ᠮᠠᠨ ᠤ ᠰᠠᠶᠢᠨ ᠳᠠᠭᠠᠭᠤᠯᠣᠭᠴᠢ — ᠰᠠᠷᠠᠨᠳᠤᠩᠭᠠᠯᠠᠭ
ᠨᠡᠶᠢᠲᠡᠯᠡᠭᠰᠡᠨ ᠴᠠᠭ᠄
2018/3/7
       ᠰᠠᠶᠢᠬᠠᠨᠳᠠᠯ᠎ᠠ ᠰᠤᠮᠤ ᠶᠢᠨ ᠶᠠᠮᠤᠨ ᠭᠠᠴᠠᠭᠠᠨ ᠤ ᠭᠠᠴᠠᠭᠠᠨ ᠲᠠᠷᠤᠭ᠎ᠠ ᠰᠠᠷᠠᠨᠳᠤᠩᠭᠠᠯᠠᠭ ᠨᠦᠬᠦᠷ ᠪᠤᠯ ᠠᠶᠢᠯ ᠠᠶᠢᠮᠠᠭ᠂ ᠠᠵᠠᠢ ᠪᠤᠭᠤᠷᠤᠯ ᠠᠬᠠᠰ ᠵᠠᠬᠠᠰ ᠲᠤ ᠪᠠᠨ ᠬᠦᠷᠢᠶᠡᠯᠡᠯ ᠲᠠᠢ ᠨᠠᠮ ᠤᠨ ᠭᠡᠰᠢᠬᠦᠨ ᠮᠦᠷᠳᠡᠭᠡᠨ ᠠᠵᠢᠯᠴᠢ ᠬᠤᠶᠠᠷ ᠭᠠᠷ ᠢᠶᠠᠷ ᠢᠶᠠᠨ ᠠᠳᠠᠯ ᠤᠢᠢᠯᠠᠰ ᠢᠶᠠᠨ ᠦᠭᠡᠳᠠ ᠲᠠᠳᠠᠵᠤ ᠶᠠᠪᠤᠭ᠎ᠠ ᠡᠭᠡᠯ ᠵᠢᠷ ᠤᠨ ᠮᠠᠯᠴᠢᠨ ᠠᠷᠠᠳ ᠤᠨ ᠨᠢᠭᠡᠨ ᠶᠤᠮ᠃ ᠲᠡᠷᠠᠪᠠᠷ 1973 ᠤᠨ ᠳᠤ ᠶᠠᠮᠤᠨ ᠭᠠᠴᠠᠭᠠᠨ ᠤ ᠰᠠᠶᠢᠳᠬᠤᠸᠠ ᠲᠤᠭᠤᠢᠢᠯᠠᠩ ᠤᠨ ᠮᠠᠯᠴᠢᠨ ᠮᠠᠨᠢᠵᠡᠪ ᠪᠤᠯᠤᠨ ᠨᠠᠩᠳᠠᠮ᠎ᠠ ᠶᠢᠨ ᠪᠠᠭ᠎ᠠ ᠬᠦᠤ ᠨᠢ ᠪᠤᠯᠵᠤ ᠵᠠᠶᠠᠭᠠᠵᠠᠢ᠃ ᠲᠠᠷᠠ ᠭᠠᠯ ᠵᠠᠯᠠᠭᠤ ᠠᠷᠪᠠᠨ ᠨᠠᠢᠮᠠᠳᠠᠢ ᠳᠠᠭᠠᠨ ᠴᠡᠷᠢᠭ ᠲᠤ ᠡᠯᠰᠡᠬᠦᠯᠵᠤ᠂ ᠭᠤᠷᠪᠠᠨ ᠵᠢᠯ ᠤᠨ ᠬᠠᠳᠠᠭᠤᠵᠢᠯᠳᠠᠢ ᠪᠤᠯᠪᠠᠰᠤᠷᠠᠯ ᠢᠶᠠᠷ ᠦᠪᠠᠷ ᠢ ᠪᠠᠨ ᠲᠠᠪᠳᠠᠨ ᠪᠤᠯᠪᠠᠰᠤᠷᠠᠭᠤᠯᠵᠤ ᠨᠤᠳᠤᠭ ᠲᠠᠭᠠᠨ ᠬᠠᠷᠢᠵᠤ ᠢᠷᠡᠭᠡᠳ ᠡᠷᠦᠭᠡ ᠭᠡᠷ ᠤᠨ ᠢᠶᠠᠨ ᠲᠤᠯᠭ᠎ᠠ ᠶᠢ ᠲᠤᠯᠵᠤ ᠲᠤᠭᠤᠨᠤ ᠪᠠᠨ ᠰᠡᠬᠦᠭᠰᠡᠨ ᠪᠢᠯᠡ᠃        2012 ᠤᠨ ᠳᠤ ᠭᠠᠴᠠᠭᠠᠨ ᠤ ᠨᠠᠮ ᠤᠨ ᠡᠬᠦᠷ ᠤᠨ ᠱᠦᠵᠢ ᠶᠢᠨ ᠲᠤᠰᠢᠶᠠᠯ ᠢ ᠡᠬᠢᠯᠡᠨ ᠬᠠᠷᠢᠭᠤᠴᠠᠭᠰᠠᠨ ᠠᠴᠠ ᠨᠠᠰᠢ ᠲᠡᠭᠡᠷ᠎ᠠ ᠱᠠᠳᠤᠨ ᠤ ᠨᠠᠮ ᠵᠠᠰᠠᠭ ᠤᠨ ᠵᠢᠯᠤᠭᠤᠳᠤᠯᠭ᠎ᠠ ᠲᠤᠤᠷ᠎ᠠ ᠤᠰᠤ ᠨᠤᠳᠤᠭ ᠤᠨ ᠢᠶᠠᠨ ᠤᠯᠠᠨ ᠲᠦᠮᠡᠨ ᠢ ᠲᠠᠶᠢᠴᠢᠯᠡᠨ᠂ ᠲᠡᠷᠢᠬᠦᠯᠡᠭᠴᠢ ᠰᠢ ᠶᠢᠨ ᠫᠢᠩ ᠨᠦᠬᠦᠷ ᠤᠨ ᠨᠠᠮ ᠤᠨ ᠤᠯᠠᠨ ᠲᠦᠮᠡᠨᠴᠢ ᠱᠤᠭᠤᠮ ᠢ ᠪᠦᠬᠦ ᠲᠡᠯ᠎ᠠ ᠪᠠᠷ ᠢᠳᠡᠪᠬᠢᠳᠡᠢ ᠰᠤᠷᠤᠯᠴᠠᠨ ᠲᠤᠤᠱᠯᠠᠭᠤᠯᠵᠤ᠂ ᠬᠦᠴᠢᠷᠳᠡᠢ ᠡᠷᠦᠭᠡ ᠶᠢ ᠶᠠᠳᠠᠭᠤ ᠠᠴᠠ ᠠᠩᠬᠢᠵᠢᠷᠠᠭᠤᠯᠬᠤ ᠳᠤ ᠬᠦᠴᠤᠨ ᠢᠶᠠᠨ ᠲᠦᠪᠯᠡᠷᠡᠬᠦᠯᠵᠤ᠂ ᠮᠦᠨ ᠪᠤᠶᠢᠳᠠ ᠪᠦᠭᠯᠡᠬᠦᠤ ᠤᠳᠤᠷ ᠰᠠᠭᠤᠷᠢᠰᠢᠯ ᠤᠨ ᠭᠠᠵᠠᠷ ᠲᠤ ᠦᠨᠳᠤᠷ ᠬᠦᠴᠤᠳᠠᠯᠳᠤ ᠴᠠᠬᠢᠯᠭᠠᠨ ᠤᠷᠤᠭᠤᠯᠬᠤ ᠶᠢᠨ ᠲᠠᠭᠠᠤ ᠭᠠᠴᠠᠭᠠᠨ ᠳᠠᠭᠠᠨ ᠰᠦᠯᠵᠢᠶᠠᠨ ᠰᠣᠪᠣᠷᠭ᠎ᠠ ᠪᠤᠰᠬᠠᠵᠤ᠂ ᠠᠶᠢᠯ ᠤᠰᠤᠨ ᠤ ᠪᠠᠨ ᠠᠷᠠᠳ ᠲᠦᠮᠡᠨ ᠳᠤ ᠴᠢᠮᠡᠭᠡ ᠬᠤᠯᠪᠤᠭ᠎ᠠ ᠪᠠᠷᠢᠬᠤ ᠳᠤ ᠲᠤᠰᠠ ᠲᠦᠬᠦᠮ ᠪᠤᠯᠭᠠᠭᠰᠠᠨ ᠪᠠᠶᠢᠨ᠎ᠠ᠃        2015 ᠤᠨ ᠳᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠬᠤᠷᠠᠯ ᠢᠶᠠᠷ ᠲᠠᠮᠵᠢᠨ ᠰᠠᠷᠠᠨᠳᠤᠩᠭᠠᠯᠠᠭ ᠨᠦᠬᠦᠷ ᠭᠠᠴᠠᠭᠠᠨ ᠲᠠᠷᠤᠭ᠎ᠠ ᠶᠢᠨ ᠲᠤᠰᠢᠶᠠᠯ ᠢ ᠡᠬᠦᠷᠭᠡᠯᠡᠭᠰᠡᠨ ᠶᠤᠮ᠃ ᠮᠦᠨ ᠲᠤᠰ ᠵᠢᠯ ᠠᠴᠠ ᠡᠬᠢᠯᠡᠨ ᠰᠠᠷᠠᠨᠳᠤᠩᠭᠠᠯᠠᠭ ᠨᠦᠬᠦᠷ ᠭᠠᠴᠠᠭ᠎ᠠ ᠲᠤᠰᠬᠤᠨ ᠤ ︽ᠠᠷᠪᠠ ᠶᠢ ᠪᠦᠷᠬᠦᠬᠦᠯᠬᠦ︾ ᠠᠵᠢᠯ ᠢ ᠰᠠᠶᠢᠳᠤᠷ ᠬᠢᠵᠤ᠂ ᠤᠷᠤᠨ ᠰᠠᠭᠤᠴᠠ ᠦᠭᠡᠢ ᠭᠡᠰᠡᠭ ᠠᠷᠠᠳ ᠲᠤ ᠭᠡᠷ ᠬᠦᠷᠢᠶ᠎ᠠ ᠪᠠᠷᠢᠨ ᠦᠭᠴᠤ᠂ ᠬᠦᠴᠢᠷᠳᠡᠯ ᠠᠴᠠ ᠰᠠᠯᠭᠠᠭᠰᠠᠨ ᠤ ᠬᠠᠮᠳᠤ ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢ ᠴᠤᠭᠴᠠᠯᠠᠵᠤ ᠭᠠᠴᠠᠭᠠᠨ ᠵᠦᠪᠯᠡᠯ ᠳᠤ ᠪᠠᠨ ᠲᠤᠯᠤᠭᠠᠨ ᠲᠠᠰᠤᠯᠭ᠎ᠠ ᠰᠢᠨ᠎ᠠ ᠭᠡᠷ ᠪᠠᠶᠢᠭᠤᠯᠤᠨ᠂ ᠲᠠᠯ᠎ᠠ ᠨᠤᠳᠤᠭ ᠤᠨ ᠨᠤᠮ ᠤᠨ ᠰᠠᠩ ᠪᠤᠯᠤᠨ ᠭᠠᠴᠠᠭᠠᠨ ᠤ ᠬᠠᠮᠳᠤ ᠶᠢᠨ ᠬᠦᠳᠡᠯᠭᠡᠭᠡᠨ ᠤ ᠭᠡᠷ᠂ ᠵᠠᠯᠠᠭᠤᠴᠤᠳ ᠪᠠᠭᠠᠴᠤᠤᠯ ᠤᠨ ᠰᠤᠶᠤᠯ ᠤᠨ ᠲᠠᠰᠤᠭ ᠵᠠᠷᠭᠡ ᠶᠢ ᠲᠤᠬᠢᠷᠠᠭᠤᠯᠵᠤ᠂ ᠪᠠᠰᠠ ᠭᠠᠴᠠᠭᠠᠨ ᠤ ᠠᠭᠤᠳᠠᠮ ᠲᠠᠯᠠᠪᠠᠢ ᠭᠠᠷᠭᠠᠨ ᠤᠯᠠᠨ ᠲᠦᠮᠡᠨ ᠤ ᠪᠡᠶ᠎ᠡ ᠴᠢᠬᠢᠷᠠᠭᠵᠢᠯ ᠳᠤ ᠲᠦᠬᠦᠮ ᠦᠵᠡᠬᠦᠯᠬᠦ ᠪᠠᠭᠠᠵᠢ ᠭᠡᠷᠡᠭᠰᠡᠯ ᠤᠳ ᠢ ᠲᠤᠬᠢᠷᠠᠭᠤᠯᠣᠭᠰᠠᠨ ᠤ ᠲᠠᠷᠠᠭ᠎ᠠ ᠪᠠᠷ ᠭᠠᠴᠠᠭᠠᠨ ᠳᠠᠭᠠᠨ ᠡᠷᠡᠬᠦᠯ ᠬᠠᠮᠠᠭᠠᠯᠠᠯ ᠤᠨ ᠲᠠᠰᠤᠭ ᠭᠠᠷᠭᠠᠨ᠂ ᠠᠷᠠᠳ ᠤᠯᠠᠨ ᠤ ᠡᠷᠡᠬᠦᠯ ᠮᠡᠨᠳᠤ ᠳᠤ ᠤᠢᠢᠯᠡᠴᠢᠯᠡᠬᠦ‍ ᠴᠢᠭ ᠪᠠᠶᠢᠭᠤᠯᠪᠠ᠃ ᠤᠤᠯ ᠤᠨ ᠲᠦᠭᠡᠭᠡᠯ ᠤᠰᠤᠨ ᠤ ᠬᠤᠭᠤᠯᠠᠢ ᠶᠢ ᠲᠠᠬᠢᠨ ᠰᠢᠨᠡᠴᠢᠯᠡᠵᠤ ᠠᠰᠢᠭᠯᠠᠯᠳᠠ ᠳᠤ ᠤᠷᠤᠭᠤᠯᠤᠭᠰᠠᠨ ᠮᠦᠷᠳᠡᠭᠡᠨ ᠠᠷᠠᠳ ᠤᠯᠠᠨ ᠤ ᠤᠢᠢᠯᠠᠳᠪᠤᠷᠢᠯᠡᠯ ᠠᠮᠢᠳᠤᠷᠠᠯ ᠤᠨ ᠵᠠᠮ ᠢ ᠵᠠᠰᠠᠵᠤ ᠡᠪᠠᠰᠤ ᠪᠤᠷᠳᠤᠭ᠎ᠠ ᠲᠡᠭᠡᠭᠡᠬᠦ ᠳᠤ ᠲᠦᠬᠦᠮ ᠦᠵᠡᠬᠦᠯᠦᠭᠰᠡᠨ ᠤ ᠵᠡᠷᠭᠡᠪᠠᠷ ᠠᠶᠢᠯ ᠬᠤᠭᠤᠷᠤᠨᠳᠤᠬᠢ ᠵᠠᠮ ᠤᠳ ᠢ  ᠵᠠᠰᠠᠨ ᠲᠡᠪᠢᠰᠦᠭᠰᠡᠨ ᠶᠤᠮ᠃ 2017 ᠤᠨ ᠳᠤ ᠶᠠᠷᠤᠩᠭᠡᠢ ᠱᠦᠵᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠬᠦᠨᠵᠡᠭᠡᠶᠢᠷᠡᠬᠦᠯᠵᠤ᠂ ᠶᠠᠳᠠᠭᠤ ᠶᠢ ᠲᠡᠳᠬᠦᠬᠦ ᠲᠦᠷᠤᠯ ᠵᠦᠢᠯ ᠢ ᠠᠪᠴᠢᠷᠠᠵᠤ ᠨᠠᠷᠠᠨ ᠡᠨᠧᠷᠭᠢ ᠶᠢᠨ ᠴᠠᠬᠢᠯᠭᠠᠨ ᠬᠠᠩᠭᠠᠬᠤ ᠲᠦᠬᠦᠭᠡᠷᠦᠮᠵᠢ ᠤᠭᠰᠠᠷᠠᠵᠤ᠂ ᠠᠶᠢᠯ ᠪᠦᠬᠦᠨ ᠳᠤ ᠤᠳᠠᠰᠤᠳᠤ ᠲᠧᠯᠸᠢᠰ ᠦᠵᠡᠬᠦ ᠨᠦᠬᠦᠴᠡᠯ ᠢ ᠬᠠᠩᠭᠠᠨ ᠦᠭᠬᠦᠭᠰᠡᠨ ᠪᠢᠯᠡ᠃        ᠲᠡᠬᠦᠨ ᠤ ᠠᠮᠢᠳᠤᠷᠠᠯ ᠳᠠᠭᠠᠨ ᠪᠠᠷᠢᠮᠳᠠᠯᠠᠬᠤ ᠵᠦᠢᠯ ᠪᠤᠯ ᠡᠭᠡᠯ ᠪᠤᠷᠤᠭᠵᠢᠭᠤᠨ ᠲᠠᠷᠤᠤ ᠬᠢᠴᠢᠶᠠᠩᠬᠦᠢ ᠪᠠᠷ ᠴᠠᠭ ᠦᠶ᠎ᠠ ᠯᠦᠭᠡ ᠵᠡᠷᠭᠡᠴᠡᠨ ᠤᠷᠤᠭᠰᠢᠯᠠᠵᠤ᠂ ᠲᠡᠷᠢᠬᠦᠨ ᠤ ᠰᠢᠨᠵᠢᠯᠡᠬᠦ ᠤᠬᠠᠭᠠᠨᠴᠢ ᠮᠡᠷᠭᠡᠵᠢᠯ ᠢ ᠬᠦᠯᠢᠶᠠᠨ ᠠᠪᠴᠤ ᠦᠷ᠎ᠠ ᠭᠡᠤᠭᠡᠳ ᠢᠶᠠᠨ ᠡᠷᠳᠡᠮ ᠰᠤᠶᠤᠯ ᠲᠠᠢ ᠬᠦᠮᠤᠨ ᠪᠤᠯᠭᠠᠨ ᠬᠦᠮᠦᠵᠢᠬᠦᠯᠬᠦ᠂ ᠠᠵᠢᠯ ᠳᠠᠭᠠᠨ ᠪᠠᠷᠢᠮᠳᠠᠯᠠᠬᠤ ᠵᠠᠷᠴᠢᠮ ᠭᠡᠪᠠᠯ ᠲᠦᠪ ᠭᠤᠤᠯᠴᠢ ᠦᠨᠠᠨᠴᠢ ᠰᠢᠳᠤᠷᠭᠤ ᠤᠪᠤᠷ ᠢᠶᠠᠷ ᠠᠷᠠᠳ ᠲᠦᠮᠡᠨ ᠲᠠᠢ ᠪᠠᠨ ᠨᠢᠬᠳᠠ ᠤᠶᠠᠯᠳᠤᠵᠤ ᠬᠠᠮᠳᠤ ᠶᠢᠨ ᠠᠰᠢᠭ ᠲᠤᠰᠠ ᠶᠢᠨ ᠲᠦᠯᠦᠭᠡ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠭᠡᠷᠡᠭᠵᠢᠬᠦᠯᠵᠤ᠂ ᠲᠡᠷᠢᠬᠦᠨ ᠤ ᠰᠢᠨᠵᠢᠯᠡᠭᠡ ᠮᠡᠷᠭᠡᠵᠢᠯ ᠯᠦᠭᠡ ᠠᠯᠬᠤᠭ᠎ᠠ ᠨᠠᠶᠢᠯᠠᠵᠤ ᠬᠠᠮᠳᠤᠪᠠᠷ ᠪᠠᠶᠠᠵᠢᠨ ᠴᠢᠨᠡᠭᠡᠯᠢᠭᠵᠢᠬᠦ ᠶᠢ ᠤᠷᠠᠶᠢᠯᠠᠨ ᠨᠠᠷ᠎ᠠ ᠨᠢᠳᠠᠷ ᠲᠡᠭᠡᠨ ᠲᠡᠩᠴᠡᠭᠰᠡᠨ ᠨᠠᠮ ᠤᠨ ᠭᠡᠰᠢᠬᠦᠨ ᠪᠤᠯᠬᠤ ᠪᠠᠷ ᠴᠢᠷᠮᠠᠶᠢᠨ ᠠᠵᠢᠯᠯᠠᠬᠤ ᠶᠢ ᠡᠷᠬᠢᠮᠯᠡᠬᠦ ᠪᠤᠯᠤᠨ᠎ᠠ᠃
        ᠰᠠᠷᠠᠨᠲᠤᠩᠭᠠᠯᠠᠭ ᠭᠡᠷᠭᠡᠢ ᠲᠠᠢ ᠪᠠᠨ
        ᠰᠠᠷᠠᠨᠲᠤᠩᠭᠠᠯᠠᠭ ᠤᠨ ᠭᠡᠷ ᠪᠦᠯᠢ ᠶᠢᠨ ᠬᠢᠨ                                                   ︵ᠴᠢᠮᠡᠭᠡᠯᠡᠭᠴᠢ ᠭᠡᠷᠡᠯᠳᠤ︶
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号