ᠠᠷᠤ ᠬᠤᠷᠴᠢᠨ ᠬᠤᠰᠢᠭᠤᠨ ᠤ 2017 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2018 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠲᠤᠬᠠᠶ ᠮᠡᠳᠡᠭᠦᠯᠦᠯᠲᠡ ︵ᠬᠤᠶᠠᠷ︶
ᠨᠡᠶᠢᠲᠡᠯᠡᠭᠰᠡᠨ ᠴᠠᠭ᠄
2018/2/7
     ᠬᠤᠶᠠᠷ  ᠂ 2018 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ      2018 ᠣᠨ ᠤ ᠲᠥᠰᠦᠪ ᠤᠨ ᠲᠣᠬᠢᠷᠠᠭᠤᠯᠤᠯᠲᠠ ᠪᠣᠯᠤᠨ ᠡᠳ᠋ ᠤᠨ ᠵᠠᠰᠠᠭ ᠤᠨ ᠠᠵᠢᠯ ᠤᠨ ᠦᠨᠳᠦᠰᠦᠨ ᠰᠡᠳᠬᠢᠴᠡ ᠪᠣᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠪᠠᠷ᠂ ᠲᠣᠭᠲᠠᠭᠤᠨ ᠤ ᠳᠣᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠦᠭ ᠠᠶᠠᠰ ᠢ ᠪᠠᠷᠢᠮᠲᠠᠯᠠᠵᠤ᠂ ︽ᠴᠠᠯᠢᠩ ᠢ ᠪᠠᠲᠤᠯᠠᠬᠤ᠂  ᠠᠵᠢᠯ ᠶᠢ ᠪᠠᠲᠤᠯᠠᠬᠤ᠂ ᠠᠷᠠᠳ ‍ᠤᠨ‌ᠠᠮᠢᠳᠤᠷᠠᠯ ᠢ ᠪᠠᠲᠤᠯᠠᠬᠤ︾ ᠦᠨᠳᠦᠰᠦᠨ ᠵᠠᠷᠴᠢᠮ ᠢ ᠪᠠᠷᠢᠮᠲᠠᠯᠠᠵᠦ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠬᠦᠴᠦᠯᠡᠨ ᠴᠢᠷᠮᠠᠶᠢᠵᠦ᠂ ᠡᠳ᠋ ᠤᠨ ᠵᠠᠰᠠᠭ ᠭᠠᠶᠢᠯᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠢᠯᠡ ᠲᠣᠳᠣ ᠲᠥᠰᠦᠪ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠦᠨᠡᠨᠬᠦ ᠰᠡᠷᠭᠡᠶᠢᠯᠡᠨ ᠠᠷᠢᠯᠭᠠᠵᠤ᠂ ᠪᠦᠭᠦ ᠬᠤᠰᠢᠭᠤᠨ ᠤ ᠠᠵᠤ ᠠᠬᠤᠶ ᠦᠷᠭᠦᠯᠵᠢᠯᠡᠨ ᠡᠷᠡᠭᠦᠯ ᠢᠶᠠᠷ  ᠬᠦᠭᠵᠢᠬᠦ   ᠶᠢ ᠠᠬᠢᠭᠤᠯᠤᠨ᠎ᠠ᠃ ᠳᠡᠭᠡᠷ᠎ᠡ ᠳᠤᠷᠠᠳᠤᠭᠰᠠᠨ ᠰᠡᠳᠬᠢᠮᠵᠢ ᠪᠠᠷ᠂ ᠲᠣᠬᠢᠷᠠᠭᠤᠯᠤᠭᠰᠠᠨ 2018 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠳᠣᠣᠷᠠᠬᠢ ᠮᠡᠲᠦ᠄      ︵ᠨᠢᠭᠡ︶ ᠡᠩ ᠤᠨ ᠣᠯᠠᠨ ᠨᠡᠶᠢᠲᠡ ᠶᠢᠨ ᠲᠥᠰᠦᠪ      2018  ᠣᠨ ᠤ  ᠡ᠊ᠩ ᠤᠨ ᠤᠯᠠᠨ  ᠨᠡᠶᠢᠲᠡ ᠶᠢᠨ ᠲᠥᠰᠦᠪ ᠤᠨ ᠣᠷᠣᠯᠭ᠎ᠠ ᠶᠢ 28,950 ᠲᠦᠮᠡᠨ ᠲᠥᠭᠦᠷᠢᠭ ᠲᠣᠬᠢᠷᠠᠭᠤᠯᠵᠤ᠂  ᠲᠦᠷᠦᠭᠦᠦ ᠵᠢᠯ ᠤᠨ ᠪᠡᠶᠡᠯᠡᠭᠦᠯᠦᠭᠰᠡᠨ ᠲᠤᠭ᠎ᠠ ᠠᠴᠠ 1,653 ᠲᠦᠮᠡᠨ ᠲᠥᠭᠦᠷᠢᠭ ᠨᠡᠮᠡᠭᠳᠡᠭᠦᠯᠵᠦ᠂ 6 % ᠪᠠᠷ ᠳᠡᠭᠡᠭᠰᠢᠯᠡᠭᠦᠯᠦᠨ᠎ᠡ᠃ ᠡᠭᠦᠨ ᠤ ᠳᠣᠲᠣᠷ᠎ᠠ᠄ ᠭᠠᠶᠢᠯᠢ ᠲᠠᠲᠠᠪᠤᠷᠢ ᠶᠢᠨ ᠣᠷᠣᠯᠭ᠎ᠠ ᠶᠢ 23,759 ᠲᠦᠮᠡᠨ ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ ᠪᠡᠶᠡᠯᠡᠭᠦᠯᠦᠭᠰᠡᠨ ᠲᠤᠭ᠎ᠠ ᠠᠴᠠ1,996 ᠲᠦᠮᠡᠨ ᠲᠥᠭᠦᠷᠢᠭ ᠨᠡᠮᠡᠭᠳᠡᠭᠦᠯᠵᠦ᠂ 9 % ᠪᠠᠷ ᠳᠡᠭᠡᠭᠰᠢᠯᠡᠭᠦᠯᠦᠨ᠎ᠡ︔ ᠭᠠᠶᠢᠯᠢ ᠶᠢᠨ ᠪᠤᠰᠤ ᠣᠷᠣᠯᠭ᠎ᠠ ᠶᠢ5,191 ᠲᠦᠮᠡᠨ ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ  ᠪᠡᠶᠡᠯᠡᠭᠦᠯᠦᠭᠰᠡᠨ ᠲᠤᠭ᠎ᠠ ᠠᠴᠠ 343 ᠲᠦᠮᠡᠨ ᠲᠥᠭᠦᠷᠢᠭ ᠬᠠᠰᠤᠵᠤ᠂ 6 % ᠪᠠᠷ ᠪᠠᠭᠠᠰᠬᠠᠨ᠎ᠠ᠃ 2018 ᠣᠨ ᠤ ᠡ᠊ᠩ ᠤᠨ ᠤᠯᠠᠨ ᠨᠡᠶᠢᠲᠡ ᠶᠢᠨ ᠲᠥᠰᠦᠪ ᠤᠨ ᠠᠰᠢᠭᠯᠠᠵᠤ ᠪᠣᠯᠬᠤ ᠡᠳ᠋ ᠤᠨ ᠬᠦᠴᠦᠨ 129,915 ᠲᠦᠮᠡᠨ ᠲᠥᠭᠦᠷᠢᠭ ᠪᠣᠢ᠂ ᠡᠭᠦᠨ ᠳᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 28,950 ᠲᠦᠮᠡᠨ ᠲᠥᠭᠦᠷᠢᠭ᠂ ᠪᠤᠴᠠᠭᠠᠵᠤ ᠥᠭᠬᠦ ᠴᠢᠨᠠᠷᠲᠠᠶ ᠣᠷᠣᠯᠭ᠎ᠠ 6,567 ᠲᠦᠮᠡᠨ ᠲᠥᠭᠦᠷᠢᠭ  ᠪᠠᠶᠢᠵᠦ᠂ ᠡᠩ ᠤᠨ ᠴᠢᠨᠠᠷᠲᠠᠶ ᠰᠢᠯᠵᠢᠭᠦᠯᠦᠨ ᠥᠭᠬᠦ ᠣᠷᠣᠯᠭ᠎ᠠ 103,587ᠲᠦᠮᠡᠨ ᠲᠥᠭᠦᠷᠢᠭ᠂ ᠳᠡᠭᠡᠭᠰᠢ ᠲᠤᠰᠢᠶᠠᠬᠤ ᠳᠡᠭᠡᠷ᠎ᠡ ᠱᠠᠲᠤᠨ ᠤ ᠵᠠᠷᠤᠯᠭ᠎ᠠ 9,189 ᠲᠦᠮᠡᠨ ᠲᠥᠭᠦᠷᠢᠭ ᠪᠣᠯᠤᠨ᠎ᠠ᠃      2018 ᠣᠨ ᠤ ᠣᠷᠣᠯᠭ᠎ᠠ ᠶᠢᠨ ᠶᠡᠷᠦᠩᠬᠡᠶ ᠬᠡᠮᠵᠢᠶ᠎ᠡ  180,676 ᠲᠦᠮᠡᠨ‌‍ᠲ᠋ᠥ᠋ᠭᠦᠷᠢᠭ᠃ ᠡᠭᠦᠨ ᠤ ᠳᠣᠲᠣᠷ᠎ᠠ᠄ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 28,950  ᠲᠦᠮᠡᠨ ᠲᠥᠭᠦᠷᠢᠭ᠂ ᠪᠤᠴᠠᠭᠠᠵᠤ ᠥᠭᠬᠦ ᠴᠢᠨᠠᠷᠲᠠᠶ ᠣᠷᠣᠯᠭ᠎ᠠ 6,567 ᠲᠦᠮᠡᠨ ᠲᠥᠭᠦᠷᠢᠭ ᠂ ᠡᠩ ᠤᠨ ᠴᠢᠨᠠᠷᠲᠠᠶ ᠰᠢᠯᠵᠢᠭᠦᠯᠦᠨ ᠥᠭᠬᠦ ᠣᠷᠣᠯᠭ᠎ᠠ 103,587 ᠲᠦᠮᠡᠨ ᠲᠥᠭᠦᠷᠢᠭ ᠂ ᠳᠡᠭᠡᠳᠦ ᠱᠠᠲᠤᠨ ᠤ ᠤᠷᠢᠳᠴᠢᠯᠠᠨ ᠪᠠᠭᠤᠯᠭᠠᠭᠰᠠᠨ ᠲᠤᠰᠬᠠᠶ ᠵᠦᠢᠯ ᠢᠶᠠᠷ ᠰᠢᠯᠵᠢᠭᠦᠯᠦᠨ ᠥᠭᠬᠦ 22,865ᠲᠦᠮᠡᠨ ᠲᠥᠭᠦᠷᠢᠭ ᠂ ᠰᠢᠯᠵᠢᠭᠦᠯᠦᠨ ᠣᠷᠤᠭᠤᠯᠬᠤ ᠪᠡᠯᠡ ᠮᠥᠩᠭᠦ ︵ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠮᠥᠩᠭᠦ ᠶᠢ ᠰᠢᠯᠵᠢᠭᠦᠯᠦᠨ ᠣᠷᠣᠭᠤᠯᠬᠤ︶ 18,707 ᠲᠦᠮᠡᠨ ᠲᠥᠭᠦᠷᠢᠭ  ᠪᠣᠯᠤᠨ᠎ᠠ᠃      ᠣᠷᠤᠯᠭ᠎ᠠ ᠶᠢᠨ ᠶᠡᠷᠤᠩᠬᠡᠢ ᠬᠡᠮᠵᠢᠶ᠎ᠡ ᠠᠴᠠ ᠳᠡᠭᠡᠳᠦ ᠱᠠᠲᠤᠨ ᠳᠤ ᠲᠤᠰᠢᠶᠠᠬᠤ ᠵᠠᠷᠤᠯᠭ᠎ᠠ 9,189 ᠲᠦᠮᠡᠨ ᠲᠥᠭᠦᠷᠢᠭ ᠢ ᠬᠠᠰᠤᠭᠠᠳ ᠂ ᠡ᠊ᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ171,487 ᠲᠦᠮᠡᠨ ᠲᠦᠭᠦᠷᠢᠭ ᠲᠣᠬᠢᠷᠠᠭᠤᠯᠪᠠ᠃ ᠵᠠᠷᠤᠯᠭ᠎ᠠ ᠶᠢᠨ ᠴᠢᠳᠠᠮᠵᠢ ᠪᠠᠷ ᠲᠦᠷᠦᠯ ᠬᠤᠪᠢᠶᠠᠨ ᠲᠣᠬᠢᠷᠠᠭᠤᠯᠤᠭᠰᠠᠨ ᠳᠣᠣᠷᠠᠬᠢ ᠮᠡᠲᠦ᠄      1 . ᠡᠩ ᠤᠨ ᠴᠢᠨᠠᠷᠲᠠᠶ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ  20,532 ᠲᠦᠮᠡᠨ ᠲᠥᠭᠦᠷᠢᠭ᠃ ᠭᠤᠣᠯᠳᠠᠭᠤ ᠡ᠊ᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠴᠠᠯᠢᠩ ᠬᠢᠭᠡᠳ ᠠᠵᠢᠯᠯᠠᠬᠤ ᠵᠠᠷᠤᠯᠭ᠎ᠠ ᠳᠤ ᠬᠡᠷᠡᠭᠯᠡᠨ᠎ᠡ᠃      2 . ᠤᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 5,008 ᠲᠦᠮᠡᠨ ᠲᠥᠭᠦᠷᠢᠭ᠃ ᠭᠤᠣᠯᠳᠠᠭᠤ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠤᠨ ᠴᠠᠯᠢᠩ᠂ ᠠᠵᠢᠯᠯᠠᠭᠠᠨ ᠵᠢᠴᠢ ᠲᠤᠰᠬᠠᠶ ᠵᠦᠢᠯ ᠤᠨ ᠵᠠᠷᠤᠯᠭ᠎ᠠ ᠳᠤ ᠬᠡᠷᠡᠭᠯᠡᠨ᠎ᠡ᠃      3 . ᠰᠤᠷᠭᠠᠨ ᠬᠥᠮᠦᠵᠢᠯ ᠤᠨ ᠵᠠᠷᠤᠯᠭ᠎ᠠ 39,158 ᠲᠦᠮᠡᠨ ᠲᠥᠭᠦᠷᠢᠭ᠃ ᠭᠤᠣᠯᠳᠠᠭᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠪᠦᠭᠦ ᠬᠤᠰᠢᠭᠤᠨ ᠤ ᠡᠯ᠎ᠡ ᠰᠤᠷᠭᠠᠭᠤᠯᠢ ᠶᠢᠨ ᠴᠠᠯᠢᠩ ᠂ ᠠᠵᠢᠯᠯᠠᠭᠠᠨ ᠵᠢᠴᠢ ᠰᠤᠷᠭᠠᠨ ᠬᠥᠮᠦᠵᠢᠯ ᠤᠨ ᠲᠤᠰᠬᠠᠶ ᠵᠦᠢᠯ ᠤᠨ ᠵᠠᠷᠤᠯᠭ᠎ᠠ ᠳᠤ ᠬᠡᠷᠡᠭᠯᠡᠨ᠎ᠡ᠃      4 . ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 157 ᠲᠦᠮᠡᠨ ᠲᠥᠭᠦᠷᠢᠭ᠃ ᠭᠤᠣᠯᠳᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠠᠯᠢᠩ ᠬᠢᠭᠡᠳ ᠠᠵᠢᠯᠯᠠᠬᠤ ᠵᠠᠷᠤᠯᠭ᠎ᠠ   ᠳᠤ ᠬᠡᠷᠡᠭᠯᠡᠨ᠎ᠡ᠃      5 . ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 2,560 ᠲᠦᠮᠡᠨ ᠲᠥᠭᠦᠷᠢᠭ ᠃ ᠭᠤᠣᠯᠳᠠᠭᠤ ᠰᠣᠶᠣᠯ᠂ ᠷᠠᠳᠢᠣ᠋ ᠨᠡᠪᠲᠡᠷᠡᠭᠦᠯᠭᠡ ᠲᠧᠯᠸᠢᠰ ᠪᠣᠯᠤᠨ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠨᠢᠭᠡᠴᠢ ᠶᠢᠨ ᠴᠠᠯᠢᠩ ᠬᠢᠭᠡᠳ ᠠᠵᠢᠯᠯᠠᠬᠤ ᠵᠠᠷᠤᠯᠭ᠎ᠠ   ᠳᠤ ᠬᠡᠷᠡᠭᠯᠡᠨ᠎ᠡ᠃      6 . ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 40,936 ᠲᠦᠮᠡᠨ ᠲᠥᠭᠦᠷᠢᠭ ᠃ ᠭᠤᠣᠯᠳᠠᠭᠤ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠲᠡᠳᠬᠦᠮᠵᠢ᠂ ᠲᠠᠪᠤᠨ ᠪᠠᠲᠤᠯᠠᠭ᠎ᠠ   ᠶᠢᠨ ᠠᠰᠠᠷᠠᠨ ᠲᠡᠵᠢᠭᠡᠬᠦ᠂  ᠳᠣᠣᠷ᠎ᠠ ᠣᠷᠣᠯᠭ᠎ᠠ ᠲᠠᠢ  ᠲᠠᠷᠢᠶᠠᠯᠠᠬᠤ ᠮᠠᠯᠵᠢᠬᠤ ᠡᠷᠦᠬᠡ ᠳᠤ ᠡᠪᠦᠯ ᠤᠨ ᠳᠤᠯᠠᠭᠠᠯᠠᠯᠭ᠎ᠠ ᠶᠢᠨ ᠨᠡᠭᠦᠷᠡᠰᠦ ᠦᠭᠬᠦ ᠵᠡᠷᠭᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠥᠬᠦᠪᠥᠷᠢ ᠣᠯᠭᠤᠬᠤ  ᠵᠠᠷᠤᠯᠭ᠎ᠠ ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠳ ᠤᠨ ᠵᠠᠷᠤᠳᠠᠯ᠂ ᠨᠥᠭᠴᠢᠭᠰᠡᠳ ᠤᠨ ᠭᠡᠷ ᠪᠦᠯᠢ ᠶᠢᠨ ᠨᠥᠬᠦᠪᠥᠷᠢ ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ  ᠴᠠᠯᠢᠩ  ᠬᠢᠭᠡᠳ  ᠠᠵᠢᠯᠯᠠᠬᠤ  ᠵᠠᠷᠤᠯᠭ᠎ᠠ   ᠳᠤ  ᠬᠡᠷᠡᠭᠯᠡᠨ᠎ᠡ᠃      7 . ᠡᠮ ᠡᠮᠨᠡᠯᠭᠡ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠵᠠᠷᠤᠯᠭ᠎ᠠ 22,484  ᠲᠦᠮᠡᠨ ᠲᠥᠭᠦᠷᠢᠭ ᠃ ᠭᠤᠣᠯᠳᠠᠭᠤ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ᠂ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ᠂ ᠰᠢᠨ᠎ᠡ ᠬᠡᠯᠪᠡᠷᠢ ᠶᠢᠨ ᠬᠥᠳᠡᠭᠡ ᠲᠣᠰᠬᠤᠨ ᠤ ᠬᠤᠷᠰᠢᠬᠰᠠᠨ ᠡᠮᠨᠡᠯᠭᠡ᠂ ᠰᠣᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ᠂ ᠡᠷᠡᠭᠦᠯ ᠢ ᠬᠠᠮᠠᠭᠠᠯᠠᠬᠤ᠂ ᠲᠥᠯᠥᠪᠯᠡᠭᠡᠲᠦ ᠦᠷᠡᠵᠢᠯ  ᠂ ᠡᠮ ᠤᠨ ᠵᠦᠢᠯ ᠳᠤ ᠬᠢᠨᠠᠯᠲᠠ ᠲᠠᠯᠪᠢᠬᠤ ᠵᠡᠷᠭᠡ ᠰᠠᠯᠠᠭ᠎ᠠ ᠮᠥᠴᠢᠷ ᠤᠨ ᠴᠠᠯᠢᠩ᠂ ᠠᠵᠢᠯᠯᠠᠭᠠᠨ ᠪᠠ ᠡᠷᠡᠭᠦᠯ ᠬᠠᠮᠠᠭᠠᠯᠠᠯ ᠤᠨ ᠲᠤᠰᠬᠠᠶ ᠵᠦᠢᠯ ᠤᠨ ᠵᠠᠷᠤᠯᠭ᠎ᠠ ᠳᠤ ᠬᠡᠷᠡᠭᠯᠡᠨ᠎ᠡ᠃      8 . ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠵᠠᠷᠤᠯᠭ᠎ᠠ 1,193 ᠲᠦᠮᠡᠨ ᠲᠥᠭᠦᠷᠢᠭ᠃ ᠭᠤᠣᠯᠳᠠᠭᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠬᠤ ᠵᠠᠷᠤᠳᠠᠯ᠂ ᠰᠠᠯᠬᠢ ᠡᠯᠡᠰᠦᠨ ᠤ ᠡᠬᠢ ᠰᠤᠷᠪᠤᠯᠵᠢ ᠶᠢ ᠵᠠᠰᠠᠬᠤ ᠲᠤᠰᠬᠠᠶ ᠵᠦᠢᠯ ᠤᠨ ᠵᠠᠷᠤᠯᠭ᠎ᠠ᠂ ᠣᠷᠴᠢᠨ ᠬᠠᠮᠠᠭᠠᠯᠠᠯᠳᠠ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠨᠢᠭᠡᠴᠢ ᠶᠢᠨ ᠴᠠᠯᠢᠩ᠂ ᠠᠵᠢᠯᠯᠠᠬᠤ ᠵᠠᠷᠤᠯᠭ᠎ᠠ ᠳᠤ ᠬᠡᠷᠡᠭᠯᠡᠨ᠎ᠡ᠃      9 . ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠷᠤᠯᠭ᠎ᠠ 3,566 ᠲᠦᠮᠡᠨ ᠲᠥᠭᠦᠷᠢᠭ ᠃ ᠭᠤᠣᠯᠳᠠᠭᠤ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ ᠰᠢᠷᠣᠶ ᠶᠢ ᠲᠥᠯᠥᠪᠦᠷᠢ ᠲᠠᠢ ᠪᠠᠷ ᠬᠡᠷᠡᠭᠯᠡᠬᠦ ᠰᠦᠢᠳᠬᠡᠯ ᠤᠨ ᠲᠤᠰᠬᠠᠶ ᠵᠦᠢᠯ ᠤᠨ ᠵᠠᠷᠤᠯᠭ᠎ᠠ᠂ ᠵᠠᠰᠠᠭ ᠤᠨ ᠣᠷᠳᠣᠨ ᠤ ᠣᠷᠣᠨ ᠰᠠᠭᠤᠴᠠ ᠶᠢᠨ ᠰᠠᠭᠤᠷᠢ ᠮᠥᠩᠭᠦ ᠶᠢᠨ ᠲᠤᠰᠬᠠᠶ ᠵᠦᠢᠯ ᠤᠨ ᠵᠠᠷᠤᠯᠭ᠎ᠠ᠂ ᠬᠤᠳᠠ ᠶᠢᠨ ᠶᠠᠪᠤᠳᠠᠯ ᠤᠨ ᠪᠡᠯᠡᠳᠬᠡᠮᠵᠢ  ᠶᠢ ᠬᠠᠮᠠᠭᠠᠯᠠᠬᠤ᠂ ᠬᠤᠲᠠ ᠶᠢᠨ ᠦᠵᠡᠮᠵᠢ ᠶᠢ ᠬᠠᠮᠠᠭᠠᠯᠠᠬᠤ ᠵᠢᠴᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠨᠢᠭᠡᠴᠢ ᠶᠢᠨ ᠴᠠᠯᠢᠩ ᠬᠢᠭᠡᠳ ᠠᠵᠢᠯᠯᠠᠬᠤ ᠵᠠᠷᠤᠯᠭ᠎ᠠ ᠳᠤ ᠬᠡᠷᠡᠭᠯᠡᠨ᠎ᠡ᠃      10 . ᠮᠠᠯ ᠲᠠᠷᠢᠶᠠᠯᠠᠩ ᠤᠢ ᠰᠢᠭᠤᠶ ᠤᠰᠤᠨ ᠤ ᠶᠠᠪᠤᠳᠠᠯ ᠤᠨ ᠵᠠᠷᠤᠯᠭ᠎ᠠ 19,158 ᠲᠦᠮᠡᠨ ᠲᠥᠭᠦᠷᠢᠭ ᠃ ᠭᠤᠣᠯᠳᠠᠭᠤ ᠦᠨᠳᠦᠰᠦᠨ ᠱᠠᠲᠤᠨ ᠤ ᠠᠮᠢᠲᠠᠨ ᠤ ᠬᠢᠵᠢᠭ ᠢ ᠰᠡᠷᠭᠡᠶᠢᠯᠡᠬᠦ᠂ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠵᠡᠷᠭᠡ ᠲᠤᠰᠬᠠᠶ ᠵᠦᠢᠯ ᠤᠨ ᠵᠠᠷᠤᠯᠭ᠎ᠠ ᠂ ᠭᠠᠴᠠᠭ᠎ᠠ ᠲᠣᠰᠬᠤᠨ ᠤ ︽ᠬᠤᠶᠠᠷ ᠪᠠᠭ︾ ᠤᠨ ᠺᠠᠳ᠋ᠷ ᠤᠨ ᠦᠨᠳᠦᠰᠦᠨ ᠬᠥᠯᠥᠰᠥ ᠣᠯᠭᠤᠮᠵᠢ᠂ ᠭᠠᠴᠠᠭ᠎ᠠ ᠲᠣᠰᠬᠤᠨ ᠤ ᠱᠠᠲᠤ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠬᠤ ᠵᠠᠷᠤᠳᠠᠯ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ  ᠠᠵᠢᠯᠯᠠᠭᠠᠨ ᠤ ᠵᠠᠷᠤᠳᠠᠯ᠂ ᠭᠠᠴᠠᠭ᠎ᠠ ᠲᠣᠰᠬᠤᠨ ᠤ ᠲᠤᠰᠢᠶᠠᠯ ᠠᠴᠠ ᠪᠠᠨ ᠪᠠᠭᠤᠭᠰᠠᠨ ᠺᠠᠳ᠋ᠷ ᠤᠨ ᠠᠮᠢᠳᠤᠷᠠᠯ ᠤᠨ ᠨᠥᠬᠦᠪᠥᠷᠢ ᠂ ᠭᠠᠴᠠᠭᠠᠨ ᠤ ᠶᠠᠪᠤᠳᠠᠯ ᠳᠤ ᠬᠢᠨᠠᠯᠲᠠ ᠲᠠᠯᠪᠢᠬᠤ ᠺᠣᠮᠢᠰ ᠤᠨ ᠵᠠᠷᠤᠳᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠠᠵᠢᠯᠯᠠᠭᠠᠨ ᠵᠢᠴᠢ ᠠᠵᠢᠯ  ᠤᠨ ᠵᠠᠷᠤᠳᠠᠯ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠵᠠᠷᠤᠳᠠᠯ ᠂ ᠬᠥᠳᠡᠭᠡ ᠠᠵᠤ ᠠᠬᠤᠶ᠂ ᠣᠢ ᠮᠣᠳᠣ᠂ ᠤᠰᠤᠨ ᠠᠰᠢᠭᠯᠠᠯᠲᠠ᠂ ᠶᠠᠳᠠᠭᠤ ᠶᠢ ᠲᠡᠳᠬᠦᠬᠦ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠨ ᠠᠰᠢᠭᠯᠠᠯᠲᠠ ᠵᠡᠷᠭᠡ ᠨᠢᠭᠡᠴᠢ ᠶᠢᠨ ᠴᠠᠯᠢᠩ ᠬᠢᠭᠡᠳ ᠠᠵᠢᠯᠯᠠᠬᠤ ᠵᠠᠷᠤᠯᠭ᠎ᠠ ᠳᠤ ᠬᠡᠷᠡᠭᠯᠡᠨ᠎ᠡ᠃      11 . ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 5,209 ᠲᠦᠮᠡᠨ ᠲᠥᠭᠦᠷᠢᠭ ᠃ ᠭᠤᠣᠯᠳᠠᠭᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠵᠤ᠂ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠵᠠᠷᠤᠯᠭ᠎ᠠ  ᠳᠤ ᠬᠡᠷᠡᠭᠯᠡᠬᠦ᠂ ᠵᠠᠮ ᠬᠠᠷᠢᠯᠴᠠᠭ᠎ᠠ᠂ ᠵᠠᠰᠠᠮᠠᠯ ᠵᠠᠮ ᠤᠨ ᠬᠡᠰᠡᠭ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠵᠡᠷᠭᠡ ᠨᠢᠭᠡᠴᠡ ᠶᠢᠨ ᠴᠠᠯᠢᠩ ᠬᠢᠭᠡᠳ ᠠᠵᠢᠯᠯᠠᠬᠤ ᠵᠠᠷᠤᠯᠭ᠎ᠠ ᠳᠤ ᠬᠡᠷᠡᠭᠯᠡᠨ᠎ᠡ᠃      12 . ᠡᠬᠢ ᠪᠠᠶᠠᠯᠢᠭ ᠤᠨ ᠬᠠᠶᠢᠨ ᠰᠢᠨᠵᠢᠯᠡᠯᠲᠡ ᠮᠡᠳᠡᠭᠡ ᠵᠠᠩᠭᠢ ᠵᠡᠷᠭᠡ ᠶᠢᠨ ᠵᠠᠷᠤᠯᠭ᠎ᠠ 288 ᠲᠦᠮᠡᠨ‌‍ᠲ᠋ᠥ᠋ᠭᠦᠷᠢᠭ᠃ ᠭᠤᠣᠯᠳᠠᠭᠤ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ  ᠤᠨ ᠴᠠᠯᠢᠩ ᠬᠢᠭᠡᠳ ᠠᠵᠢᠯᠯᠠᠬᠤ ᠵᠠᠷᠤᠯᠭ᠎ᠠ ᠳᠤ ᠬᠡᠷᠡᠭᠯᠡᠨ᠎ᠡ᠃      13 . ᠬᠤᠳᠠᠯᠳᠤᠭ᠎ᠠ ᠦᠢᠯᠡᠴᠢᠯᠡᠭᠡᠨ ᠤ ᠦᠢᠯᠡᠰ ᠵᠡᠷᠭᠡ ᠶᠢᠨ ᠵᠠᠷᠤᠯᠭ᠎ᠠ 207 ᠲᠦᠮᠡᠨ ᠲᠥᠭᠦᠷᠢᠭ᠃ ᠭᠤᠣᠯᠳᠠᠭᠤ ᠬᠤᠳᠠᠯᠳᠤᠭ᠎ᠠ᠂ ᠦᠢᠯᠡᠴᠢᠯᠡᠭᠡᠨ ᠤ ᠦᠢᠯᠡᠰ ᠤᠨ ᠰᠠᠯᠠᠭ᠎ᠠ ᠮᠥᠴᠢᠷ ᠤᠨ ᠴᠠᠯᠢᠩ ᠬᠢᠭᠡᠳ ᠠᠵᠢᠯᠯᠠᠬᠤ ᠵᠠᠷᠤᠯᠭ᠎ᠠ ᠳᠤ ᠬᠡᠷᠡᠭᠯᠡᠨ᠎ᠡ᠃      14 . ᠤᠯᠤᠰ ᠤᠨ ᠨᠤᠲᠤᠭ ᠳᠡᠪᠢᠰᠬᠡᠷ ᠳᠠᠯᠠᠢ ᠲᠠᠩᠭᠢᠰ  ᠴᠠᠭ ᠠᠭᠤᠷ ᠵᠡᠷᠭᠡ ᠲᠠᠯ᠎ᠠ ᠶᠢᠨ ᠵᠠᠷᠤᠯᠭ᠎ᠠ 1,078 ᠲᠦᠮᠡᠨ ᠲᠥᠭᠦᠷᠢᠭ ᠃ ᠭᠤᠣᠯᠳᠠᠭᠤ ᠤᠯᠤᠰ ᠤᠨ ᠨᠤᠲᠤᠭ ᠳᠡᠪᠢᠰᠬᠡᠷ᠂ ᠭᠠᠵᠠᠷ ᠬᠥᠳᠡᠯᠦᠯᠲᠡ ᠵᠡᠷᠭᠡ ᠰᠠᠯᠠᠭ᠎ᠠ ᠮᠥᠴᠢᠷ ᠤᠨ ᠴᠠᠯᠢᠩ ᠬᠢᠭᠡᠳ ᠠᠵᠢᠯᠯᠠᠬᠤ ᠵᠠᠷᠤᠯᠭ᠎ᠠ ᠳᠤ ᠬᠡᠷᠡᠭᠯᠡᠨ᠎ᠡ᠃       15 . ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 5,699 ᠲᠦᠮᠡᠨ ᠲᠥᠭᠦᠷᠢᠭ᠃ ᠭᠤᠣᠯᠳᠠᠭᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠠᠷᠤᠯᠭ᠎ᠠ ᠪᠠ ᠪᠠᠲᠤᠯᠠᠭ᠎ᠠ ᠶᠢᠨ ᠴᠢᠨᠠᠷᠲᠠᠶ ᠬᠢᠮᠳᠠ ᠲᠣᠬᠢᠯᠢᠭ ᠣᠷᠣᠨ ᠰᠠᠭᠤᠴᠠ ᠶᠢᠨ ᠢᠨᠵᠧᠨᠧᠷᠢᠩ ᠳᠤ ᠬᠡᠷᠡᠭᠯᠡᠨ᠎ᠡ᠃      16 . ᠠᠮᠤ ᠳᠤᠰᠤ ᠡᠳ᠋ ᠪᠠᠷᠠᠭ᠎ᠠ ᠶᠢᠨ ᠨᠥᠭᠡᠴᠡᠯᠡᠯᠲᠡ ᠶᠢᠨ ᠵᠠᠷᠤᠯᠭ᠎ᠠ144 ᠲᠦᠮᠡᠨ ᠲᠥᠭᠦᠷᠢᠭ᠃ ᠭᠤᠣᠯᠳᠠᠭᠤ ᠠᠮᠤ ᠪᠤᠳᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠠᠯᠢᠩ ᠬᠢᠭᠡᠳ ᠠᠵᠢᠯᠯᠠᠬᠤ ᠵᠠᠷᠤᠯᠭ᠎ᠠ  ᠳᠤ ᠬᠡᠷᠡᠭᠯᠡᠨ᠎ᠡ᠃      17 . ᠪᠤᠰᠤᠳ ᠵᠠᠷᠤᠯᠭ᠎ᠠ 110 ᠲᠦᠮᠡᠨ ᠲᠥᠭᠦᠷᠢᠭ᠃ ᠭᠤᠣᠯᠳᠠᠭᠤ ᠪᠤᠰᠤᠳ ᠰᠠᠯᠠᠭ᠎ᠠ ᠮᠥᠴᠢᠷ ᠤᠨ ᠴᠠᠯᠢᠩ ᠬᠢᠭᠡᠳ ᠠᠵᠢᠯᠯᠠᠬᠤ ᠵᠠᠷᠤᠯᠭ᠎ᠠ ᠳᠤ ᠬᠡᠷᠡᠭᠯᠡᠨ᠎ᠡ᠃      18 .