2018 ᠣᠨ ᠤ 3 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠤᠣᠯᠳᠠᠯᠭ᠎ᠠ ᠲᠠᠢ | ᠠᠮᠢ ᠠᠬᠤᠢ ᠶᠢᠨ ᠴᠢᠳᠠᠮᠵᠢ ᠶᠢᠨ ᠣᠷᠣᠨ ᠳᠤ ᠠᠵᠤ ᠦᠢᠯᠡᠰ ᠢ ᠵᠥᠪᠰᠢᠶᠡᠷᠡᠨ ᠣᠷᠣᠭᠤᠯᠬᠤ ᠲᠠᠯ᠎ᠠ ᠪᠠᠷ ᠬᠢ | ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ | ᠲᠠᠷᠬᠠᠭᠠᠭᠰᠠᠨ ︹2018︺ 11 ᠳ᠋ᠦ᠋ᠭᠡᠷ ᠲᠣᠭᠠᠲᠤ︶ ᠶᠢ ᠳᠠᠷᠤᠮᠠᠯᠯᠠᠨ ᠲᠠᠷᠬᠠᠭᠠᠪᠠ᠃ ᠣᠶᠢᠷ᠎ᠠ ᠳᠤ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ︽ᠬᠤᠷᠢᠭ᠎ᠠ ᠴᠠᠭᠠᠵᠠ ᠲᠠᠢ | ᠵᠦᠢᠯᠡᠰ ᠤᠨ ᠨᠠᠷᠢᠨ ᠬᠠᠭᠤᠳᠠᠰᠤ ︵ᠲᠤᠷᠰᠢᠨ ᠬᠡᠷᠡᠭᠵᠢᠭᠦᠯᠬᠦ︶︾ ᠶᠢᠨ ᠲᠤᠬᠠᠢ ᠲᠠᠶᠢᠯᠤᠮᠵᠢ ᠬᠢᠭᠰᠡᠨ ᠪᠠᠶᠢᠨ᠎ᠠ᠃ | ᠨᠢᠭᠡ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠭᠰᠠᠨ ᠠᠬᠤᠢ | ᠪᠠᠶᠢᠳᠠᠯ ᠨᠢ ᠶᠠᠮᠠᠷ ᠪᠣᠢ︖ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠤ ᠠᠵᠤ ᠦᠢᠯᠡᠰ ᠢ | ᠵᠥᠪᠰᠢᠶᠡᠷᠡᠨ ᠣᠷᠣᠭᠤᠯᠬᠤ ᠲᠠᠯ᠎ᠠ ᠪᠠᠷ ᠬᠢ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ | ᠬᠡᠷᠡᠭᠵᠢᠭᠦᠯᠬᠦ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠠᠴᠠ | ᠲᠣᠭᠲᠠᠭᠠᠭᠰᠠᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠪᠠᠶᠢᠯᠳᠤᠬᠤ | ᠪᠣᠳᠣᠯᠭ᠎ᠠ ᠶᠢᠨ ᠡᠭᠦᠷᠭᠡ᠂ ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ | ᠬᠥᠲᠥᠯᠪᠦᠷᠢ︾ ᠳᠤ ᠲᠣᠳᠣᠷᠬᠠᠶᠢᠯᠠᠭᠰᠠᠨ ᠭᠤᠣᠯ ᠴᠣᠭᠴᠠᠲᠤ ᠴᠢᠳᠠᠮᠵᠢ ᠶᠢᠨ ᠣᠷᠣᠨ ᠤ ᠪᠠᠶᠢᠭᠤᠯᠤᠯᠲᠠ ᠶᠢᠨ | ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ ᠭᠡᠵᠦ ᠳᠤᠷᠠᠳᠴᠤ᠂ ᠭᠤᠣᠯ ᠴᠣᠭᠴᠠᠲᠤ ᠴᠢᠳᠠᠮᠵᠢ ᠶᠢᠨ | ᠣᠷᠣᠨ ᠤ ᠲᠥᠬᠦᠷᠵᠢᠭᠰᠡᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢ ᠱᠠᠭᠠᠷᠳᠠᠵᠠᠢ᠃ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠭᠦᠨᠵᠡᠭᠡᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ ᠠᠮᠢ | ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠴᠢᠩᠭᠠᠷᠠᠭᠤᠯᠤᠨ᠂ ᠠᠮᠢ ᠠᠬᠤᠢ ᠶᠢᠨ | ᠦᠢᠯᠡᠴᠢᠯᠡᠭᠡ ᠶᠢᠨ ᠴᠢᠳᠠᠮᠵᠢ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠢ ᠪᠠᠷ | ᠬᠥᠲᠥᠯᠥᠨ ᠵᠢᠯᠣᠭᠤᠳᠬᠤ ᠪᠠ ᠬᠢᠵᠠᠭᠠᠷᠯᠠᠬᠤ ᠶᠢᠨ ᠲᠤᠰᠠᠳᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ︽ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠤ ᠠᠵᠤ ᠦᠢᠯᠡᠰ ᠢ | ᠵᠥᠪᠰᠢᠶᠡᠷᠡᠨ ᠣᠷᠣᠭᠤᠯᠬᠤ ᠲᠠᠯ᠎ᠠ ᠪᠠᠷ ᠬᠢ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ | ᠳᠦᠷᠢᠮ ᠢ ᠪᠠᠶᠢᠭᠤᠯᠬᠤ ᠲᠤᠬᠠᠢ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠲᠥᠯᠥᠪᠵᠢᠭᠦᠯᠭᠡ | ︹2015︺ 1760 ᠳ᠋ᠤᠭᠠᠷ ᠲᠣᠭᠠᠲᠤ︶ ᠪᠠ ︽︿ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ | ᠣᠷᠣᠨ ᠳᠤ ᠠᠵᠤ ᠦᠢᠯᠡᠰ ᠢ ᠵᠥᠪᠰᠢᠶᠡᠷᠡᠨ ᠣᠷᠣᠭᠤᠯᠬᠤ ᠲᠠᠯ᠎ᠠ ᠪᠠᠷ ᠬᠢ ᠬᠤᠷᠢᠭ᠎ᠠ ᠴᠠᠭᠠᠵᠠ ᠲᠠᠢ ᠵᠦᠢᠯᠡᠰ ᠤᠨ | ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠶᠢᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠲᠥᠯᠥᠪᠵᠢᠭᠦᠯᠭᠡ ︹2016︺ 2205 ᠳ᠋ᠤᠭᠠᠷ ᠲᠣᠭᠠᠲᠤ︶ | ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠬᠤᠷᠢᠭ᠎ᠠ | ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠨ ᠨᠡᠶᠢᠲᠡᠯᠡᠭᠰᠡᠨ ᠪᠠᠶᠢᠨ᠎ᠠ᠃ | ᠬᠤᠶᠠᠷ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠬᠡᠷᠡᠭᠯᠡᠭᠳᠡᠬᠦ ᠬᠡᠪᠴᠢᠶ᠎ᠡ ᠨᠢ ᠶᠠᠭᠤ | ᠪᠣᠢ︖ ᠤᠯᠤᠰ ᠤᠨ ᠮᠡᠷᠭᠡᠵᠢᠯ ᠤᠨ ᠵᠢᠷᠤᠮᠵᠢᠯ ᠢ ᠨᠢᠭᠡᠳᠦᠭᠦᠯᠬᠦ ᠱᠠᠭᠠᠷᠳᠠᠯᠭ᠎ᠠ ᠶᠢ ᠦᠨᠳᠦᠰᠦᠯᠡᠵᠦ᠂ ᠬᠤᠷᠢᠭ᠎ᠠ | ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠢ ᠬᠤᠰᠢᠭᠤ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ | ᠬᠤᠪᠢᠶᠠᠷᠢᠯᠠᠯ ᠢᠶᠠᠷ ᠨᠢᠭᠡᠴᠢ ᠪᠣᠯᠭᠠᠨ ᠨᠠᠶᠢᠷᠠᠭᠤᠯᠤᠨ ᠵᠣᠬᠢᠶᠠᠵᠤ᠂ ᠮᠠᠨ ᠤ ᠣᠷᠣᠨ ᠤ ᠤᠯᠤᠰ ᠤᠨ ᠭᠤᠣᠯᠳᠠᠯᠭ᠎ᠠ ᠲᠠᠢ | ᠠᠮᠢ ᠠᠬᠤᠢ ᠶᠢᠨ ᠴᠢᠳᠠᠮᠵᠢ ᠶᠢᠨ ᠣᠷᠣᠨ ᠤ 43 ᠬᠤᠰᠢᠭᠤ ᠰᠢᠶᠠᠨ ︵ᠬᠤᠲᠠ︶ ᠤ ᠵᠠᠰᠠᠭ ᠵᠠᠬᠢᠷᠭᠠᠨ ᠤ ᠣᠷᠣᠨ ᠤ | ᠪᠦᠬᠦ ᠬᠡᠪᠴᠢᠶᠡᠨ ᠳᠤ ᠬᠡᠷᠡᠭᠯᠡᠭᠳᠡᠪᠡᠴᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠳᠡᠯᠡᠬᠡᠢ ᠶᠢᠨ ᠰᠣᠶᠣᠯ | ᠪᠠᠶᠢᠭᠠᠯᠢ ᠶᠢᠨ ᠥᠪ ᠬᠥᠷᠥᠩᠭᠡ᠂ ᠦᠵᠡᠮᠵᠢᠲᠦ ᠨᠡᠷᠡᠲᠦ ᠣᠷᠣᠨ᠂ ᠰᠢᠭᠤᠶᠢᠲᠤ ᠴᠡᠴᠡᠷᠯᠢᠭ᠂ ᠭᠠᠵᠠᠷ ᠰᠢᠨᠵᠢᠯᠡᠭᠡᠨ ᠤ | ᠴᠡᠴᠡᠷᠯᠢᠭ᠂ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠵᠡᠷᠭᠡ ᠤᠯᠤᠰ ᠲᠤ ᠲᠣᠳᠣᠷᠬᠠᠢ | ᠬᠠᠤᠯᠢ ᠴᠠᠭᠠᠵᠠ ᠬᠠᠤᠯᠢ ᠲᠣᠭᠲᠠᠭᠠᠯ ᠲᠠᠢ ᠠᠯᠪᠠᠳᠠᠯᠭ᠎ᠠ ᠶᠢᠨ ᠴᠢᠨᠠᠷᠲᠠᠢ ᠪᠠᠷ ᠬᠠᠮᠠᠭᠠᠯᠠᠵᠤ ᠪᠠᠶᠢᠭ᠎ᠠ ᠣᠷᠣᠨ | ᠪᠦᠰᠡ ᠶᠢ ᠪᠠᠭᠲᠠᠭᠠᠬᠤ ᠦᠭᠡᠢ᠃ | ᠭᠤᠷᠪᠠ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤᠨ ᠤ ᠦᠨᠳᠦᠰᠦᠨ ᠵᠠᠷᠴᠢᠮ ᠨᠢ ᠶᠠᠭᠤ | ᠪᠣᠢ︖ ᠶᠡᠷᠦᠩᠬᠡᠢ ᠪᠣᠳᠣᠯᠬᠢᠯᠠᠯ ᠨᠢ ᠳᠠᠷᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠪᠠᠶᠢᠭᠠᠯᠢ ᠶᠢᠨ ᠵᠢᠮ᠎ᠡ ᠶᠣᠰᠣ ᠪᠠ ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠬᠡᠨ᠂ ᠮᠠᠨ ᠤ ᠣᠷᠣᠨ ᠤ ᠨᠤᠲᠤᠭ | ᠳᠡᠪᠢᠰᠬᠡᠷ ᠤᠨ ᠣᠷᠣᠨ ᠵᠠᠢ ᠶᠢᠨ ᠪᠠᠶᠢᠭᠠᠯᠢ ᠶᠢᠨ ᠲᠥᠯᠥᠪ ᠪᠠᠶᠢᠳᠠᠯ ᠳᠤ ᠰᠠᠭᠤᠷᠢᠯᠠᠵᠤ᠂ ᠭᠤᠣᠯ ᠴᠣᠭᠴᠠᠲᠤ | ᠴᠢᠳᠠᠮᠵᠢ ᠶᠢᠨ ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠂ ᠬᠥᠮᠥᠨ ᠬᠢᠭᠡᠳ ᠪᠠᠶᠢᠭᠠᠯᠢ ᠶᠢᠨ | ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠷᠣᠨ ᠵᠠᠢ ᠶᠢᠨ ᠪᠠᠶᠢᠷᠢᠯᠠᠭᠤᠯᠤᠯᠲᠠ᠂ ᠠᠵᠤ ᠦᠢᠯᠡᠰ ᠤᠨ ᠪᠦᠲᠦᠴᠡ | ᠪᠠ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠤᠨ᠎ᠠ᠃ ᠡᠭᠦᠨ ᠳᠤ ᠳᠣᠣᠷᠠᠬᠢ ᠳᠥᠷᠪᠡᠨ | ᠲᠠᠯ᠎ᠠ ᠶᠢᠨ ᠵᠠᠷᠴᠢᠮ ᠢ ᠴᠢᠬᠤᠯᠠᠴᠢᠯᠠᠨ ᠡᠵᠡᠮᠳᠡᠬᠦ ᠬᠡᠷᠡᠭᠲᠡᠢ᠄ ᠨᠢᠭᠡ ᠳᠤ᠂ ᠠᠮᠢ ᠠᠬᠤᠢ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠨ᠎ᠠ᠃ ᠮᠠᠨ ᠤ ᠣᠷᠣᠨ ᠤ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ | ᠣᠷᠣᠨ ᠳᠤ ᠣᠷᠣᠭᠰᠠᠨ 43 ᠬᠤᠰᠢᠭᠤ ᠰᠢᠶᠠᠨ ︵ᠬᠤᠲᠠ︶ ᠨᠢ ᠪᠦᠷ ᠠᠮᠢ ᠠᠬᠤᠢ ᠶᠢᠨ ᠰᠢᠰᠲ᠋ᠧᠮ ᠢᠶᠠᠷ ᠬᠡᠪᠡᠷᠡᠭ | ᠪᠤᠶᠤ ᠠᠮᠢ ᠠᠬᠤᠢ ᠶᠢᠨ ᠴᠢᠳᠠᠮᠵᠢ ᠪᠠᠷ ᠴᠢᠬᠤᠯᠠ ᠪᠦᠬᠦᠢ ᠣᠷᠣᠨ ᠪᠦᠰᠡ ᠪᠣᠯᠬᠤᠷ᠂ ᠠᠵᠤ ᠦᠢᠯᠡᠳᠪᠦᠷᠢᠵᠢᠭᠰᠡᠨ | ᠬᠤᠲᠠ ᠪᠠᠯᠭᠠᠰᠤᠴᠢᠯᠠᠭᠰᠠᠨ ᠶᠡᠭᠡ ᠬᠡᠪᠴᠢᠶᠡᠲᠡᠢ᠂ ᠬᠦᠴᠦᠯᠡᠴᠡ ᠪᠠᠷ ᠴᠢᠩᠭ᠎ᠠ ᠨᠡᠭᠡᠭᠡᠨ ᠬᠥᠭᠵᠢᠭᠦᠯᠦᠯᠲᠡ ᠬᠢᠬᠦ ᠶᠢ | ᠬᠢᠵᠠᠭᠠᠷᠯᠠᠨ᠎ᠠ᠃ ᠪᠢᠳᠡ ᠠᠮᠢ ᠠᠬᠤᠢ ᠶᠢ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠢᠮᠠᠭᠲᠠ | ᠪᠠᠷᠢᠮᠲᠠᠯᠠᠵᠤ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠨᠢ ᠠᠮᠢ ᠠᠬᠤᠢ ᠶᠢᠨ | ᠣᠷᠴᠢᠨ ᠲᠣᠭᠤᠷᠢᠨ ᠢ ᠬᠠᠮᠠᠭᠠᠯᠠᠬᠤ ᠪᠠ ᠥᠭᠵᠢᠭᠦᠯᠦᠨ ᠰᠡᠷᠭᠦᠭᠡᠬᠦ᠂ ᠠᠮᠢ ᠠᠬᠤᠢ ᠶᠢᠨ ᠪᠦᠲᠦᠭᠡᠭᠳᠡᠬᠦᠨ ᠢ | ᠬᠠᠩᠭᠠᠬᠤ ᠪᠠᠷ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠲᠣᠪᠤᠶᠢᠯᠭᠠᠵᠤ᠂ ᠠᠮᠢ ᠠᠬᠤᠢ ᠶᠢᠨ ᠠᠮᠤᠷ ᠲᠦᠪᠰᠢᠨ ᠢ | ᠴᠢᠩᠭ᠎ᠠ ᠬᠠᠮᠠᠭᠠᠯᠠᠭᠰᠠᠨ ᠤᠷᠢᠳᠠᠯ ᠳᠣᠣᠷ᠎ᠠ᠂ ᠭᠤᠣᠯ ᠴᠣᠭᠴᠠᠲᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠥᠯᠥ | ᠨᠥᠯᠥᠭᠡᠯᠡᠬᠦ ᠲᠣᠬᠢᠷᠠᠮᠵᠢᠲᠠᠢ ᠠᠵᠤ ᠦᠢᠯᠡᠰ ᠢ ᠡᠷᠴᠢᠮᠲᠡᠢ ᠪᠦᠲᠦᠮᠵᠢᠲᠡᠢ ᠡᠮᠬᠢ ᠵᠢᠷᠤᠮ ᠲᠠᠢ ᠪᠠᠷ ᠬᠥᠭᠵᠢᠭᠦᠯᠦᠨ᠎ᠡ᠃ | ᠬᠤᠶᠠᠷ ᠲᠤ᠂ ᠡᠷᠡᠰ ᠴᠢᠩᠭ᠎ᠠ ᠪᠠᠷ ᠬᠢᠵᠠᠭᠠᠷᠯᠠᠬᠤ ᠶᠢ ᠴᠢᠩᠭᠠᠷᠠᠭᠤᠯᠤᠨ᠎ᠠ᠃ ᠲᠥᠪ ᠬᠤᠷᠢᠶ᠎ᠠ ᠪᠠ ᠥᠪᠡᠷᠲᠡᠭᠡᠨ | ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ | ᠱᠠᠭᠠᠷᠳᠠᠯᠭ᠎ᠠ ᠶᠢ ᠦᠨᠳᠦᠰᠦᠯᠡᠵᠦ᠂ ᠪᠦᠬᠦ ᠣᠷᠣᠨ ᠤ ᠡᠬᠢ ᠪᠠᠶᠠᠯᠢᠭ ᠤᠨ ᠣᠷᠴᠢᠨ ᠲᠣᠭᠤᠷᠢᠨ ᠤ ᠳᠠᠭᠠᠭᠠᠬᠤ | ᠴᠢᠳᠠᠪᠤᠷᠢ ᠶᠢ ᠲᠤᠷᠰᠢᠵᠤ ᠰᠢᠯᠭᠠᠨ ᠦᠨᠡᠯᠡᠬᠦ ᠠᠵᠢᠯ ᠤᠨ ᠪᠠᠶᠢᠳᠠᠯ ᠲᠠᠢ ᠤᠶᠠᠯᠳᠤᠭᠤᠯᠤᠨ᠂ ᠮᠠᠨ ᠤ ᠣᠷᠣᠨ ᠤ | ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠠᠬᠢ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ | ᠠᠵᠢᠯᠯᠠᠭ᠎ᠠ ᠶᠢ ᠴᠢᠩᠭ᠎ᠠ ᠬᠠᠮᠢᠶᠠᠷᠤᠨ᠎ᠠ᠃ ᠶᠡᠷᠦᠩᠬᠡᠢ ᠳᠤ ᠨᠢ ᠠᠪᠴᠤ ᠦᠵᠡᠪᠡᠯ᠂ ᠬᠤᠷᠢᠭ᠎ᠠ ᠴᠠᠭᠠᠵᠠ ᠲᠠᠢ | ᠵᠦᠢᠯᠡᠰ ᠤᠨ ᠨᠠᠷᠢᠨ ᠬᠠᠭᠤᠳᠠᠰᠤ ᠨᠢ ᠭᠤᠣᠯᠳᠠᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ ᠣᠳᠣ ᠶᠢᠨ | ᠪᠠᠶᠢᠭ᠎ᠠ ᠪᠠ ᠲᠥᠯᠥᠪᠵᠢᠭᠦᠯᠦᠭᠰᠡᠨ ᠠᠵᠤ ᠦᠢᠯᠡᠰ ᠲᠤ ᠪᠦᠷ ᠴᠢᠩᠭ᠎ᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ | ᠳᠤᠷᠠᠳᠴᠤ᠂ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠬᠠᠮᠢᠶᠠᠷᠤᠨ ᠡᠵᠡᠮᠳᠡᠬᠦ | ᠬᠢᠵᠠᠭᠠᠷᠯᠠᠯ ᠠᠴᠠ ᠴᠤ ᠴᠢᠩᠭ᠎ᠠ ᠪᠠᠶᠢᠯᠭᠠᠪᠠ᠃ ᠭᠤᠷᠪᠠ ᠳᠤ᠂ ᠵᠥᠷᠢᠶᠡᠲᠡᠢ ᠪᠠᠷ ᠬᠠᠮᠢᠶᠠᠷᠤᠨ ᠡᠵᠡᠮᠳᠡᠬᠦ ᠶᠢ | ᠲᠣᠪᠤᠶᠢᠯᠭᠠᠨ᠎ᠠ᠃ ᠮᠠᠨ ᠤ ᠣᠷᠣᠨ ᠤ ᠤᠰᠤᠨ ᠰᠤᠷᠪᠤᠯᠵᠢ ᠶᠢ ᠬᠠᠳᠠᠭᠠᠯᠠᠬᠤ᠂ ᠤᠰᠤ ᠰᠢᠷᠣᠢ ᠶᠢ ᠪᠠᠲᠤᠯᠠᠬᠤ ᠪᠠ | ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠠᠳᠠᠯᠢ ᠪᠤᠰᠤ ᠲᠥᠷᠥᠯ ᠬᠡᠯᠪᠡᠷᠢ ᠶᠢᠨ | ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ ᠣᠨᠴᠠᠯᠢᠭ ᠬᠢᠭᠡᠳ ᠬᠠᠮᠠᠭᠠᠯᠠᠯᠲᠠ ᠶᠢᠨ | ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠡᠯ᠎ᠡ ᠬᠤᠰᠢᠭᠤ ᠰᠢᠶᠠᠨ ︵ᠬᠤᠲᠠ︶ ᠤ ᠡᠬᠢ ᠪᠠᠶᠠᠯᠢᠭ ᠤᠨ ᠣᠷᠴᠢᠨ | ᠲᠣᠭᠤᠷᠢᠨ ᠤ ᠳᠠᠭᠠᠭᠠᠬᠤ ᠴᠢᠳᠠᠪᠤᠷᠢ ᠶᠢ ᠲᠤᠷᠰᠢᠵᠤ ᠰᠢᠯᠭᠠᠨ ᠦᠨᠡᠯᠡᠭᠰᠡᠨ ᠪᠠᠶᠢᠳᠠᠯ ᠪᠠ ᠡᠬᠢ ᠪᠠᠶᠠᠯᠢᠭ ᠤᠨ | ᠴᠢᠬᠤᠯᠠ ᠬᠦᠴᠦᠨ ᠵᠦᠢᠯ ᠤᠨ ᠤᠭ ᠰᠤᠷᠪᠤᠯᠵᠢ ᠬᠢᠭᠡᠳ ᠠᠵᠤ ᠦᠢᠯᠡᠰ ᠤᠨ ᠬᠠᠷᠢᠴᠠᠩᠭᠤᠢ ᠳᠠᠪᠠᠭᠤᠯᠢᠭ ᠵᠡᠷᠭᠡ | ᠬᠦᠴᠦᠨ ᠵᠦᠢᠯ ᠢ ᠦᠨᠳᠦᠰᠦᠯᠡᠵᠦ᠂ ᠠᠳᠠᠯᠢ ᠪᠤᠰᠤ ᠣᠷᠣᠨ ᠪᠦᠰᠡ ᠳᠤ ᠬᠥᠭᠵᠢᠭᠦᠯᠬᠦ ᠳᠤ ᠲᠣᠬᠢᠷᠠᠮᠵᠢᠲᠠᠢ ᠠᠵᠤ | ᠦᠢᠯᠡᠰ ᠤᠨ ᠲᠥᠷᠥᠯ ᠬᠡᠯᠪᠡᠷᠢ ᠪᠠ ᠠᠳᠠᠯᠢ ᠪᠤᠰᠤ ᠠᠵᠤ ᠦᠢᠯᠡᠰ ᠲᠤ ᠲᠣᠬᠢᠲᠠᠢ ᠬᠡᠷᠡᠭᠯᠡᠭᠳᠡᠬᠦ ᠣᠷᠣᠨ ᠪᠦᠰᠡ ᠶᠢᠨ | ᠬᠡᠪᠴᠢᠶ᠎ᠡ ᠶᠢ ᠢᠯᠭᠠᠭ᠎ᠠ ᠲᠠᠢ ᠪᠠᠷ ᠲᠣᠳᠣᠷᠬᠠᠶᠢᠯᠠᠵᠤ᠂ ᠲᠥᠷᠥᠯ ᠬᠤᠪᠢᠶᠠᠨ ᠵᠢᠯᠣᠭᠤᠳᠬᠤ ᠪᠠ ᠨᠠᠷᠢᠯᠢᠭᠵᠢᠭᠤᠯᠤᠨ | ᠬᠠᠮᠢᠶᠠᠷᠴᠤ ᠡᠵᠡᠮᠳᠡᠬᠦ᠋ᠢᠴᠡ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠪᠦᠷᠢᠯᠳᠦᠭᠦᠯᠵᠦ᠂ ︽ | ᠨᠢᠭᠡ ᠯᠡ ᠠᠳᠠᠯᠢ︾ ᠪᠣᠯᠭᠠᠬᠤ ᠠᠴᠠ ᠵᠠᠶᠢᠯᠠᠰᠬᠢᠨ᠎ᠡ᠃ ᠳᠥᠷᠪᠡ ᠳᠤ᠂ ᠵᠣᠯᠭᠠᠯᠳᠤᠭᠤᠯᠤᠨ ᠵᠣᠬᠢᠴᠠᠭᠤᠯᠬᠤ ᠶᠢ | ᠴᠢᠬᠤᠯᠠᠴᠢᠯᠠᠨ᠎ᠠ᠃ ᠠᠳᠠᠯᠢ ᠨᠢᠭᠡᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠪᠦᠰᠡ ᠶᠢᠨ | ᠳᠣᠲᠣᠷᠠᠬᠢ ᠬᠤᠰᠢᠭᠤ ᠰᠢᠶᠠᠨ ︵ᠬᠤᠲᠠ︶ ᠤ ᠬᠤᠭᠤᠷᠣᠨᠳᠤ᠂ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠤᠨ | ᠤᠭ ᠰᠤᠷᠪᠤᠯᠵᠢ ᠶᠢᠨ ᠨᠥᠬᠦᠴᠡᠯ ᠢᠶᠠᠷ ᠣᠶᠢᠷᠠᠯᠴᠠᠭ᠎ᠠ ᠣᠷᠣᠨ ᠪᠦᠰᠡ ᠶᠢᠨ ᠬᠤᠭᠤᠷᠣᠨᠳᠤᠬᠢ ᠨᠢᠭᠡᠳᠦᠯᠲᠡᠢ | ᠲᠥᠯᠥᠪᠵᠢᠭᠦᠯᠦᠨ ᠵᠣᠯᠭᠠᠯᠳᠤᠭᠤᠯᠬᠤ ᠪᠠᠨ ᠴᠢᠩᠭᠠᠳᠬᠠᠨ᠎ᠠ᠃ ᠶᠡᠷᠦᠩᠬᠡᠢ ᠳᠤ ᠨᠢ ᠡᠵᠡᠮᠳᠡᠬᠦ ᠵᠦᠢᠯ ᠭᠡᠪᠡᠯ᠂ ᠠᠳᠠᠯᠢ | ᠨᠢᠭᠡᠨ ᠠᠮᠢ ᠠᠬᠤᠢ ᠶᠢᠨ ᠴᠢᠳᠠᠮᠵᠢ ᠶᠢᠨ ᠣᠷᠣᠨ ᠪᠦᠰᠡ ᠶᠢᠨ ᠬᠤᠰᠢᠭᠤ ᠰᠢᠶᠠᠨ ︵ᠬᠤᠲᠠ︶ ᠳᠤ ᠠᠳᠠᠯᠢᠬᠠᠨ | ᠠᠵᠤ ᠦᠢᠯᠡᠰ ᠢ ᠵᠥᠪᠰᠢᠶᠡᠷᠡᠨ ᠣᠷᠣᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠤᠷᠢᠭ᠎ᠠ ᠴᠠᠭᠠᠵᠠ ᠲᠠᠢ | ᠵᠦᠢᠯᠡᠰ ᠤᠨ ᠨᠠᠷᠢᠨ ᠬᠠᠭᠤᠳᠠᠰᠤ ᠶᠢᠨ ᠵᠣᠬᠢᠴᠠᠯᠳᠤ ᠴᠢᠨᠠᠷ ᠪᠠ ᠨᠢᠭᠡᠳᠦᠯᠲᠦ ᠴᠢᠨᠠᠷ ᠢ ᠪᠠᠲᠤᠯᠠᠵᠤ᠂ ᠬᠠᠷᠢᠯᠴᠠᠨ | ᠵᠥᠷᠢᠴᠡᠯ ᠮᠥᠷᠭᠦᠯᠳᠦᠭᠡᠨ ᠡᠭᠦᠰᠬᠦ ᠠᠴᠠ ᠵᠠᠶᠢᠯᠠᠰᠬᠢᠨ᠎ᠡ᠃ | ᠳᠥᠷᠪᠡ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠭᠤᠣᠯ ᠠᠭᠤᠯᠭ᠎ᠠ ᠨᠢ ᠶᠠᠭᠤ | ᠪᠣᠢ︖ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠢ ᠬᠤᠰᠢᠭᠤ ᠰᠢᠶᠠᠨ ᠤ ᠱᠠᠲᠤᠨ ᠤ ᠵᠠᠰᠠᠭ | ᠵᠠᠬᠢᠷᠭᠠᠨ ᠤ ᠣᠷᠣᠨ ᠬᠤᠪᠢᠶᠠᠷᠢᠯᠠᠯ ᠢᠶᠠᠷ ᠨᠢᠭᠡᠴᠢ ᠪᠣᠯᠭᠠᠨ ᠨᠠᠶᠢᠷᠠᠭᠤᠯᠤᠨ ᠵᠣᠬᠢᠶᠠᠵᠤ᠂ ᠤᠯᠤᠰ ᠤᠨ | ᠭᠤᠣᠯᠳᠠᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ 43 ᠬᠤᠰᠢᠭᠤ ᠰᠢᠶᠠᠨ ᠳᠤ ᠬᠠᠮᠤᠷᠤᠭᠤᠯᠤᠨ᠎ᠠ᠃ | ᠡᠯ᠎ᠡ ᠬᠤᠰᠢᠭᠤ ᠰᠢᠶᠠᠨ ︵ᠬᠤᠲᠠ︶ ᠤ ᠪᠠᠶᠢᠭ᠎ᠠ ᠠᠮᠢ ᠠᠬᠤᠢ ᠶᠢᠨ ᠴᠢᠳᠠᠮᠵᠢ ᠶᠢᠨ ᠣᠷᠣᠨ ᠪᠦᠰᠡ ᠶᠢᠨ | ᠬᠥᠭᠵᠢᠯᠲᠡ ᠶᠢᠨ ᠬᠠᠨᠳᠤᠰᠢ ᠪᠠ ᠬᠠᠮᠢᠶᠠᠷᠤᠯᠲᠠ ᠶᠢᠨ ᠵᠠᠷᠴᠢᠮ ᠢ ᠦᠨᠳᠦᠰᠦᠯᠡᠵᠦ᠂ ᠵᠠᠰᠠᠭ ᠵᠠᠬᠢᠷᠭᠠᠨ ᠤ ᠣᠷᠣᠨ | ᠪᠦᠰᠡ ᠶᠢᠨ ᠳᠣᠲᠣᠭᠠᠳᠤ ᠳᠠᠬᠢ ᠦᠷᠭᠦᠯᠵᠢᠯᠡᠨ ᠬᠥᠭᠵᠢᠭᠦᠯᠬᠦ ᠳᠤ ᠲᠣᠬᠢᠷᠠᠬᠤ ᠦᠭᠡᠢ ᠠᠵᠤ ᠦᠢᠯᠡᠰ ᠢ | ᠬᠢᠵᠠᠭᠠᠷᠯᠠᠬᠤ ᠲᠥᠷᠥᠯ ᠪᠤᠶᠤ ᠴᠠᠭᠠᠵᠠᠯᠠᠬᠤ ᠲᠥᠷᠥᠯ ᠳᠤ ᠰᠠᠯᠭᠠᠨ ᠬᠤᠪᠢᠶᠠᠷᠢᠯᠠᠵᠤ᠂ ᠠᠳᠠᠯᠢ ᠪᠤᠰᠤ ᠬᠠᠮᠢᠶᠠᠷᠤᠨ | ᠡᠵᠡᠮᠳᠡᠬᠦ ᠱᠠᠭᠠᠷᠳᠠᠯᠭ᠎ᠠ ᠶᠢ ᠬᠠᠷᠠᠭᠠᠯᠵᠠᠭᠤᠯᠤᠨ ᠳᠤᠷᠠᠳᠤᠨ᠎ᠠ᠃ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ | ᠬᠠᠭᠤᠳᠠᠰᠤ ᠨᠢ ᠤᠯᠤᠰ ᠠᠷᠠᠳ ᠤᠨ ᠠᠵᠤ ᠠᠬᠤᠢ ᠶᠢᠨ 254 ᠲᠥᠷᠥᠯ ᠤᠨ ᠪᠣᠳᠠᠲᠤ ᠠᠵᠤ ᠦᠢᠯᠡᠰ ᠲᠠᠢ | ᠬᠤᠯᠪᠣᠭᠳᠠᠵᠤ᠂ ᠪᠠᠷᠤᠭ ᠪᠦᠬᠦ ᠤᠯᠤᠰ ᠠᠷᠠᠳ ᠤᠨ ᠠᠵᠤ ᠠᠬᠤᠢ ᠶᠢᠨ ᠠᠵᠤ ᠦᠢᠯᠡᠰ ᠤᠨ ᠲᠥᠷᠥᠯ ᠬᠡᠯᠪᠡᠷᠢ ᠶᠢᠨ | 18% ᠶᠢ ᠡᠵᠡᠯᠡᠵᠦ᠂ ᠲᠡᠭᠦᠨ ᠤ ᠳᠣᠲᠣᠷ᠎ᠠ᠂ ᠬᠢᠵᠠᠭᠠᠷᠯᠠᠬᠤ ᠲᠥᠷᠥᠯ ᠨᠢ ᠪᠠᠷᠤᠭ 70% ᠶᠢ ᠡᠵᠡᠯᠡᠨ᠂ | ᠴᠠᠭᠠᠵᠠᠯᠠᠬᠤ ᠲᠥᠷᠥᠯ ᠨᠢ ᠪᠠᠷᠤᠭ 30 % ᠶᠢ ᠡᠵᠡᠯᠡᠵᠡᠢ᠃ ︵ᠨᠢᠭᠡ︶ ᠬᠢᠵᠠᠭᠠᠷᠯᠠᠬᠤ ᠲᠥᠷᠥᠯ ᠳᠤ ᠵᠢᠭᠰᠠᠭᠠᠨ | ᠣᠷᠣᠭᠤᠯᠤᠭᠰᠠᠨ ᠠᠵᠤ ᠦᠢᠯᠡᠰ᠄ ᠨᠢᠭᠡ ᠳᠤ᠂ ᠤᠯᠤᠰ ᠤᠨ ︽ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠶᠢᠨ ᠵᠢᠯᠣᠭᠤᠳᠬᠤ ᠭᠠᠷᠴᠠᠭ︾ ᠲᠤ ᠲᠣᠭᠲᠠᠭᠠᠭᠰᠠᠨ ᠬᠢᠵᠠᠭᠠᠷᠯᠠᠬᠤ ᠲᠥᠷᠥᠯ ᠤᠨ ᠠᠵᠤ ᠦᠢᠯᠡᠰ | ︔ ᠬᠤᠶᠠᠷ ᠲᠤ᠂ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠵᠥᠪᠰᠢᠶᠡᠷᠡᠬᠦ ᠲᠥᠷᠥᠯ᠂ | ᠵᠣᠷᠢᠭᠵᠢᠭᠤᠯᠬᠤ ᠲᠥᠷᠥᠯ ᠤᠨ ᠠᠵᠤ ᠦᠢᠯᠡᠰ ᠲᠤ ᠬᠠᠷᠢᠶᠠᠯᠠᠭᠳᠠᠬᠤ ᠪᠣᠯᠪᠠᠴᠤ᠂ ᠬᠤᠰᠢᠭᠤ ᠰᠢᠶᠠᠨ ︵ᠬᠤᠲᠠ︶ ᠤ | ᠪᠠᠶᠢᠭ᠎ᠠ ᠠᠮᠢ ᠠᠬᠤᠢ ᠶᠢᠨ ᠴᠢᠳᠠᠮᠵᠢ ᠶᠢᠨ ᠣᠷᠣᠨ ᠪᠦᠰᠡ ᠶᠢᠨ ᠬᠥᠭᠵᠢᠯᠲᠡ ᠶᠢᠨ ᠬᠠᠨᠳᠤᠰᠢ ᠪᠠ ᠨᠡᠭᠡᠭᠡᠨ | ᠬᠥᠭᠵᠢᠭᠦᠯᠵᠦ ᠬᠠᠮᠢᠶᠠᠷᠬᠤ ᠵᠠᠷᠴᠢᠮ ᠲᠠᠢ ᠨᠡᠶᠢᠴᠡᠬᠦ ᠦᠭᠡᠢ ᠠᠵᠤ ᠦᠢᠯᠡᠰ᠃ ︵ᠬᠤᠶᠠᠷ︶ ᠴᠠᠭᠠᠵᠠᠯᠠᠬᠤ | ᠲᠥᠷᠥᠯ ᠳᠤ ᠵᠢᠭᠰᠠᠭᠠᠨ ᠣᠷᠣᠭᠤᠯᠤᠭᠰᠠᠨ ᠠᠵᠤ ᠦᠢᠯᠡᠰ᠄ ᠨᠢᠭᠡ ᠳᠤ᠂ ᠤᠯᠤᠰ ᠤᠨ ︽ᠠᠵᠤ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ ᠶᠢᠨ ᠵᠢᠯᠣᠭᠤᠳᠬᠤ ᠭᠠᠷᠴᠠᠭ︾ ᠲᠤ ᠲᠣᠭᠲᠠᠭᠠᠭᠰᠠᠨ ᠰᠢᠯᠢᠭᠳᠡᠬᠦ ᠲᠥᠷᠥᠯ ᠤᠨ | ᠠᠵᠤ ᠦᠢᠯᠡᠰ︔ ᠬᠤᠶᠠᠷ ᠲᠤ᠂ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠬᠢᠵᠠᠭᠠᠷᠯᠠᠬᠤ | ᠲᠥᠷᠥᠯ᠂ ᠵᠥᠪᠰᠢᠶᠡᠷᠡᠬᠦ ᠲᠥᠷᠥᠯ᠂ ᠵᠣᠷᠢᠭᠵᠢᠭᠤᠯᠬᠤ ᠲᠥᠷᠥᠯ ᠤᠨ ᠠᠵᠤ ᠦᠢᠯᠡᠰ ᠲᠤ ᠬᠠᠷᠢᠶᠠᠯᠠᠭᠳᠠᠬᠤ ᠪᠣᠯᠪᠠᠴᠤ | ᠂ ᠬᠤᠰᠢᠭᠤ ᠰᠢᠶᠠᠨ ︵ᠬᠤᠲᠠ︶ ᠨᠢ ᠲᠣᠬᠢᠷᠠᠯᠴᠠᠭᠰᠠᠨ ᠡᠬᠢ ᠪᠠᠶᠠᠯᠢᠭ ᠤᠨ ᠤᠭ ᠰᠤᠷᠪᠤᠯᠵᠢ ᠶᠢᠨ ᠨᠥᠬᠦᠴᠡᠯ ᠢ | ᠪᠦᠷᠢᠯᠳᠦᠭᠦᠯᠦᠭᠰᠡᠨ ᠦᠭᠡᠢ ᠪᠤᠶᠤ ᠪᠠᠶᠢᠭ᠎ᠠ ᠠᠮᠢ ᠠᠬᠤᠢ ᠶᠢᠨ ᠴᠢᠳᠠᠮᠵᠢ ᠶᠢᠨ ᠣᠷᠣᠨ ᠪᠦᠰᠡ ᠶᠢᠨ ᠨᠡᠭᠡᠭᠡᠨ | ᠬᠥᠭᠵᠢᠭᠦᠯᠵᠦ ᠬᠠᠮᠢᠶᠠᠷᠬᠤ ᠵᠠᠷᠴᠢᠮ ᠲᠠᠢ ᠨᠡᠶᠢᠴᠡᠬᠦ ᠦᠭᠡᠢ ᠠᠵᠤ ᠦᠢᠯᠡᠰ᠃ ᠬᠤᠷᠢᠭ᠎ᠠ ᠴᠠᠭᠠᠵᠠ ᠲᠠᠢ ᠵᠦᠢᠯᠡᠰ ᠤᠨ | ᠨᠠᠷᠢᠨ ᠬᠠᠭᠤᠳᠠᠰᠤ ᠳᠤ ᠥᠯᠥ ᠬᠤᠯᠪᠣᠭᠳᠠᠬᠤ ᠤᠯᠤᠰ ᠠᠴᠠ ᠲᠥᠯᠥᠪᠵᠢᠭᠦᠯᠦᠨ ᠪᠠᠶᠢᠷᠢᠰᠢᠭᠤᠯᠤᠭᠰᠠᠨ ᠴᠥᠮ᠎ᠡ ᠶᠢᠨ | ᠴᠠᠬᠢᠯᠭᠠᠨ᠂ ᠰᠠᠨᠰᠠᠷ ᠤᠨ ᠲᠡᠭᠡᠭᠡᠪᠦᠷᠢ ᠵᠡᠷᠭᠡ ᠠᠵᠤ ᠦᠢᠯᠡᠰ᠃ | ᠲᠠᠪᠤ᠂ ᠬᠡᠰᠡᠭᠯᠡᠯ ᠬᠡᠯᠪᠡᠷᠢ ᠲᠠᠢ ᠪᠠᠷ ᠨᠡᠭᠡᠭᠡᠨ ᠬᠥᠭᠵᠢᠭᠦᠯᠬᠦ ᠬᠤᠲᠠ ᠬᠥᠳᠡᠭᠡ ᠳᠤ ᠬᠤᠷᠢᠭ᠎ᠠ ᠴᠠᠭᠠᠵᠠ ᠲᠠᠢ | ᠵᠦᠢᠯᠡᠰ ᠤᠨ ᠨᠠᠷᠢᠨ ᠬᠠᠭᠤᠳᠠᠰᠤ ᠨᠢ ᠶᠠᠮᠠᠷ ᠲᠥᠷᠥ ᠶᠢᠨ ᠪᠣᠳᠣᠯᠭ᠎ᠠ ᠠᠪᠤᠭᠰᠠᠨ ᠪᠣᠢ︖ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠᠲᠤ ᠴᠢᠳᠠᠮᠵᠢ ᠶᠢᠨ ᠣᠷᠣᠨ ᠤ ᠲᠥᠯᠥᠪᠵᠢᠭᠦᠯᠭᠡ︾ ᠵᠡᠷᠭᠡ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠡᠰᠡᠭ ᠬᠡᠰᠡᠭ ᠢᠶᠠᠷ ᠨᠡᠭᠡᠭᠡᠨ ᠬᠥᠭᠵᠢᠭᠦᠯᠬᠦ᠂ ᠨᠡᠶᠢᠳᠡᠮ ᠳᠤ ᠨᠢ | ᠬᠠᠮᠠᠭᠠᠯᠠᠬᠤ ᠵᠠᠷᠴᠢᠮ ᠢ ᠪᠠᠷᠢᠮᠲᠠᠯᠠᠬᠤ ᠪᠠ ᠲᠡᠭᠦᠯᠳᠡᠷᠵᠢᠭᠦᠯᠵᠦ᠂ ᠠᠮᠢ ᠠᠬᠤᠢ ᠶᠢᠨ ᠴᠢᠳᠠᠮᠵᠢ ᠶᠢ ᠪᠠᠲᠤᠯᠠᠭᠰᠠᠨ | ᠤᠷᠢᠳᠠᠯ ᠳᠣᠣᠷ᠎ᠠ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ ᠬᠡᠰᠡᠭᠯᠡᠯ | ᠬᠡᠯᠪᠡᠷᠢ ᠲᠠᠢ ᠪᠠᠷ ᠨᠡᠭᠡᠭᠡᠨ ᠬᠥᠭᠵᠢᠭᠦᠯᠬᠦ ᠬᠤᠲᠠ ᠬᠥᠳᠡᠭᠡ ᠶᠢ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠬᠦ ᠣᠷᠣᠨ | ᠪᠦᠰᠡ ᠲᠠᠢ ᠬᠠᠷᠭᠤᠭᠤᠯᠵᠤ ᠪᠠᠶᠢᠭᠠᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠦᠷᠲᠡᠭᠡᠨ᠎ᠡ᠃ ᠬᠤᠶᠢᠰᠢᠳᠠ᠂ | ᠵᠢᠱᠢᠶᠡᠯᠡᠪᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠᠲᠤ ᠴᠢᠳᠠᠮᠵᠢ ᠶᠢᠨ | ᠣᠷᠣᠨ ᠤ ᠲᠥᠯᠥᠪᠵᠢᠭᠦᠯᠭᠡ︾ ᠳᠤ ᠲᠣᠬᠢᠷᠠᠭᠤᠯᠤᠯᠲᠠ ᠬᠢᠵᠦ ᠵᠠᠰᠠᠪᠤᠷᠢ ᠣᠷᠣᠭᠤᠯᠪᠠᠯ᠂ ᠬᠤᠷᠢᠭ᠎ᠠ ᠴᠠᠭᠠᠵᠠ ᠲᠠᠢ | ᠵᠦᠢᠯᠡᠰ ᠤᠨ ᠨᠠᠷᠢᠨ ᠬᠠᠭᠤᠳᠠᠰᠤ ᠶᠢ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠᠲᠤ ᠴᠢᠳᠠᠮᠵᠢ ᠶᠢᠨ ᠣᠷᠣᠨ ᠤ ᠲᠥᠯᠥᠪᠵᠢᠭᠦᠯᠭᠡ︾ ᠲᠠᠢ ᠰᠢᠭᠤᠳ | ᠵᠣᠯᠭᠠᠯᠳᠤᠭᠤᠯᠤᠨ᠎ᠠ᠃ | ᠵᠢᠷᠭᠤᠭ᠎ᠠ᠂ ᠬᠠᠤᠯᠢ ᠶᠣᠰᠣᠭᠠᠷ ᠣᠯᠣᠭᠰᠠᠨ ᠠᠭᠤᠷᠬᠠᠢ ᠬᠠᠶᠢᠬᠤ ᠡᠷᠬᠡ ᠲᠠᠢ ᠲᠥᠷᠥᠯ ᠵᠦᠢᠯ ᠳᠤ ᠠᠭᠤᠷᠬᠠᠢ | ᠮᠠᠯᠲᠠᠬᠤ ᠡᠷᠬᠡ ᠶᠢ ᠭᠤᠶᠤᠴᠢᠯᠠᠨ ᠭᠦᠢᠴᠡᠳᠬᠡᠬᠦ ᠲᠠᠯ᠎ᠠ ᠳᠤ ᠠᠪᠤᠭᠰᠠᠨ ᠬᠤᠷᠢᠭ᠎ᠠ ᠴᠠᠭᠠᠵᠠ ᠲᠠᠢ ᠵᠦᠢᠯᠡᠰ ᠤᠨ | ᠨᠠᠷᠢᠨ ᠬᠠᠭᠤᠳᠠᠰᠤ ᠶᠢᠨ ᠲᠥᠷᠥ ᠶᠢᠨ ᠪᠣᠳᠣᠯᠭ᠎ᠠ ᠨᠢ ᠶᠠᠭᠤ ᠪᠣᠢ︖ ᠬᠠᠤᠯᠢ ᠶᠣᠰᠣᠭᠠᠷ ᠵᠠᠰᠠᠭ ᠶᠠᠪᠤᠭᠤᠯᠬᠤ | ᠵᠠᠷᠴᠢᠮ ᠶᠣᠰᠣᠭᠠᠷ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠳᠠᠷᠤᠮᠠᠯᠯᠠᠨ ᠲᠠᠷᠬᠠᠭᠠᠬᠤ ᠠᠴᠠ | ᠡᠮᠦᠨ᠎ᠡ ᠨᠢᠭᠡᠨᠲᠡ ᠬᠠᠤᠯᠢ ᠶᠣᠰᠣᠭᠠᠷ ᠠᠭᠤᠷᠬᠠᠢ ᠬᠠᠶᠢᠬᠤ ᠡᠷᠬᠡ ᠣᠯᠣᠭᠰᠠᠨ ᠲᠥᠷᠥᠯ ᠵᠦᠢᠯ ᠤᠳ ᠤᠨ ᠤᠷᠠᠯᠠᠯ ᠤᠨ | ᠮᠡᠷᠭᠡᠵᠢᠯ᠂ ᠪᠡᠯᠡᠳᠬᠡᠮᠵᠢ ᠶᠢᠨ ᠨᠥᠬᠦᠴᠡᠯ᠂ ᠠᠷᠢᠭᠤᠳᠬᠠᠭᠰᠠᠨ ᠦᠢᠯᠡᠳᠪᠦᠷᠢᠯᠡᠯ ᠨᠢ ᠤᠯᠤᠰ ᠤᠨ ᠳᠣᠲᠣᠭᠠᠳᠤ ᠶᠢᠨ | ᠲᠡᠷᠢᠭᠦᠨ ᠤ ᠬᠢᠷᠢ ᠲᠦᠪᠰᠢᠨ ᠳᠤ ᠬᠦᠷᠦᠭᠰᠡᠨ ᠤᠷᠢᠳᠠᠯ ᠳᠣᠣᠷ᠎ᠠ᠂ ᠠᠵᠢᠯ ᠲᠥᠷᠥᠯ ᠢ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠦᠨᠡᠯᠡᠨ ᠵᠢᠱᠢᠯᠲᠡ ᠨᠤᠲᠠᠯᠠᠯᠲᠠ ᠶᠢ ᠵᠣᠬᠢᠶᠠᠨ ᠪᠠᠶᠢᠭᠤᠯᠬᠤ ᠪᠠᠷ ᠳᠠᠮᠵᠢᠨ ᠪᠠᠲᠤᠯᠠᠭᠰᠠᠨ ᠤ | ᠳᠠᠷᠠᠭ᠎ᠠ᠂ ᠲᠡᠭᠦᠨ ᠤ ᠬᠠᠤᠯᠢ ᠶᠣᠰᠣᠭᠠᠷ ᠠᠭᠤᠷᠬᠠᠢ ᠮᠠᠯᠲᠠᠬᠤ ᠡᠷᠬᠡ ᠭᠤᠶᠤᠴᠢᠯᠠᠨ ᠭᠦᠢᠴᠡᠳᠬᠡᠬᠦ ᠶᠢ ᠨᠢ | ᠵᠥᠪᠰᠢᠶᠡᠷᠡᠨ᠎ᠡ᠃ | ᠳᠣᠯᠤᠭ᠎ᠠ᠂ ᠶᠠᠭ ᠰᠠᠶᠢᠬᠠᠨ ᠬᠠᠤᠯᠢ ᠶᠣᠰᠣᠭᠠᠷ ᠣᠯᠣᠭᠰᠠᠨ ᠬᠠᠮᠢᠶ᠎ᠠ ᠪᠦᠬᠦᠢ ᠭᠠᠷᠳᠠᠮ ᠢᠶᠠᠨ ᠭᠦᠢᠴᠡᠳᠬᠡᠵᠦ | ᠪᠠᠶᠢᠭ᠎ᠠ ᠦᠢᠯᠡᠳᠬᠡᠯ ᠤᠨ ᠦᠢᠯᠡᠰ ᠤᠨ ᠲᠥᠷᠥᠯ ᠵᠦᠢᠯ ᠳᠤ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ | ᠬᠠᠭᠤᠳᠠᠰᠤ ᠨᠢ ᠶᠠᠮᠠᠷ ᠲᠥᠷᠥ ᠶᠢᠨ ᠪᠣᠳᠣᠯᠭ᠎ᠠ ᠠᠪᠤᠭᠰᠠᠨ ᠪᠣᠢ︖ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ | ᠬᠠᠭᠤᠳᠠᠰᠤ ᠶᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠨᠢᠭᠡᠨᠲᠡ ᠬᠠᠤᠯᠢ ᠶᠣᠰᠣᠭᠠᠷ ᠪᠦᠷᠢᠳᠬᠡᠨ | ᠳᠠᠩᠰᠠᠯᠠᠭᠤᠯᠤᠭᠰᠠᠨ ︵ᠬᠠᠷᠭᠤᠭᠤᠯᠤᠨ ᠵᠥᠪᠰᠢᠶᠡᠷᠡᠭᠦᠯᠦᠭᠰᠡᠨ︶ ᠪᠢᠴᠢᠭ ᠮᠠᠲ᠋ᠧᠷᠢᠶᠠᠯ ︵ᠬᠦᠰᠦᠨᠦᠭ︶᠂ ᠣᠷᠴᠢᠨ | ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠴᠣᠬᠤᠯᠠᠪᠤᠷᠢ ᠵᠡᠷᠭᠡ ᠭᠠᠭᠴᠠ ᠲᠥᠷᠥᠯ ᠪᠤᠶᠤ ᠣᠯᠠᠨ | ᠲᠥᠷᠥᠯ ᠤᠨ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠣᠯᠣᠭᠰᠠᠨ ᠢᠶᠠᠷ ᠪᠠᠷᠠᠬᠤ ᠦᠭᠡᠢ᠂ ᠪᠢᠴᠢᠭ ᠮᠠᠲ᠋ᠧᠷᠢᠶᠠᠯ ︵ | ᠬᠦᠰᠦᠨᠦᠭ︶ ᠨᠢ ᠪᠦᠷ ᠬᠦᠴᠦᠨ ᠪᠦᠬᠦᠢ ᠬᠤᠭᠤᠴᠠᠭᠠᠨ ᠳᠠᠬᠢ ᠦᠢᠯᠡᠳᠬᠡᠯ ᠤᠨ ᠦᠢᠯᠡᠰ ᠤᠨ ᠲᠥᠷᠥᠯ ᠵᠦᠢᠯ | ᠪᠠᠶᠢᠪᠠᠯ᠂ ᠤᠰᠤ ᠬᠡᠷᠡᠭᠯᠡᠬᠦ᠂ ᠭᠠᠵᠠᠷ ᠰᠢᠷᠣᠢ ᠬᠡᠷᠡᠭᠯᠡᠬᠦ᠂ ᠲᠥᠯᠥᠪᠵᠢᠭᠦᠯᠬᠦ᠂ ᠪᠦᠷᠢᠳᠬᠡᠨ ᠳᠠᠩᠰᠠᠯᠠᠭᠤᠯᠬᠤ᠂ | ᠬᠠᠷᠭᠤᠭᠤᠯᠤᠨ ᠵᠥᠪᠰᠢᠶᠡᠷᠡᠭᠦᠯᠬᠦ ᠵᠡᠷᠭᠡ ᠬᠠᠮᠢᠶ᠎ᠠ ᠪᠦᠬᠦᠢ ᠭᠠᠷᠳᠠᠮ ᠢᠶᠠᠨ ᠬᠠᠤᠯᠢ ᠶᠣᠰᠣᠭᠠᠷ ᠦᠷᠭᠦᠯᠵᠢᠯᠡᠨ | ᠭᠦᠢᠴᠡᠳᠬᠡᠬᠦ ᠶᠢ ᠨᠢ ᠵᠥᠪᠰᠢᠶᠡᠷᠡᠨ᠎ᠡ᠃ | ᠨᠠᠢᠮᠠ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠨᠢ ᠪᠤᠰᠤᠳ ᠠᠳᠠᠯᠢ ᠲᠥᠷᠥᠯ ᠤᠨ | ᠠᠵᠤ ᠦᠢᠯᠡᠰ ᠤᠨ ᠲᠥᠷᠥ ᠶᠢᠨ ᠪᠣᠳᠣᠯᠭ᠎ᠠ ᠲᠠᠢ ᠶᠠᠮᠠᠷ ᠬᠠᠷᠢᠴᠠᠭ᠎ᠠ ᠲᠠᠢ ᠪᠣᠢ︖ ᠤᠯᠤᠰ ᠤᠨ ᠭᠤᠣᠯᠳᠠᠯᠭ᠎ᠠ ᠲᠠᠢ | ᠠᠮᠢ ᠠᠬᠤᠢ ᠶᠢᠨ ᠴᠢᠳᠠᠮᠵᠢ ᠶᠢᠨ ᠣᠷᠣᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠨᠤᠭᠤᠳ ᠤᠨ | ᠵᠣᠬᠢᠴᠠᠯᠳᠤᠨ ᠨᠢᠭᠡᠳᠬᠦ ᠶᠢ ᠪᠠᠲᠤᠯᠠᠬᠤ ᠶᠢᠨ ᠲᠥᠯᠥᠭᠡ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ | ᠬᠠᠭᠤᠳᠠᠰᠤ ᠶᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ | ᠴᠢᠳᠠᠮᠵᠢ ᠶᠢᠨ ᠣᠷᠣᠨ ᠤ ᠠᠵᠤ ᠦᠢᠯᠡᠰ ᠢ ᠵᠥᠪᠰᠢᠶᠡᠷᠡᠨ ᠣᠷᠣᠭᠤᠯᠬᠤ ᠠᠵᠢᠯ ᠶᠠᠪᠤᠳᠠᠯ ᠳᠤ ᠬᠤᠷᠢᠭ᠎ᠠ | ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶ᠎ᠠ ᠪᠦᠬᠦᠢ ᠲᠣᠭᠲᠠᠭᠠᠯ ᠢ ᠬᠡᠷᠡᠭᠯᠡᠬᠦ ᠳᠤ ᠲᠣᠬᠢᠷᠠᠨ᠎ᠠ︔ | ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ ᠳᠤ ᠠᠵᠤ ᠦᠢᠯᠡᠰ ᠢ | ᠵᠥᠪᠰᠢᠶᠡᠷᠡᠨ ᠣᠷᠣᠭᠤᠯᠬᠤ ᠠᠵᠢᠯ ᠶᠠᠪᠤᠳᠠᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠡᠭᠡᠭᠡᠨ ᠬᠥᠭᠵᠢᠭᠦᠯᠬᠦ ᠶᠢ ᠬᠢᠵᠠᠭᠠᠷᠯᠠᠬᠤ ᠣᠷᠣᠨ ᠪᠦᠰᠡ ᠶᠢᠨ ᠬᠢᠵᠠᠭᠠᠷᠯᠠᠬᠤ ᠲᠥᠷᠥᠯ ᠪᠠ ᠴᠠᠭᠠᠵᠠᠯᠠᠬᠤ | ᠲᠥᠷᠥᠯ ᠤᠨ ᠠᠵᠤ ᠦᠢᠯᠡᠰ ᠢ ᠵᠢᠯᠣᠭᠤᠳᠬᠤ ᠭᠠᠷᠴᠠᠭ ︵2016 ᠣᠨ ᠤ ᠬᠡᠪᠯᠡᠯ︶︾ ︵ᠥᠪᠥᠷ ᠵᠠᠰᠠᠭ ᠠᠯᠪᠠᠨ | ᠲᠠᠷᠬᠠᠭᠠᠭᠰᠠᠨ ︹2016︺ 127 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠷᠭᠦᠯᠵᠢᠯᠡᠨ | ᠬᠡᠷᠡᠭᠵᠢᠭᠦᠯᠦᠨ᠎ᠡ᠃ | |