠳᠠᠪᠠ᠃ | ︵ᠬᠤᠶᠠᠷ︶ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠢ ᠭᠦᠢᠴᠡᠳᠭᠡᠭᠰᠡᠨ | ᠪᠠᠶᠢᠳᠠᠯ | ᠪᠦᠭᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ ᠨᠡᠶᠢᠳᠡ35, | 751 ᠲᠦᠮᠡᠨ ᠲᠥᠭᠦᠷᠢᠭ ᠲᠤ ᠬᠦᠷᠴᠦ᠂ ᠡᠭᠦᠨ ᠤ ᠳᠣᠲᠣᠷ᠎ᠠ᠄ ᠲᠤᠬᠠᠶ ᠶᠢᠨ ᠵᠢᠯ ᠳᠤ ᠵᠠᠰᠠᠭ ᠤᠨ ᠣᠷᠳᠣᠨ ᠤ | ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ 31,040 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠱᠠᠲᠤᠨ ᠠᠴᠠ | ᠨᠥᠬᠦᠪᠥᠷᠢᠯᠡᠭᠰᠡᠨ ᠣᠷᠣᠯᠭ᠎ᠠ 2,017 ᠲᠦᠮᠡᠨ ᠲᠥᠭᠦᠷᠢᠭ ᠲᠤ ᠬᠦᠷᠴᠦ᠂ ᠲᠦᠷᠦᠭᠦᠦ ᠵᠢᠯ ᠠᠴᠠ ᠦᠯᠡᠳᠡᠭᠰᠡᠨ | ᠲᠤᠰᠬᠠᠶ ᠪᠡᠯᠡ 2,694 ᠲᠦᠮᠡᠨ ᠲᠥᠭᠦᠷᠢᠭ ᠲᠤ ᠬᠦᠷᠴᠡᠶ᠃ | ᠪᠦᠭᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠵᠠᠷᠤᠯᠭ᠎ᠠ ᠨᠡᠶᠢᠲᠡ 21, | 886 ᠲᠦᠮᠡᠨ ᠲᠥᠭᠦᠷᠢᠭ ᠲᠤ ᠬᠦᠷᠴᠦ᠂ ᠡᠭᠦᠨ ᠤ ᠳᠣᠲᠣᠷ᠎ᠠ᠄ ᠲᠤᠬᠠᠶ ᠶᠢᠨ ᠵᠢᠯ ᠳᠤ ᠵᠠᠰᠠᠭ ᠤᠨ ᠣᠷᠳᠣᠨ ᠤ | ᠴᠢᠨᠠᠷᠲᠠᠶ ᠰᠠᠭᠤᠷᠢ ᠮᠥᠩᠭᠦ ᠶᠢᠨ ᠵᠠᠷᠤᠯᠭ᠎ᠠ 8,759 ᠲᠦᠮᠡᠨ ᠲᠥᠭᠦᠷᠢᠭ᠂ ᠳᠡᠭᠡᠭᠰᠢ ᠲᠤᠰᠢᠶᠠᠭᠰᠠᠨ ᠳᠡᠭᠡᠷ᠎ᠡ | ᠱᠠᠲᠤᠨ ᠤ ᠵᠠᠷᠤᠯᠭ᠎ᠠ 60 ᠲᠦᠮᠡᠨ ᠲᠥᠭᠦᠷᠢᠭ᠂ ᠰᠢᠯᠵᠢᠭᠦᠯᠦᠨ ᠭᠠᠷᠭᠠᠭᠰᠠᠨ ᠪᠡᠯᠡ ᠮᠥᠩᠭᠦ13,067 ᠲᠦᠮᠡᠨ | ᠲᠥᠭᠦᠷᠢᠭ ᠲᠤ ᠬᠦᠷᠴᠡᠶ᠃ | ᠣᠷᠣᠯᠭ᠎ᠠ ᠵᠠᠷᠤᠯᠭ᠎ᠠ ᠶᠢ ᠲᠤᠯᠭᠠᠵᠤ ᠪᠣᠳᠤᠭᠰᠠᠨ ᠤ ᠲᠠᠷᠠᠭ᠎ᠠ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ | ᠮᠥᠩᠭᠦ ᠶᠢᠨ ᠵᠢᠯ ᠤᠨ ᠡᠴᠦᠰ ᠤᠨ ᠵᠠᠯᠭᠠᠨ ᠬᠠᠳᠠᠭᠠᠯᠠᠬᠤ ᠦᠯᠡᠳᠡᠪᠦᠷᠢ13,865 ᠲᠦᠮᠡᠨ ᠲᠥᠭᠦᠷᠢᠭ ᠲᠤ ᠬᠦᠷᠴᠡᠶ | ᠃ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢ ᠬᠠᠷᠠᠭᠠᠯᠵᠠᠭᠤᠯᠬᠤ ᠵᠠᠷᠴᠢᠮ ᠢ ᠦᠨᠳᠦᠰᠦᠯᠡᠨ᠂ | ᠵᠢᠯ ᠤᠨ ᠡᠴᠦᠰ ᠤᠨ ᠵᠠᠯᠭᠠᠨ ᠬᠠᠳᠠᠭᠠᠯᠠᠬᠤ ᠦᠯᠡᠳᠡᠪᠦᠷᠢ ᠶᠢ ᠳᠠᠷᠠᠭ᠎ᠠ ᠵᠢᠯ ᠳᠤ ᠤᠤᠯ ᠤᠨ ᠬᠡᠷᠡᠭᠴᠡᠭᠡ ᠪᠠᠷ | ᠦᠷᠭᠦᠯᠵᠢᠯᠡᠨ ᠬᠡᠷᠡᠭᠯᠡᠨ᠎ᠡ᠃ | ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠢ ᠭᠦᠢᠴᠡᠳᠭᠡᠭᠰᠡᠨ ᠪᠠᠶᠢᠳᠠᠯ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠨᠡᠶᠢᠳᠡ52,400 ᠲᠦᠮᠡᠨ | ᠲᠥᠭᠦᠷᠢᠭ ᠲᠤ ᠬᠦᠷᠴᠦ᠂ ᠡᠭᠦᠨ ᠤ ᠳᠣᠲᠣᠷ᠎ᠠ᠄ ᠲᠤᠰ ᠵᠢᠯ ᠤᠨ ᠨᠡᠶᠢᠭᠡᠮ ᠤᠨ ᠳᠠᠭᠠᠳᠬᠠᠯ ᠤᠨ ᠰᠠᠭᠤᠷᠢ | ᠮᠥᠩᠭᠦ ᠶᠢᠨ ᠣᠷᠣᠯᠭ᠎ᠠ 30,798 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠦᠯᠡᠳᠡᠪᠦᠷᠢ 21, | 602 ᠲᠦᠮᠡᠨ ᠲᠥᠭᠦᠷᠢᠭ ᠲᠤ ᠬᠦᠷᠴᠡᠶ᠃ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠤᠬᠠᠶ ᠶᠢᠨ ᠵᠢᠯ ᠤᠨ ᠵᠠᠷᠤᠯᠭ᠎ᠠ 27,892 ᠲᠦᠮᠡᠨ | ᠲᠥᠭᠦᠷᠢᠭ ᠲᠤ ᠬᠦᠷᠴᠡᠶ᠃ | ᠣᠷᠣᠯᠭ᠎ᠠ ᠵᠠᠷᠤᠯᠭ᠎ᠠ ᠶᠢ ᠲᠤᠯᠭᠠᠵᠤ ᠪᠣᠳᠤᠭᠰᠠᠨ ᠤ ᠳᠠᠷᠠᠭ᠎ᠠ᠂ ᠨᠡᠶᠢᠭᠡᠮ ᠤᠨ ᠳᠠᠭᠠᠳᠬᠠᠯ ᠤᠨ ᠰᠠᠭᠤᠷᠢ | ᠮᠥᠩᠭᠦᠨ ᠤ ᠵᠢᠯ ᠤᠨ ᠡᠴᠦᠰ ᠤᠨ ᠦᠯᠡᠳᠡᠪᠦᠷᠢ 24,508 ᠲᠦᠮᠡᠨ ᠲᠥᠭᠦᠷᠢᠭ ᠲᠤ ᠬᠦᠷᠴᠡᠶ᠃ ᠤᠯᠤᠰ ᠤᠨ | ᠲᠣᠭᠲᠠᠭᠠᠯ ᠢ ᠦᠨᠳᠦᠰᠦᠯᠡᠨ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠵᠢᠨᠦᠯᠡᠳᠡᠪᠦᠷᠢ ᠶᠢ ᠳᠠᠷᠠᠭ᠎ᠠ ᠵᠢᠯ | ᠳᠤ ᠰᠢᠯᠵᠢᠭᠦᠯᠵᠦ ᠦᠷᠭᠦᠯᠵᠢᠯᠡᠨ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠎ᠡ᠃ | ︵ᠳᠦᠷᠪᠡ︶ ᠵᠢᠭᠡᠯᠡᠯᠭᠡ ᠶᠢᠨ ᠲᠡᠮᠳᠡᠭᠲᠦ ᠲᠠᠷᠬᠠᠭᠠᠭᠰᠠᠨ ᠦᠭᠴᠡᠭᠡ ᠶᠢᠨ ᠪᠠᠶᠢᠳᠠᠯ ᠤᠨ ᠲᠤᠬᠠᠶ | ᠲᠣᠳᠣᠷᠬᠠᠶᠢᠯᠠᠯᠲᠠ | 2017 ᠣᠨ ᠳᠤ᠂ ᠳᠡᠭᠡᠳᠦ ᠱᠠᠲᠤᠨ ᠠᠴᠠ᠂ ᠮᠠᠨ ᠤ ᠬᠤᠰᠢᠭᠤᠨ ᠳᠤ ᠰᠢᠯᠵᠢᠭᠦᠯᠦᠭᠰᠡᠨ ᠵᠢᠭᠡᠯᠡᠯᠭᠡ ᠶᠢᠨ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ 21,236 ᠲᠦᠮᠡᠨ ᠲᠥᠭᠦᠷᠢᠭ ᠲᠤ | ᠬᠦᠷᠴᠦ᠂ ᠡᠭᠦᠨ ᠤ ᠳᠣᠲᠣᠷ᠎ᠠ᠄ ᠰᠢᠨ᠎ᠡ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ 8,396 ᠲᠦᠮᠡᠨ | ᠲᠥᠭᠦᠷᠢᠭ ᠲᠤ ᠬᠦᠷᠴᠦ᠂ ᠰᠣᠯᠢᠬᠤ ᠵᠢᠭᠡᠯᠡᠯᠭᠡ ᠶᠢᠨ ᠲᠡᠮᠳᠡᠭᠲᠦ12,840 ᠲᠦᠮᠡᠨ ᠲᠥᠭᠦᠷᠢᠭ ᠲᠤ ᠬᠦᠷᠴᠡᠶ᠃ | ᠳᠡᠭᠡᠳᠦ ᠱᠠᠲᠤᠨ ᠤ ᠴᠣᠬᠤᠯᠠᠪᠤᠷᠢᠯᠠᠭᠰᠠᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠶᠢ ᠬᠡᠷᠡᠭᠯᠡᠬᠦ ᠲᠥᠯᠥᠪᠯᠡᠭᠡ ᠶᠣᠰᠤᠭᠠᠷ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠤ ᠰᠢᠷᠣᠶ ᠶᠢᠨ | ᠬᠡᠷᠡᠮ ᠢ ᠰᠢᠨᠡᠳᠬᠡᠨ ᠵᠠᠰᠠᠬᠤ ᠲᠦᠷᠦᠯ ᠵᠦᠢᠯ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ 7, | 000 ᠲᠦᠮᠡᠨ ᠲᠥᠭᠦᠷᠢᠭ᠂ ᠰᠤᠷᠭᠠᠨ ᠬᠥᠮᠦᠵᠢᠯ ᠤᠨ ᠬᠥᠭᠵᠢᠯᠲᠡ ᠪᠠ ᠰᠤᠷᠭᠠᠭᠤᠯᠢ ᠶᠢᠨ ᠬᠦᠷᠢᠶᠡᠨ ᠤ ᠬᠥᠯ | ᠪᠥᠮᠪᠦᠭᠡ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠳᠤ 1,000 ᠲᠦᠮᠡᠨ ᠲᠥᠭᠦᠷᠢᠭ᠂ ᠠᠯᠤᠰ ᠡᠵᠡᠮᠰᠢᠯᠲᠦ | ᠡᠮᠴᠢᠯᠡᠭᠡᠨ ᠤ ᠲᠦᠷᠦᠯ ᠵᠦᠢᠯ ᠢ ᠳᠡᠮᠵᠢᠬᠦ ᠳᠤ396 ᠲᠦᠮᠡᠨ ᠲᠥᠭᠦᠷᠢᠭ ᠲᠤᠰ ᠲᠤᠰ ᠬᠡᠷᠡᠭᠯᠡᠵᠠᠢ᠃ ᠰᠣᠯᠢᠬᠤ | ᠵᠢᠭᠡᠯᠡᠯᠭᠡ ᠶᠢᠨ ᠲᠡᠮᠳᠡᠭᠲᠦ ᠪᠠᠷ ᠲᠦᠯᠦᠬᠦ ᠥᠷᠢ ᠥᠭᠴᠡᠭᠡ ᠶᠢ 2013 ᠣᠨ ᠤ ᠬᠢᠨᠠᠨ ᠪᠣᠳᠤᠵᠦ ᠨᠣᠲᠠᠯᠠᠭᠰᠠᠨ | ᠢᠶᠠᠷ᠂ ᠵᠠᠰᠠᠭ ᠤᠨ ᠣᠷᠳᠣᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ 2017 ᠣᠨ ᠳᠤ ᠬᠤᠭᠤᠴᠠᠭ᠎ᠠ | ᠲᠤᠯᠤᠭᠰᠠᠨ ᠥᠷᠢ ᠦᠭᠡᠶᠢᠴᠡᠭᠡ 12,840 ᠲᠦᠮᠡᠨ ᠲᠥᠭᠦᠷᠢᠭ ᠪᠣᠢ᠂ ᠡᠭᠦᠨ ᠤ ᠳᠣᠲᠣᠷ᠎ᠠ᠄᠂ ᠣᠷᠣᠨ | ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 6,000 ᠲᠦᠮᠡᠨ ᠲᠥᠭᠦᠷᠢᠭ ᠰᠣᠯᠢᠵᠦ᠂ | ᠠᠵᠢᠯ ᠮᠡᠷᠭᠡᠵᠢᠯ ᠤᠨ ᠳᠣᠮᠳᠠᠳᠤ ᠰᠤᠷᠭᠠᠭᠤᠯᠢ ᠶᠢᠨ ᠪᠠᠶᠢᠷᠢᠰᠢᠯ ᠢ ᠰᠢᠯᠵᠢᠭᠦᠯᠵᠦ ᠰᠢᠨ᠎ᠡ ᠪᠠᠷ ᠪᠠᠶᠢᠭᠤᠯᠤᠭᠰᠠᠨ᠂ | ᠵᠢᠭᠡᠯᠡᠯᠭᠡ ᠶᠢᠨ 600 ᠲᠦᠮᠡᠨ ᠲᠥᠭᠦᠷᠢᠭ ᠢ ᠰᠣᠯᠢᠵᠦ᠂ ᠰᠤᠷᠭᠠᠭᠤᠯᠢ ᠶᠢᠨ ᠬᠡᠷ ᠪᠠᠶᠢᠷᠢ ᠶᠢᠨ ᠠᠶᠤᠯ ᠦᠬᠡᠢ ᠶᠢᠨ | ᠢᠨᠵᠧᠨᠧᠷᠢᠩ ᠤᠨ ᠵᠢᠭᠡᠯᠡᠯᠭᠡ 6,240 ᠲᠦᠮᠡᠨ ᠲᠥᠭᠦᠷᠢᠭ ᠢ ᠰᠣᠯᠢᠵᠠᠢ᠃ | ︵ᠲᠠᠪᠤ︶ ᠡᠳ᠋ ᠤᠨ ᠵᠠᠰᠠᠭ ᠤᠨ ᠠᠵᠢᠯ ᠥᠷᠨᠢᠭᠦᠯᠦᠭᠰᠡᠨ ᠪᠠᠶᠢᠳᠠᠯ | 1. ᠰᠢᠨᠵᠢᠯᠡᠬᠦ ᠤᠬᠠᠭᠠᠨᠴᠢ ᠪᠠᠷ ᠪᠡᠯᠡ ᠮᠥᠩᠭᠦ ᠲᠣᠬᠢᠷᠠᠭᠤᠯᠵᠤ᠂ ᠭᠤᠣᠯᠳᠠᠯᠭ᠎ᠠ ᠲᠠᠢ ᠵᠠᠷᠤᠯᠭ᠎ᠠ ᠶᠢᠨ | ᠬᠡᠷᠡᠭᠴᠡᠭᠡ ᠶᠢ ᠦᠨᠡᠨ ᠬᠦ ᠪᠠᠲᠤᠯᠠᠪᠠ᠃ | ᠡᠯ᠎ᠡ ᠵᠦᠢᠯ ᠤᠨ ᠵᠠᠷᠤᠯᠭ᠎ᠠ ᠶᠢᠨ ᠵᠦᠢᠯᠡᠰ ᠢ ᠬᠢᠨᠠᠮᠠᠭᠠᠶ ᠡᠮᠬᠢᠯᠡᠨ ᠲᠢᠭᠯᠡᠵᠦ᠂ ᠬᠦᠨᠳᠦ ᠬᠦ᠋ᠡᠭᠭᠡᠨ ᠪᠠᠴᠢᠮ | ᠠᠯᠭᠤᠷ ᠢ ᠢᠯᠭᠠᠨ ᠪᠡᠯᠡ ᠮᠥᠩᠭᠦ ᠶᠢᠨ ᠵᠠᠷᠤᠯᠭ᠎ᠠ ᠶᠢ ᠪᠠᠲᠤᠯᠠᠬᠤ ᠳᠠᠷᠠᠭᠠᠯᠠᠯ ᠢ ᠲᠣᠭᠲᠠᠭᠠᠵᠦ᠂ ︽ᠴᠠᠯᠢᠩ ᠢ | ᠪᠠᠲᠤᠯᠠᠬᠤ᠂ ᠠᠵᠢᠯᠯᠠᠬᠤ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ︾ ᠭᠤᠷᠪᠠᠨ ᠰᠠᠭᠤᠷᠢ ᠶᠢ | ᠪᠠᠲᠤᠯᠠᠬᠤ ᠠᠵᠢᠯ ᠢ ᠰᠠᠶᠢᠲᠤᠷ ᠬᠢᠵᠠᠢ᠃ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠨᠡᠶᠢᠭᠡᠮ ᠤᠨ | ᠦᠢᠯᠡᠰ ᠤᠨ ᠬᠥᠭᠵᠢᠯᠲᠡ ᠶᠢ ᠳᠡᠮᠵᠢᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠤᠭᠡᠨ ᠪᠠᠶᠢᠭᠤᠯᠤᠯᠲᠠ ᠶᠢ | ᠳᠡᠮᠵᠢᠨ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠡᠭᠦᠷᠭᠡ ᠴᠢᠳᠠᠮᠵᠢ ᠶᠢ ᠭᠦᠢᠴᠡᠳ ᠪᠠᠳᠠᠷᠠᠭᠤᠯᠪᠠ᠃ ᠨᠢᠭᠡ ᠳᠤ | ᠂ ᠪᠦᠭᠦ ᠬᠤᠰᠢᠭᠤᠨ ᠤ ᠴᠠᠯᠢᠩ ᠳᠤ 87,354 ᠲᠦᠮᠡᠨ ᠲᠥᠭᠦᠷᠢᠭ ᠵᠠᠷᠤᠴᠠᠭᠤᠯᠵᠤ᠂ ᠠᠵᠢᠯᠳᠠᠨ ᠠᠵᠢᠯᠴᠢᠨ ᠂ | ᠺᠠᠳ᠋ᠷᠴᠤᠳ ᠤᠨ ᠴᠠᠯᠢᠩ ᠢ ᠰᠠᠷ᠎ᠠ ᠰᠠᠷ᠎ᠠ ᠳᠤᠨᠢ ᠣᠯᠭᠤᠬᠤ ᠶᠢ ᠪᠠᠲᠤᠯᠠᠵᠠᠢ︔ ᠬᠤᠶᠠᠷ ᠲᠤ᠂ ᠬᠤᠳᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠰᠠᠷᠠᠬᠤ᠂ ᠲᠠᠪᠤᠨ ᠪᠠᠲᠤᠯᠠᠭ᠎ᠠ ᠶᠢᠨ ᠠᠰᠠᠷᠠᠨ ᠲᠡᠵᠢᠭᠡᠬᠦ | ᠂ ︽ᠭᠤᠷᠪᠠ ᠦᠬᠡᠢ︾ ᠬᠥᠮᠦᠰ ᠲᠤ ᠠᠰᠠᠷᠠᠨ ᠲᠡᠵᠢᠭᠡᠬᠦ ᠪᠠᠭ᠎ᠠ ᠲᠣᠭᠠᠨ ᠤ ᠳᠠᠭᠠᠭᠠᠯᠳᠠᠳᠤ ᠵᠢᠭᠡᠯᠡᠯᠭᠡ ᠶᠢᠨ ᠲᠡᠮ | ᠬᠦᠦ ᠥᠭᠬᠦ ᠵᠡᠷᠭᠡ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ 24,492 ᠲᠦᠮᠡᠨ ᠲᠥᠭᠦᠷᠢᠭ ᠣᠯᠭᠤᠪᠠ︔ | ᠭᠤᠷᠪᠠ ᠳᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮ | ᠡᠮᠨᠡᠯᠭᠡ ᠶᠢᠨ ᠦᠨᠳᠦᠰᠦᠨ ᠳᠠᠭᠠᠳᠬᠠᠯ᠂ ᠲᠤᠰᠢᠶᠠᠯ ᠠᠴᠠ ᠪᠠᠨ ᠰᠠᠯᠵᠤ ᠠᠮᠠᠷᠠᠭᠰᠠᠨ ᠠᠬᠠᠮᠠᠳ ᠺᠠᠳ᠋ᠷ ᠤᠨ ᠡᠮᠨᠡᠯᠭᠡ | ᠶᠢᠨ ᠵᠠᠷᠤᠳᠠᠯ ᠵᠡᠷᠭᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠡᠯᠡ ᠮᠥᠩᠭᠦ 26,275 ᠲᠦᠮᠡᠨ ᠲᠥᠭᠦᠷᠢᠭ | ᠵᠠᠷᠤᠴᠠᠭᠤᠯᠪᠠ︔ ᠲᠦᠷᠪᠡ ᠳᠤ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠥᠷᠢ᠂ ᠨᠡᠶᠢᠲᠡ ᠶᠢᠨ | ᠠᠰᠠᠷᠠᠮᠵᠢᠲᠦ ᠣᠢ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠤᠰᠤ ᠠᠷᠪᠢᠯᠠᠵᠤ ᠠᠮᠤ ᠪᠤᠳᠠᠭ᠎ᠠ ᠶᠢᠨ | ᠤᠨᠠᠯᠲᠠ ᠶᠢ ᠨᠡᠮᠡᠭᠳᠡᠭᠦᠯᠬᠦ᠂ ᠤᠰᠤ ᠤᠮᠳᠠ ᠶᠢᠨ ᠠᠮᠤᠷ ᠲᠦᠪᠰᠢᠨ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ᠂ | ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠨ ᠠᠰᠢᠭᠯᠠᠯᠲᠠ ᠵᠡᠷᠭᠡ ᠲᠠᠷᠢᠶᠠᠯᠠᠩ ᠤᠢ ᠰᠢᠭᠤᠶ ᠤᠰᠤᠨ | ᠠᠰᠢᠭᠯᠠᠯᠲᠠ ᠶᠢᠨ ᠪᠡᠯᠡ ᠮᠥᠩᠭᠦ 58,473 ᠲᠦᠮᠡᠨ ᠲᠥᠭᠦᠷᠢᠭ ᠵᠠᠷᠤᠴᠠᠭᠤᠯᠵᠠᠢ︔ ᠲᠠᠪᠤ ᠳᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠂ ᠰᠤᠷᠤᠯᠭ᠎ᠠ ᠶᠢᠨ ᠲᠡᠳᠬᠦᠮᠵᠢ᠂ ᠪᠠᠶᠢᠷᠢ ᠳᠤ ᠰᠠᠭᠤᠬᠤ | ᠰᠤᠷᠤᠭᠴᠢᠳ ᠲᠤ ᠣᠯᠭᠤᠬᠤ ᠠᠮᠢᠳᠤᠷᠠᠯ ᠤᠨ ᠨᠥᠬᠦᠪᠥᠷᠢ᠂ ᠰᠤᠷᠭᠠᠭᠤᠯᠢ ᠶᠢᠨ ᠬᠡᠷ ᠪᠠᠶᠢᠷᠢ ᠶᠢᠨ ᠠᠶᠤᠯ ᠦᠬᠡᠢ | ᠶᠢᠨ ᠢᠨᠵᠧᠨᠧᠷᠢᠩ ᠤᠨ ᠦᠷᠢᠲᠦᠯ ᠵᠣᠭᠤᠰ ᠢ ᠳᠥᠯᠥᠬᠦ ᠵᠡᠷᠭᠡ ᠰᠤᠷᠭᠠᠨ ᠬᠥᠮᠦᠵᠢᠯ ᠤᠨ ᠪᠠᠯᠠ ᠮᠥᠩᠭᠦ ᠶᠢ 29, | 384 ᠲᠦᠮᠡᠨ ᠲᠥᠭᠦᠷᠢᠭ ᠭᠠᠷᠭᠠᠪᠠ︔ ᠵᠢᠷᠭᠤᠭ᠎ᠠ ᠳᠤ ᠣᠷᠣᠨ ᠰᠠᠭᠤᠴᠠ ᠶᠢᠨ ᠪᠠᠲᠤᠯᠠᠭ᠎ᠠ ᠪᠡᠯᠡ ᠮᠥᠩᠭᠦ 11, | 762 ᠲᠦᠮᠡᠨ ᠲᠦᠭᠦᠷᠢᠭ ᠭᠠᠷᠭᠠᠪᠠ︔ ᠳᠣᠯᠤᠭ᠎ᠠ ᠳᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠳᠤ 71,551 ᠲᠦᠮᠡᠨ ᠲᠦᠭᠦᠷᠢᠭ ᠵᠠᠷᠤᠴᠠᠭᠤᠯᠪᠠ᠃ | 2 . ᠪᠡᠯᠡ ᠣᠷᠣᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢ ᠬᠦᠴᠦᠲᠠᠢ ᠳᠡᠮᠵᠢᠪᠡ᠃ | ᠶᠠᠳᠠᠭᠤ ᠠᠴᠠ ᠠᠩᠭᠢᠵᠢᠷᠠᠭᠤᠯᠬᠤ ᠪᠡᠷᠬᠡ ᠶᠢ ᠳᠠᠪᠠᠭ᠋ᠤ ᠠᠵᠢᠯ ᠤᠨ ᠳᠤᠮᠳᠠᠬᠢ ᠡᠳ᠋ ᠤᠨ ᠵᠠᠰᠠᠭ ᠤᠨ | ᠣᠷᠣᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠪᠦᠭᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ | ᠰᠡᠳᠦᠪ ᠢ ᠰᠢᠢᠳᠪᠦᠷᠢᠯᠡᠬᠦ ᠡᠭᠦᠷᠭᠡ ᠶᠢᠨ ᠬᠡᠷᠡᠭᠴᠡᠭᠡ ᠲᠠᠢ ᠵᠣᠬᠢᠴᠠᠭᠤᠯᠬᠤ ᠶᠢ ᠦᠨᠡᠨᠬᠦ ᠪᠠᠲᠤᠯᠠᠪᠠ᠃ ᠲᠠᠷᠢᠶᠠᠯᠠᠩ | ᠤᠨ ᠶᠡᠷᠦᠩᠬᠡᠶᠢᠯᠡᠭᠰᠡᠨ ᠨᠡᠭᠡᠭᠡᠯᠳᠡ᠂ ᠤᠰᠤᠨ ᠠᠰᠢᠭᠯᠠᠯᠲᠠ ᠶᠢᠨ ᠬᠥᠭᠵᠢᠯᠲᠡ᠂ ᠦᠬᠡᠷ ᠬᠤᠨᠢ ᠶᠢ ᠭᠠᠳᠠᠭᠰᠢ ᠤᠯᠠᠨ | ᠭᠠᠷᠭᠠᠬᠤ ᠬᠤᠰᠢᠭᠤ ᠰᠢᠶᠠᠨ ᠢ ᠱᠠᠩᠨᠠᠵᠤ ᠬᠥᠬᠢᠭᠦᠯᠬᠦ ᠵᠡᠷᠭᠡ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ | ᠲᠤᠰᠬᠠᠶ ᠵᠦᠢᠯ ᠵᠢᠴᠢ ᠰᠠᠯᠠᠭ᠎ᠠ ᠮᠥᠴᠢᠷ ᠤᠨ ᠲᠥᠰᠦᠪ ᠤᠨ ᠦᠯᠡᠳᠡᠪᠦᠷᠢ ᠪᠡᠯᠡ ᠮᠥᠩᠭᠦ ᠶᠢ 7,705 ᠲᠦᠮᠡᠨ | ᠲᠥᠭᠦᠷᠢᠭ ᠨᠡᠶᠢᠯᠡᠭᠦᠯᠵᠦ᠂᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠥᠭᠵᠢᠯᠲᠡ ᠶᠢ ᠳᠡᠮᠵᠢᠬᠦ᠂ | ᠬᠥᠳᠡᠭᠡ ᠲᠣᠰᠬᠤᠨ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠳ᠋ | ᠬᠦᠷᠦᠩᠭᠡ ᠶᠢᠨ ᠠᠰᠢᠭ ᠣᠯᠵᠠᠪᠤᠷᠢ ᠤᠯᠬᠤ ᠵᠡᠷᠭᠡ ︽ᠠᠷᠪᠠ ᠪᠠᠷ ᠳᠠᠶᠢᠴᠢᠯᠠᠬᠤ︾ ᠶᠠᠳᠠᠭᠤ ᠶᠢ ᠲᠡᠳᠬᠦᠬᠦ ᠲᠥᠷᠥᠯ | ᠵᠦᠢᠯ ᠳᠤ ᠬᠡᠷᠡᠭᠯᠡᠪᠡ᠃ ᠬᠤᠰᠢᠭᠤᠨ ᠲᠤᠰ ᠱᠠᠲᠤᠨ ᠤ ᠡᠳ᠋ ᠤᠨ ᠵᠠᠰᠠᠭ ᠠᠴᠠ 3,000 ᠲᠦᠮᠡᠨ ᠲᠥᠭᠦᠷᠢᠭ | ᠪᠡᠯᠡ ᠣᠷᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠶᠢ ᠳᠡᠮᠵᠢᠵᠦ ᠡᠪᠬᠡᠮᠡᠯ | ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠮᠦᠩᠬᠦ ᠶᠢ ᠨᠢ ᠲᠤᠰᠢᠶᠠᠨ ᠦᠭᠴᠦ᠂ | ᠡᠷᠡᠭᠦᠯ ᠮᠡᠨᠳᠤ ᠶᠢᠨ ᠪᠠᠶᠢᠴᠠᠭᠠᠯᠲᠠ ᠬᠢᠬᠦ ᠪᠠ ᠡᠷᠡᠭᠦᠯ ᠮᠡᠨᠳᠥ ᠶᠢ ᠪᠠᠲᠤᠯᠠᠪᠠ︔ ᠶᠠᠳᠠᠭᠤ ᠬᠦᠴᠢᠷᠲᠡᠶ ᠭᠡᠷ ᠪᠦᠯᠢ ᠶᠢᠨ | ᠰᠤᠷᠤᠭᠴᠢᠳ ᠲᠤ᠂ ᠪᠠᠶᠢᠷᠢ ᠳᠤ ᠰᠠᠭᠤᠬᠤ ᠠᠮᠢᠳᠤᠷᠠᠯ ᠤᠨ ᠨᠥᠬᠦᠪᠥᠷᠢ ᠥᠭᠬᠦ ᠪᠠ ᠰᠤᠷᠤᠯᠭ᠎ᠠ ᠶᠢᠨ ᠲᠡᠳᠬᠦᠮᠵᠢ ᠶᠢᠨ | ᠮᠥᠩᠭᠦ ᠶᠢᠨ ᠨᠥᠬᠦᠪᠥᠷᠢ ᠣᠯᠭᠤᠪᠠ︔ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠲᠥᠷᠥᠯ ᠵᠦᠢᠯ ᠳᠤ | ᠡᠩ ᠲᠡᠷᠢᠭᠦᠨ ᠳᠤ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠦᠬᠡᠳ ᠢ ᠠᠵᠢᠯ ᠣᠯᠭᠤᠨ᠂ ᠶᠠᠳᠠᠭᠤ | ᠬᠦᠴᠢᠷᠳᠡᠯᠲᠡᠶ ᠡᠷᠥᠭᠡ ᠶᠢ ᠬᠠᠪᠰᠤᠷᠴᠦ ᠡᠯᠧᠺᠲᠷᠣᠨ ᠬᠤᠳᠠᠯᠳᠤᠭᠠᠨ ᠤ ᠲᠠᠪᠴᠠᠩ ᠳᠡᠭᠡᠷ᠎ᠡ ᠪᠦᠲᠦᠭᠡᠭᠳᠡᠬᠦᠨ ᠢ ᠨᠢ | ᠬᠤᠳᠠᠯᠳᠤᠭᠤᠯᠵᠤ ᠣᠷᠣᠯᠭ᠎ᠠ ᠶᠢ ᠨᠢ ᠨᠡᠮᠡᠭᠳᠡᠭᠦᠯᠪᠡ︔ ᠮᠥᠩᠭᠦᠨ ᠭᠦᠢᠯᠭᠡᠭᠡᠨ ᠤ ᠪᠡᠯᠡ ᠮᠥᠩᠭᠦ ᠪᠠᠷ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠶᠢ ᠳᠡᠮᠵᠢᠪᠡ᠃ ᠬᠤᠰᠢᠭᠤ ᠲᠤᠰ ᠱᠠᠲᠤᠨ ᠤ ᠡᠳ᠋ ᠤᠨ ᠵᠠᠰᠠᠭ | ᠠᠴᠠ1,000 ᠲᠦᠮᠡᠨ ᠲᠦᠭᠦᠷᠢᠭ ᠤᠨ ᠪᠡᠯᠡ ᠮᠥᠩᠭᠦ ᠭᠠᠷᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ | ᠦᠢᠯᠡᠰ ᠤᠨ ᠬᠥᠭᠵᠢᠯᠲᠡ ᠶᠢᠨ ᠵᠢᠭᠡᠯᠡᠯᠭᠡ ᠶᠢᠨ ᠢᠲᠡᠭᠡᠮᠵᠢᠲᠦ ᠳᠠᠭᠠᠭᠠᠯᠲᠠ ᠶᠢᠨ ᠰᠠᠭᠤᠷᠢ ᠮᠥᠩᠭᠦ ᠪᠠᠶᠢᠭᠤᠯᠵᠤ᠂ | ᠰᠢᠦᠳᠠᠨ ᠤ ᠬᠠᠳᠠᠭᠠᠯᠠᠮᠵᠢ ᠶᠢᠨ ᠪᠠᠩᠬᠢ ᠪᠠᠷ ᠳᠠᠮᠵᠢᠭᠤᠯᠤᠨ 10,000 ᠲᠦᠮᠡᠨ ᠲᠥᠭᠦᠷᠢᠭ ᠪᠣᠯᠭᠠᠨ | ᠦᠷᠭᠡᠳᠭᠡᠵᠦ᠂᠂ ᠲᠠᠷᠢᠶᠠᠴᠢᠨ ᠮᠠᠯᠴᠢᠨ᠂ ᠲᠠᠷᠢᠶᠠᠴᠢᠨ ᠮᠠᠯᠴᠢᠳ ᠤᠨ ᠬᠤᠷᠰᠢᠶᠠᠵᠢᠯ ᠪᠠ ᠠᠵᠤ ᠠᠬᠤᠶᠢᠯᠠᠯ ᠤᠨ | ᠬᠥᠭᠵᠢᠯᠲᠡ ᠳᠤ ᠪᠡᠯᠡ ᠮᠥᠩᠭᠦ ᠳᠤᠲᠠᠭᠳᠠᠵᠤ ᠪᠠᠶᠢᠭᠰᠠᠨ ᠬᠦᠴᠢᠷ ᠰᠡᠳᠦᠪ ᠢ ᠰᠢᠢᠳᠪᠦᠷᠢᠯᠡᠵᠠᠢ᠃ | 3 . ᠪᠡᠯᠡ ᠮᠥᠩᠭᠦ ᠶᠢ ᠢᠳᠡᠪᠬᠢᠲᠡᠶ ᠴᠤᠭᠯᠠᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠭᠠᠰᠤ ᠶᠢ | ᠨᠠᠮᠳᠠᠭᠤᠯᠪᠠ᠃ | 2017 ᠣᠨ ᠤ 5 ᠰᠠᠷ᠎ᠠ ᠳᠤ ᠵᠠᠰᠠᠭ ᠤᠨ ᠣᠷᠳᠣᠨ ᠨᠡᠶᠢᠭᠡᠮ ᠠᠴᠠ ᠪᠡᠯᠡ ᠲᠣᠬᠢᠷᠠᠭᠤᠯᠭ᠎ᠠ | ᠵᠢᠨᠦᠢᠯᠡᠴᠢᠯᠡᠭᠡ ᠬᠤᠳᠠᠯᠳᠤᠨ ᠠᠪᠬᠤ ᠲᠦᠷᠦᠯ ᠵᠦᠢᠯ ᠢᠶᠠᠨ ᠬᠤᠯᠪᠣᠭᠳᠠᠯ ᠪᠦᠬᠦᠢ ᠲᠦᠷᠦ ᠶᠢᠨ ᠪᠣᠳᠤᠯᠭ᠎ᠠ ᠶᠢᠨ | ᠶᠣᠰᠤᠭᠠᠷ ᠪᠦᠬᠦᠨ ᠢ ᠵᠣᠭᠰᠤᠭᠠᠪᠠ᠃ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ | ᠬᠤᠷᠢᠭᠯᠠᠬᠤ ᠠᠵᠢᠯ ᠢ ᠰᠠᠶᠢᠲᠤᠷ ᠬᠢᠭᠰᠡᠨ ᠤ ᠬᠠᠮᠲᠤ ᠲᠦᠷᠦ ᠶᠢᠨ ᠪᠤᠳᠤᠯᠭ᠎ᠠ ᠶᠢ ᠢᠳᠡᠪᠬᠢᠲᠡᠶ ᠰᠤᠳᠤᠯᠵᠤ᠂ ᠲᠥᠪ | ᠬᠤᠷᠢᠶᠠᠨ ᠤ ᠲᠦᠷᠦ ᠶᠢᠨ ᠪᠤᠳᠤᠯᠭ᠎ᠠ ᠶᠢᠨ ᠵᠥᠪᠰᠢᠶᠡᠷᠡᠬᠦ ᠬᠡᠪᠴᠢᠶᠡᠨ ᠳᠣᠲᠣᠷ᠎ᠠ᠂ ᠪᠡᠯᠡ ᠲᠣᠬᠢᠷᠠᠭᠤᠯᠬᠤ ᠠᠷᠭ᠎ᠠ | ᠵᠠᠮ ᠢ ᠦᠷᠭᠦᠯᠵᠢᠯᠡᠨ ᠥᠷᠭᠡᠳᠬᠡᠵᠦ᠂ ᠶᠠᠳᠠᠭᠤ ᠶᠢ ᠲᠡᠳᠬᠦᠬᠦ ᠵᠢᠭᠡᠯᠡᠯᠭᠡ ᠶᠢᠨ ᠵᠦᠢᠯᠡᠰ ᠢᠶᠠᠷ 30,000 ᠲᠦᠮᠡᠨ | ᠲᠥᠭᠦᠷᠢᠭ ᠤᠨ ᠪᠡᠯᠡ ᠲᠣᠬᠢᠷᠠᠭᠤᠯᠪᠠ᠃ ᠦᠨᠡᠨ ᠬᠦ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ | ᠪᠡᠯᠡ ᠮᠥᠩᠭᠦᠨ ᠤ ᠣᠷᠣᠭᠤᠯᠤᠯᠲᠠ ᠶᠢᠨ ᠬᠠᠨᠳᠤᠰᠢ ᠶᠢ ᠡᠵᠡᠮᠳᠡᠵᠦ᠂ ᠭᠤᠣᠯᠳᠠᠯᠭ᠎ᠠ ᠶᠢ ᠲᠤᠪᠤᠶᠢᠯᠭᠠᠨ᠂ | ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 21,236 ᠲᠦᠮᠡᠨ ᠲᠥᠭᠦᠷᠢᠭ | ᠣᠯᠵᠦ᠂ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ᠂ ᠠᠯᠤᠰ ᠡᠵᠡᠮᠰᠢᠯᠲᠦ | ᠡᠮᠴᠢᠯᠡᠭᠡ᠂ ᠰᠤᠷᠭᠠᠨ ᠬᠥᠮᠦᠵᠢᠯ ᠢ ᠬᠥᠭᠵᠢᠭᠦᠯᠬᠦ ᠵᠡᠷᠭᠡ ᠲᠦᠷᠦᠯ ᠵᠦᠢᠯᠡᠰ ᠲᠤ ᠬᠡᠷᠡᠭᠯᠡᠪᠡ᠃ ᠡᠩ ᠤᠨ ᠴᠢᠨᠠᠷᠲᠠᠶ | ᠰᠢᠯᠵᠢᠭᠦᠯᠦᠨ ᠦᠭᠭᠦᠭᠰᠡᠨ ᠪᠡᠯᠡ ᠶᠢ ᠣᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠭᠠᠰᠤ ᠶᠢ ᠨᠠᠮᠳᠠᠭᠤᠯᠪᠠ᠃ | ᠲᠡᠩᠴᠡᠭᠦᠷᠢᠰᠢᠭᠦᠯᠬᠦ ᠴᠢᠨᠠᠷᠲᠠᠶ ᠰᠢᠯᠵᠢᠭᠦᠯᠦᠨ ᠦᠭᠭᠦᠭᠰᠡᠨ ᠪᠡᠯᠡ 3,087 ᠲᠦᠮᠡᠨ ᠲᠥᠭᠦᠷᠢᠭ ᠨᠡᠮᠡᠭᠳᠡᠵᠦ᠂50, | 026 ᠲᠦᠮᠡᠨ ᠲᠥᠭᠦᠷᠢᠭ ᠪᠣᠯᠪᠠ︔ ᠠᠮᠢ ᠠᠬᠤᠶ ᠶᠢᠨ ᠴᠢᠳᠠᠮᠵᠢᠲᠤ ᠣᠷᠣᠨ ᠳᠤ ᠰᠢᠯᠵᠢᠭᠦᠯᠦᠨ ᠥᠭᠭᠦᠭᠰᠡᠨ | ᠪᠡᠯᠡ 926 ᠲᠦᠮᠡᠨ ᠲᠥᠭᠦᠷᠢᠭ ᠨᠡᠮᠡᠭᠳᠡᠵᠦ᠂ 15,431 ᠲᠦᠮᠡᠨ ᠲᠥᠭᠦᠷᠢᠭ ᠪᠣᠯᠪᠠ︔ ᠬᠤᠰᠢᠭᠤᠨ ᠱᠠᠲᠤᠨ ᠤ | ᠦᠨᠳᠦᠰᠦᠨ ᠡᠳ᠋ ᠤᠨ ᠬᠦᠴᠦᠨ ᠤ ᠪᠠᠲᠤᠯᠠᠭ᠎ᠠ ᠶᠢᠨ ᠱᠠᠩᠨᠠᠯ ᠨᠦᠬᠦᠪᠦᠷᠢ1,474 ᠲᠦᠮᠡᠨ ᠲᠥᠭᠦᠷᠢᠭ ᠨᠡᠮᠡᠭᠳᠡᠵᠦ᠂ | 16,717 ᠲᠦᠮᠡᠨ ᠲᠥᠭᠦᠷᠢᠭ ᠲᠤ ᠬᠦᠷᠴᠡᠶ᠃ | 4 . ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ | ᠬᠦᠴᠦᠨ ᠴᠢᠳᠠᠯ ᠢ ᠳᠡᠭᠡᠭᠰᠢᠯᠡᠭᠦᠯᠪᠡ᠃ | ᠲᠦᠰᠦᠪ ᠤᠨ ᠭᠦᠢᠴᠡᠳᠬᠡᠯ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠡᠩ ᠤᠨ ᠴᠢᠨᠠᠷᠲᠠᠶ ᠵᠠᠷᠤᠯᠭ᠎ᠠ ᠶᠢ 3, | 878 ᠲᠦᠮᠡᠨ ᠲᠥᠭᠦᠷᠢᠭ ᠬᠠᠰᠤᠵᠤ᠂ 7.9 % ᠪᠠᠷ ᠪᠠᠭᠠᠰᠬᠠᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ | ︾ ᠢ 802 ᠲᠦᠮᠡᠨ ᠲᠥᠭᠦᠷᠢᠭ ᠬᠠᠰᠤᠵᠤ᠂18 % ᠪᠠᠷ ᠪᠠᠭᠠᠰᠬᠠᠵᠤ᠂ ᠠᠷᠪᠢᠯᠠᠵᠤ ᠭᠠᠷᠭᠠᠭᠰᠠᠨ ᠪᠡᠯᠡ ᠮᠥᠩᠭᠦ ᠶᠢ | ᠠᠷᠠᠳ ᠤᠨ ᠠᠮᠢᠳᠤᠷᠠᠯ ᠢ ᠪᠠᠲᠤᠯᠠᠬᠤ ᠳᠤ ᠬᠡᠷᠡᠭᠯᠡᠪᠡ᠃ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ | ᠪᠣᠯᠭᠠᠬᠤ ᠡᠷᠴᠢᠮ ᠢ ᠴᠢᠩᠭᠠᠷᠠᠭᠤᠯᠵᠤ᠂ 2017 ᠣᠨ ᠳᠤ ᠰᠠᠯᠠᠭ᠎ᠠ ᠮᠥᠴᠢᠷ ᠤᠨ ᠲᠥᠰᠦᠪ ᠪᠠ ᠲᠥᠰᠦᠪ ᠤᠨ | ᠭᠦᠢᠴᠡᠳᠬᠡᠯ ᠢ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠭᠠᠷᠭᠠᠪᠠᠯ ᠪᠦᠬᠦᠨ ᠢ ᠬᠤᠰᠢᠭᠤᠨ ᠤ ᠵᠠᠰᠠᠭ ᠤᠨ | ᠣᠷᠳᠣᠨ ᠤ ᠫᠤᠷᠲ᠋ᠤᠯ ᠰᠦᠯᠵᠢᠶᠡᠨ ᠳᠡᠭᠡᠷ᠎ᠡ ᠨᠡᠶᠢᠲᠡᠯᠡᠵᠦ᠂ ᠢᠯᠡ ᠪᠣᠯᠭᠠᠬᠤ ᠠᠷᠭ᠎ᠠ ᠵᠠᠮ ᠢ ᠥᠷᠭᠡᠳᠬᠡᠵᠦ᠂ | ᠲᠥᠰᠦᠪ ᠪᠠ ᠲᠥᠰᠦᠪ ᠤᠨ ᠭᠦᠢᠴᠡᠳᠭᠡᠯ ᠤᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠤᠨ ᠰᠦᠯᠵᠢᠶᠡᠨ ᠳᠡᠭᠡᠷ᠎ᠡ ᠢᠯᠡ ᠨᠡᠶᠢᠲᠡᠯᠡᠵᠦ᠂ ᠢᠯᠡ ᠪᠣᠯᠭᠠᠬᠤ ᠲᠣᠳᠤᠴᠠ ᠶᠢᠨ ᠬᠡᠮᠵᠢᠶ᠎ᠡ ᠶᠢ | ᠳᠡᠭᠡᠭᠰᠢᠯᠡᠭᠦᠯᠪᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ | ᠢᠳᠡᠪᠬᠢᠲᠡᠶ ᠠᠬᠢᠭᠤᠯᠪᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠯᠥᠪᠯᠡᠭᠡ ᠶᠢᠨ ᠬᠠᠮᠢᠶᠠᠷᠤᠯᠲᠠ ᠶᠢ | ᠵᠢᠷᠤᠮᠵᠢᠭᠤᠯᠵᠤ᠂ ᠬᠤᠳᠠᠯᠳᠤᠨ ᠠᠪᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠳᠠᠯᠳᠤᠨ ᠠᠪᠬᠤ ᠵᠢᠷᠤᠮ ᠢ | ᠳᠥᠭᠦᠮᠴᠢᠯᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠯᠥᠪᠯᠡᠭᠡ ᠶᠢ ᠳᠠᠩᠰᠠᠯᠠᠵᠤ ᠬᠠᠮᠢᠶᠠᠷᠬᠤ ᠶᠢ | ᠪᠡᠶᠡᠯᠡᠭᠦᠯᠪᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ ᠪᠠᠶᠢᠭᠤᠯᠤᠭᠠᠳ᠂ | ᠵᠠᠰᠠᠭ ᠤᠨ ᠣᠷᠳᠣᠨ ᠤ ᠲᠥᠯᠥᠪᠯᠡᠭᠡ ᠭᠤᠶᠤᠴᠢᠯᠠᠯ᠂ ᠬᠤᠯᠪᠣᠭᠳᠠᠯ ᠪᠦᠬᠦᠢ ᠮᠠᠲ᠋ᠧᠷᠢᠶᠠᠯ ᠢ ᠮᠡᠳᠡᠭᠦᠯᠦᠨ | ᠳᠠᠩᠰᠠᠯᠠᠭᠤᠯᠬᠤ ᠵᠡᠷᠭᠡ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠷᠤᠮ ᠢᠶᠠᠷ ᠰᠦᠯᠵᠢᠶᠡᠨ ᠳᠡᠭᠡᠷ᠎ᠡ | ᠭᠦᠢᠴᠡᠳᠬᠡᠬᠦ ᠪᠣᠯᠪᠠ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠵᠢᠯ ᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ︽ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ | ᠦᠢᠯᠡᠴᠢᠯᠡᠭᠡ ᠬᠤᠳᠠᠯᠳᠤᠨ ᠠᠪᠬᠤ ᠠᠵᠢᠯ ᠤᠨ ᠬᠡᠷᠡᠭᠵᠢᠭᠦᠯᠬᠦ ᠲᠥᠰᠦᠯ︾᠂ ︽ᠠᠷᠤ ᠬᠤᠷᠴᠢᠨ ᠬᠤᠰᠢᠭᠤᠨ ᠤ | ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠵᠢᠯᠣᠭᠤᠳᠤᠮᠵᠢ ᠶᠢᠨ | ᠴᠢᠨᠠᠷᠲᠠᠶ ᠭᠠᠷᠴᠠᠭ︾ ᠵᠡᠷᠭᠡ ᠠᠯᠢ ᠤᠯᠠᠨ ᠵᠢᠷᠤᠮᠵᠢᠭᠰᠠᠨ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠵᠦ᠂ | ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠠᠵᠢᠯ ᠤᠨ ᠤᠳᠤᠷᠢᠳᠬᠤ | ᠳᠤᠭᠤᠶᠢᠯᠠᠩ ᠪᠠᠶᠢᠭᠤᠯᠵᠤ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠳᠦᠷᠢᠮ ᠤᠨ | ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠥᠷᠥᠯ ᠵᠦᠢᠯ ᠤᠨ ᠠᠵᠢᠯᠯᠠᠭᠤᠯᠬᠤ ᠴᠤᠪᠤᠷᠠᠯ᠂ | ᠵᠢᠷᠤᠮᠵᠢᠭᠤᠯᠵᠤ᠂ ᠭᠤᠷᠪᠠᠳᠠᠬᠢ ᠡᠲᠡᠭᠡᠳ ᠤᠨ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠪᠠ᠃ ᠡᠳ᠋ ᠤᠨ | ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠰᠢᠯᠭᠠᠬᠤ ᠡᠷᠴᠢᠮ ᠢ ᠨᠡᠮᠡᠭᠳᠡᠭᠦᠯᠵᠦ᠂ ᠡᠳ᠋ ᠤᠨ ᠵᠠᠰᠠᠭ ᠤᠨ ᠪᠡᠯᠡ | ᠮᠦᠩᠬᠦ ᠶᠢᠨ ᠵᠠᠷᠤᠯᠭ᠎ᠠ ᠶᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠪᠠᠲᠤᠯᠠᠵᠦ᠂ ᠬᠢᠨᠠᠨ ᠲᠣᠭᠲᠠᠭᠠᠬᠤ | ᠲᠥᠷᠥᠯ ᠵᠦᠢᠯ ᠢ 302 ᠪᠡᠶᠡᠯᠡᠭᠦᠯᠵᠦ᠂ ᠳᠡᠪᠰᠢᠭᠦᠯᠵᠦ ᠬᠢᠨᠠᠭᠤᠯᠤᠭᠰᠠᠨ ᠵᠣᠭᠤᠰ 388,276 ᠲᠦᠮᠡᠨ | ᠲᠥᠭᠦᠷᠢᠭ᠂ ᠬᠢᠨᠠᠨ ᠬᠠᠰᠤᠭᠰᠠᠨ 63,806 ᠲᠦᠮᠡᠨ ᠲᠥᠭᠦᠷᠢᠭ᠂ ᠬᠢᠨᠠᠵᠦ ᠬᠠᠰᠤᠭᠰᠠᠨ ᠨᠣᠷᠮ᠎ᠠ 16% | ᠪᠣᠯᠤᠨ᠎ᠠ᠃ | 5 . ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠪᠠ᠃ | ᠤᠷᠲᠤᠮᠵᠢᠲᠤ ᠬᠦᠴᠦᠨ ᠪᠦᠬᠦᠢ ᠲᠣᠭᠲᠠᠴᠠ ᠶᠢ ᠲᠡᠭᠦᠯᠳᠡᠷᠵᠢᠭᠦᠯᠵᠦ᠂ ᠲᠦᠷᠢᠮ ᠤᠨ ᠪᠠᠶᠢᠭᠤᠯᠤᠯᠲᠠ ᠶᠢ | ᠴᠢᠩᠭᠠᠳᠬᠠᠪᠠ᠃ ︽ᠠᠷᠤ ᠬᠤᠷᠴᠢᠨ ᠬᠤᠰᠢᠭᠤᠨ ᠤ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠰᠡᠷᠭᠡᠶᠢᠯᠡᠬᠦ ᠠᠵᠢᠯ ᠤᠨ ᠬᠡᠷᠡᠭᠵᠢᠭᠦᠯᠬᠦ ᠲᠥᠰᠦᠯ︾᠂ ︽ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ | ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾᠂ ︽ᠵᠠᠰᠠᠭ ᠤᠨ | ᠣᠷᠳᠣᠨ ᠤ ᠴᠢᠨᠠᠷᠲᠠᠶ ᠥᠷᠢ ᠥᠭᠴᠡᠭᠡᠨ ᠤ ᠲᠦᠭᠰᠢᠭᠦᠷᠢ ᠶᠢ ᠪᠠᠴᠢᠮ ᠠᠷᠭᠠᠴᠠᠨ ᠰᠢᠢᠳᠪᠦᠷᠢᠯᠡᠬᠦ ᠲᠥᠰᠦᠯ︾ ᠢ | ᠲᠣᠭᠲᠠᠭᠠᠨ ᠨᠡᠶᠢᠲᠡᠯᠡᠵᠦ᠂ ︽ᠵᠢᠭᠡᠯᠡᠬᠦ᠂ ᠬᠡᠷᠡᠭᠯᠡᠬᠦ᠂ ᠪᠤᠴᠠᠭᠠᠬᠤ︾ ᠶᠢ ᠨᠢᠭᠡᠳᠬᠡᠭᠰᠡᠨ ᠣᠷᠣᠨ ᠨᠤᠲᠤᠭ ᠤᠨ | ᠵᠠᠰᠠᠭ ᠤᠨ ᠣᠷᠳᠣᠨ ᠤ ᠴᠢᠨᠠᠷᠲᠠᠶ ᠥᠭᠴᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠲᠦᠷᠭᠡᠨ | ᠴᠤᠤᠷᠢᠶᠠᠲᠤᠨ ᠳᠠᠭᠠᠬᠤ᠂ ᠲᠦᠷᠤᠯ ᠬᠤᠪᠢᠶᠠᠨ ᠬᠡᠷᠡᠭᠵᠢᠭᠦᠯᠬᠦ᠂ ᠬᠠᠮᠵᠢᠯᠴᠠᠨ ᠬᠥᠳᠡᠯᠦᠯᠴᠡᠵᠦ ᠯᠠᠪᠳᠠᠭᠤᠨ | ᠪᠠᠲᠤᠲᠠᠢ ᠰᠢᠢᠳᠪᠦᠷᠢᠯᠡᠬᠦ᠂ ᠥᠷᠢ ᠥᠭᠴᠡᠭᠡ ᠶᠢᠨ ᠲᠦᠭᠰᠢᠭᠦᠷᠢ ᠶᠢ ᠪᠠᠴᠢᠮ ᠠᠷᠭᠠᠴᠠᠨ ᠰᠢᠢᠳᠪᠦᠷᠢᠯᠡᠬᠦ | ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠦᠨᠡᠨᠬᠦ ᠰᠡᠷᠭᠡᠶᠢᠯᠡᠨ ᠠᠷᠢᠯᠭᠠᠵᠤ᠂ | ᠭᠠᠵᠠᠷ ᠣᠷᠣᠨ ᠤ ᠠᠵᠤ ᠠᠬᠤᠶ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠪᠠ᠃ | PPP ᠲᠥᠷᠥᠯ ᠵᠦᠢᠯ ᠢ ᠪᠦᠬᠦ ᠲᠠᠯ᠎ᠠ ᠪᠠᠷ ᠡᠮᠬᠢᠯᠡᠨ᠂ ︽ᠵᠣᠭᠰᠣᠭᠠᠬᠤ᠂ ᠬᠤᠶᠢᠰᠢᠯᠠᠭᠤᠯᠬᠤ᠂ ᠴᠣᠮᠬᠤᠳᠬᠠᠬᠤ︾ | ᠠᠷᠭ᠎ᠠ ᠬᠡᠯᠪᠡᠷᠢ ᠪᠠᠷ᠂ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠥᠭᠡᠷᠡᠴᠢᠯᠡᠭᠰᠡᠨ ᠤ ᠲᠠᠷᠠᠭ᠎ᠠ PPP ᠲᠥᠷᠥᠯ | ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠶᠢ 34.9 ᠳ᠋ᠦᠩᠰᠢᠭᠤᠷ ᠲᠥᠭᠦᠷᠢᠭ ᠪᠠᠶᠢᠭᠰᠠᠨ ᠠᠴᠠ 12.36 | ᠳ᠋ᠦᠩᠰᠢᠭᠤᠷ ᠲᠥᠭᠦᠷᠢᠭ ᠪᠣᠯᠭᠠᠪᠠ᠃︔ ᠪᠡᠯᠡ ᠲᠣᠬᠢᠷᠠᠭᠤᠯᠬᠤ ᠲᠦᠷᠦᠯ ᠵᠦᠢᠯ ᠶᠢ ᠴᠡᠪᠡᠷᠯᠡᠵᠦ᠂ ᠶᠠᠭ ᠶᠠᠪᠤᠭᠳᠠᠵᠦ | ᠪᠠᠶᠢᠭ᠎ᠠ ᠲᠦᠷᠦᠯ ᠵᠦᠢᠯ ᠢ ᠪᠦᠬᠦ ᠲᠠᠯ᠎ᠠ ᠪᠠᠷ ᠵᠣᠭᠰᠤᠭᠠᠪᠠ᠂ ︵ᠳᠥᠭᠦᠮ ᠪᠦᠲᠦᠮᠵᠢᠲᠤ ᠣᠷᠣᠨ ᠰᠠᠭᠤᠴᠠ ᠶᠢ | ᠥᠭᠡᠷᠡᠴᠢᠯᠡᠬᠦ ᠪᠠ ᠶᠠᠳᠠᠭᠤ ᠶᠢ ᠲᠡᠳᠬᠦᠬᠦ ᠲᠥᠷᠥᠯ ᠵᠦᠢᠯ ᠡᠭᠦᠨ ᠳᠤ ᠪᠠᠭᠲᠠᠬᠤ ᠦᠭᠡᠢ︶᠂ ᠨᠢᠭᠡᠨᠲᠡ ᠵᠣᠭᠤᠰ | ᠲᠠᠯᠪᠢᠬᠤ ᠠᠵᠢᠯ ᠢᠶᠠᠨ ᠬᠢᠵᠦ ᠪᠠᠶᠢᠭ᠎ᠠ ᠲᠥᠷᠥᠯ ᠵᠦᠢᠯ ᠳᠤ᠂ ᠵᠠᠰᠠᠭ ᠤᠨ ᠣᠷᠳᠣᠨ ᠤ ᠢᠲᠡᠭᠡᠮᠵᠢ ᠪᠠᠷ ᠠᠵᠤ | ᠠᠬᠤᠶᠢᠯᠠᠯ ᠳᠤ ᠳᠠᠭᠠᠭᠠᠯᠲᠠ ᠬᠢᠵᠦ ᠪᠠᠶᠢᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠠᠯᠪᠠᠨ ᠪᠢᠴᠢᠭ | ᠪᠠᠭᠤᠯᠭᠠᠵᠤ᠂ ᠵᠠᠰᠠᠭ ᠤᠨᠣᠷᠳᠣᠨ ᠤ ᠢᠲᠡᠭᠡᠮᠵᠢ ᠶᠢ ᠨᠡᠮᠡᠭᠳᠡᠭᠦᠯᠬᠦ ᠳᠡᠮᠵᠢᠯᠭᠡ ᠶᠢᠨ ᠴᠢᠨᠠᠷᠲᠠᠶ ᠪᠢᠴᠢᠭ ᠮᠠᠲ᠋ᠧᠷᠢᠶᠠᠯ ᠢ | ᠬᠦᠴᠦᠨ ᠦᠭᠡᠢ ᠪᠣᠯᠭᠠᠪᠠ᠃ | 2017 ᠣᠨ ᠳᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠥᠰᠦᠪ ᠢ ᠭᠦᠢᠴᠡᠳᠬᠡᠭᠰᠡᠨ ᠪᠠᠶᠢᠳᠠᠯ | ᠨᠡᠯᠢᠶᠡᠳ ᠰᠠᠶᠢᠨ ᠪᠠᠶᠢᠨ᠎ᠠ᠂ ᠭᠡᠪᠡᠴᠦ ᠪᠠᠰᠠ ᠵᠠᠷᠢᠮ ᠠᠰᠠᠭᠤᠳᠠᠯ ᠪᠠ ᠬᠦᠴᠢᠷᠳᠡᠯ ᠣᠷᠣᠰᠢᠵᠤ ᠪᠠᠶᠢᠨ᠎ᠠ᠄ ᠨᠢᠭᠡ ᠳᠤ | ᠣᠷᠣᠯᠭ᠎ᠠ ᠶᠢᠨ ᠶᠡᠷᠦᠩᠬᠡᠶ ᠬᠡᠮᠵᠢᠶ᠎ᠡ ᠪᠠᠭ᠎ᠠ᠂ ᠵᠠᠶᠢᠯᠠᠰᠢ ᠦᠭᠡᠢ ᠵᠠᠷᠤᠯᠭ᠎ᠠ ᠨᠡᠯᠢᠶᠡᠳ ᠲᠦᠷᠭᠡᠨ ᠨᠡᠮᠡᠭᠳᠡᠵᠦ᠂ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠨᠡᠩ ᠲᠣᠪᠤᠶᠢᠮ᠎ᠠ ᠪᠠᠶᠢᠨ᠎ᠠ︔ ᠬᠤᠶᠠᠷ ᠲᠤ ᠵᠠᠰᠠᠭ ᠤᠨ | ᠣᠷᠳᠣᠨ ᠤ ᠥᠷᠢ ᠥᠭᠴᠡᠭᠡᠨ ᠤ ᠳᠠᠷᠤᠭᠠᠰᠤ ᠨᠡᠯᠢᠶᠡᠳ ᠬᠦᠨᠳᠦ᠂ ᠥᠭᠴᠡᠭᠡ ᠶᠢᠨ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠡᠭᠦᠷᠭᠡ ᠬᠠᠲᠠᠭᠤ ᠪᠡᠷᠬᠡ ᠪᠠᠶᠢᠨ᠎ᠠ᠃ ᠪᠢᠳᠡ ᠡᠳᠡᠭᠡᠷ ᠠᠰᠠᠭᠤᠳᠠᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠴᠢᠷᠮᠠᠶᠢᠨ ᠰᠤᠳᠤᠯᠵᠤ ᠰᠢᠢᠳᠪᠦᠷᠢᠯᠡᠨ᠎ᠡ᠃ | |