ᠪᠡᠯᠡᠳᠬᠡᠯ ᠵᠠᠷᠤᠳᠠᠯ 4,000 ᠲᠦᠮᠡᠨ ᠲᠥᠭᠦᠷᠢᠭ ᠃ ᠡᠭᠦᠨ ᠢ ᠲᠥᠰᠦᠪ ᠤᠨ ᠬᠠᠤᠯᠢ ᠶᠣᠰᠣᠭᠠᠷ ᠲᠣᠭᠲᠠᠭᠠᠯ ᠭᠠᠷᠭᠠᠵᠤ᠂ ᠲᠤᠰ ᠵᠢᠯ ᠤᠨ ᠲᠥᠰᠦᠪ ᠢ ᠭᠦᠢᠴᠡᠳᠬᠡᠬᠦ ᠳᠤᠮᠳᠠᠬᠢ ᠪᠠᠢᠭᠠᠯᠢ ᠶᠢᠨ ᠭᠠᠮᠰᠢᠭ ᠵᠡᠷᠭᠡ ᠭᠡᠨᠡᠳᠲᠡ ᠡᠭᠦᠰᠦᠭᠰᠡᠨ ᠬᠡᠷᠡᠭ ᠢ ᠰᠢᠢᠳᠪᠦᠷᠢᠯᠡᠬᠦ ᠳᠤ ᠨᠡᠮᠡᠬᠦ ᠵᠠᠷᠤᠯᠭ᠎ᠠ ᠵᠢᠴᠢ ᠤᠷᠢᠳᠴᠢᠯᠠᠨ ᠮᠡᠳᠡᠬᠦ ᠠᠷᠭ᠎ᠠ ᠦᠭᠡᠢ ᠪᠤᠰᠤᠳ ᠵᠠᠷᠤᠯᠭ᠎ᠠ ᠳᠤ ᠬᠡᠷᠡᠭᠯᠡᠨ᠎ᠡ᠃      ︵ᠬᠤᠶᠠᠷ︶ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ      2018 ᠣᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ ᠶᠢᠨ ᠶᠡᠷᠦᠩᠬᠡᠶ ᠬᠡᠮᠵᠢᠶ᠎ᠡ 19,884 ᠲᠦᠮᠡᠨ ᠲᠥᠭᠦᠷᠢᠭ ᠃ ᠡᠭᠦᠨ ᠤ ᠳᠣᠲᠣᠷ᠎ᠠ᠄ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠮᠥᠩᠭᠦ ᠶᠢᠨ ᠣᠷᠣᠯᠭ᠎ᠠ 5,861ᠲᠦᠮᠡᠨ ᠲᠥᠭᠦᠷᠢᠭ᠂ ᠳᠡᠭᠡᠳᠦ ᠱᠠᠲᠤᠨ ᠤ ᠤᠷᠢᠳᠴᠢᠯᠠᠨ ᠪᠠᠭᠤᠯᠭᠠᠭᠰᠠᠨ ᠰᠢᠯᠵᠢᠭᠦᠯᠦᠨ ᠥᠭᠬᠦ ᠵᠣᠭᠤᠰ 158 ᠲᠦᠮᠡᠨ ᠲᠦᠭᠦᠷᠢᠭ᠂ ᠲᠦᠷᠦᠭᠦᠦ ᠵᠢᠯ ᠤᠨ ᠳ᠋ᠦᠩᠨᠡᠨ ᠰᠢᠯᠵᠢᠭᠦᠯᠦᠭᠰᠡᠨ ᠲᠤᠰᠬᠠᠶ ᠵᠣᠭᠤᠰ 13,865 ᠲᠦᠮᠡᠨ ᠲᠥᠭᠦᠷᠢᠭ  ᠪᠣᠢ᠃      2018 ᠣᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠵᠠᠷᠤᠯᠭ᠎ᠠ ᠶᠢ 1,177 ᠲᠦᠮᠡᠨ ᠲᠥᠭᠦᠷᠢᠭ ᠲᠣᠬᠢᠷᠠᠭᠤᠯᠪᠠ᠃ ᠡᠭᠦᠨ ᠤ ᠳᠣᠲᠣᠷ᠎ᠠ᠄ ᠤᠯᠤᠰ ᠤᠨ ᠺᠢᠨᠣ᠋ ᠶᠢᠨ ᠠᠵᠢᠯ ᠦᠢᠯᠡᠰ  ᠢ ᠬᠦᠭᠵᠢᠭᠦᠯᠬᠦ ᠲᠤᠰᠬᠠᠶ ᠪᠡᠯᠡ 2 ᠲᠦᠮᠡᠨ ᠲᠥᠭᠦᠷᠢᠭ᠂ ᠲᠣᠮᠤ ᠳᠤᠮᠳᠠ ᠬᠡᠯᠪᠡᠷᠢ ᠶᠢᠨ ᠴᠥᠭᠦᠷᠥᠮ  ᠪᠠᠶᠢᠭᠤᠯᠬᠤ ᠪᠠᠷ ᠰᠢᠯᠵᠢᠭᠦᠯᠦᠭᠰᠡᠨ ᠠᠷᠠᠳ ‍ᠤᠨ‌‍ᠰᠡᠭᠦᠯᠴᠢ ᠶᠢᠨ ᠬᠤᠭᠤᠴᠠᠭᠠᠨ ᠤ ᠲᠡᠳᠬᠦᠮᠵᠢ ᠶᠢᠨ ᠰᠠᠭᠤᠷᠢ ᠮᠥᠩᠭᠦ 528 ᠲᠦᠮᠡᠨ ᠲᠥᠭᠦᠷᠢᠭ᠂ ᠬᠤᠨᠵᠢᠪᠤᠷᠢᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠵᠢᠨ‌ᠵᠠᠷᠤᠯᠭ᠎ᠠ 647 ᠲᠦᠮᠡᠨ ᠲᠥᠭᠦᠷᠢᠭ ᠪᠣᠯᠤᠨ᠎ᠠ᠃ ᠰᠢᠯᠵᠢᠭᠦᠯᠦᠨ ᠭᠠᠷᠭᠠᠬᠤ ᠪᠡᠯᠡ ᠮᠥᠩᠭᠦ  ︵ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠮᠥᠩᠭᠦ ᠶᠢ ᠰᠢᠯᠵᠢᠭᠦᠯᠦᠨ ᠭᠠᠷᠭᠠᠬᠤ︶18,707 ᠲᠦᠮᠡᠨ ᠲᠥᠭᠦᠷᠢᠭ  ᠪᠣᠯᠤᠨ᠎ᠠ᠃      ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ 2018 ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢᠨ ᠶᠡᠷᠦᠩᠬᠡᠶ ᠬᠡᠮᠵᠢᠶ᠎ᠡ 56,028 ᠲᠦᠮᠡᠨ ᠲᠥᠭᠦᠷᠢᠭ  ᠪᠣᠯᠤᠨ᠎ᠠ᠂ ᠡᠭᠦᠨ ᠤ ᠳᠣᠲᠣᠷ᠎ᠠ᠄ ᠲᠤᠰ ᠵᠢᠯ ᠤᠨ ᠣᠷᠣᠯᠭ᠎ᠠ ᠶᠢ 31,520 ᠲᠦᠮᠡᠨ ᠲᠥᠭᠦᠷᠢᠭ ᠲᠣᠬᠢᠷᠠᠭᠤᠯᠵᠦ᠂ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ 24,508ᠲᠦᠮᠡᠨ ᠲᠥᠭᠦᠷᠢᠭ  ᠪᠣᠢ᠃ ᠣᠷᠣᠯᠭ᠎ᠠ  ᠲᠠᠢ ᠬᠠᠷᠠᠭᠠᠯᠵᠠᠭᠰᠠᠨ 2018 ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ  ᠶᠢᠨ ᠵᠠᠷᠤᠯᠭ᠎ᠠ  ᠶᠢᠨ ᠶᠡᠷᠦᠩᠬᠡᠶ ᠬᠡᠮᠵᠢᠶ᠎ᠡ 56,028 ᠲᠦᠮᠡᠨ ᠲᠥᠭᠦᠷᠢᠭ  ᠪᠣᠯᠤᠨ᠎ᠠ᠂ ᠡᠭᠦᠨ ᠤ ᠳᠣᠲᠣᠷ᠎ᠠ᠄ ᠲᠤᠰ ᠵᠢᠯ  ᠤᠨ ᠵᠠᠷᠤᠯᠭ᠎ᠠ  ᠶᠢ 28,106 ᠲᠦᠮᠡᠨ ᠲᠥᠭᠦᠷᠢᠭ ᠲᠣᠬᠢᠷᠠᠭᠤᠯᠵᠤ᠂ ᠵᠢᠯ ᠤᠨ ᠰᠡᠭᠦᠯᠴᠢ ᠶᠢᠨ ᠦᠯᠡᠳᠡᠪᠦᠷᠢ 27,922 ᠲᠦᠮᠡᠨ ᠲᠥᠭᠦᠷᠢᠭ ᠪᠣᠯᠤᠨ᠎ᠠ᠃ ᠤᠯᠤᠰ ᠤᠨ ᠲᠣᠭᠲᠠᠭᠠᠯ ᠢ ᠦᠨᠳᠦᠰᠦᠯᠡᠨ᠂ ᠦᠯᠡᠳᠡᠪᠦᠷᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠳᠠᠷᠠᠭ᠎ᠠ ᠵᠢᠯ ᠳᠤ ᠰᠢᠯᠵᠢᠭᠦᠯᠵᠦ ᠦᠷᠭᠦᠯᠵᠢᠯᠡᠨ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠎ᠡ᠃      1 . ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ᠃ ᠣᠷᠣᠯᠭ᠎ᠠ ᠶᠢᠨ ᠶᠡᠷᠦᠩᠬᠡᠶ ᠬᠡᠮᠵᠢᠶ᠎ᠡ 16,134 ᠲᠦᠮᠡᠨ ᠲᠥᠭᠦᠷᠢᠭ ᠂  ᠡᠭᠦᠨ ᠤ ᠳᠣᠲᠣᠷ᠎ᠠ᠄ ᠲᠤᠰ ᠵᠢᠯ ᠤᠨ ᠣᠷᠣᠯᠭ᠎ᠠ 6,729 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠦᠯᠡᠳᠡᠪᠦᠷᠢ 9,405 ᠲᠦᠮᠡᠨ ᠲᠥᠭᠦᠷᠢᠭ  ᠪᠣᠯᠤᠨ᠎ᠠ᠃ ᠵᠠᠷᠤᠯᠭ᠎ᠠ ᠶᠢᠨ ᠶᠡᠷᠦᠩᠬᠡᠶ ᠬᠡᠮᠵᠢᠶ᠎ᠡ16,134 ᠲᠦᠮᠡᠨ ᠲᠥᠭᠦᠷᠢᠭ ᠲᠤ ᠬᠦᠷᠴᠦ᠂ ᠡᠭᠦᠨ ᠤ ᠳᠣᠲᠣᠷ᠎ᠠ᠄ ᠲᠤᠰ ᠵᠢᠯ ᠤᠨ ᠵᠠᠷᠤᠯᠭ᠎ᠠ 5,134 ᠲᠦᠮᠡᠨ ᠲᠥᠭᠦᠷᠢᠭ ᠲᠤ ᠬᠦᠷᠴᠦ᠂ ᠵᠢᠯ ᠤᠨ ᠰᠡᠭᠦᠯᠴᠢ ᠶᠢᠨ ᠦᠯᠡᠳᠡᠪᠦᠷᠢ11,000 ᠲᠦᠮᠡᠨ ᠲᠥᠭᠦᠷᠢᠭ  ᠪᠣᠯᠤᠨ᠎ᠠ᠃      2 . ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ᠃ ᠣᠷᠣᠯᠭ᠎ᠠ ᠶᠢᠨ ᠶᠡᠷᠦᠩᠬᠡᠶ ᠬᠡᠮᠵᠢᠶ᠎ᠡ 20,037 ᠲᠦᠮᠡᠨ ᠲᠥᠭᠦᠷᠢᠭ ᠲᠤ ᠬᠦᠷᠴᠦ᠂ ᠡᠭᠦᠨ ᠤ ᠳᠣᠲᠣᠷ᠎ᠠ᠄ ᠲᠤᠰ ᠵᠢᠯ ᠤᠨ ᠣᠷᠣᠯᠭ᠎ᠠ 8,722 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠦᠯᠡᠳᠡᠪᠦᠷᠢ 11,315ᠲᠦᠮᠡᠨ ᠲᠥᠭᠦᠷᠢᠭ ᠪᠣᠯᠤᠨ᠎ᠠ᠃ ᠵᠠᠷᠤᠯᠭ᠎ᠠ ᠶᠢᠨ ᠶᠡᠷᠦᠩᠬᠡᠶ ᠬᠡᠮᠵᠢᠶ᠎ᠡ 20,037 ᠲᠦᠮᠡᠨ ᠲᠥᠭᠦᠷᠢᠭ ᠲᠤ ᠬᠦᠷᠴᠦ᠂ ᠡᠭᠦᠨ ᠤ ᠳᠣᠲᠣᠷ᠎ᠠ᠄ ᠲᠤᠰ ᠵᠢᠯ ᠤᠨ ᠵᠠᠷᠤᠯᠭ᠎ᠠ 7,993 ᠲᠦᠮᠡᠨ ᠲᠥᠭᠦᠷᠢᠭ ᠲᠤ ᠬᠦᠷᠴᠦ᠂ ᠵᠢᠯ ᠤᠨ ᠰᠡᠭᠦᠯᠴᠢ ᠶᠢᠨ ᠦᠯᠡᠳᠡᠪᠦᠷᠢ12,044 ᠲᠦᠮᠡᠨ ᠲᠥᠭᠦᠷᠢᠭ ᠪᠣᠯᠣᠨ᠎ᠠ᠃      3 . ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ᠃ ᠣᠷᠣᠯᠭ᠎ᠠ ᠶᠢᠨ ᠶᠡᠷᠦᠩᠬᠡᠶ ᠬᠡᠮᠵᠢᠶ᠎ᠡ 19,387 ᠲᠦᠮᠡᠨ ᠲᠥᠭᠦᠷᠢᠭ ᠲᠤ ᠬᠦᠷᠴᠦ᠂ ᠡᠭᠦᠨ ᠤ ᠳᠣᠲᠣᠷ᠎ᠠ᠄ ᠲᠤᠰ ᠵᠢᠯ ᠤᠨ ᠣᠷᠣᠯᠭ᠎ᠠ 15,712 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠦᠯᠡᠳᠡᠪᠦᠷᠢ 3,675 ᠲᠦᠮᠡᠨ ᠲᠥᠭᠦᠷᠢᠭ  ᠪᠣᠢ᠃ ᠵᠠᠷᠤᠯᠭ᠎ᠠ ᠶᠢᠨ ᠶᠡᠷᠦᠩᠬᠡᠶ ᠬᠡᠮᠵᠢᠶ᠎ᠡ 19,387 ᠲᠦᠮᠡᠨ ᠲᠥᠭᠦᠷᠢᠭ ᠲᠤ ᠬᠦᠷᠴᠦ᠂  ᠡᠬᠦᠨ ᠤ ᠳᠣᠲᠣᠷ᠎ᠠ᠄ ᠲᠤᠰ ᠵᠢᠯ ᠤᠨ ᠵᠠᠷᠤᠯᠭ᠎ᠠ 14,655 ᠲᠦᠮᠡᠨ ᠲᠥᠭᠦᠷᠢᠭ ᠲᠤ ᠬᠦᠷᠴᠦ᠂ ᠵᠢᠯ ᠤᠨ ᠰᠡᠭᠦᠯᠴᠢ  ᠶᠢᠨ ᠦᠯᠡᠳᠡᠪᠦᠷᠢ 4,732 ᠲᠦᠮᠡᠨ ᠲᠥᠭᠦᠷᠢᠭ ᠪᠣᠯᠤᠨ᠎ᠠ᠃      4 . ᠦᠷᠡᠵᠢᠯ ᠤᠨ ᠳᠠᠭᠠᠳᠬᠠᠯ ᠤᠨ ᠰᠠᠭᠤᠷᠢ ᠮᠥᠩᠭᠦ᠃ ᠣᠷᠣᠯᠭ᠎ᠠ ᠶᠢᠨ ᠶᠡᠷᠦᠩᠬᠡᠶ ᠬᠡᠮᠵᠢᠶ᠎ᠡ 470 ᠲᠦᠮᠡᠨ ᠲᠥᠭᠦᠷᠢᠭ ᠪᠣᠯᠤᠨ᠎ᠠ᠂ ᠡᠭᠦᠨ ᠤ ᠳᠣᠲᠣᠷ᠎ᠠ᠄ ᠲᠤᠰ ᠵᠢᠯ ᠤᠨ ᠣᠷᠣᠯᠭ᠎ᠠ 357  ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠦᠯᠡᠳᠡᠪᠦᠷᠢ 113 ᠲᠦᠮᠡᠨ ᠲᠥᠭᠦᠷᠢᠭ  ᠪᠣᠢ᠃ ᠵᠠᠷᠤᠯᠭ᠎ᠠ ᠶᠢᠨ ᠶᠡᠷᠦᠩᠬᠡᠶ ᠬᠡᠮᠵᠢᠶ᠎ᠡ 470 ᠲᠦᠮᠡᠨ ᠲᠥᠭᠦᠷᠢᠭ ᠪᠣᠯᠤᠨ᠎ᠠ᠂ ᠡᠭᠦᠨ ᠤ ᠳᠣᠲᠣᠷ᠎ᠠ᠄ ᠲᠤᠰ ᠵᠢᠯ ᠤᠨ ᠵᠠᠷᠤᠯᠭ᠎ᠠ 324 ᠲᠦᠮᠡᠨ ᠲᠥᠭᠦᠷᠢᠭ ᠬᠦᠷᠴᠦ᠂ ᠵᠢᠯ ᠤᠨ ᠰᠡᠭᠦᠯᠴᠢ ᠶᠢᠨ ᠦᠯᠡᠳᠡᠪᠦᠷᠢ 146 ᠲᠦᠮᠡᠨ ᠲᠥᠭᠦᠷᠢᠭ ᠪᠣᠯᠤᠨ᠎ᠠ᠃      ︵ᠲᠦᠷᠪᠡ︶ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠮᠠᠨ ᠤ ᠬᠤᠰᠢᠭᠤᠨ ᠤ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠣᠷᠣᠯᠭ᠎ᠠ ᠪᠠᠶᠢᠬᠤ ᠦᠭᠡᠢ ᠲᠤᠯᠠ᠂ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠦᠪ  ᠨᠠᠶᠢᠷᠠᠭᠤᠯᠤᠨ ᠵᠣᠬᠢᠶᠠᠭᠰᠠᠨ ᠦᠭᠡᠢ᠃      ︵ᠲᠠᠪᠤ︶ 2018 ᠣᠨ ᠤ ᠡᠳ᠋ ᠤᠨ ᠵᠠᠰᠠᠭ ᠤᠨ ᠠᠵᠢᠯ ᠤᠨ ᠭᠤᠣᠯᠳᠠᠯᠭ᠎ᠠ      1 . ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂᠂ ᠭᠤᠣᠯᠳᠠᠯᠭ᠎ᠠ ᠶᠢ ᠪᠠᠲᠤᠯᠠᠵᠦ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠎ᠠ᠃      ᠨᠠᠷᠢᠯᠠᠵᠦ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠬᠤ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠵᠠᠰᠠᠭ ᠵᠠᠬᠢᠷᠭᠠᠨ ᠤ ᠠᠵᠢᠯᠯᠠᠭᠠᠨ ᠤ ᠥᠪᠡᠷ ᠤᠨ ᠦᠷᠲᠡᠭ ᠢ ᠤᠯᠠᠮ ᠨᠢᠭᠡ ᠠᠯᠬᠤᠮ ᠳᠣᠷᠣᠭᠰᠢᠯᠠᠭᠤᠯᠵᠤ᠂ ᠡᠳ᠋ ᠤᠨ ᠬᠦᠴᠦᠨ ᠢ ᠠᠷᠪᠢᠯᠠᠵᠦ᠂ ᠠᠷᠠᠳ ᠤᠨ ᠠᠮᠢᠳᠤᠷᠠᠯ ᠤᠨ ᠵᠠᠷᠤᠯᠭ᠎ᠠ  ᠳᠤ ᠬᠡᠷᠡᠭᠯᠡᠨ᠎ᠡ᠃ ᠨᠠᠷᠢᠯᠢᠭ ᠣᠨᠣᠪᠴᠢᠲᠠᠢ ᠪᠠᠷ ᠶᠠᠳᠠᠭᠤ ᠶᠢ ᠲᠡᠳᠬᠦᠬᠦ ᠡᠳ᠋ ᠤᠨ ᠵᠠᠰᠠᠭ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠰᠢᠭᠤ ᠲᠤᠰ ᠱᠠᠲᠤᠨ ᠤ ᠡᠳ᠋ ᠤᠨ ᠬᠦᠴᠦᠨ ᠣᠷᠣᠭᠤᠯᠬᠤ ᠬᠡᠪᠴᠢᠶ᠎ᠡ ᠶᠢ ᠤᠯᠠᠮ ᠦᠷᠭᠡᠳᠭᠡᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠤ ᠢᠯᠠᠯᠲᠠ ᠶᠢ ᠣᠯᠤᠨ᠎ᠠ᠃ ᠳᠡᠭᠡᠳᠦ ᠱᠠᠲᠤᠨ ᠤ ᠲᠤᠰᠬᠠᠶ ᠵᠦᠢᠯ ᠪᠣᠯᠤᠨ ᠬᠤᠰᠢᠭᠤ ᠲᠤᠰ ᠱᠠᠲᠤᠨ ᠤ ᠡᠳ᠋ ᠤᠨ ᠬᠦᠴᠦᠨ ᠢ ᠨᠢᠭᠡᠳᠦᠯᠲᠠᠢ ᠲᠦᠯᠦᠪᠯᠡᠨ᠂ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ  ᠤ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠬᠥᠳᠡᠭᠡ ᠲᠣᠰᠬᠤᠨ ᠤ ᠬᠥᠭᠵᠢᠯ ᠮᠠᠨᠳᠤᠯ ᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠳᠡᠳᠭᠦᠵᠦ᠂ ᠲᠠᠷᠢᠶᠠᠯᠠᠬᠤ ᠮᠠᠯᠵᠢᠬᠤ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠪᠤᠷᠢ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠷᠣᠭᠤᠯᠤᠯᠲᠠ ᠶᠢᠨ ᠡᠷᠴᠢᠮ ᠢ ᠦᠷᠬᠦᠯᠵᠢᠯᠡᠨ ᠴᠢᠩᠭᠠᠳᠬᠠᠵᠦ᠂ ᠰᠤᠷᠭᠠᠨ ᠬᠥᠮᠦᠵᠢᠯ ᠤᠨ ᠲᠡᠩᠴᠡᠭᠦᠨ ᠬᠥᠭᠵᠢᠯᠲᠡ ᠶᠢ ᠠᠬᠢᠭᠤᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮᠨᠡᠯᠭᠡ ᠶᠢᠨ ᠳᠠᠭᠠᠳᠬᠠᠯ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠬᠤ ᠵᠡᠷᠭᠡ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠪᠠᠲᠤᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠯᠪᠠᠨ ᠠᠴᠠ ᠡᠷᠭᠢᠯᠡᠭᠰᠡᠨ ᠡᠮᠨᠡᠯᠭᠡ ᠶᠢᠨ ᠬᠤᠷᠢᠶᠠᠨ  ᠤ ᠥᠭᠡᠷᠡᠴᠢᠯᠡᠯᠲᠡ ᠶᠢ ᠠᠬᠢᠭᠤᠯᠵᠦ᠂ ᠤᠯᠤᠰ ᠤᠨ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠎ᠡ᠃      2 . ᠡᠳ᠋ ᠤᠨ ᠵᠠᠰᠠᠭ ᠤᠨ ᠣᠷᠣᠭᠤᠯᠤᠯᠲᠠ ᠶᠢᠨ ᠠᠷᠭ᠎ᠠ ᠮᠠᠶ᠋ᠢᠭ ᠢ ᠰᠢᠨ᠎ᠡ  ᠪᠠᠷ ᠡᠭᠦᠳᠴᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢ ᠳᠡᠮᠵᠢᠨ᠎ᠡ᠃      ᠰᠢᠨᠵᠢᠯᠡᠬᠦ ᠤᠬᠠᠭᠠᠨ ᠤ ᠬᠡᠷᠡᠭᠯᠡᠭᠡᠨ ᠤ ᠡᠳ᠋ ᠤᠨ ᠵᠠᠰᠠᠭ ᠤᠨ ᠳᠦᠷᠦ ᠶᠢᠨ ᠪᠤᠲᠤᠯᠭ᠎ᠠ ᠶᠢᠨ ᠪᠠᠭᠠᠵᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ᠂ ᠮᠥᠩᠭᠦᠨ ᠭᠦᠢᠯᠭᠡᠭᠡᠨ ᠤ ᠬᠦᠷᠦᠩᠭᠡ ᠶᠢ ᠬᠥᠳᠡᠯᠭᠡᠵᠦ᠂ ᠨᠡᠶᠢᠭᠡᠮ ᠤᠨ ᠬᠦᠷᠦᠩᠭᠡ ᠪᠠᠷ ᠬᠦᠰᠢᠭᠦᠷᠭᠡ ᠪᠣᠯᠭᠠᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠨ᠎ᠡ᠃ ᠵᠠᠷᠤᠯᠭ᠎ᠠ᠂ ᠨᠥᠬᠦᠪᠥᠷᠢ᠂ ᠲᠡᠮ ᠬᠦᠦ᠂ ᠬᠥᠬᠢᠭᠦᠯᠬᠦ ᠵᠡᠷᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠶᠡᠷᠤᠩᠬᠡᠶᠢᠯᠡᠨ ᠬᠡᠷᠡᠭᠯᠡᠵᠦ᠂ ᠡᠳ᠋ ᠤᠨ ᠵᠠᠰᠠᠭ ᠤᠨ ᠪᠡᠯᠡ ᠮᠥᠩᠭᠦᠨ ᠤ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠨᠡᠩ ᠠᠷᠪᠢᠨ ᠨᠡᠶᠢᠭᠡᠮ ᠤᠨ ᠬᠦᠷᠦᠩᠭᠡ ᠶᠢᠨ ᠪᠡᠯᠡ ᠣᠷᠣᠭᠤᠯᠤᠯᠲᠠ ᠶᠢ ᠲᠠᠲᠠᠨ ᠬᠥᠳᠡᠭᠡ ᠲᠣᠰᠬᠤᠨ ᠮᠠᠯᠵᠢᠬᠤ ᠣᠷᠣᠨ ᠤ ᠠᠵᠢᠯ ᠦᠢᠯᠡᠰ ᠤᠨ ᠬᠥᠭᠵᠢᠯᠲᠡ  ᠳᠤ ᠪᠡᠯᠡ ᠣᠷᠤᠭᠤᠯᠤᠨ᠎ᠠ᠂ ᠠᠵᠤ ᠦᠢᠯᠡᠰ ᠤᠨ ᠰᠠᠭᠤᠷᠢ ᠮᠥᠩᠭᠦ᠂ ᠳᠠᠭᠠᠭᠠᠯᠲᠠ ᠶᠢᠨ ᠰᠠᠭᠤᠷᠢ ᠮᠥᠩᠭᠦ ᠪᠠᠶᠢᠭᠤᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠬᠦᠷᠦᠩᠭᠡ᠂ ᠨᠡᠶᠢᠭᠡᠮ ᠤᠨ ᠬᠦᠷᠦᠩᠬᠡ  ᠶᠢ ᠬᠦᠳᠡᠯᠭᠡᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ᠂ ᠲᠠᠷᠢᠶᠠᠯᠠᠬᠤ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠪᠡᠯᠡ ᠣᠷᠤᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠪᠣᠯᠤᠨ ᠲᠠᠷᠢᠶᠠᠯᠠᠬᠤ ᠮᠠᠯᠵᠢᠬᠤ ᠣᠷᠣᠨ ᠤ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠪᠡᠯᠡ ᠣᠷᠣᠭᠤᠯᠤᠯᠲᠠ ᠶᠢᠨ ᠬᠦᠴᠢᠷ᠂ ᠪᠡᠯᠡ ᠲᠣᠬᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠮᠠᠯᠴᠢᠨ ᠲᠠᠷᠢᠶᠠᠴᠢᠳ ᠤᠨ ᠬᠤᠷᠰᠢᠶᠠᠵᠢᠯ᠂ ᠲᠣᠯᠣᠭᠠᠶᠢᠯᠠᠭᠴᠢ ᠠᠵᠤ ᠠᠬᠤᠶᠢᠯᠠᠯ ᠵᠡᠷᠭᠡ  ᠵᠠᠬ᠎ᠠ ᠳᠡᠯᠭᠡᠭᠦᠷ ᠤᠨ ᠭᠤᠣᠯ ᠴᠣᠭᠴᠠ ᠶᠢ  ᠳᠡᠮᠵᠢᠨ ᠪᠣᠵᠠᠭᠠᠶᠢᠷᠠᠭᠤᠯᠵᠤ ᠬᠦᠴᠦᠷᠬᠡᠭᠵᠢᠭᠦᠯᠦᠨ᠎ᠡ᠃       3 . ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠡᠳ᠋ ᠤᠨ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃      ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠢᠭᠡᠯᠡᠯᠭᠡ ᠠᠪᠬᠤ ᠲᠣᠭᠲᠠᠴᠠ ᠶᠢ ᠵᠢᠷᠤᠮᠵᠢᠭᠤᠯᠵᠤ᠂  ᠂ ᠠᠵᠢᠯ ᠤᠨ ᠠᠷᠭ᠎ᠠ ᠬᠡᠮᠵᠢᠶ᠎ᠡ ᠶᠢ ᠦᠨᠡᠨᠬᠦ ᠡᠷᠴᠢᠮᠵᠢᠭᠦᠯᠦᠨ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮᠴᠢ ᠴᠢᠨᠠᠷᠲᠠᠶ ᠠᠶᠤᠯ ᠲᠦᠭᠰᠢᠭᠦᠷᠢ ᠭᠠᠷᠬᠤ ᠦᠭᠡᠢ ᠬᠤᠷᠢᠭ᠎ᠠ ᠱᠤᠭᠤᠮ ᠢ ᠪᠠᠲᠤ ᠰᠠᠬᠢᠵᠦ᠂ ᠥᠭᠴᠡᠭᠡ ᠶᠢᠨ ᠰᠢᠨ᠎ᠡ ᠪᠠᠷ ᠨᠡᠮᠡᠭᠳᠡᠬᠦ ᠶᠢ ᠴᠢᠩᠭ᠎ᠠ ᠬᠢᠵᠠᠭᠠᠷᠯᠠᠬᠤ᠂ ᠲᠣᠭᠲᠠᠭᠠᠯ ᠢ ᠵᠥᠷᠢᠴᠡᠨ ᠬᠡᠯᠪᠡᠷᠢ ᠶᠢ ᠨᠢ ᠥᠭᠡᠷᠡᠲᠡᠭᠦᠯᠦᠨ ᠵᠢᠭᠡᠯᠡᠯᠭᠡ ᠲᠠᠯᠪᠢᠬᠤ ᠶᠢ ᠴᠢᠩᠭ᠎ᠠ ᠴᠠᠭᠠᠵᠠᠯᠠᠬᠤ᠂ ᠥᠷᠢ ᠥᠭᠴᠡᠭᠡᠨ ᠤ ᠬᠡᠪᠴᠢᠶ᠎ᠡ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠣᠯᠤᠨ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠲᠠᠢ ᠵᠣᠬᠢᠴᠠᠯᠳᠤᠬᠤ ᠶᠢ ᠦᠨᠡᠨᠬᠦ ᠪᠠᠲᠤᠯᠠᠨ᠎ᠠ᠃  ᠵᠠᠰᠠᠭ ᠤᠨ ᠣᠷᠳᠣᠨ ᠤ ᠦᠯᠡᠳᠡᠪᠦᠷᠢ ᠥᠭᠴᠡᠭᠡ ᠶᠢ ᠲᠣᠬᠢᠲᠠᠢ ᠰᠢᠢᠳᠪᠦᠷᠢᠯᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠲᠥᠰᠦᠯ ᠢ ᠴᠢᠩᠭ᠎ᠠ ᠵᠢᠷᠤᠮᠯᠠᠵᠦ᠂ ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠶᠢᠨ ᠡᠬᠡ ᠬᠦᠦ ᠶᠢ ᠪᠣᠴᠠᠭᠠᠨ ᠦᠭᠴᠦ᠂ ᠬᠤᠭᠤᠴᠠᠭ᠎ᠠ ᠬᠡᠲᠦᠷᠡᠭᠰᠡᠨ ᠠᠪᠴᠠᠭ᠎ᠠ ᠭᠠᠷᠬᠤ ᠥᠬᠡᠶ᠂ ᠡᠳ᠋ ᠤᠨ ᠵᠠᠰᠠᠭ ᠤᠨ ᠠᠶᠤᠯ ᠲᠦᠭᠰᠢᠭᠦᠷᠢ ᠭᠠᠷᠬᠤ ᠥᠬᠡᠶ ᠶᠢ ᠪᠠᠲᠤᠯᠠᠵᠦ᠂ ᠤᠷᠢᠳᠴᠢᠯᠠᠨ ᠲᠣᠭᠲᠠᠭᠠᠭᠰᠠᠨ ᠠᠷᠢᠯᠭᠠᠬᠤ ᠬᠠᠷᠠᠯᠲᠠ ᠶᠢ ᠪᠡᠶᠡᠯᠡᠭᠦᠯᠦᠨ᠎ᠡ᠃ ᠤᠯᠤᠰ ᠤᠨ ᠥᠮᠴᠢᠯᠡᠯ ᠤᠨ ᠪᠡᠯᠡ ᠲᠣᠬᠢᠷᠠᠭᠤᠯᠬᠤ ᠲᠠᠪᠴᠠᠩ ᠢ ᠵᠠᠬ᠎ᠠ ᠳᠡᠯᠭᠡᠭᠦᠷᠴᠢᠯᠡᠬᠦ ᠬᠡᠯᠪᠡᠷᠢ  ᠳᠤ ᠰᠢᠯᠵᠢᠬᠦ ᠶᠢ ᠠᠬᠢᠭᠤᠯᠵᠤ᠂ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠶᠣᠰᠣᠭᠠᠷ ᠳᠦᠷᠢᠮ ᠳᠤ ᠨᠡᠶᠢᠴᠡᠭᠦᠯᠦᠨ᠂ ᠵᠠᠬ᠎ᠠ ᠳᠡᠯᠭᠡᠭᠦᠷᠴᠢᠯᠡᠨ ᠪᠡᠯᠡ ᠲᠣᠬᠢᠷᠠᠭᠤᠯᠬᠤ ᠶᠢ ᠦᠷᠨᠢᠭᠦᠯᠦᠨ᠎ᠡ᠃ ᠰᠢᠨ᠎ᠡ ᠪᠠᠷ ᠠᠵᠢᠯ ᠡᠬᠢᠯᠡᠭᠦᠯᠬᠦ ᠵᠦᠢᠯᠡᠰ ᠢ ᠴᠢᠩᠭ᠎ᠠ ᠬᠢᠨᠠᠨ ᠬᠠᠷᠭᠤᠭᠤᠯᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠦᠷᠦᠯ ᠵᠦᠢᠯ ᠢ ᠢᠳᠡᠪᠬᠢᠲᠡᠶ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠳ᠋ ᠤᠨ ᠵᠠᠰᠠᠭ ᠤᠨ ᠢᠷᠡᠭᠡᠳᠦᠶ ᠶᠢᠨ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠣᠬᠢᠰᠲᠠᠶ ᠬᠠᠮᠢᠶᠠᠷᠤᠨ ᠡᠵᠡᠮᠳᠡᠵᠦ᠂ ᠡᠳ᠋ ᠤᠨ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      4 . ᠡᠳ᠋ ᠤᠨ ᠵᠠᠰᠠᠭ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠤᠯᠢ ᠶᠢᠨ ᠲᠣᠭᠲᠠᠭᠠᠯ ᠢᠶᠠᠷ ᠡᠳ᠋ ᠤᠨ ᠶᠠᠪᠤᠳᠠᠯ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ᠎ᠠ᠃      ᠲᠥᠰᠦᠪ ᠤᠨ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠡᠵᠡᠮᠳᠡᠨ ᠬᠢᠵᠠᠭᠠᠷᠯᠠᠬᠤ ᠠᠮᠵᠢᠯᠲᠠ ᠪᠦᠲᠦᠮᠵᠢ ᠶᠢ ᠳᠣᠪᠣᠶᠢᠯᠭᠠᠨ᠂ ᠢᠯᠡ ᠲᠣᠳᠣᠷᠬᠠᠶ ᠪᠠᠶᠢᠯᠭᠠᠬᠤ ᠱᠠᠭᠠᠷᠳᠠᠯᠭ᠎ᠠ ᠶᠣᠰᠣᠭᠠᠷ᠂ ᠡᠳ᠋ ᠤᠨ ᠵᠠᠰᠠᠭ ᠤᠨ ᠲᠥᠰᠦᠪ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠂ ᠲᠥᠰᠦᠪ ᠢ ᠨᠠᠶᠢᠷᠠᠭᠤᠯᠤᠨ ᠵᠣᠬᠢᠶᠠᠬᠤ ᠪᠦᠬᠦ ᠲᠠᠯᠠᠲᠤ ᠴᠢᠨᠠᠷ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠦᠨ᠎ᠡ᠃ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠦᠰᠦᠪ ᠤᠨ ᠨᠢᠭᠡᠴᠡ ᠲᠥᠰᠦᠪ ᠢᠶᠠᠨ ᠨᠠᠶᠢᠷᠠᠭᠤᠯᠤᠨ ᠵᠣᠬᠢᠶᠠᠵᠦ ᠬᠡᠷᠡᠭᠵᠢᠭᠦᠯᠬᠦ᠂ ᠢᠯᠠ ᠪᠣᠯᠭᠠᠬᠤ ᠶᠠᠪᠤᠴᠠ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠦ᠂ ᠶᠠᠰᠤ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠬᠦᠮᠦᠷᠭᠡ ᠳᠤ ᠲᠥᠪᠯᠡᠷᠡᠭᠦᠯᠦᠨ ᠣᠯᠭᠤᠬᠤ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠦᠪ ᠤᠨ ᠨᠢᠭᠡᠴᠡ ᠳᠤ ᠦᠯᠡᠳᠡᠪᠦᠷᠢ ᠦᠭᠡᠢ ᠳᠠᠩᠰᠠᠨ ᠡᠷᠦᠬᠡ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠠᠯᠪᠠᠨ ᠶᠠᠪᠤᠳᠠᠯ ᠤᠨ ᠺᠠᠷᠲ ᠬᠡᠷᠡᠭᠯᠡᠬᠦ ᠥᠭᠡᠷᠡᠴᠢᠯᠡᠯᠲᠡ ᠶᠢ ᠠᠬᠢᠭᠤᠯᠵᠤ᠂ ᠠᠯᠪᠠᠨ ᠶᠠᠪᠤᠳᠠᠯ ᠤᠨ ᠺᠠᠷᠲ ᠲᠠᠷᠬᠠᠭᠠᠬᠤ ᠬᠡᠮᠵᠢᠶ᠎ᠡ ᠶᠢ ᠨᠡᠮᠡᠭᠳᠡᠭᠦᠯᠵᠦ᠂ ᠠᠯᠪᠠᠨ ᠶᠠᠪᠤᠳᠠᠯ ᠤᠨ ᠺᠠᠷᠲ ᠪᠠᠷ ᠲᠠᠰᠤᠯᠤᠨ ᠪᠣᠳᠤᠬᠤ ᠭᠠᠷᠴᠠᠭ ᠲᠣᠭᠲᠠᠭᠠᠵᠤ᠂ ᠠᠯᠪᠠᠨ ᠶᠠᠪᠤᠳᠠᠯ ᠤᠨ ᠺᠠᠷᠲ ᠪᠠᠷ ᠲᠠᠰᠤᠯᠤᠨ ᠪᠣᠳᠤᠬᠤ ᠪᠠᠷ ᠪᠡᠯᠡᠨ ᠵᠣᠭᠤᠰ ᠥᠭᠬᠦ ᠶᠢ ᠣᠷᠣᠯᠠᠭᠤᠯᠵᠤ᠂ ᠠᠯᠪᠠᠨ ᠶᠠᠪᠤᠳᠠᠯ ᠤᠨ ᠵᠠᠷᠤᠯᠭ᠎ᠠ ᠶᠢ ᠵᠢᠷᠤᠮᠵᠢᠭᠤᠯᠬᠤ ᠲᠦᠷᠦ ᠶᠢᠨ ᠪᠤᠳᠤᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠲᠥᠰᠦᠪ ᠤᠨ  ᠭᠦᠢᠴᠡᠳᠭᠡᠯ ᠤᠨ ᠬᠥᠳᠡᠯᠦᠩᠭᠦᠶ ᠬᠢᠨᠠᠨ ᠡᠵᠡᠮᠳᠡᠬᠦ ᠬᠠᠮᠢᠶᠠᠷᠤᠯᠲᠠ ᠶᠢᠨ ᠠᠵᠢᠯ ᠢ ᠦᠷᠨᠢᠭᠦᠯᠵᠦ᠂ ᠤᠯᠤᠰ ᠤᠨ ᠬᠦᠮᠦᠷᠭᠡ ᠳᠤ ᠲᠥᠪᠯᠡᠷᠡᠭᠦᠯᠦᠨ ᠣᠯᠭᠤᠬᠤ ᠲᠦᠷᠢᠮ ᠢᠶᠠᠷ ᠰᠠᠭᠤᠷᠢ ᠪᠣᠯᠭᠠᠵᠤ᠂ ᠬᠥᠳᠡᠯᠦᠩᠭᠦᠶ ᠬᠢᠨᠠᠨ ᠡᠵᠡᠮᠳᠡᠬᠦ  ᠰᠢᠰᠲ᠋ᠧᠮ ᠢᠶᠠᠷ ᠲᠠᠪᠴᠠᠩ ᠪᠣᠯᠭᠠᠵᠤ᠂ ᠡᠳ᠋ ᠤᠨ ᠵᠠᠰᠠᠭ ᠤᠨ ᠪᠡᠯᠡ ᠮᠥᠩᠭᠦ ᠬᠡᠷᠡᠭᠯᠡᠬᠦ ᠪᠦᠬᠦ ᠶᠠᠪᠤᠴᠠ ᠶᠢ ᠬᠢᠨᠠᠨ ᠡᠵᠡᠮᠳᠡᠨ᠎ᠡ᠃ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠬᠢᠨᠠᠨ ᠰᠢᠯᠭᠠᠬᠤ ᠡᠷᠴᠢᠮ  ᠢ ᠴᠢᠩᠭᠠᠷᠠᠭᠤᠯᠵᠤ᠂ ᠬᠢᠨᠠᠨ ᠰᠢᠯᠭᠠᠬᠤ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠪᠤᠰᠤᠳᠴᠢ᠂ ᠭᠤᠣᠯᠴᠢ ᠂ ᠬᠢᠨᠠᠮᠠᠭᠠᠶ ᠪᠣᠯᠭᠤᠮᠵᠢᠲᠠᠶ ᠪᠠᠶᠢᠬᠤ ᠵᠠᠷᠴᠢᠮ ᠢᠶᠠᠷ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠬᠢᠨᠠᠨ ᠲᠣᠭᠲᠠᠭᠠᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃      ᠲᠥᠯᠥᠭᠡᠯᠡᠭᠴᠢᠳ ᠡ᠄ ᠰᠢᠨ᠎ᠡ ᠴᠠᠭ ᠦᠶ᠎ᠡ ᠶᠢᠨ ᠰᠢᠨ᠎ᠡ ᠠᠶᠠᠨ ᠡᠬᠢᠯᠡᠯ᠎ᠡ᠂ 2018 ᠣᠨ ᠤ ᠡᠳ᠋ ᠤᠨ ᠵᠠᠰᠠᠭ ᠤᠨ ᠠᠵᠢᠯ ᠳᠤ ᠬᠤᠰᠢᠭᠤ ᠨᠠᠮ ᠤᠨ ᠬᠤᠷᠢᠶ᠎ᠠ ᠶᠢᠨ ᠵᠥᠪ ᠤᠳᠤᠷᠢᠳᠤᠯᠭ᠎ᠠ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠵᠢᠯᠦᠭᠤᠳᠦᠯᠭ᠎ᠠ ᠳᠣᠣᠷ᠎ᠠ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠯᠠᠪᠳᠠᠭᠤᠨ ᠪᠠᠲᠤᠲᠠᠶ ᠠᠵᠢᠯᠯᠠᠨ᠂ ᠡᠳ᠋ ᠤᠨ ᠵᠠᠰᠠᠭ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠣᠢ ᠪᠣᠯᠭᠠᠵᠦ᠂ ᠪᠦᠭᠦ ᠬᠤᠰᠢᠭᠤᠨ ᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠨᠠᠩ ᠶᠡᠭᠡ ᠬᠤᠪᠢ ᠨᠡᠮᠡᠷᠢ ᠦᠵᠡᠭᠦᠯᠦᠶ᠎ᠡ︕      ᠲᠠᠶᠢᠯᠪᠤᠷᠢᠯᠠᠬᠤ ᠲᠣᠳᠣᠷᠬᠠᠶᠢᠯᠠᠯᠲᠠ :      ① ᠣᠨ ᠤ ᠲᠥᠰᠦᠪ ᠢ ᠲᠣᠬᠢᠷᠠᠭᠤᠯᠬᠤ ᠲᠤᠬᠠᠶ ᠲᠣᠳᠣᠷᠬᠠᠶᠢᠯᠠᠯᠲᠠ᠃ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠢ ᠬᠦᠴᠦᠨ ᠤᠢᠭᠡᠢ ᠪᠣᠯᠭᠠᠭᠰᠠᠨ ᠪᠤᠶᠤ ᠲᠠᠲᠠᠪᠤᠷᠢᠯᠠᠬᠤ ᠶᠢ ᠵᠣᠭᠰᠤᠭᠠᠭᠰᠠᠨ 41 ᠵᠦᠢᠯ ᠪᠣᠯᠤᠨ ︽ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ︾ ᠪᠣᠯᠭᠠᠭᠰᠠᠨ ᠲᠦᠷᠦ ᠶᠢᠨ ᠪᠤᠳᠤᠯᠭ᠎ᠠ ᠨᠢ ᠲᠤᠰ ᠱᠠᠲᠤᠨ ᠤ ᠡᠳ᠋ ᠤᠨ ᠵᠠᠰᠠᠭ ᠤᠨ ᠣᠷᠣᠯᠭ᠎ᠠ ᠶᠢ ᠨᠡᠯᠢᠶᠡᠳ ᠶᠡᠭᠡ  ᠨᠦᠯᠦᠭᠡᠯᠡᠪᠡ᠂ ᠬᠤᠲᠠ ᠶᠢᠨ ᠨᠢᠭᠡᠳᠦᠯᠲᠡᠶ ᠲᠣᠬᠢᠷᠠᠭᠤᠯᠭ᠎ᠠ ᠶᠣᠰᠤᠭᠠᠷ᠂ 2017 ᠣᠨ ᠤ ᠡ᠊ᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠬᠠᠷᠠᠯᠲᠠ ᠨᠢ ᠵᠢᠯ ᠤᠨ ᠡᠬᠢᠨ ᠤ ᠲᠥᠰᠦᠪ ᠤᠨ 38,650 ᠲᠦᠮᠡᠨ ᠲᠥᠭᠦᠷᠢᠭ ᠪᠠᠶᠢᠭᠰᠠᠨ ᠢ 27,000ᠲᠦᠮᠡᠨ ᠲᠥᠭᠦᠷᠢᠭ ᠪᠣᠯᠭᠠᠨ ᠲᠣᠬᠢᠷᠠᠭᠤᠯᠪᠠ᠃      ② ᠠᠳᠠᠯᠢᠳᠬᠠᠵᠤ ᠪᠣᠯᠬᠤ ᠬᠡᠮᠵᠢᠶ᠎ᠡ ᠶᠢᠨ ᠲᠤᠬᠠᠶ ᠲᠣᠳᠣᠷᠬᠠᠶᠢᠯᠠᠯᠲᠠ᠃ 2017 ᠣᠨ ᠤ 3 ᠰᠠᠷ᠎ᠠ ᠳᠤ ᠡᠳ᠋ ᠤᠨ ᠵᠠᠰᠠᠭ ᠤᠨ ᠶᠠᠮᠤᠨ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ  ᠠᠴᠠ ︽ᠨᠢᠭᠡ ᠪᠦᠯᠦᠭ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ ᠴᠡᠪᠡᠷᠯᠡᠨ ᠵᠢᠷᠤᠮᠵᠢᠭᠤᠯᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠤᠬᠠᠶ ᠮᠡᠳᠡᠭᠳᠡᠯ︾ ︵ᠡᠳ᠋ ᠤᠨ ᠵᠠᠰᠠᠭ ᠭᠠᠶᠢᠯᠢ  ﹇2017﹈ 20 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠦ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ 41 ᠵᠦᠢᠯ ᠢ ᠬᠦᠴᠦᠨ ᠦᠭᠡᠢ ᠪᠣᠯᠭᠠᠭᠰᠠᠨ ᠪᠤᠶᠤ ᠲᠠᠲᠠᠪᠤᠷᠢᠯᠠᠬᠤ ᠶᠢ ᠵᠣᠭᠰᠤᠭᠠᠭᠠᠳ᠂ ᠲᠤᠰ ᠱᠠᠲᠤᠨ ᠤ ᠣᠷᠣᠯᠭ᠎ᠠ ᠶᠢ 5,200 ᠲᠦᠮᠡᠨ ᠲᠥᠭᠦᠷᠢᠭ ᠨᠦᠯᠦᠭᠡᠯᠡᠪᠡ᠃ ︽ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠬᠤ︾ ᠲᠤᠷᠰᠢᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠡᠵᠡᠩᠨᠡᠯᠲᠡ ᠶᠢᠨ ᠭᠠᠶᠢᠯᠢ ᠲᠠᠲᠠᠪᠤᠷᠢᠯᠠᠵᠤ ᠪᠠᠶᠢᠭᠰᠠᠨ ᠢ ᠦᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠪᠣᠯᠭᠠᠭᠰᠠᠨ  ᠤ ᠳᠠᠷᠠᠭ᠎ᠠ᠂  ᠬᠤᠰᠢᠭᠤ  ᠱᠠᠲᠤᠨ ᠤ  ᠣᠷᠣᠯᠭ᠎ᠠ  ᠬᠤᠪᠢᠳᠠᠬᠤ ᠬᠠᠷᠢᠴᠠᠯ  90 % ᠪᠠᠶᠢᠭᠰᠠᠨ ᠠᠴᠠ 35 % ᠪᠣᠯᠵᠦ ᠪᠠᠭᠤᠷᠠᠭᠠᠳ᠂ ᠲᠤᠰ ᠱᠠᠲᠤᠨ ᠤ ᠣᠷᠣᠯᠭ᠎ᠠ ᠶᠢ 5,800 ᠲᠦᠮᠡᠨ ᠲᠥᠭᠦᠷᠢᠭ  ᠨᠦᠯᠦᠭᠡᠯᠡᠪᠡ᠃ 2016 ᠣᠨ ᠤ ᠡ᠊ᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 37,150 ᠲᠦᠮᠡᠨ ᠲᠥᠭᠦᠷᠢᠭ ᠪᠡᠶᠡᠯᠡᠭᠦᠯᠵᠦ ᠂ ᠳᠡᠭᠡᠷ᠎ᠡ ᠳᠤᠷᠠᠳᠤᠭᠰᠠᠨ ᠬᠤᠶᠠᠷ ᠵᠦᠢᠯ ᠤᠨ ᠬᠠᠷᠢᠴᠠᠭᠤᠯᠵᠤ ᠪᠣᠯᠤᠰᠢ ᠦᠬᠡᠢ ᠡᠯᠧᠮᠧᠨ᠋ᠲ  ᠤᠨ 11,000 ᠲᠦᠮᠡᠨ ᠲᠥᠭᠦᠷᠢᠭ ᠢ ᠬᠠᠰᠤᠪᠠᠯ᠂ 2016 ᠣᠨ ᠤ ᠠᠳᠠᠯᠢ ᠬᠡᠮᠵᠢᠶᠡᠨ ᠤ ᠣᠷᠣᠯᠭ᠎ᠠ 26,150 ᠲᠦᠮᠡᠨ ᠲᠥᠭᠦᠷᠢᠭ ᠪᠣᠯᠤᠨ᠎ᠠ᠃ 2017 ᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 27,297 ᠲᠦᠮᠡᠨ ᠲᠥᠭᠦᠷᠢᠭ ᠪᠡᠶᠡᠯᠡᠭᠦᠯᠵᠦ᠂ ᠬᠠᠷᠢᠴᠠᠭᠤᠯᠵᠤ ᠪᠣᠯᠬᠤ ᠬᠡᠮᠵᠢᠶ᠎ᠡ ᠪᠠᠷ ᠪᠤᠳᠤᠪᠠᠯ1,147 ᠲᠦᠮᠡᠨ ᠲᠥᠭᠦᠷᠢᠭ  ᠤᠨ ᠣᠷᠣᠯᠭ᠎ᠠ  ᠨᠡᠮᠡᠭᠳᠡᠵᠦ᠂ 4 % ᠳᠡᠭᠡᠭᠰᠢᠯᠡᠪᠡ᠃      ③ ᠮᠡᠳᠡᠭᠦᠯᠦᠯᠲᠡ ᠶᠢᠨ ᠳᠠᠭᠠᠯᠳᠤᠭᠤᠯᠤᠭᠰᠠᠨ ᠬᠦᠰᠦᠨᠦᠭᠲᠦ ︽ᠠᠷᠦ ᠬᠤᠷᠴᠢᠨ ᠬᠤᠰᠢᠭᠤᠨ ᠤ 2017 ᠣᠨ ᠤ ᠡ᠊ᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠪᠠᠶᠢᠳᠠᠯ ᠤᠨ ᠬᠦᠰᠦᠨᠦᠭᠲᠦ︾ ᠲᠤᠭ᠎ᠠ ᠪᠠᠷᠢᠮᠲᠠ ᠶᠢᠨ ᠲᠣᠳᠤᠷᠬᠠᠶᠢᠯᠠᠯ᠃ 2017 ᠣᠨ  ᠤ ᠣᠷᠣᠯᠭ᠎ᠠ ᠶᠢ ᠪᠡᠶᠡᠯᠡᠭᠦᠯᠦᠭᠰᠡᠨ ᠲᠤᠭ᠎ᠠ ᠬᠢᠭᠡᠳ 2016 ᠣᠨ ᠤ ᠲᠥᠰᠦᠪ ᠤᠨ ᠭᠦᠢᠴᠡᠳᠬᠡᠯ ᠲᠤᠭ᠎ᠠ ︵ᠪᠣᠳᠠᠲᠠᠶ ᠪᠡᠶᠡᠯᠡᠭᠦᠯᠦᠭᠰᠡᠨ ᠲᠤᠭ᠎ᠠ︶ ᠶᠢᠨ  ᠬᠠᠷᠢᠴᠠᠭᠤᠯᠤᠯ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号