ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠡᠨ ᠵᠢᠯ ᠤᠨ ᠠᠵᠢᠯᠯᠠᠭᠠᠨ ᠤ ᠲᠦᠰᠦᠯ ︵2018 — 2020 ᠤᠨ ᠪᠤᠯᠳᠠᠯᠡᠬᠢ︶ ︵ᠨᠢᠭᠡ︶
ᠨᠡᠶᠢᠲᠡᠯᠡᠭᠰᠡᠨ ᠴᠠᠭ᠄
2018/6/26
     ᠦᠪᠤᠷ ᠮᠤᠩᠭᠤᠯ ᠤᠨ ᠦᠪᠠᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ      ᠦᠪᠠᠷᠳᠡᠬᠡᠨ ᠵᠠᠰᠠᠬᠤ ᠤᠷᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ      ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ      ᠠᠮᠢᠳᠤᠷᠠᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠡᠨ ᠵᠢᠯ ᠤᠨ ᠠᠵᠢᠯᠯᠠᠭᠠᠨ ᠤ ᠲᠦᠰᠦᠯ      ︵2018 — 2020 ᠤᠨ ᠪᠤᠯᠳᠠᠯᠡᠬᠢ︶︾ ᠢ ᠲᠠᠷᠤᠮᠠᠯᠯᠠᠨ ᠲᠠᠷᠬᠠᠭᠠᠬᠤ ᠮᠡᠳᠡᠭᠳᠡᠯ ᠡᠯ᠎ᠠ ᠠᠶᠢᠮᠠᠭ ᠬᠤᠳᠠ ᠶᠢᠨ ᠨᠠᠮ ᠤᠨ ᠬᠤᠷᠢᠶ᠎ᠠ᠂ ᠠᠶᠢᠮᠠᠬ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠭᠡᠨ ᠵᠠᠰᠠᠬᠤ ᠤᠷᠤᠨ ᠤ ᠡᠯ᠎ᠠ ᠭᠡᠯᠳᠡᠰ᠂ ᠵᠦᠪᠯᠡᠯ᠂ ᠠᠯᠪᠠᠨ ᠭᠡᠷ᠂ ᠳᠢᠩᠬᠢᠮ᠂ ᠳᠤᠪᠴᠢᠶ᠎ᠠ ᠪᠤᠯᠤᠨ ᠡᠯ᠎ᠠ ᠠᠷᠠᠳ ᠤᠨ ᠪᠦᠯᠬᠦᠮ᠄      ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠡᠨ ᠵᠢᠯ ᠤᠨ ᠠᠵᠢᠯᠯᠠᠭᠠᠨ ᠤ ᠳᠥᠰᠥᠯ ︵2018 — 2020 ᠤᠨ ᠪᠤᠯᠳᠠᠯᠡᠬᠢ︶︾ ᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠵᠦᠪᠰᠢᠶᠠᠷᠠᠯ ᠢᠶᠠᠷ ᠳᠠᠷᠤᠮᠠᠯᠯᠠᠨ ᠳᠠᠷᠬᠠᠭᠠᠵᠦ ᠪᠠᠶᠢᠨ᠎ᠠ᠂ ᠪᠤᠳᠠᠳᠠᠢ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠤᠭᠠᠷᠠᠢ᠃                    ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ                    ᠵᠠᠰᠠᠬᠤ ᠤᠷᠤᠨ ᠤ ᠬᠤᠷᠢᠶ᠎ᠠ ᠶᠢᠨ ᠠᠯᠪᠠᠨ ᠲᠢᠩᠬᠢᠮ ᠦᠪᠦᠷ ᠮᠤᠩᠭᠤᠯ ᠤᠨ ᠦᠪᠡᠷᠳᠡᠭᠡᠨ                    ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ                                           2018 ᠤᠨ ᠤ 6 ᠰᠠᠷ᠎ᠠ ᠶᠢᠨ 2 ᠤᠨ ᠡᠳᠤᠷ            ︽ᠨᠠᠮ ᠤᠨ ᠲᠦᠪ ᠬᠤᠷᠢᠶ᠎ᠡ ᠶᠢᠨ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶ᠎ᠡ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︿ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠡᠨ ᠵᠢᠯ ᠤᠨ ᠠᠵᠢᠯᠯᠠᠭᠠᠨ ᠤ ᠲᠦᠰᠦᠯ﹀ ᠤᠨ ᠲᠤᠬᠠᠢ ᠮᠡᠳᠡᠭᠳᠡᠯ︾ ︵ᠲᠦᠪ ᠬᠤᠷᠢᠶ᠎ᠡ ᠶᠢᠨ ᠠᠯᠪᠠᠨ ᠲᠢᠩᠬᠢᠮ ᠤᠨ ︿2018﹀ ᠲᠠᠪᠤᠳᠤᠭᠠᠷ ᠲᠤᠭᠠᠳᠤ︶ ᠤᠨ ᠵᠤᠷᠢᠬ ᠰᠠᠨᠠᠭ᠎ᠠ ᠶᠢ ᠬᠦᠡᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠲᠦᠷᠭᠡᠤᠭᠡᠨ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠲᠦᠪᠰᠢᠨ ᠢ ᠪᠦᠬᠦ ᠲᠠᠯ᠎ᠡ ᠪᠠᠷ ᠲᠡᠭᠡᠭᠰᠢᠯᠡᠬᠦᠯᠵᠤ ᠂ ᠦᠪᠡᠷᠳᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠡᠨᠡᠬᠦ ᠲᠦᠰᠦᠯ ᠢ ᠲᠤᠬᠳᠠᠭᠠᠨ ᠭᠡᠷᠡᠭᠵᠢᠬᠦᠯᠬᠦ ᠪᠠᠷ ᠪᠤᠢ᠃      ᠨᠢᠭᠡ᠂ ᠶᠠᠷᠤᠩᠭᠡᠢ ᠱᠠᠭᠠᠷᠳᠠᠯᠭ᠎ᠠ      ︵ᠨᠢᠭᠡ︶ ᠵᠢᠯᠤᠭᠤᠤᠠᠬᠤ ᠦᠵᠡᠯ ᠰᠠᠨᠠᠭ᠎ᠠ      ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠡ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠡᠭ ᠤᠨ ᠰᠢᠨ᠎ᠡ ᠴᠠᠬ ᠦᠶ᠎ᠡ ᠶᠢᠨ ᠲᠤᠮᠳᠠᠳᠤ ᠤᠯᠤᠰ ᠤᠨ ᠤᠠᠴᠠᠯᠢᠬ ᠲᠠᠢ ᠨᠡᠶᠢᠭᠡᠮ ᠵᠢᠷᠤᠮ ᠤᠨ ᠦᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠶᠡᠷᠤᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠳᠤ ᠰᠢᠡᠵᠢᠯᠠᠨ ᠪᠠᠶᠢᠴᠠᠭᠠᠬᠤ ᠦᠶ᠎ᠡ ᠶᠢᠨ ᠴᠢᠬᠤᠯᠨ ᠶᠠᠷᠢᠶ᠎ᠡ ᠪᠤᠯᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭ᠎ᠠ ᠶᠢᠨ ᠬᠤᠷᠠᠯ ᠳᠤ ᠤᠷᠤᠯᠴᠠᠬᠤ ᠦᠶ᠎ᠡ ᠶᠢᠨ ᠴᠢᠬᠤᠯᠨ ᠶᠠᠷᠢᠶᠠᠨ ᠤ ᠵᠤᠷᠢᠬ ᠰᠠᠨᠠᠭ᠎ᠠ ᠶᠢ ᠬᠦᠡᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠬᠴᠠᠵᠢᠭᠤᠯᠬᠤ︾ ᠶᠠᠷᠤᠩᠭᠡᠢ ᠪᠠᠶᠢᠷᠢᠰᠢᠭᠤᠯᠤᠯᠳᠡ ᠪᠤᠯᠤᠨ ︽ᠲᠦᠷᠪᠡᠨ ᠪᠦᠬᠦ ᠲᠠᠯ᠎ᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠡ ᠶᠢ ᠨᠢᠭᠡᠳᠦᠯᠳᠡᠢ ᠲᠦᠯᠦᠪᠵᠢᠬᠦᠯᠦᠨ ᠠᠬᠢᠭᠤᠯᠬᠤ ᠲᠤᠭᠤᠷᠢᠨ ᠳᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠳᠤ ᠪᠤᠢ ᠪᠤᠯᠭᠠᠨ᠂ ᠰᠢᠨ᠎ᠡ ᠬᠦᠭᠵᠢᠯᠳᠡ ᠶᠢᠨ ᠦᠢᠯᠠᠭᠠᠬᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠳᠡᠭᠡ ᠲᠤᠰᠬᠤᠨ ᠢ ᠮᠠᠠᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠡᠵᠡᠭᠡᠢ ᠭᠡᠷᠡᠭᠵᠢᠬᠦᠯᠵᠤ ᠂ ᠮᠠᠯ ᠠᠵᠤ ᠠᠬᠤᠢ ᠲᠠᠷᠢᠶᠠᠯᠠᠩ ᠪᠤᠯᠤᠨ ᠮᠠᠯᠵᠢᠬᠤ ᠲᠠᠷᠢᠶᠠᠯᠠᠬᠤ ᠤᠷᠤᠨ ᠢ ᠤᠷᠢᠳᠡᠪᠡᠷ ᠬᠦᠭᠵᠢᠬᠦᠯᠬᠦ ᠶᠢ ᠪᠠᠷᠢᠮᠳᠠᠯᠠᠨ ᠂ ᠬᠦᠭᠡᠮᠳᠦᠭ ᠨᠤᠭᠤᠭᠠᠨ ᠠᠭᠤᠯᠨ ᠤᠰᠤ ᠪᠤᠯ ᠲᠠᠷᠤᠢ ᠠᠯᠳᠡ ᠮᠦᠡᠭᠬᠦᠨ ᠠᠭᠤᠯᠨ ᠤᠰᠤ ᠭᠡᠳᠡᠭ ᠢ ᠪᠠᠷᠢᠮᠳᠠᠯᠠᠨ᠂ ᠦᠷᠭᠡᠨ ᠤᠯᠠᠨ ᠮᠠᠯᠴᠢᠨ ᠲᠠᠷᠢᠶᠠᠴᠢᠨ ᠤ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠬᠦᠰᠡᠯ ᠳᠤ ᠵᠤᠬᠢᠴᠠᠭᠤᠯᠵᠤ᠂ ᠬᠤᠳᠡ ᠬᠦᠳᠡᠭᠡ ᠶᠢᠨ ᠬᠦᠭᠵᠢᠯᠲᠡ ᠶᠢ ᠨᠢᠭᠡᠳᠦᠯᠳᠡᠢ ᠲᠦᠯᠦᠪᠵᠢᠭᠦᠯᠦᠨ᠂ ᠦᠢᠯᠡᠤᠡᠪᠤᠷᠢᠯᠡᠯ ᠠᠮᠢᠳᠤᠷᠠᠯ ᠠᠮᠢ ᠠᠬᠤᠢ ᠶᠢ ᠨᠢᠭᠡᠳᠦᠯᠳᠡᠢ ᠲᠦᠯᠦᠪᠵᠢᠬᠦᠯᠵᠤ᠂ ᠦᠵᠡᠰᠬᠦᠯᠡᠩᠳᠤ ᠰᠠᠶᠢᠬᠠᠨ ᠤᠷᠤᠰᠢᠨ ᠠᠮᠢᠳᠤᠷᠠᠬᠤ ᠳᠤ ᠲᠠᠭᠠᠯᠠᠮᠵᠢᠳᠠᠢ ᠭᠠᠴᠠᠭ᠎ᠠ ᠲᠤᠰᠬᠤᠨ ᠢ ᠪᠠᠶᠢᠭᠤᠯᠬᠤ ᠪᠠᠷ ᠤᠳᠤᠷᠢᠳᠤᠮᠵᠢ ᠪᠤᠯᠭᠠᠨ᠂ ᠮᠠᠯᠵᠢᠬᠤ ᠲᠠᠷᠢᠶᠠᠯᠠᠬᠤ ᠤᠷᠤᠨ ᠤ ᠬᠤᠬ ᠨᠤᠪᠰᠢ ᠪᠡ ᠪᠤᠬᠢᠷ ᠤᠰᠤ ᠶᠢ ᠵᠠᠰᠠᠬᠤ᠂ ᠵᠤᠷᠯᠤᠩ ᠪᠤᠯᠤᠨ ᠵᠤᠷᠯᠤᠩ ᠤᠨ ᠢᠯᠭᠠᠳᠠᠰᠤ ᠶᠢ ᠵᠠᠰᠠᠬᠤ᠂ ᠮᠠᠯ ᠠᠵᠤ ᠠᠬᠤᠢ ᠲᠠᠷᠢᠶᠠᠯᠠᠩ ᠦᠢᠯᠡᠤᠡᠪᠤᠷᠢᠯᠡᠯ ᠤᠨ ᠬᠠᠶᠠᠬᠳᠠᠮᠠᠯ ᠪᠤᠳᠠᠰ ᠢ ᠡᠬᠢ ᠪᠠᠶᠠᠯᠢᠬ ᠪᠤᠯᠭᠠᠨ ᠠᠰᠢᠬᠯᠠᠬᠤ ᠪᠡ ᠲᠤᠰᠬᠤᠨ ᠤ ᠲᠦᠷᠢ ᠲᠦᠷᠬᠦ ᠶᠢ ᠰᠠᠶᠢᠵᠢᠷᠠᠭᠤᠯᠬᠤ ᠪᠠᠷ ᠭᠤᠤᠯ ᠰᠢᠪᠳᠤᠯᠤᠯᠳᠡ ᠶᠢᠨ ᠴᠢᠭᠯᠡᠯ ᠢᠶᠠᠨ ᠪᠤᠯᠭᠠᠵᠤ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠤ ᠲᠤᠪᠤᠶᠢᠮ᠎ᠡ ᠲᠤᠳᠠᠭᠤᠳᠠᠯ ᠢ ᠲᠦᠷᠭᠡᠤᠡᠭᠡᠨ ᠨᠦᠬᠦᠪᠤᠷᠢᠯᠡᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠡᠶᠡᠯᠡᠭᠦᠯᠬᠦ᠂ ᠤᠳᠤᠬᠢᠴᠢᠯᠠᠬᠰᠠᠨ ᠦᠪᠤᠷ ᠮᠤᠩᠭᠤᠯ ᠢ ᠪᠦᠳᠦᠭᠡᠨ ᠪᠠᠶᠢᠭᠤᠯᠬᠤ᠂ ᠡᠭᠡ ᠤᠯᠤᠰ ᠤᠨ ᠤᠮᠠᠷᠠᠳᠤ ᠬᠢᠵᠠᠭᠠᠷ ᠤᠨ ᠦᠵᠡᠮᠵᠢ ᠶᠢᠨ ᠤᠷᠤᠨ ᠢ ᠴᠤᠭᠴᠠᠯᠠᠬᠤ ᠳᠤ ᠯᠠᠪᠳᠠᠭᠤᠨ ᠪᠠᠳᠤᠳᠠᠢ ᠰᠠᠭᠤᠷᠢ ᠲᠠᠯᠪᠢᠨ᠎ᠡ᠃      ︵ᠬᠤᠶᠠᠷ︶ ᠦᠡᠳᠤᠰᠤᠨ ᠵᠠᠷᠴᠢᠮ      — ᠲᠤᠰᠬᠤᠨ ᠤ ᠠᠷᠠᠳ ᠪᠤᠯ ᠭᠤᠤᠯ ᠴᠤᠬᠴᠨ᠂ ᠵᠠᠰᠠᠬ ᠤᠨ ᠤᠷᠳᠤᠨ ᠪᠤᠯ ᠵᠢᠯᠤᠭᠤᠳᠤᠯᠭ᠎ᠠ᠃      ᠲᠤᠰᠬᠤᠨ ᠤ ᠠᠷᠠᠳ ᠤᠨ ᠭᠤᠤᠯ ᠴᠤᠬᠴᠨ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠬᠦᠰᠡᠯ ᠰᠠᠨᠠᠯ ᠢ ᠬᠦᠡᠳᠦᠤᠡᠭᠡᠵᠤ᠂ ᠮᠠᠯᠴᠢᠨ ᠲᠠᠷᠢᠶᠠᠴᠢᠨ ᠤ ᠰᠢᠢᠤᠡᠪᠤᠷᠢ ᠭᠠᠷᠭᠠᠬᠤ ᠡᠷᠭᠡ᠂ ᠤᠷᠤᠯᠴᠠᠬᠤ ᠡᠷᠭᠡ᠂ ᠬᠢᠨᠠᠯᠳᠡ ᠲᠠᠯᠪᠢᠬᠤ ᠡᠷᠭᠡ ᠶᠢ ᠪᠠᠳᠤᠯᠠᠵᠤ᠂ ᠮᠠᠯᠴᠢᠨ ᠲᠠᠷᠢᠶᠠᠴᠢᠨ ᠤ ᠤᠬᠠᠮᠰᠠᠷ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠲᠠᠶᠢᠴᠢᠯᠠᠵᠤ᠂ ᠮᠠᠯᠴᠢᠨ ᠲᠠᠷᠢᠶᠠᠴᠢᠨ ᠢ ᠦᠵᠡᠰᠬᠦᠯᠡᠩᠳᠤ ᠰᠠᠶᠢᠬᠠᠨ ᠭᠡᠷ ᠤᠷᠤᠨ ᠢᠶᠠᠨ ᠪᠦᠳᠦᠭᠡᠨ ᠪᠠᠶᠢᠭᠤᠯᠤᠯᠳᠡ ᠳᠤ ᠪᠡᠶ᠎ᠡ ᠪᠠᠷ ᠢᠶᠠᠨ ᠢᠳᠡᠪᠬᠢᠯᠡᠨ ᠤᠷᠤᠯᠴᠠᠬᠤ ᠶᠢ ᠬᠦᠳᠦᠯᠦᠨ ᠵᠢᠯᠤᠭᠤᠳᠤᠨ᠎ᠡ᠃ ᠵᠠᠰᠠᠬ ᠤᠨ ᠤᠷᠳᠤᠨ ᠤ ᠭᠤᠤᠯᠯᠠᠨ ᠤᠳᠤᠷᠢᠳᠬᠤ ᠦᠢᠯᠡᠳᠤᠯ ᠢ ᠬᠦᠢᠴᠡᠳ ᠪᠠᠳᠠᠷᠠᠭᠤᠯᠤᠨ᠂ ᠲᠦᠰᠦᠯ ᠢ ᠨᠡᠶᠢᠷᠡᠭᠤᠯᠬᠤ᠂ ᠪᠡᠯᠨ ᠤᠷᠤᠭᠤᠯᠬᠤ᠂ ᠲᠤᠨᠤᠬ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠡ ᠪᠤᠯᠤᠨ ᠠᠵᠢᠯᠯᠠᠭᠠᠨ ᠤ ᠬᠠᠮᠢᠶᠠᠷᠤᠯᠳᠡ ᠵᠡᠷᠭᠡ ᠲᠠᠯ᠎ᠡ ᠶᠢᠨ ᠠᠵᠢᠯ ᠢ ᠰᠠᠶᠢᠳᠤᠷ ᠬᠢᠨ᠎ᠡ᠃      — ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠨ᠂ ᠲᠦᠷᠦᠯ ᠬᠤᠪᠢᠶᠠᠵᠤ ᠲᠦᠷᠦ ᠶᠢᠨ ᠪᠤᠳᠤᠯᠭ᠎ᠠ ᠶᠢ ᠭᠡᠷᠡᠭᠵᠢᠬᠦᠯᠦᠨ᠎ᠡ᠃      ᠮᠠᠨ ᠤ ᠤᠷᠤᠨ ᠤ ᠵᠡᠬᠦᠨ᠂ ᠲᠤᠮᠳᠡ᠂ ᠪᠠᠷᠠᠭᠤᠨ ᠭᠡᠰᠡᠭ ᠤᠨ ᠭᠠᠵᠠᠷ ᠤᠷᠤᠨ ᠤ ᠠᠳᠠᠯᠢ ᠪᠤᠰᠤ ᠪᠠᠶᠢᠭᠠᠯᠢ ᠶᠢᠨ ᠤᠷᠴᠢᠨ ᠲᠤᠭᠤᠷᠢᠨ ᠪᠤᠯᠤᠨ ᠠᠵᠤ ᠠᠬᠤᠢ ᠶᠢᠨ ᠲᠦᠪᠰᠢᠨ ᠵᠢᠴᠢ ᠲᠠᠷᠢᠶᠠᠯᠠᠬᠤ ᠤᠷᠤᠨ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠤᠷᠤᠨ ᠪᠤᠯᠤᠨ ᠮᠠᠯᠵᠢᠬᠤ ᠤᠷᠤᠨ ᠤ ᠤᠠᠴᠠᠯᠢᠬ ᠢ ᠦᠡᠳᠤᠰᠤᠯᠠᠨ᠂ ᠡᠯ᠎ᠡ ᠲᠦᠷᠦᠯ ᠤᠨ ᠲᠤᠰᠬᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠤ ᠤᠳᠤᠬᠢ ᠪᠠᠶᠢᠳᠠᠯ ᠪᠤᠯᠤᠨ ᠮᠠᠯᠴᠢᠨ ᠲᠠᠷᠢᠶᠠᠴᠢᠨ ᠤ ᠪᠤᠳᠠᠳᠤ ᠭᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠰᠢᠠᠵᠢᠯᠡᠬᠦ ᠤᠬᠠᠭᠠᠠᠴᠢ ᠪᠠᠷ ᠴᠡᠭᠴᠡᠯᠡᠨ ᠵᠠᠰᠠᠬᠤ ᠬᠠᠷᠠᠯᠳᠡ ᠡᠬᠦᠷᠭᠡ ᠪᠠᠨ ᠲᠤᠬᠳᠠᠭᠠᠵᠤ᠂ ᠴᠢᠳᠠᠯ ᠤᠨ ᠬᠢᠷᠢ ᠲᠤᠳᠤᠷ᠎ᠡ ᠪᠠᠨ ᠴᠢᠨᠠᠷ ᠲᠠᠢ ᠪᠡᠶᠡᠯᠡᠬᠦᠯᠬᠦ ᠪᠠᠷ ᠴᠢᠷᠮᠠᠶᠢᠨ᠂ ᠠᠩᠬᠠᠷᠤᠯ ᠢᠶᠠᠨ ᠲᠦᠪᠯᠡᠷᠡᠬᠦᠯᠦᠨ ᠲᠤᠪᠤᠶᠢᠮ᠎ᠡ ᠠᠰᠠᠭᠤᠳᠠᠯ ᠢ ᠰᠢᠢᠤᠡᠪᠤᠷᠢᠯᠡᠵᠤ᠂ ᠴᠡᠪᠡᠷ ᠪᠦᠭᠡᠳ ᠡᠮᠬᠢ ᠴᠡᠭᠴᠨ ᠲᠠᠢ ᠰᠠᠶᠢᠳᠤᠷ ᠬᠢᠨ᠎ᠡ᠃ ᠨᠡᠬᠦᠨ ᠰᠢᠯᠵᠢᠬᠦ ᠲᠤᠰᠬᠤᠨ᠂ ᠲᠤᠬᠢᠷᠠᠭᠤᠯᠤᠯᠳᠡ ᠬᠢᠬᠦ ᠪᠠᠷ ᠵᠢᠱᠢᠵᠤ ᠪᠠᠶᠢᠭ᠎ᠠ ᠬᠤᠭᠤᠰᠤᠨ ᠲᠤᠰᠬᠤᠨ ᠵᠡᠷᠭᠡ ᠶᠢ ᠴᠡᠭᠴᠡᠯᠡᠨ ᠵᠠᠰᠠᠬᠤ ᠬᠦᠷᠢᠶ᠎ᠡ ᠭᠡᠪᠴᠢᠶᠠᠨ ᠳᠤ ᠤᠷᠤᠭᠤᠯᠬᠤ ᠦᠭᠡᠢ᠃      — ᠤᠷᠢᠳᠡᠪᠡᠷ ᠲᠦᠯᠦᠪᠵᠢᠬᠦᠯᠵᠤ᠂ ᠤᠨᠴᠠᠯᠢᠬ ᠲᠦᠷᠬᠦ ᠶᠢ ᠪᠠᠳᠤᠯᠠᠨ᠎ᠡ᠃      ᠤᠷᠢᠳᠡᠪᠡᠷ ᠲᠦᠯᠦᠪᠵᠢᠬᠦᠯᠵᠤ᠂ ᠲᠠᠷᠠᠭ᠎ᠠ ᠨᠢ ᠪᠦᠳᠦᠭᠡᠨ ᠪᠠᠶᠢᠭᠤᠯᠬᠤ ᠶᠢ ᠪᠠᠷᠢᠮᠳᠠᠯᠠᠵᠤ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠡᠯ᠎ᠡ ᠲᠦᠷᠦᠯ ᠤᠨ ᠲᠦᠯᠦᠪᠵᠢᠬᠦᠯᠭᠡ ᠶᠢ ᠰᠢᠠᠵᠢᠯᠡᠬᠦ ᠤᠬᠠᠭᠠᠠᠴᠢ ᠪᠠᠷ ᠲᠤᠬᠳᠠᠭᠠᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠠᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ ᠲᠠᠢ ᠨᠢᠭᠡᠳᠦᠯᠳᠡᠢ ᠲᠦᠯᠦᠪᠵᠢᠭᠦᠯᠥᠨ ᠵᠤᠯᠭᠠᠭᠤᠯᠬᠤ ᠶᠢ ᠴᠢᠬᠤᠯᠠᠴᠢᠯᠠᠨ᠎ᠡ᠃ ᠮᠠᠯᠵᠢᠬᠤ ᠲᠠᠷᠢᠶᠠᠯᠠᠬᠤ ᠤᠷᠤᠨ ᠤ ᠪᠠᠶᠢᠭᠠᠯᠢᠯᠢᠭ ᠤᠨᠴᠠᠯᠢᠬ ᠲᠦᠷᠬᠦ ᠶᠢ ᠬᠠᠮᠠᠭᠠᠯᠠᠬᠤ ᠪᠤᠯᠤᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠨᠢᠭᠡᠳᠦᠯᠳᠡᠢ ᠲᠦᠯᠦᠪᠵᠢᠬᠦᠯᠦᠨ ᠨᠡᠶᠢᠳᠡ ᠳᠤᠨᠢ ᠬᠠᠷᠠᠭᠠᠯᠵᠠᠵᠤ᠂ ᠮᠤᠳᠤ ᠤᠬᠳᠤᠯᠬᠤ ᠳᠤ ᠪᠤᠯᠭᠤᠮᠵᠢᠲᠠᠢ᠂ ᠠᠭᠤᠯᠠ ᠮᠠᠯᠳᠠᠬᠤ ᠶᠢ ᠴᠠᠭᠠᠵᠠᠯᠠᠨ᠂ ᠨᠠᠭᠤᠷ ᠪᠦᠷᠢᠳᠤ ᠶᠢ ᠪᠦᠭᠯᠡᠬᠦ ᠦᠭᠡᠢ᠂ ᠭᠡᠷ ᠢ ᠪᠠᠭ᠎ᠠ ᠨᠤᠷᠠᠭᠠᠵᠤ᠂ ᠬᠦᠮᠦᠨ ᠪᠤᠯᠤᠨ ᠡᠭᠡ ᠪᠠᠶᠢᠭᠠᠯᠢ ᠶᠢᠨ ᠡᠶ᠎ᠡ ᠵᠤᠬᠢᠴᠠᠯ ᠲᠠᠢ ᠬᠠᠮᠳᠤᠪᠠᠷ ᠤᠷᠤᠰᠢᠬᠤ᠂ ᠲᠤᠰᠬᠤᠨ ᠤ ᠲᠦᠷᠢ ᠪᠠᠶᠢᠳᠠᠯ ᠪᠤᠶᠤ ᠪᠠᠶᠢᠭᠠᠯᠢ ᠶᠢᠨ ᠤᠷᠴᠢᠨ ᠲᠤᠭᠤᠷᠢᠨ ᠬᠠᠷᠢᠯᠴᠠᠨ ᠦᠡᠭᠭᠡ ᠨᠡᠮᠡᠷᠢᠯᠡᠬᠦ ᠶᠢ ᠠᠬᠢᠭᠤᠯᠵᠤ᠂ ᠤᠷᠤᠨ ᠨᠤᠳᠤᠬ ᠤᠨ ᠤᠠᠴᠠᠯᠢᠬ ᠢ ᠢᠯᠡᠷᠡᠬᠦᠯᠦᠨ᠂ ᠪᠦᠬᠦ ᠲᠤᠰᠬᠤᠨ ᠢ ᠠᠳᠠᠯᠢ ᠪᠤᠯᠭᠠᠬᠤ ᠠᠴᠠ ᠬᠢᠴᠢᠶᠠᠨ᠎ᠡ᠃      — ᠵᠢᠱᠢᠶ᠎ᠠ ᠦᠵᠡᠬᠦᠯᠵᠥ ᠬᠦᠳᠤᠯᠤᠠ ᠲᠡᠭᠠᠭᠤᠯᠵᠥ᠂ ᠡᠮᠬᠢ ᠲᠡᠷᠠᠭᠠᠯᠠᠯ ᠲᠠᠢ ᠠᠬᠢᠭᠤᠯᠤᠨ᠎ᠠ᠃      ᠲᠡᠪᠰᠢᠬᠰᠠᠠ ᠭᠠᠵᠠᠷ ᠤᠷᠤᠠ ᠤ ᠲᠤᠷᠰᠢᠯᠭ᠎ᠠ ᠶᠢ ᠲᠤᠯᠢᠯᠠᠠ ᠰᠤᠷᠤᠯᠴᠠᠵᠥ᠂ ᠤᠷᠢᠳᠠᠪᠠᠷ ᠲᠦᠬᠦᠮ ᠰᠡᠬᠦᠯ ᠳᠤᠨᠢ ᠬᠦᠴᠢᠷᠳᠠᠢ᠂ ᠤᠷᠢᠳᠠᠪᠠᠷ ᠴᠢᠭ᠋ ᠢ ᠰᠠᠬᠦᠯᠡᠷ ᠨᠢ ᠪᠦᠬᠦ ᠲᠡᠯ᠎ᠠ ᠶᠢ ᠬᠢᠬᠦ ᠶᠢ ᠪᠠᠷᠢᠮᠳᠠᠯᠠᠠ᠂ ᠲᠤᠷᠰᠢᠯᠳᠠ ᠶᠢᠨ ᠴᠢᠭ᠋ ᠢᠶᠠᠷ ᠵᠢᠱᠢᠶ᠎ᠠ ᠦᠵᠡᠬᠦᠯᠬᠦ ᠶᠢ ᠲᠡᠰᠤᠷᠠᠯᠳᠠ ᠦᠬᠡᠢ ᠰᠦᠪᠡᠭᠴᠢᠯᠡᠬᠦ ᠪᠠᠷ ᠲᠡᠮᠵᠢᠠ᠂ ᠲᠤᠷᠰᠢᠯᠭ᠎ᠠ ᠬᠤᠷᠠᠮᠳᠤᠭᠤᠯᠤᠠ᠂ ᠪᠦᠬᠦᠯᠢ ᠴᠤᠭᠴᠠ ᠶᠢ ᠲᠡᠶᠢᠴᠢᠯᠠᠠ ᠲᠡᠰ ᠲᠡᠪᠰᠢᠬᠦᠯᠤᠨ᠎ᠠ᠃ ᠲᠤᠬᠠᠢ ᠶᠢᠨ ᠭᠠᠵᠠᠷ ᠤᠷᠤᠠ ᠤ ᠪᠠᠨ ᠠᠵᠥ ᠠᠬᠤᠢ ᠶᠢᠨ ᠬᠦᠭᠵᠢᠯᠳᠠ ᠶᠢᠨ ᠲᠦᠪᠰᠢᠠ᠂ ᠡᠳ᠋ ᠤᠨ ᠵᠠᠰᠠᠭ ᠤᠨ ᠦᠷᠬᠦᠯᠵᠢᠯᠠᠠ ᠪᠠᠯᠠ ᠤᠷᠤᠭᠤᠯᠬᠤ ᠴᠢᠳᠠᠪᠤᠷᠢ ᠠᠴᠠ ᠭᠠᠷᠳᠠᠠ᠂ ᠴᠡᠭᠴᠡᠯᠡᠡ ᠵᠠᠰᠠᠬᠤ ᠡᠬᠦᠷᠬᠡ ᠪᠠ ᠪᠦᠳᠦᠬᠡᠡ ᠪᠠᠶᠢᠭᠤᠯᠬᠤ ᠴᠠᠭ ᠤᠨ ᠲᠡᠰ ᠲᠡᠷᠠᠭᠠᠯᠠᠯ ᠢ ᠵᠤᠬᠢᠰᠳᠠᠢ ᠲᠤᠬᠢᠷᠠᠭᠤᠯᠵᠥ᠂ ᠲᠤᠬᠠᠢ ᠶᠢᠨ ᠭᠠᠵᠠᠷ ᠤᠷᠤᠠ ᠤ ᠪᠤᠳᠠᠳᠤ ᠪᠠᠶᠢᠳᠠᠯ ᠲᠠᠢ ᠲᠤᠬᠢᠷᠠᠬᠤ ᠠᠵᠢᠯ ᠤᠨ ᠠᠷᠭ᠎ᠠ ᠵᠠᠮ ᠪᠠ ᠮᠠᠷᠬᠡᠵᠢᠯ ᠤᠨ ᠵᠠᠬᠪᠤᠷ ᠢ ᠬᠡᠷᠡᠭᠯᠡᠵᠥ᠂ ᠪᠤᠳᠠᠳᠤ ᠪᠠᠶᠢᠳᠠᠯ ᠠᠴᠠ ᠠᠩᠬᠢᠵᠢᠷᠠᠭᠰᠠᠠ᠂ ᠢᠷᠡᠭᠡᠳᠦᠢ ᠪᠠᠨ ᠪᠤᠳᠤᠬᠤ ᠦᠭᠡᠢ ᠬᠢᠳᠡᠯ ᠢ ᠰᠡᠷᠭᠡᠶᠢᠯᠡᠨ᠎ᠡ᠂ ᠦᠩᠭᠡᠨ ᠲᠠᠯ᠎ᠠ ᠶᠢᠨ ᠢᠨᠵᠧᠨᠧᠷᠢᠩ᠂ ᠵᠠᠰᠠᠭ ᠤᠨ ᠠᠵᠢᠯ ᠤᠨ ᠪᠦᠳᠦᠮᠵᠢ ᠶᠢᠨ ᠢᠨᠵᠧᠨᠧᠷᠢᠩ ᠢ ᠡᠷᠡᠰ ᠬᠤᠷᠢᠬᠯᠠᠨ᠎ᠠ᠃      — ᠪᠠᠶᠢᠭᠤᠯᠬᠤ ᠪᠠ ᠬᠠᠮᠢᠶᠠᠷᠬᠤ ᠶᠢ ᠵᠡᠷᠬᠡᠪᠠᠷ ᠴᠢᠬᠤᠯᠠᠴᠢᠯᠠᠨ᠂ ᠤᠷᠳᠤ ᠬᠤᠭᠤᠴᠠᠭ᠎ᠠ ᠪᠦᠲᠦᠮᠵᠢᠲᠡᠢ ᠬᠢᠨ᠎ᠡ᠃      ᠤᠷᠢᠳᠠᠪᠠᠷ ᠲᠤᠭᠳᠠᠴᠠ ᠶᠢ ᠪᠠᠶᠢᠭᠤᠯᠤᠠ᠂ ᠲᠡᠷᠠᠭ᠎ᠠ ᠨᠢ ᠢᠨᠵᠧᠨᠧᠷᠢᠩ ᠢᠶᠠᠨ ᠡᠬᠢᠯᠡᠬᠦᠯᠬᠦ ᠶᠢ ᠪᠠᠷᠢᠮᠳᠠᠯᠠᠵᠥ᠂ ᠪᠠᠯᠠ ᠤᠷᠤᠭᠤᠯᠬᠤ ᠬᠡᠯᠪᠠᠷᠢ ᠪᠤᠯᠤᠠ ᠬᠠᠮᠢᠶᠠᠷᠬᠤ ᠬᠠᠮᠠᠭᠠᠯᠠᠬᠤ ᠠᠵᠢᠯᠯᠠᠭᠠᠠ ᠤ ᠬᠡᠯᠪᠠᠷᠢ ᠪᠠᠨ ᠵᠤᠬᠢᠰᠳᠠᠢ ᠲᠤᠬᠢᠷᠠᠭᠤᠯᠵᠥ᠂ ᠪᠠᠯᠠ ᠤᠷᠤᠭᠤᠯᠬᠤ ᠪᠠᠶᠢᠭᠤᠯᠤᠮᠵᠢ ᠲᠤᠭᠳᠠᠴᠠ ᠶᠢᠨ ᠰᠢᠨ᠎ᠠ ᠶᠢ ᠡᠬᠦᠳᠬᠦ ᠶᠢ ᠢᠳᠠᠪᠬᠢᠳᠠᠢ ᠠᠬᠢᠭᠤᠯᠵᠥ᠂ ᠵᠠᠬ᠎ᠠ ᠲᠡᠯᠬᠡᠬᠦᠷᠵᠢᠯᠳᠠ᠂ ᠲᠤᠰᠬᠠᠢᠢᠵᠢᠯᠳᠠ᠂ ᠨᠠᠶᠢᠬᠡᠮᠵᠢᠯᠳᠠ ᠶᠢᠨ ︽ᠪᠠᠶᠢᠭᠤᠯᠬᠤ ᠬᠠᠮᠢᠶᠡᠷᠬᠤ ᠬᠡᠷᠡᠭᠯᠡᠬᠦ︾ ᠶᠢ ᠤᠷᠳᠤ ᠬᠤᠭᠤᠴᠠᠭᠠᠨ ᠤ ᠪᠦᠲᠦᠮᠵᠢᠲᠡᠢ ᠠᠵᠢᠯᠯᠠᠭᠠᠠ ᠤ ᠬᠠᠮᠢᠶᠠᠷᠴᠤ ᠬᠠᠮᠠᠭᠠᠯᠠᠬᠤ ᠲᠤᠭᠳᠠᠴᠠ ᠶᠢ ᠰᠦᠪᠡᠭᠴᠢᠯᠠᠠ ᠪᠠᠶᠢᠭᠤᠯᠵᠥ᠂ ᠡᠯ᠎ᠠ ᠲᠦᠷᠦᠯ ᠤᠨ ᠲᠦᠬᠦᠬᠡᠷᠦᠮᠵᠢ ᠶᠢ ᠪᠦᠲᠦᠭᠡᠨ ᠪᠠᠶᠢᠭᠤᠯᠬᠤ ᠮᠦᠷᠳᠡᠬᠡᠡ ᠤᠷᠳᠤ ᠬᠤᠭᠤᠴᠠᠭ᠎ᠠ ᠲᠤᠭᠳᠠᠭᠤᠠ ᠠᠵᠢᠯᠯᠠᠭᠤᠯᠬᠤ ᠶᠢ ᠪᠠᠳᠤᠯᠠᠨ᠎ᠠ᠃ ︵ᠭᠤᠷᠪᠠ︶ ᠠᠵᠢᠯᠯᠠᠭᠠᠠ ᠤ ᠬᠠᠷᠠᠯᠳᠠ 2020 ᠤᠠ ᠪᠤᠯᠳᠠᠯ᠎ᠠ᠂ ᠮᠠᠯᠵᠢᠬᠤ ᠲᠡᠷᠢᠶᠠᠯᠠᠬᠤ ᠤᠷᠤᠠ ᠤ ᠤᠷᠤᠰᠢᠨ ᠠᠮᠢᠳᠤᠷᠠᠬᠤ ᠤᠷᠴᠢᠠ ᠲᠤᠭᠤᠷᠢᠠ ᠢ ᠢᠯᠠᠳᠳᠠ ᠰᠠᠶᠢᠵᠢᠷᠠᠭᠤᠯᠬᠤ ᠶᠢ ᠪᠠᠶᠠᠯᠠᠬᠦᠯᠵᠥ᠂ ᠭᠠᠴᠠᠭ᠎ᠠ ᠲᠤᠰᠬᠤᠠ ᠤ ᠤᠷᠴᠢᠠ ᠲᠤᠭᠤᠷᠢᠠ ᠦᠨᠳᠤᠰᠤᠠ ᠳᠡᠭᠡᠨ ᠴᠡᠪᠠᠷ ᠴᠡᠮᠴᠡᠭᠡᠷ᠂ ᠲᠤᠰᠬᠤᠠ ᠤ ᠠᠷᠠᠳ ᠤᠨ ᠤᠷᠴᠢᠠ ᠲᠤᠭᠤᠷᠢᠠ ᠪᠠ ᠡᠷᠡᠬᠦᠯ ᠮᠡᠨᠳᠦ ᠶᠢᠨ ᠦᠵᠡᠯᠳᠠ ᠲᠡᠨᠢᠯᠳᠠ ᠨᠡᠶᠢᠳᠡᠮ ᠲᠡᠬᠡᠭᠰᠢᠯᠡᠨ᠎ᠠ᠃ ᠬᠤᠳᠠ ᠶᠢᠨ ᠦᠢᠷ᠎ᠠ ᠲᠡᠬᠦᠷᠬᠡ ᠵᠡᠷᠬᠡ ᠰᠠᠭᠤᠷᠢ ᠲᠠᠢ᠂ ᠨᠦᠬᠦᠴᠠᠯ ᠲᠠᠢ ᠭᠠᠵᠠᠷ ᠤᠷᠤᠠ ᠤ ᠤᠷᠤᠰᠢᠠ ᠠᠮᠢᠳᠤᠷᠠᠬᠤ ᠴᠢᠨᠠᠷ ᠴᠢᠨᠰᠠᠭ᠎ᠠ ᠶᠢ ᠪᠦᠬᠦ ᠲᠡᠯ᠎ᠠ ᠪᠠᠷ ᠲᠡᠬᠡᠭᠰᠢᠯᠡᠬᠦᠯᠵᠥ᠂ ᠮᠠᠯᠵᠢᠬᠤ ᠲᠡᠷᠢᠶᠠᠯᠠᠬᠤ ᠤᠷᠤᠠ ᠤ ᠠᠮᠢᠳᠤᠷᠠᠯ ᠤᠨ ᠬᠤᠭ ᠨᠤᠪᠰᠢ ᠶᠢ ᠰᠢᠢᠳᠪᠤᠷᠢᠯᠠᠬᠦ ᠰᠢᠰᠲ᠋ᠧᠮ ᠢ ᠪᠦᠷᠬᠦᠬᠦᠯᠬᠦ ᠶᠢ ᠦᠨᠳᠤᠰᠤᠠ ᠳᠡᠭᠡᠨ ᠪᠠᠶᠠᠯᠠᠬᠦᠯᠵᠥ᠂ ᠮᠠᠯᠵᠢᠬᠤ ᠲᠡᠷᠢᠶᠠᠯᠠᠬᠤ ᠤᠷᠤᠠ ᠤ ᠵᠤᠷᠯᠤᠩ ᠢ ᠬᠤᠤᠷᠳᠠᠯ ᠦᠬᠡᠢ ᠪᠤᠯᠭᠠᠠ ᠦᠬᠡᠷᠡᠴᠢᠯᠠᠬᠦ ᠶᠢ ᠦᠨᠳᠤᠰᠤᠠ ᠳᠤᠨᠢ ᠪᠡᠶᠡᠯᠡᠬᠦᠯᠵᠥ᠂ ᠵᠤᠷᠯᠤᠩ ᠤᠨ ᠢᠯᠭᠠᠳᠠᠰᠤ ᠶᠢ ᠦᠨᠳᠤᠰᠤᠠ ᠳᠤᠨᠢ ᠰᠢᠢᠳᠪᠤᠷᠢᠯᠠᠬᠦ ᠪᠤᠶᠤ ᠡᠬᠢ ᠪᠠᠶᠠᠯᠢᠭ ᠪᠤᠯᠭᠠᠠ ᠤᠨᠳᠤᠤᠰᠢᠭᠤᠯᠤᠠ ᠠᠰᠢᠬᠯᠠᠵᠤ᠂ ᠮᠠᠯᠵᠢᠬᠤ ᠲᠡᠷᠢᠶᠠᠯᠠᠬᠤ ᠤᠷᠤᠠ ᠤ ᠠᠮᠢᠳᠤᠷᠠᠯ ᠤᠨ ᠪᠤᠬᠢᠷ ᠤᠰᠤ ᠶᠢ ᠵᠠᠰᠠᠬᠤ ᠨᠤᠷᠮ᠎ᠠ ᠶᠢ ᠮᠡᠳᠡᠭᠳᠡᠮ᠎ᠠ ᠲᠡᠬᠡᠭᠰᠢᠯᠡᠬᠦᠯᠵᠥ᠂ ᠭᠠᠴᠠᠭ᠎ᠠ ᠲᠤᠰᠬᠤᠠ ᠤ ᠦᠡᠭᠬᠡ ᠲᠦᠷᠰᠦ ᠶᠢ ᠢᠯᠠᠳᠳᠠ ᠰᠠᠶᠢᠵᠢᠷᠠᠭᠤᠯᠬᠤ᠂ ᠬᠠᠮᠢᠶᠠᠷᠬᠤ ᠬᠠᠮᠠᠭᠠᠯᠠᠬᠤ ᠤᠷᠳᠤ ᠬᠤᠭᠤᠴᠠᠭᠠᠠ ᠤ ᠪᠦᠲᠦᠮᠵᠢᠲᠡᠢ ᠲᠤᠭᠳᠠᠴᠠ ᠶᠢ ᠠᠩᠬ᠎ᠠ ᠠᠯᠬᠤᠮ ᠪᠠᠶᠢᠭᠤᠯᠤᠨ᠎ᠠ᠃ ᠨᠠᠯᠢᠶᠠᠳ ᠰᠠᠶᠢᠠ ᠰᠠᠭᠤᠷᠢ ᠲᠠᠢ᠂ ᠨᠦᠬᠦᠴᠠᠯ ᠢ ᠦᠨᠳᠤᠰᠤᠠ ᠳᠤᠨᠢ ᠪᠦᠷᠢᠯᠳᠦᠬᠦᠯᠦᠭᠰᠡᠡ ᠭᠠᠵᠠᠷ ᠤᠷᠤᠠ ᠤ ᠤᠷᠤᠰᠢᠠ ᠠᠮᠢᠳᠤᠷᠠᠬᠤ ᠴᠢᠨᠠᠷ ᠴᠢᠨᠰᠠᠭ᠎ᠠ ᠶᠢ ᠨᠠᠯᠢᠶᠠᠳ ᠳᠡᠭᠡᠭᠰᠢᠯᠡᠭᠦᠯᠵᠤ᠂ 90% ᠤᠷᠴᠢᠮ ᠤᠨ ᠠᠶᠢᠯ ᠲᠤᠰᠬᠤᠠ ᠤ ᠠᠮᠢᠳᠤᠷᠠᠯ ᠤᠨ ᠬᠤᠭ ᠨᠤᠪᠰᠢ ᠶᠢ ᠰᠢᠢᠳᠪᠤᠷᠢᠯᠠᠬᠦ ᠶᠢ ᠴᠢᠷᠮᠠᠶᠢᠠ ᠪᠠᠶᠠᠯᠡᠬᠦᠯᠵᠥ᠂ ᠠᠷᠢᠭᠤᠠ ᠴᠡᠪᠠᠷ ᠵᠤᠷᠯᠦᠩ ᠤᠨ ᠲᠦᠬᠡᠮᠡᠯᠵᠢᠯ ᠤᠨ ᠨᠤᠷᠮ᠎ᠠ ᠶᠢ 85% ᠤᠷᠴᠢᠮ ᠳᠤ ᠬᠦᠷᠬᠡᠵᠥ᠂ ᠠᠮᠢᠳᠤᠷᠠᠯ ᠤᠨ ᠪᠤᠬᠢᠷ ᠤᠰᠤ ᠶᠢ ᠲᠤᠷ᠎ᠠ ᠪᠠᠷ ᠢᠶᠠᠨ ᠠᠰᠬᠠᠵᠥ ᠴᠢᠳᠬᠤᠵᠥ ᠪᠠᠶᠢᠭᠰᠠᠠ ᠪᠠᠶᠢᠳᠠᠯ ᠢ ᠬᠠᠮᠢᠶᠠᠷᠤᠠ ᠡᠵᠡᠮᠳᠠᠵᠥ᠂ ᠠᠶᠢᠯ ᠲᠤᠰᠬᠤᠠ ᠤ ᠲᠤᠮᠳᠠᠭᠤᠷ ᠦᠡᠭᠬᠡᠷᠡᠬᠦ ᠵᠠᠮ ᠤᠨ ᠨᠦᠬᠦᠴᠠᠯ ᠢ ᠢᠯᠡᠳᠳᠠ ᠰᠠᠶᠢᠵᠢᠷᠠᠭᠤᠯᠤᠨ᠎ᠠ᠃ ᠬᠢᠯᠢ ᠬᠢᠵᠠᠭᠠᠷ᠂ ᠪᠤᠶᠢᠳᠠ ᠪᠦᠭᠯᠡᠬᠦᠦ᠂ ᠠᠵᠥ ᠠᠬᠤᠢ ᠬᠠᠷᠠᠬᠠᠠ ᠬᠦᠭᠵᠢᠬᠡᠳᠤᠢ ᠬᠤᠰᠢᠭᠤ ᠰᠢᠶᠠᠠ ᠤᠨᠴᠠᠭᠠᠢᠢᠯᠠᠠ ᠤᠯᠤᠰ ᠤᠨ ᠲᠡᠰ ᠤᠨ᠂ ᠤᠷᠤᠠ ᠤ ᠲᠡᠰ ᠤᠨ ᠶᠠᠳᠠᠭᠤ ᠬᠦᠴᠢᠷᠳᠠᠯᠳᠠᠢ ᠬᠤᠰᠢᠭᠤ ᠰᠢᠶᠠᠠ ︵ᠬᠤᠳᠠ᠂ ᠲᠤᠭᠤᠷᠢᠭ︶ ᠤ ᠮᠠᠯᠴᠢᠠ ᠲᠡᠷᠢᠶᠠᠴᠢᠠ ᠤ ᠨᠠᠭᠠᠳᠤ ᠵᠠᠬ᠎ᠠ ᠶᠢᠨ ᠠᠮᠢᠳᠤᠷᠠᠯ ᠤᠨ ᠦᠨᠳᠤᠰᠤᠠ ᠨᠦᠬᠦᠴᠠᠯ ᠢ ᠤᠷᠢᠳᠠᠪᠠᠷ ᠪᠠᠳᠤᠯᠠᠵᠥ᠂ ᠤᠷᠤᠰᠢᠠ ᠠᠮᠢᠳᠤᠷᠠᠬᠤ ᠤᠷᠴᠢᠠ ᠲᠤᠭᠤᠷᠢᠠ ᠢ ᠴᠡᠪᠠᠷ ᠴᠡᠮᠴᠡᠭᠡᠷ ᠪᠠᠶᠢᠯᠭᠠᠬᠤ ᠦᠨᠳᠤᠰᠤᠠ ᠱᠠᠭᠠᠷᠳᠠᠯᠭ᠎ᠠ ᠶᠢ ᠪᠠᠶᠠᠯᠠᠬᠦᠯᠤᠨ᠎ᠠ᠃ ᠬᠤᠶᠡᠷ᠂ ᠭᠤᠤᠯ ᠡᠬᠦᠷᠬᠡ ︵ᠨᠢᠬᠡ︶ ᠭᠠᠴᠠᠭ᠎ᠠ ᠲᠤᠰᠬᠤᠠ ᠤ ᠲᠦᠯᠦᠪᠵᠢᠬᠦᠯᠬᠡ ᠬᠠᠮᠢᠶᠠᠷᠤᠯᠳᠠ ᠶᠢ ᠴᠢᠩᠭᠠᠳᠬᠠᠨ᠎ᠠ ᠡᠯ᠎ᠠ ᠬᠤᠰᠢᠭᠤ ᠰᠢᠶᠠᠠ ︵ᠬᠤᠳᠠ᠂ ᠲᠤᠭᠤᠷᠢᠭ︶ ᠰᠢᠨᠵᠢᠯᠠᠬᠦ ᠤᠬᠠᠭᠠᠠᠴᠢ ᠨᠤᠳᠠᠯᠠᠯᠳᠠ ᠬᠢᠭᠰᠡᠡ ᠰᠠᠭᠤᠷᠢᠨ ᠲᠡᠬᠡᠷ᠎ᠠ ᠂ ᠲᠤᠬᠠᠢ ᠶᠢᠨ ᠭᠠᠵᠠᠷ ᠤᠷᠤᠠ ᠤ ᠭᠠᠴᠠᠭ᠎ᠠ ᠲᠤᠰᠬᠤᠠ ᠤ ᠲᠡᠷᠬᠠᠴᠠ ᠶᠢ ᠵᠤᠬᠢᠰᠳᠠᠢ ᠲᠤᠭᠳᠠᠭᠠᠵᠥ᠂ ᠭᠤᠤᠯᠳᠠᠯᠭᠠᠳᠤ ᠲᠤᠰᠬᠤᠠ᠂ ᠲᠡᠤᠬᠡ ᠰᠤᠶᠤᠯ ᠤᠨ ᠲᠤᠰᠬᠤᠠ᠂ ᠶᠠᠷᠤ ᠶᠢᠨ ᠲᠤᠰᠬᠤᠠ᠂ ᠡᠵᠡᠭᠦᠢ ᠲᠤᠰᠬᠤᠠ ᠵᠡᠷᠬᠡ ᠲᠦᠷᠦᠯ ᠵᠦᠢᠯ ᠬᠤᠪᠢᠶᠠᠠ ᠪᠦᠲᠦᠭᠡᠨ ᠪᠠᠶᠢᠭᠤᠯᠵᠤ ᠲᠦᠯᠦᠪᠵᠢᠭᠦᠯᠦᠨ᠂ ᠲᠦᠯᠦᠪᠵᠢᠬᠦᠯᠬᠡ ᠶᠢᠨ ᠢᠷᠡᠭᠡᠳᠦ᠋ᠢᠴᠢ ᠴᠢᠨᠠᠷ ᠪᠤᠯᠤᠠ ᠬᠦᠯᠢᠶᠠᠰᠤᠯᠡᠬᠦ ᠬᠦᠴᠦᠠ ᠢ ᠲᠡᠬᠡᠭᠰᠢᠯᠡᠬᠦᠯᠤᠨ᠎ᠠ᠃ ᠬᠤᠰᠢᠭᠤ ᠰᠢᠶᠠᠠ ᠤ ᠬᠠᠷᠢᠶᠠᠠ ᠳᠠᠬᠢ ᠰᠤᠮᠤ ᠰᠢᠶᠠᠩ ᠭᠠᠴᠠᠭ᠎ᠠ ᠲᠤᠰᠬᠤᠠ ᠤ ᠪᠦᠳᠦᠬᠡᠡ ᠪᠠᠶᠢᠭᠤᠯᠤᠯᠳᠠ᠂ ᠬᠤᠭ ᠨᠤᠪᠰᠢ ᠪᠠ ᠪᠤᠬᠢᠷ ᠤᠰᠤ ᠶᠢ ᠰᠢᠢᠳᠪᠤᠷᠢᠯᠠᠬᠦ᠂ ᠵᠤᠷᠯᠦᠩ ᠤᠨ ᠬᠤᠪᠢᠰᠬᠠᠯ᠂ ᠮᠠᠯ ᠠᠵᠥ ᠠᠬᠤᠢ ᠲᠡᠷᠢᠶᠠᠯᠠᠩ ᠦᠢᠯᠡᠳᠪᠤᠷᠢᠯᠠᠯ ᠤᠨ ᠬᠠᠶᠠᠭᠳᠠᠮᠠᠯ ᠡᠳ᠋ ᠢ ᠡᠬᠢ ᠪᠠᠶᠠᠯᠢᠭ ᠪᠤᠯᠭᠠᠠ ᠠᠰᠢᠬᠯᠠᠬᠤ ᠵᠡᠷᠬᠡ ᠲᠤᠰᠬᠠᠢ ᠲᠦᠷᠦᠯ ᠤᠨ ᠲᠦᠯᠦᠪᠵᠢᠬᠦᠯᠬᠡ ᠶᠢᠨ ᠤᠷᠤᠠ ᠲᠤᠭ᠎ᠠ ᠪᠤᠶᠤ ᠤᠷᠤᠠ ᠲᠤᠭ᠎ᠠ ᠳᠤ ᠵᠠᠰᠠᠪᠤᠷᠢ ᠤᠷᠤᠭᠤᠯᠬᠤ ᠶᠢ ᠪᠦᠬᠦ ᠲᠡᠯ᠎ᠠ ᠪᠠᠷ ᠪᠠᠶᠠᠯᠡᠬᠦᠯᠵᠥ᠂ ᠬᠤᠰᠢᠭᠤ ᠰᠢᠶᠠᠠ ︵ᠬᠤᠳᠠ ᠲᠤᠭᠤᠷᠢᠭ︶ ᠤ ᠭᠠᠵᠠᠷ ᠰᠢᠷᠤᠢ ᠶᠢ ᠠᠰᠢᠬᠯᠠᠬᠤ ᠶᠡᠷᠤᠩᠬᠡᠢ ᠴᠤᠭᠴᠠ ᠶᠢᠨ ᠲᠦᠯᠦᠪᠵᠢᠬᠦᠯᠬᠡ᠂ ᠭᠠᠵᠠᠷ ᠰᠢᠷᠤᠢ ᠶᠢ ᠴᠡᠭᠴᠡᠯᠡᠡ ᠵᠠᠰᠠᠬᠤ ᠲᠦᠯᠦᠪᠵᠢᠬᠦᠯᠬᠡ᠂ ᠰᠤᠮᠤ ᠰᠢᠶᠠᠩ ᠪᠠᠯᠭᠠᠰᠤ ᠨᠠᠶᠢᠬᠡᠮ ᠲᠤᠭᠤᠷᠢᠭ ᠤᠨ ᠪᠦᠳᠦᠬᠡᠡ ᠪᠠᠶᠢᠭᠤᠯᠤᠯᠳᠠ ᠶᠢᠨ ᠲᠦᠯᠦᠪᠵᠢᠬᠦᠯᠬᠡ ᠵᠡᠷᠬᠡ ᠶᠢ ᠬᠦᠢᠴᠠᠳ ᠵᠤᠯᠭᠠᠭᠤᠯᠵᠥ᠂ ᠤᠯᠠᠠ ᠲᠡᠯ᠎ᠠ ᠪᠠᠷ ᠲᠦᠯᠦᠪᠵᠢᠬᠦᠯᠤᠠ ᠨᠢᠬᠡᠳᠬᠡᠬᠦ ᠶᠢ ᠵᠤᠷᠢᠭᠵᠢᠭᠤᠯᠤᠠ ᠬᠡᠷᠡᠭᠵᠢᠬᠦᠯᠤᠨ᠎ᠠ᠃ ᠬᠡᠷᠡᠭᠯᠡᠬᠡᠡ ᠤ ᠴᠢᠨᠠᠷᠳᠠᠢ ᠭᠠᠴᠠᠭ᠎ᠠ ᠲᠤᠰᠬᠤᠠ ᠤ ᠲᠦᠯᠦᠪᠵᠢᠬᠦᠯᠬᠡ ᠶᠢ ᠨᠠᠶᠢᠷᠠᠭᠤᠯᠬᠤ ᠶᠢ ᠬᠡᠷᠡᠭᠵᠢᠬᠦᠯᠵᠥ᠂ ᠲᠡᠷᠢᠶᠠᠴᠢᠠ ᠡᠷᠤᠬᠡ ᠶᠢᠨ ᠬᠡᠷ ᠪᠠᠶᠢᠰᠢᠩ ᠪᠠᠷᠢᠬᠤ ᠶᠢ ᠲᠦᠯᠦᠪᠵᠢᠬᠦᠯᠤᠠ ᠬᠠᠮᠢᠶᠠᠷᠬᠤ᠂ ᠠᠵᠥ ᠦᠢᠯᠡᠰ ᠤᠨ ᠬᠦᠭᠵᠢᠯᠳᠠ ᠶᠢ ᠲᠦᠯᠦᠪᠵᠢᠬᠦᠯᠬᠡ ᠲᠠᠢ ᠬᠦᠳᠤᠯᠤᠠ ᠵᠢᠯᠤᠭᠤᠳᠬᠤ᠂ ᠵᠠᠰᠠᠭ ᠵᠠᠬᠢᠷᠭᠠᠨ ᠤ ᠭᠠᠴᠠᠭ᠎ᠠ ᠲᠤᠰᠬᠤᠠ ᠳᠤ ᠲᠤᠰᠬᠤᠠ ᠢ ᠴᠡᠭᠴᠡᠯᠡᠡ ᠲᠤᠬᠢᠷᠠᠭᠤᠯᠬᠤ᠂ ᠦᠢᠯᠡᠳᠪᠤᠷᠢᠯᠠᠯ ᠠᠮᠢᠳᠤᠷᠠᠯ ᠤᠨ ᠤᠷᠤᠠ ᠵᠠᠢ ᠶᠢ ᠵᠤᠬᠢᠰᠳᠠᠢ ᠰᠠᠯᠭᠠᠬᠤ ᠶᠢ ᠪᠠᠶᠠᠯᠠᠬᠦᠯᠵᠥ᠂ ᠭᠠᠴᠠᠭ᠎ᠠ ᠲᠤᠰᠬᠤᠠ ᠤ ᠴᠢᠳᠠᠮᠵᠢ ᠶᠢᠨ ᠪᠠᠶᠢᠷᠢᠰᠢᠯ ᠢ ᠰᠢᠯᠢᠳᠡᠭᠵᠢᠬᠦᠯᠵᠥ᠂ ᠭᠠᠴᠠᠭ᠎ᠠ ᠲᠤᠰᠬᠤᠠ ᠢ ᠲᠦᠯᠦᠪᠵᠢᠬᠦᠯᠤᠠ ᠬᠠᠮᠢᠶᠠᠷᠬᠤ ᠶᠢ ᠦᠨᠳᠤᠰᠤᠠ ᠳᠤᠨᠢ ᠪᠦᠷᠬᠦᠬᠦᠯᠬᠦ ᠶᠢ ᠪᠠᠶᠠᠯᠠᠬᠦᠯᠤᠨ᠎ᠠ᠃ ᠵᠠᠰᠠᠭ ᠤᠨ ᠤᠷᠳᠤᠠ ᠵᠤᠬᠢᠶᠠᠠ ᠪᠠᠶᠢᠭᠤᠯᠤᠠ ᠤᠳᠤᠷᠢᠳᠴᠤ᠂ ᠭᠠᠴᠠᠭ᠎ᠠ ᠲᠤᠰᠬᠤᠠ ᠤ ᠵᠦᠪᠯᠡᠯ ᠭᠤᠤᠯ ᠴᠤᠭᠴᠠ ᠶᠢᠨ ᠦᠢᠯᠡᠳᠤᠯ ᠢᠶᠠᠨ ᠪᠠᠳᠠᠷᠠᠭᠤᠯᠵᠥ᠂ ᠮᠠᠷᠬᠡᠵᠢᠯ ᠤᠨ ᠨᠢᠬᠡᠴᠠ ᠵᠢᠯᠤᠭᠤᠳᠬᠤ ᠠᠶᠢᠯ ᠲᠤᠰᠬᠤᠠ ᠤ ᠲᠦᠯᠦᠪᠵᠢᠬᠦᠯᠬᠡ ᠶᠢ ᠨᠠᠶᠢᠷᠠᠭᠤᠯᠬᠤ ᠲᠤᠭᠳᠠᠴᠠ ᠶᠢ ᠬᠡᠷᠡᠭᠵᠢᠬᠦᠯᠤᠨ᠎ᠠ᠃ ᠠᠶᠢᠯ ᠲᠤᠰᠬᠤᠠ ᠤ ᠲᠦᠯᠦᠪᠵᠢᠬᠦᠯᠬᠡ ᠶᠢᠨ ᠭᠤᠤᠯ ᠠᠭᠤᠯᠭ᠎ᠠ ᠶᠢ ᠲᠤᠰᠬᠤᠠ ᠤ ᠲᠦᠷᠢᠮ ᠠᠷᠠᠳ ᠤᠨ ᠬᠡᠷ᠎ᠠ ᠳᠤ ᠤᠷᠤᠭᠤᠯᠤᠨ᠎ᠠ᠃ ᠬᠦᠳᠡᠭᠡ ᠲᠤᠰᠬᠤᠠ ᠤ ᠪᠦᠳᠦᠬᠡᠡ ᠪᠠᠶᠢᠭᠤᠯᠤᠯᠳᠠ ᠶᠢᠨ ᠲᠦᠯᠦᠪᠵᠢᠬᠦᠯᠬᠡ ᠶᠢᠨ ᠵᠦᠪᠰᠢᠶᠡᠷᠡᠡ ᠬᠠᠮᠢᠶᠠᠷᠬᠤ ᠶᠢ ᠴᠢᠩᠭᠠᠳᠬᠠᠵᠥ᠂ ᠭᠠᠵᠠᠷ ᠰᠢᠷᠤᠢ ᠶᠢ ᠬᠠᠤᠯᠢ ᠠᠴᠠ ᠵᠦᠷᠢᠴᠡᠡ ᠬᠡᠷᠡᠭᠯᠡᠭᠰᠡᠡ ᠪᠠ ᠪᠦᠳᠤᠬᠡᠡ ᠪᠠᠶᠢᠭᠤᠯᠤᠯᠲᠠ ᠶᠢ ᠪᠠᠶᠢᠴᠠᠭᠠᠨ ᠰᠢᠢᠳᠪᠦᠷᠢᠯᠡᠬᠦ ᠲᠤᠭᠳᠠᠴᠠ ᠶᠢ ᠪᠠᠶᠢᠭᠤᠯᠤᠠ ᠲᠡᠬᠦᠯᠳᠠᠷᠵᠢᠬᠦᠯᠤᠨ᠎ᠠ᠃      ︵ᠬᠤᠶᠠᠷ︶ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠬᠤᠭ ᠨᠤᠪᠰᠢ ᠶᠢᠨ ᠵᠠᠰᠠᠠ ᠴᠡᠭᠴᠡᠯᠡᠯᠳᠠ ᠶᠢ ᠠᠬᠢᠭᠤᠯᠤᠨ᠎ᠠ      1. ᠲᠤᠰᠬᠤᠨ ᠪᠠᠯᠭᠠᠰᠤᠨ ᠤ ᠠᠮᠢᠳᠤᠷᠠᠯ ᠤᠨ ᠬᠤᠭ ᠨᠤᠪᠰᠢ ᠶᠢ ᠴᠤᠭᠯᠠᠭᠤᠯᠵᠤ ᠰᠢᠢᠳᠪᠤᠷᠢᠯᠡᠬᠦ ᠰᠠᠭᠤᠷᠢ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃      ᠬᠤᠰᠢᠭᠤ ᠰᠢᠶᠠᠨ ᠰᠢᠶᠠᠩ ᠲᠤᠰᠬᠤᠨ ᠤ ᠪᠦᠳᠦᠬᠡᠨ ᠪᠠᠶᠢᠭᠤᠯᠤᠯᠳᠠ ᠶᠢᠨ ᠲᠦᠯᠦᠪᠵᠢᠬᠦᠯᠬᠡ ᠶᠤᠰᠤᠭᠠᠷ᠂ ᠠᠵᠤ ᠠᠬᠤᠢ ᠶᠢᠨ ᠬᠦᠭᠵᠢᠯᠳᠠ᠂ ᠭᠠᠵᠠᠷ ᠰᠢᠷᠤᠢ ᠶᠢᠨ ᠠᠰᠢᠬᠯᠠᠯᠳᠠ ᠵᠢᠴᠢ ᠠᠮᠢ ᠠᠬᠤᠢ ᠤᠷᠴᠢᠨ ᠲᠤᠭᠤᠷᠢᠨ ᠤ ᠨᠦᠯᠦᠬᠡᠯᠡᠯ ᠪᠤᠯᠤᠨ ᠲᠤᠰᠬᠤᠨ ᠤ ᠠᠷᠠᠳ ᠤᠨ ᠬᠡᠷᠡᠭᠴᠡᠭᠡ ᠶᠢ ᠶᠡᠷᠦᠩᠬᠡᠶᠢᠯᠡᠨ ᠪᠤᠳᠤᠯᠬᠢᠯᠠᠵᠤ᠂ ᠪᠦᠬᠦ ᠤᠷᠤᠨ ᠪᠦᠰᠠ ᠶᠢᠨ ᠬᠤᠭ ᠨᠤᠪᠰᠢ ᠶᠢ ᠰᠢᠢᠳᠪᠤᠷᠢᠯᠡᠬᠦ ᠲᠦᠬᠦᠬᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠰᠢᠭᠤᠯᠵᠤ᠂ ᠲᠠᠬᠢᠨ ᠲᠠᠪᠳᠠᠨ ᠪᠦᠳᠦᠬᠡᠨ ᠪᠠᠶᠢᠭᠤᠯᠬᠤ ᠠᠴᠠ ᠵᠠᠶᠢᠯᠠᠰᠬᠢᠨ᠎ᠠ᠃ ᠠᠶᠢᠯ ᠲᠤᠰᠬᠤᠨ ᠠᠴᠠ ᠬᠤᠭ ᠨᠤᠪᠰᠢ ᠶᠢᠨ ᠪᠠᠶᠢᠰᠢᠩ᠂ ᠬᠤᠭ ᠨᠤᠪᠰᠢ ᠶᠢᠨ ᠴᠦᠬᠦᠷᠦᠮ ᠡᠰᠡᠬᠦᠯ᠎ᠠ ᠬᠤᠭ ᠨᠤᠪᠰᠢ ᠶᠢᠨ ᠬᠠᠶᠢᠷᠴᠠᠭ ︵ᠰᠠᠭᠤᠯᠠᠭ᠎ᠠ︶ ᠲᠤᠬᠢᠷᠠᠭᠤᠯᠬᠤ ᠶᠢ ᠭᠤᠤᠯᠳᠠᠯᠭᠠᠳᠠᠢ ᠲᠦᠯᠦᠪᠵᠢᠭᠦᠯᠦᠨ ᠪᠦᠳᠦᠬᠡᠨ ᠪᠠᠶᠢᠭᠤᠯᠵᠤ᠂ ᠭᠠᠴᠠᠭ᠎ᠠ ᠲᠤᠰᠬᠤᠨ ᠤ 10 — 15 ᠡᠷᠦᠬᠡ ᠳᠤ 1 ᠬᠤᠤᠰ ᠬᠤᠷᠢᠶᠠᠨ ᠠᠰᠢᠬᠯᠠᠵᠤ ᠪᠤᠯᠬᠤᠢᠢᠴᠠ ᠪᠤᠯᠤᠨ ᠬᠤᠷᠢᠶᠠᠨ ᠠᠰᠢᠬᠯᠠᠵᠤ ᠪᠤᠯᠬᠤ ᠦᠬᠡᠢ ᠲᠦᠷᠦᠯ ᠬᠤᠪᠢᠶᠠᠷᠢᠯᠠᠯ ᠲᠠᠢ ᠬᠤᠭ ᠨᠤᠪᠰᠢ ᠶᠢᠨ ᠰᠠᠭᠤᠯᠭ᠎ᠠ ᠶᠢ ᠲᠤᠬᠢᠷᠠᠭᠤᠯᠵᠤ᠂ ᠠᠮᠢᠳᠤᠷᠠᠯ ᠤᠨ ᠬᠤᠭ ᠨᠤᠪᠰᠢ ᠶᠢ ᠲᠤᠬᠠᠢ ᠶᠢᠨ ᠭᠠᠵᠠᠷ ᠲᠤᠨᠢ ᠲᠦᠷᠦᠯ ᠬᠤᠪᠢᠶᠠᠵᠤ᠂ ᠬᠡᠮᠵᠢᠶ᠎ᠠ ᠶᠢ ᠪᠠᠭᠠᠰᠬᠠᠨ᠂ ᠲᠠᠬᠢᠨ ᠠᠰᠢᠬᠯᠠᠯᠳᠠ ᠶᠢ ᠠᠬᠢᠭᠤᠯᠤᠨ᠎ᠠ᠃ ᠲᠤᠰᠬᠤᠨ ᠤ ᠠᠷᠠᠳ ᠦᠪᠡᠷᠰᠡᠳ ᠢᠶᠠᠨ ᠬᠤᠭ ᠨᠤᠪᠰᠢ ᠴᠤᠭᠯᠠᠭᠤᠯᠬᠤ ᠰᠠᠪᠠ ᠪᠡᠯᠡᠳᠬᠡᠬᠦ ᠶᠢ ᠵᠤᠷᠢᠬᠵᠢᠭᠤᠯᠤᠨ᠎ᠠ᠃ ᠲᠠᠮᠵᠢᠭᠤᠯᠭ᠎ᠠ ᠶᠢᠨ ᠭᠤᠬᠴᠤᠭ᠎ᠠ ᠶᠢ ᠬᠠᠷᠢᠭᠤᠴᠠᠵᠤ ᠪᠠᠶᠢᠭ᠎ᠠ ᠰᠤᠮᠤ ᠰᠢᠶᠠᠩ ᠪᠠᠯᠭᠠᠰᠤ ᠠᠳᠠᠭ ᠲᠠᠭᠠᠨ 1 ᠬᠤᠭ ᠨᠤᠪᠰᠢ ᠶᠢᠨ ᠲᠠᠮᠵᠢᠭᠤᠯᠤᠨ ᠲᠡᠭᠡᠭᠡᠪᠦᠷᠢᠯᠡᠬᠦ ᠶᠢᠨ ᠦᠷᠳᠡᠭᠡ ᠪᠠᠶᠢᠭᠤᠯᠵᠤ᠂ ᠬᠤᠭ ᠨᠤᠪᠰᠢ ᠶᠢ ᠴᠡᠪᠡᠷᠯᠡᠵᠤ ᠲᠡᠬᠡᠬᠡᠪᠦᠷᠢᠯᠡᠭᠰᠡᠡ ᠱᠠᠭᠠᠷᠳᠠᠯᠭ᠎ᠠ ᠶᠢ ᠬᠠᠩᠭᠠᠭᠰᠠᠠ ᠤᠷᠢᠳᠠᠯ ᠲᠤᠤᠷ᠎ᠠ᠂ ᠵᠡᠷᠬᠡᠯᠡᠳᠡᠭᠡ ᠰᠤᠮᠤ ᠰᠢᠶᠠᠩ ᠪᠠᠯᠭᠠᠰᠤ ᠶᠢᠨ ᠬᠢᠨ ᠬᠠᠮᠳᠤᠪᠠᠷ ᠪᠠᠶᠢᠭᠤᠯᠵᠤ ᠬᠠᠮᠳᠤᠪᠠᠷ ᠡᠳ᠋ᠯᠡᠵᠤ ᠪᠤᠯᠤᠨ᠎ᠠ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠯᠭ᠎ᠠ ᠳᠤ ᠨᠡᠶᠢᠴᠡᠭᠰᠡᠡ ᠬᠤᠭ ᠨᠤᠪᠰᠢ ᠶᠢ ᠰᠢᠢᠳᠪᠤᠷᠢᠯᠡᠬᠦ ᠲᠦᠬᠦᠬᠡᠷᠦᠮᠵᠢ ᠶᠢ ᠲᠦᠯᠦᠪᠵᠢᠬᠦᠯᠦᠨ ᠪᠠᠶᠢᠭᠤᠯᠵᠤ᠂ ᠤᠤᠯ ᠤᠨ ᠪᠠᠶᠢᠭᠰᠠᠠ ᠡᠩ ᠤᠨ ᠠᠮᠢᠳᠤᠷᠠᠯ ᠤᠨ ᠬᠤᠭ ᠨᠤᠪᠰᠢ ᠶᠢ ᠪᠤᠯᠠᠬᠤ ᠲᠠᠯᠠᠪᠤᠷ ᠢ ᠦᠬᠡᠷᠡᠴᠢᠯᠠᠵᠤ ᠵᠠᠰᠠᠨ᠎ᠠ᠃ ᠬᠡᠬᠡᠷ᠎ᠠ ᠭᠠᠳᠠᠨ᠎ᠠ ᠬᠤᠭ ᠨᠤᠪᠰᠢ ᠶᠢ ᠰᠢᠳᠠᠭᠠᠵᠤ ᠠᠷᠢᠯᠭᠠᠬᠤ ᠶᠢ ᠡᠷᠡᠰ ᠬᠤᠷᠢᠬᠯᠠᠨ᠎ᠠ᠃      2. ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠬᠤᠭ ᠨᠤᠪᠰᠢ ᠶᠢ ᠬᠤᠷᠢᠶᠠᠠ ᠲᠡᠬᠡᠬᠡᠪᠦᠷᠢᠯᠡᠵᠤ ᠰᠢᠢᠳᠪᠤᠷᠢᠯᠡᠬᠦ ᠰᠢᠰᠲ᠋ᠧᠮ ᠢ ᠪᠠᠶᠢᠭᠤᠯᠤᠨ᠎ᠠ᠃      ᠠᠶᠢᠯ ᠲᠤᠰᠬᠤᠨ ᠤ ᠲᠠᠷᠬᠠᠯᠳᠠ᠂ ᠲᠠᠮᠵᠢᠭᠤᠯᠭ᠎ᠠ ᠶᠢᠨ ᠵᠠᠢ᠂ ᠠᠵᠤ ᠠᠬᠤᠢ ᠶᠢᠨ ᠨᠦᠬᠦᠴᠡᠯ ᠵᠡᠷᠬᠡ ᠰᠢᠯᠳᠠᠭᠠᠨ ᠢ ᠦᠨᠳᠦᠰᠦᠯᠡᠵᠤ᠂ ᠠᠮᠢᠳᠤᠷᠠᠯ ᠤᠨ ᠬᠤᠭ ᠨᠤᠪᠰᠢ ᠶᠢ ᠬᠤᠷᠢᠶᠠᠨ ᠲᠡᠬᠡᠬᠡᠪᠦᠷᠢᠯᠡᠬᠦ ᠪᠤᠯᠤᠨ ᠰᠢᠢᠳᠪᠤᠷᠢᠯᠡᠬᠦ ᠠᠷᠭ᠎ᠠ ᠮᠠᠶ᠋ᠢᠭ ᠢᠶᠠᠨ ᠲᠤᠭᠳᠠᠭᠠᠨ᠎ᠠ᠃ ᠤᠷᠢᠳᠠᠪᠠᠷ ᠬᠤᠳᠠ ᠪᠠᠯᠭᠠᠰᠤᠨ ᠤ ᠬᠤᠭ ᠨᠤᠪᠰᠢ ᠰᠢᠢᠳᠪᠤᠷᠢᠯᠡᠬᠦ ᠲᠦᠬᠦᠬᠡᠷᠦᠮᠵᠢ ᠶᠢ ᠠᠰᠢᠬᠯᠠᠵᠤ ᠮᠠᠯᠵᠢᠬᠤ ᠳᠠᠷᠢᠶᠠᠯᠠᠬᠤ ᠤᠷᠤᠨ ᠤ ᠬᠤᠭ ᠨᠤᠪᠰᠢ ᠶᠢ ᠰᠢᠢᠳᠪᠤᠷᠢᠯᠡᠵᠤ᠂ ᠬᠤᠳᠠ ᠪᠠᠯᠭᠠᠰᠤᠨ ᠤ ᠬᠤᠭ ᠨᠤᠪᠰᠢ ᠰᠢᠢᠳᠪᠤᠷᠢᠯᠡᠬᠦ ᠲᠠᠯᠠᠪᠤᠷ ᠠᠴᠠ 20 ᠺᠢᠯᠤᠮᠧᠳ᠋ᠷ ᠵᠠᠢ ᠶᠢᠨ ᠲᠤᠳᠤᠷ᠎ᠠ ᠪᠠᠶᠢᠭ᠎ᠠ ᠰᠤᠮᠤ ᠰᠢᠶᠠᠩ ᠪᠠᠯᠭᠠᠰᠤ ︽ᠮᠠᠯᠴᠢᠨ ᠲᠠᠷᠢᠶᠠᠴᠢᠨ ᠡᠷᠦᠬᠡ ᠴᠤᠭᠯᠠᠭᠤᠯᠵᠤ᠂ ᠭᠠᠴᠠᠭ᠎ᠠ ᠲᠤᠰᠬᠤᠨ ᠬᠤᠷᠢᠶᠠᠨ᠂ ᠰᠤᠮᠤ ᠰᠢᠶᠠᠩ ᠪᠠᠯᠭᠠᠰᠤ ᠲᠡᠬᠡᠬᠡᠪᠦᠷᠢᠯᠡᠵᠤ᠂ ᠬᠤᠰᠢᠭᠤ ᠰᠢᠶᠠᠨ ︵ᠬᠤᠳᠠ᠂ ᠲᠤᠭᠤᠷᠢᠭ︶ ᠰᠢᠢᠳᠪᠤᠷᠢᠯᠡᠬᠦ︾ ᠬᠤᠳᠠ ᠪᠠᠯᠭᠠᠰᠤ ᠶᠢ ᠨᠢᠬᠡ ᠴᠤᠭᠴᠠᠵᠢᠭᠤᠯᠤᠬᠰᠠᠨ ᠵᠠᠰᠠᠠ ᠴᠡᠭᠴᠡᠯᠡᠬᠦ ᠵᠠᠭᠪᠤᠷ ᠢ ᠠᠰᠢᠬᠯᠠᠵᠤ᠂ ᠲᠡᠬᠡᠬᠡᠪᠦᠷᠢᠯᠡᠬᠦ ᠨᠦᠬᠦᠴᠡᠯ ᠴᠢᠳᠠᠪᠤᠷᠢ ᠰᠠᠶᠢᠨ ᠰᠤᠮᠤ ᠰᠢᠶᠠᠩ ᠪᠠᠯᠭᠠᠰᠤᠨ ᠤ ᠬᠢᠨ ᠬᠤᠷᠢᠶᠠᠨ ᠲᠡᠬᠡᠬᠡᠪᠦᠷᠢᠯᠡᠬᠦ ᠬᠡᠪᠴᠢᠶ᠎ᠠ ᠪᠠᠨ ᠵᠤᠬᠢᠰᠳᠠᠢ ᠦᠷᠬᠡᠳᠬᠡᠵᠤ ᠪᠤᠯᠤᠨ᠎ᠠ᠃ ᠬᠤᠳᠠ ᠪᠠᠯᠭᠠᠰᠤᠨ ᠠᠴᠠ ᠨᠡᠯᠢᠶᠡᠳ ᠬᠤᠯᠠ᠂ ᠬᠦᠮᠦᠨ ᠠᠮᠠ ᠬᠠᠷᠢᠴᠠᠩᠭᠤᠢ ᠲᠦᠪᠯᠡᠷᠡᠩᠬᠦᠢ ᠲᠤᠰᠬᠤᠨ ᠪᠠᠯᠭᠠᠰᠤ ︽ᠡᠷᠦᠬᠡ ᠴᠤᠭᠯᠠᠭᠤᠯᠤᠨ᠂ ᠲᠤᠰᠬᠤᠨ ᠬᠤᠷᠢᠶᠠᠵᠤ᠂ ᠰᠢᠶᠠᠩ ᠪᠠᠯᠭᠠᠰᠤ ︵ᠤᠷᠤᠨ ᠪᠦᠰᠠ︶ ᠰᠢᠢᠳᠪᠤᠷᠢᠯᠡᠬᠦ︾ ᠲᠦᠪᠯᠡᠷᠡᠩᠬᠦᠢ ᠵᠠᠰᠠᠠ ᠴᠡᠭᠴᠡᠯᠡᠬᠦ ᠵᠠᠭᠪᠤᠷ ᠢ ᠠᠰᠢᠬᠯᠠᠵᠤ ᠪᠤᠯᠤᠨ᠎ᠠ᠃ ᠪᠤᠶᠢᠳᠠ ᠬᠤᠯᠠ ᠵᠢᠴᠢ ᠬᠦᠮᠦᠨ ᠠᠮᠠ ᠲᠠᠷᠠᠬᠠᠢ ᠭᠠᠴᠠᠭ᠎ᠠ ᠲᠤᠰᠬᠤᠨ ︽ᠡᠷᠦᠬᠡ ᠴᠤᠭᠯᠠᠭᠤᠯᠤᠨ᠂ ᠲᠤᠰᠬᠤᠨ ᠬᠤᠷᠢᠶᠠᠵᠤ᠂ ᠲᠤᠰᠬᠤᠨ ᠰᠢᠢᠳᠪᠤᠷᠢᠯᠡᠬᠦ︾ ᠲᠠᠷᠠᠬᠠᠢ ᠵᠠᠰᠠᠨ ᠴᠡᠭᠴᠡᠯᠡᠬᠦ ᠵᠠᠭᠪᠤᠷ ᠢ ᠠᠰᠢᠬᠯᠠᠵᠤ ᠪᠤᠯᠤᠨ᠎ᠠ ︔ ᠨᠦᠬᠦᠴᠡᠯ ᠬᠦᠷᠦᠯᠴᠡᠬᠦ ᠦᠬᠡᠢ ᠨᠢ ᠵᠦᠢ ᠵᠤᠬᠢᠰᠳᠠᠢ ᠬᠠᠳᠠᠭᠠᠯᠠᠵᠤ᠂ ᠲᠤᠭᠳᠠᠭᠰᠠᠠ ᠬᠤᠭᠤᠴᠠᠭ᠎ᠠ ᠲᠠᠢ ᠪᠠᠷ ᠭᠠᠳᠠᠭᠰᠢ ᠲᠡᠬᠡᠬᠡᠪᠦᠷᠢᠯᠡᠵᠤ ᠰᠢᠢᠳᠪᠤᠷᠢᠯᠡᠨ᠎ᠠ᠃ ᠲᠠᠮᠵᠢᠭᠤᠯᠤᠨ ᠳᠡᠭᠡᠭᠡᠪᠦᠷᠢᠯᠡᠬᠦ ᠲᠦᠬᠦᠬᠡᠷᠦᠮᠵᠢ ᠵᠢᠴᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠮᠠᠰᠢᠨ ᠲᠤᠨᠤᠭ ᠪᠠᠭᠠᠵᠢ ᠭᠡᠷᠡᠭᠰᠡᠯ ᠤᠨ ᠡᠷᠡᠬᠦᠯ ᠬᠠᠮᠠᠭᠠᠯᠠᠯ ᠤᠨ ᠲᠦᠪᠰᠢᠨ ᠢᠶᠠᠨ ᠠᠯᠬᠤᠮ ᠠᠯᠬᠤᠮ ᠢᠶᠠᠷ ᠲᠡᠬᠡᠭᠰᠢᠯᠡᠬᠦᠯᠵᠤ᠂ ᠪᠢᠳᠡᠬᠦᠮᠵᠢᠯᠡᠭᠰᠡᠡ ᠬᠡᠯᠪᠡᠷᠢ ᠶᠢᠨ ᠬᠤᠭ ᠨᠤᠪᠰᠢ ᠳᠡᠬᠡᠬᠡᠪᠦᠷᠢᠯᠡᠬᠦ ᠮᠠᠰᠢᠨ ᠲᠡᠷᠭᠡ ᠶᠢ ᠲᠦᠬᠡᠮᠡᠯᠵᠢᠭᠦᠯᠵᠤ᠂ ᠨᠦᠬᠦᠴᠡᠯ ᠲᠠᠢ ᠨᠢ ᠰᠢᠬᠠᠮᠠᠯ ᠮᠠᠶ᠋ᠢᠭ ᠤᠨ ᠬᠤᠭ ᠨᠤᠪᠰᠢ ᠲᠡᠬᠡᠬᠡᠪᠦᠷᠢᠯᠡᠬᠦ ᠮᠠᠰᠢᠨ ᠲᠡᠷᠭᠡ ᠶᠢ ᠲᠦᠬᠦᠷᠵᠢᠬᠦᠯᠦᠨ᠎ᠡ᠃ 2020 ᠤᠨ ᠤ 6 ᠰᠠᠷ᠎ᠠ ᠶᠢᠨ ᠰᠡᠬᠦᠯᠴᠢ ᠠᠴᠠ ᠡᠮᠦᠨ᠎ᠠ᠂ 90% ᠠᠴᠠ ᠲᠡᠬᠡᠭᠰᠢᠬᠢ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠠᠮᠢᠳᠤᠷᠠᠯ ᠤᠨ ᠬᠤᠭ ᠨᠤᠪᠰᠢ ᠶᠢ ᠬᠤᠷᠢᠶᠠᠨ ᠲᠡᠬᠡᠬᠡᠪᠦᠷᠢᠯᠡᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃        3. ᠠᠶᠢᠯ ᠲᠤᠰᠬᠤᠨ ᠤ ᠠᠷᠢᠭᠤᠨ ᠴᠡᠪᠡᠷ ᠢ ᠬᠠᠮᠠᠭᠠᠯᠠᠬᠤ ᠳᠦᠷᠢᠮ ᠢ ᠪᠠᠶᠢᠭᠤᠯᠤᠨ᠎ᠠ᠃      2019 ᠤᠨ ᠤ ᠵᠢᠯ ᠤᠨ ᠡᠴᠦᠰ ᠠᠴᠠ ᠡᠮᠦᠨ᠎ᠡ᠂ ᠭᠠᠴᠠᠭ᠎ᠠ ᠲᠤᠰᠬᠤᠨ ᠤ ᠴᠡᠪᠡᠷᠯᠡᠭᠴᠢ ᠶᠢᠨ ᠡᠩᠨᠡᠭᠡ ᠶᠢ ᠪᠦᠬᠦ ᠲᠠᠯ᠎ᠠ ᠪᠠᠷ ᠪᠠᠶᠢᠭᠤᠯᠵᠤ᠂ ᠭᠠᠴᠠᠭ᠎ᠠ ᠲᠤᠰᠬᠤᠨ ᠤ ᠬᠦᠮᠦᠨ ᠠᠮᠠ ᠶᠢᠨ ᠬᠡᠮᠵᠢᠶ᠎ᠡ᠂ ᠠᠵᠢᠯᠯᠠᠬᠤ ᠬᠡᠪᠴᠢᠶ᠎ᠡ᠂ ᠬᠦᠳᠡᠯᠮᠦᠷᠢᠯᠡᠬᠦ ᠠᠵᠢᠯ ᠤᠨ ᠡᠷᠴᠢᠮ ᠵᠡᠷᠭᠡ ᠶᠢ ᠦᠨᠳᠦᠰᠦᠯᠡᠵᠦ᠂ ᠴᠡᠪᠡᠷᠯᠡᠭᠴᠢ ᠶᠢ ᠵᠦᠢ ᠵᠤᠬᠢᠰᠲᠠᠢ ᠲᠤᠬᠢᠷᠠᠭᠤᠯᠵᠤ᠂ ᠵᠠᠷᠴᠢᠮ ᠳᠡᠭᠡᠷ᠎ᠡ ᠪᠠᠨ 50 ᠠᠴᠠ ᠳᠤᠷᠤᠭᠰᠢ ᠡᠷᠦᠬᠡ ᠲᠠᠢ ᠭᠠᠴᠠᠭ᠎ᠠ ᠲᠤᠰᠬᠤᠨ ᠳᠤ 1 ᠴᠡᠪᠡᠷᠯᠡᠭᠴᠢ ᠲᠤᠬᠢᠷᠠᠭᠤᠯᠵᠤ᠂ 50 ᠠᠴᠠ ᠳᠡᠭᠡᠭᠰᠢ ᠡᠷᠦᠬᠡ ᠲᠠᠢ ᠭᠠᠴᠠᠭ᠎ᠠ ᠲᠤᠰᠬᠤᠨ ᠳᠤ 300 ᠬᠦᠮᠦᠨ ᠪᠦᠷᠢ ᠳᠤ 1 ᠴᠡᠪᠡᠷᠯᠡᠭᠴᠢ ᠲᠤᠬᠢᠷᠠᠭᠤᠯᠵᠤ᠂ ᠠᠶᠢᠯ ᠲᠤᠰᠬᠤᠨ ᠤ ᠲᠠᠷᠬᠠᠯᠲᠠ ᠶᠢᠨ ᠪᠠᠶᠢᠳᠠᠯ ᠢ ᠦᠨᠳᠦᠰᠦᠯᠡᠨ ᠲᠤᠬᠢᠷᠠᠭᠤᠯᠬᠤ ᠴᠡᠪᠡᠷᠯᠡᠭᠴᠢ ᠶᠢᠨ ᠲᠤᠭ᠎ᠠ ᠶᠢ ᠵᠤᠬᠢᠬᠤ ᠬᠡᠮᠵᠢᠶ᠎ᠡ ᠪᠠᠷ ᠨᠡᠮᠡᠵᠦ ᠬᠠᠰᠤᠵᠤ ᠪᠤᠯᠤᠨ᠎ᠠ᠃ ᠴᠡᠪᠡᠷᠯᠡᠭᠴᠢ ᠬᠤᠭ ᠨᠤᠪᠰᠢ ᠶᠢ ᠴᠤᠭᠯᠠᠭᠤᠯᠬᠤ᠂ ᠠᠶᠢᠯ ᠲᠤᠰᠬᠤᠨ ᠢ ᠴᠡᠪᠡᠷᠯᠡᠬᠦ᠂ ᠡᠬᠢ ᠪᠠᠶᠠᠯᠢᠭ ᠢ ᠪᠤᠴᠠᠭᠠᠨ ᠬᠤᠷᠢᠶᠠᠬᠤ᠂ ᠤᠬᠠᠭᠤᠯᠬᠤ ᠬᠢᠨᠠᠯᠲᠠ ᠲᠠᠯᠪᠢᠬᠤ ᠵᠡᠷᠭᠡ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠢᠢᠯᠠᠨ᠎ᠠ᠃ ᠲᠠᠷᠬᠠᠨ ᠰᠠᠭᠤᠷᠢᠰᠢᠬᠤ ᠪᠠᠷ ᠭᠤᠤᠯ ᠪᠤᠯᠭᠠᠭᠰᠠᠨ ᠮᠠᠯᠵᠢᠬᠤ ᠤᠷᠤᠨ ᠳᠤ᠂ ᠮᠠᠯᠴᠢᠨ ᠦᠪᠡᠰᠦᠪᠡᠨ ᠴᠡᠪᠡᠷᠯᠡᠬᠦ ᠪᠠᠷ ᠭᠤᠤᠯ ᠪᠤᠯᠭᠠᠵᠤ᠂ ᠰᠤᠮᠤ ᠪᠤᠯᠤᠨ ᠭᠠᠴᠠᠭ᠎ᠠ ᠠᠴᠠ ᠰᠢᠯᠭᠠᠨ ᠠᠳᠠᠯᠢᠳᠬᠠᠬᠤ ᠠᠷᠢᠭᠤᠨ ᠴᠡᠪᠡᠷ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠪᠠᠯ ᠵᠤᠬᠢᠨ᠎ᠠ᠃ ᠰᠤᠮᠤ ᠰᠢᠶᠠᠩ ᠤᠨ ᠵᠠᠰᠠᠭ ᠤᠨ ᠤᠷᠳᠤᠨ ᠠᠴᠠ ᠭᠠᠴᠠᠭ᠎ᠠ ᠲᠤᠰᠬᠤᠨ ᠤ ᠵᠦᠪᠯᠡᠯ ᠢ ᠤᠳᠤᠷᠢᠳᠤᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠬᠠᠮᠢᠶᠠᠷᠬᠤ ᠲᠤᠰᠬᠤᠨ ᠤ ᠲᠤᠭᠲᠠᠭᠠᠯ ᠠᠷᠠᠳ ᠤᠨ ᠰᠠᠬᠢᠯᠭ᠎ᠠ ᠶᠢ ᠲᠤᠭᠲᠠᠭᠠᠬᠤ᠂ ᠲᠤᠰᠬᠤᠨ ᠤ ᠠᠷᠠᠳ ᠲᠠᠢ ᠡᠭᠦᠳᠡᠨ ᠡᠮᠦᠨᠡᠬᠢ ᠭᠤᠷᠪᠠ ᠶᠢ ᠪᠠᠲᠤᠯᠠᠬᠤ ᠬᠠᠷᠢᠭᠤᠴᠠᠯᠭ᠎ᠠ ᠶᠢᠨ ᠪᠢᠴᠢᠭ ᠲᠤᠭᠲᠠᠬᠤ ᠵᠡᠷᠭᠡ ᠬᠡᠯᠪᠡᠷᠢ ᠪᠠᠷ ᠳᠠᠮᠵᠢᠭᠤᠯᠵᠤ᠂ ᠲᠤᠰᠬᠤᠨ ᠤ ᠠᠷᠠᠳ ᠤᠨ ᠠᠷᠢᠭᠤᠨ ᠴᠡᠪᠡᠷ ᠢ ᠬᠠᠮᠠᠭᠠᠯᠠᠬᠤ ᠡᠭᠦᠷᠭᠡ ᠶᠢ ᠲᠤᠳᠤᠷᠬᠠᠢᠢᠯᠠᠵᠤ᠂ ᠲᠤᠰᠬᠤᠨ ᠤ ᠠᠷᠠᠳ ᠢ ᠳᠠᠶᠢᠴᠢᠯᠠᠨ ᠬᠦᠷᠢᠶ᠎ᠡ ᠬᠠᠰᠢᠶ᠎ᠠ ᠶᠢᠨ ᠬᠤᠭ ᠨᠤᠪᠰᠢ ᠪᠠᠨ ᠴᠡᠪᠡᠷᠯᠡᠵᠦ᠂ ᠬᠤᠭ ᠨᠤᠪᠰᠢ ᠶᠢ ᠲᠦᠷᠦᠯ ᠠᠩᠭᠢᠯᠠᠨ ᠬᠡᠮᠵᠢᠶ᠎ᠡ ᠶᠢ ᠪᠠᠭᠠᠰᠬᠠᠨ᠂ ᠲᠤᠭᠲᠠᠮᠠᠯ ᠬᠤᠭᠤᠴᠠᠭ᠎ᠠ ᠲᠠᠢ ᠪᠠᠷ ᠲᠤᠰᠬᠤᠨ ᠤ ᠠᠷᠠᠳ ᠢ ᠵᠤᠬᠢᠶᠠᠨ ᠪᠠᠶᠢᠭᠤᠯᠤᠨ ᠭᠠᠴᠠᠭ᠎ᠠ ᠲᠤᠰᠬᠤᠨ ᠤ ᠤᠷᠴᠢᠨ ᠲᠤᠭᠤᠷᠢᠨ ᠤ ᠠᠷᠢᠭᠤᠨ ᠴᠡᠪᠡᠷ ᠢ ᠲᠦᠪᠯᠡᠷᠡᠭᠦᠯᠦᠨ ᠴᠡᠪᠡᠷᠯᠡᠬᠦ ᠠᠵᠢᠯ ᠢ ᠦᠷᠨᠢᠭᠦᠯᠦᠨ᠎ᠡ᠃ ᠴᠡᠪᠡᠷᠯᠡᠬᠦ ᠲᠤᠨᠤᠭ ᠲᠦᠭᠦᠭᠡᠷᠦᠮᠵᠢ ᠶᠢ ᠲᠤᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠠᠮᠠᠭᠠᠯᠠᠬᠤ ᠳᠦᠷᠢᠮ ᠪᠤᠯᠤᠨ ᠴᠡᠪᠡᠷᠯᠡᠭᠴᠢ ᠶᠢᠨ ᠪᠤᠯᠪᠠᠰᠤᠷᠠᠯ ᠤᠨ ᠳᠦᠷᠢᠮ ᠢ ᠪᠠᠶᠢᠭᠤᠯᠤᠨ᠎ᠠ᠃ ᠨᠦᠬᠦᠴᠡᠯ ᠲᠠᠢ ᠭᠠᠵᠠᠷ ᠤᠷᠤᠨ ᠳᠤ ᠮᠠᠯᠵᠢᠬᠤ ᠲᠠᠷᠢᠶᠠᠯᠠᠬᠤ ᠤᠷᠤᠨ ᠤ ᠬᠤᠭ ᠨᠤᠪᠰᠢ ᠶᠢ ᠴᠡᠪᠡᠷᠯᠡᠬᠦ ᠶᠢ ᠠᠳᠠᠯ ᠠᠬᠤᠢ ᠶᠢᠨ ᠬᠡᠯᠪᠡᠷᠢ ᠪᠠᠷ ᠬᠠᠮᠢᠶᠠᠷᠬᠤ ᠶᠢ ᠵᠤᠷᠢᠭᠵᠢᠭᠤᠯᠵᠤ᠂ ᠦᠮᠴᠢᠲᠡᠨ ᠠᠴᠠ ᠬᠠᠮᠢᠶ᠎ᠠ ᠪᠦᠬᠦᠢ ᠰᠦᠢᠳᠬᠡᠯ ᠢ ᠬᠠᠷᠢᠭᠤᠴᠠᠵᠤ᠂ ᠵᠠᠰᠠᠭ ᠤᠨ ᠤᠷᠳᠤᠨ ᠠᠴᠠ ᠲᠤᠬᠢᠷᠠᠭᠰᠠᠨ ᠨᠦᠬᠦᠪᠦᠷᠢ ᠤᠯᠭᠤᠨ᠎ᠠ᠃      4. ᠬᠤᠭ ᠨᠤᠪᠰᠢ ᠶᠢ ᠲᠤᠷ᠎ᠠ ᠲᠠᠪᠠ ᠪᠠᠷ ᠤᠪᠤᠭᠠᠯᠠᠨ ᠲᠠᠯᠪᠢᠬᠤ ᠴᠢᠬ ᠢ ᠪᠠᠶᠢᠴᠠᠭᠠᠨ ᠴᠡᠭᠴᠡᠯᠡᠨ ᠵᠠᠰᠠᠨ᠎ᠠ᠃      ᠬᠤᠭ ᠨᠤᠪᠰᠢ ᠶᠢ ᠲᠤᠷ᠎ᠠ ᠲᠠᠪᠠ ᠪᠠᠷ ᠤᠪᠤᠭᠠᠯᠠᠨ ᠲᠠᠯᠪᠢᠬᠤ ᠴᠢᠬ ᠤᠨ ᠬᠡᠪᠴᠢᠶ᠎ᠡ᠂ ᠲᠤᠨᠤᠭ ᠲᠦᠭᠦᠭᠡᠷᠦᠮᠵᠢ ᠶᠢᠨ ᠪᠠᠶᠢᠳᠠᠯ᠂ ᠲᠠᠯᠠᠪᠠᠢ ᠶᠢᠨ ᠭᠠᠵᠠᠷ ᠤᠨ ᠪᠦᠲᠦᠴᠡ᠂ ᠡᠷᠭᠢᠨ ᠲᠤᠭᠤᠷᠢᠨ ᠳᠠᠬᠢ ᠤᠷᠴᠢᠨ ᠲᠤᠭᠤᠷᠢᠨ ᠤ ᠨᠦᠬᠦᠴᠡᠯ᠂ ᠰᠡᠷᠭᠦᠭᠡᠨ ᠵᠠᠰᠠᠭᠰᠠᠨ ᠤ ᠳᠠᠷᠠᠭᠠᠬᠢ ᠬᠡᠷᠡᠭᠴᠡᠭᠡ ᠵᠡᠷᠭᠡ ᠲᠠᠢ ᠤᠶᠠᠯᠳᠤᠭᠤᠯᠤᠨ᠂ ᠬᠤᠭ ᠨᠤᠪᠰᠢ ᠪᠠᠷ ᠳᠦᠭᠦᠷᠦᠭᠰᠡᠨ ᠠᠭᠤᠯᠠ᠂ ᠬᠤᠭ ᠨᠤᠪᠰᠢ ᠳᠤ ᠬᠦᠷᠢᠶᠡᠯᠡᠭᠳᠡᠭᠰᠡᠨ ᠲᠤᠰᠬᠤᠨ᠂ ︽ᠠᠭᠤᠯᠠᠨ ᠳᠤ ᠭᠠᠷᠴᠤ ᠬᠦᠳᠡᠭᠡ ᠳᠤ ᠬᠦᠷᠦᠭᠰᠡᠨ︾ ᠠᠵᠤ ᠦᠢᠯᠡᠳᠪᠦᠷᠢ ᠪᠤᠯᠤᠨ ᠬᠤᠲᠠ ᠪᠠᠯᠭᠠᠰᠤ ᠶᠢᠨ ᠪᠤᠬᠢᠷᠲᠤᠯ ᠢ ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ᠃ ᠵᠠᠷᠴᠢᠮ ᠳᠡᠭᠡᠷ᠎ᠡ ᠪᠠᠨ ᠪᠤᠢ ᠪᠦᠬᠦᠢ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠳᠤ ᠪᠦᠷ ᠬᠤᠭ ᠨᠤᠪᠰᠢ ᠶᠢ ᠲᠦᠪᠯᠡᠷᠡᠭᠦᠯᠦᠨ ᠬᠤᠷᠢᠶᠠᠬᠤ ᠴᠢᠬ ᠪᠠᠶᠢᠭᠤᠯᠤᠨ᠎ᠠ᠃ ᠲᠤᠰᠬᠤᠨ ᠤ ᠳᠡᠷᠭᠡᠳᠠᠬᠢ᠂ ᠵᠠᠮ ᠤᠨ ᠬᠠᠵᠠᠭᠤᠳᠠᠬᠢ᠂ ᠤᠰᠤᠨ ᠤ ᠬᠦᠪᠡᠭᠡᠨ ᠳᠠᠬᠢ᠂ ᠲᠠᠷᠢᠶᠠᠨ ᠵᠠᠬ᠎ᠠ᠂ ᠤᠢ ᠰᠢᠭᠤᠢ ᠶᠢᠨ ᠳᠤᠮᠳᠠᠬᠢ ᠡᠯ᠎ᠡ ᠲᠦᠷᠦᠯ ᠤᠨ ᠬᠤᠭ ᠨᠤᠪᠰᠢ ᠶᠢᠨ ᠵᠠᠳᠠᠭᠠᠢ ᠤᠪᠤᠭ᠎ᠠ ᠶᠢ ᠪᠦᠬᠦ ᠲᠠᠯ᠎ᠠ ᠪᠠᠷ ᠴᠡᠪᠡᠷᠯᠡᠨ ᠲᠡᠭᠡᠭᠡᠪᠦᠷᠢᠯᠡᠵᠦ᠂ ᠭᠤᠤ ᠰᠤᠪᠠᠭ ᠢ ᠨᠡᠪᠲᠡᠷᠡᠭᠦᠯᠦᠨ᠂ ᠲᠦᠯᠡᠰᠢ ᠶᠢᠨ ᠤᠪᠤᠭ᠎ᠠ᠂ ᠪᠠᠭᠠᠰᠤᠨ ᠤᠪᠤᠭ᠎ᠠ ᠶᠢ ᠴᠡᠪᠡᠷᠯᠡᠨ᠂ ᠬᠤᠭ ᠨᠤᠪᠰᠢ ᠢᠯᠡ ᠪᠠᠶᠢᠬᠤ ᠦᠭᠡᠢ᠂ ᠦᠨᠴᠦᠭ ᠪᠤᠯᠤᠩ ᠢ ᠭᠡᠭᠡᠭᠳᠡᠭᠦᠯᠦᠯ ᠦᠭᠡᠢ ᠠᠷᠢᠭᠤᠨ ᠴᠡᠪᠡᠷ ᠪᠠᠶᠢᠯᠭᠠᠨ᠎ᠠ᠃ ᠴᠡᠪᠡᠷᠯᠡᠭᠰᠡᠨ ᠤ ᠳᠠᠷᠠᠭᠠᠬᠢ ᠤᠷᠤᠨ ᠢ ᠴᠠᠭ ᠲᠤᠬᠠᠢ ᠳᠤ ᠬᠠᠲᠠᠭᠤᠷᠠᠭᠤᠯᠵᠤ᠂ ᠨᠤᠭᠤᠭᠠᠷᠠᠭᠤᠯᠤᠨ᠂ ᠠᠮᠢᠳᠤᠷᠠᠯ ᠤᠨ ᠬᠤᠭ ᠨᠤᠪᠰᠢ ᠶᠢ ᠬᠤᠷᠢᠶᠠᠬᠤ ᠲᠦᠭᠦᠭᠡᠷᠦᠮᠵᠢ ᠶᠢ ᠢᠵᠢ ᠪᠦᠷᠢᠳᠦᠭᠦᠯᠦᠨ᠂ ᠵᠠᠰᠠᠨ ᠴᠡᠭᠴᠡᠯᠡᠭᠰᠡᠨ ᠦᠷ᠎ᠡ ᠪᠦᠲᠦᠮᠵᠢ ᠪᠠᠨ ᠪᠠᠬᠢᠵᠢᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠡᠳ᠋ ᠢ ᠳᠦᠷᠢᠮᠵᠢᠭᠦᠯᠦᠨ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠤᠷᠤᠨ ᠳᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠡᠳ᠋ ᠢ ᠬᠠᠤᠯᠢ ᠪᠤᠰᠤ ᠪᠠᠷ ᠴᠢᠳᠬᠤᠬᠤ ᠪᠤᠶᠤ ᠤᠪᠤᠭᠠᠯᠠᠨ ᠲᠠᠯᠪᠢᠬᠤ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠡᠯ᠎ᠡ ᠠᠶᠢᠮᠠᠭ ᠬᠤᠲᠠ ᠠᠵᠢᠯ ᠤᠨ ᠳᠠᠩᠰᠠ ᠪᠠᠶᠢᠭᠤᠯᠬᠤ ᠶᠢᠨ ᠬᠠᠮᠲᠤ ᠡᠷᠭᠢᠯᠳᠡ ᠲᠠᠢ ᠪᠠᠷ ᠳ᠋ᠤᠭᠠᠷ ᠬᠠᠰᠤᠬᠤ ᠳᠦᠷᠢᠮ ᠢ ᠬᠡᠷᠡᠭᠵᠢᠭᠦᠯᠵᠦ᠂ 2020 ᠤᠨ ᠤ ᠵᠢᠯ ᠤᠨ ᠡᠴᠦᠰ ᠠᠴᠠ ᠡᠮᠦᠨ᠎ᠡ ᠲᠤᠷ᠎ᠠ ᠲᠠᠪᠠ ᠪᠠᠷ ᠢᠶᠠᠨ ᠬᠤᠭ ᠨᠤᠪᠰᠢ ᠤᠪᠤᠭᠠᠯᠠᠨ ᠲᠠᠯᠪᠢᠬᠤ ᠴᠢᠬ ᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠦᠨ᠎ᠡ᠃      ︵ᠭᠤᠷᠪᠠ︶ ᠮᠠᠯᠵᠢᠬᠤ ᠳᠠᠷᠢᠶᠠᠯᠠᠬᠤ ᠤᠷᠤᠨ ᠤ ᠠᠮᠢᠳᠤᠷᠠᠯ ᠤᠨ ᠪᠤᠵᠠᠷ ᠤᠰᠤ ᠶᠢ ᠵᠠᠰᠠᠨ ᠴᠡᠭᠴᠡᠯᠡᠬᠦ ᠶᠢ ᠲᠦᠯᠬᠢᠨ ᠠᠬᠢᠭᠤᠯᠤᠨ᠎ᠠ      1. ᠮᠠᠯᠵᠢᠬᠤ ᠳᠠᠷᠢᠶᠠᠯᠠᠬᠤ ᠤᠷᠤᠨ ᠤ ᠠᠮᠢᠳᠤᠷᠠᠯ ᠤᠨ ᠪᠤᠵᠠᠷ ᠤᠰᠤ ᠶᠢ ᠵᠠᠰᠠᠨ ᠴᠡᠭᠴᠡᠯᠡᠬᠦ ᠶᠢ ᠱᠠᠳᠤ ᠳᠠᠷᠠᠭᠠᠯᠠᠨ ᠲᠦᠯᠬᠢᠨ ᠠᠬᠢᠭᠤᠯᠤᠨ᠎ᠠ᠃      ᠬᠤᠰᠢᠭᠤ ᠰᠢᠶᠠᠨ ︵ᠬᠤᠳᠠ᠂ ᠲᠤᠭᠤᠷᠢᠭ︶ ᠢᠶᠠᠷ ᠨᠢᠭᠡᠴᠡ ᠪᠤᠯᠭᠠᠵᠤ᠂ ᠤᠷᠤᠨ ᠪᠦᠰᠡ ᠶᠢᠨ ᠪᠤᠵᠠᠷ ᠤᠰᠤ ᠶᠢ ᠵᠠᠰᠠᠨ ᠴᠡᠭᠴᠡᠯᠡᠬᠦ ᠲᠤᠨᠤᠭ ᠲᠦᠭᠦᠬᠡᠷᠦᠮᠵᠢ ᠶᠢ ᠵᠤᠬᠢᠰᠳᠠᠢ ᠲᠤᠬᠢᠷᠠᠭᠤᠯᠵᠤ᠂ ᠬᠦᠮᠦᠨ ᠠᠮᠠ ᠨᠢᠭᠳᠠᠷᠠᠬᠰᠠᠨ ᠭᠠᠵᠠᠷ ᠤᠷᠤᠨ᠂ ᠤᠷᠴᠢᠨ ᠲᠤᠭᠤᠷᠢᠨ ᠪᠤᠳᠤᠯᠢᠶᠠᠨᠳᠠᠢ ᠭᠠᠵᠠᠷ ᠤᠷᠤᠨ᠂ ᠤᠰᠤᠨ ᠤ ᠡᠬᠢ ᠶᠢ ᠬᠠᠮᠠᠭᠠᠯᠠᠬᠤ ᠤᠷᠤᠨ ᠤ ᠭᠠᠴᠠᠭ᠎ᠠ ᠲᠤᠰᠬᠤᠨ᠂ ᠤᠯᠠᠮᠵᠢᠯᠠᠯᠳᠤ ᠠᠶᠢᠯ ᠲᠤᠰᠬᠤᠨ᠂ ᠠᠮᠢᠳᠤᠷᠠᠬᠤ ᠳᠤ ᠳᠠᠭᠠᠯᠠᠮᠵᠢᠳᠠᠢ ᠲᠤᠰᠬᠤᠨ ᠤ ᠪᠤᠵᠠᠷ ᠤᠰᠤ ᠶᠢ ᠵᠠᠰᠠᠨ ᠴᠡᠭᠴᠡᠯᠡᠬᠦ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠯᠡᠨ᠎ᠡ᠃ ᠤᠯᠤᠰ ᠤᠨ ᠳᠡᠰ ᠤᠨ᠂ ᠤᠷᠤᠨ ᠤ ᠳᠡᠰ ᠤᠨ ᠭᠤᠤᠯᠳᠠᠯᠭ᠎ᠠ ᠲᠠᠢ ᠪᠠᠯᠭᠠᠰᠤ ᠬᠢᠬᠡᠳ ᠤᠨᠴᠠᠯᠢᠭᠳᠤ ᠪᠠᠭ᠎ᠠ ᠪᠠᠯᠭᠠᠰᠤ᠂ ᠳᠡᠦᠭᠡ ᠰᠤᠶᠤᠯ ᠤᠨ ᠨᠡᠷᠡᠳᠦ ᠪᠠᠯᠭᠠᠰᠤ ᠵᠡᠷᠭᠡ ᠤᠨᠴᠠᠯᠢᠭᠳᠤ ᠪᠠᠯᠭᠠᠰᠤ ᠶᠢᠨ ᠪᠤᠵᠠᠷ ᠤᠰᠤ ᠶᠢ ᠰᠢᠢᠳᠪᠦᠷᠢᠯᠡᠬᠦ ᠲᠤᠨᠤᠭ ᠲᠦᠬᠦᠭᠡᠷᠦᠮᠵᠢ ᠶᠢ ᠤᠷᠢᠳᠠᠪᠠᠷ ᠪᠦᠳᠦᠭᠡᠨ ᠪᠠᠶᠢᠭᠤᠯᠤᠨ᠎ᠠ᠃      2. ᠪᠤᠵᠠᠷ ᠤᠰᠤ ᠶᠢ ᠰᠢᠢᠳᠪᠦᠷᠢᠯᠡᠬᠦ ᠵᠠᠬᠪᠤᠷ ᠢ ᠰᠢᠨᠵᠢᠯᠡᠬᠦ ᠤᠬᠠᠭᠠᠨᠴᠢ ᠪᠠᠷ ᠰᠤᠩᠭᠤᠨ᠎ᠠ᠃      ᠮᠠᠯᠵᠢᠬᠤ ᠳᠠᠷᠢᠶᠠᠯᠠᠬᠤ ᠤᠷᠤᠨ ᠤ ᠠᠳᠠᠯᠢ ᠪᠤᠰᠤ ᠨᠦᠭᠦᠴᠡᠯ᠂ ᠠᠶᠢᠯ ᠲᠤᠰᠬᠤᠨ ᠤ ᠬᠦᠮᠦᠨ ᠠᠮᠠ ᠶᠢᠨ ᠨᠢᠭᠳᠠᠴᠠ ᠶᠢᠨ ᠪᠠᠶᠢᠳᠠᠯ᠂ ᠪᠤᠵᠠᠷ ᠤᠰᠤ ᠶᠢᠨ ᠬᠡᠮᠵᠢᠶ᠎ᠡ ᠵᠡᠷᠭᠡ ᠶᠢ ᠦᠨᠳᠦᠰᠦᠯᠡᠨ᠂ ᠪᠠᠶᠢᠳᠠᠯ ᠢ ᠨᠢ ᠦᠵᠡᠵᠤ ᠪᠤᠬᠢᠷᠳᠤᠯ ᠢ ᠵᠠᠰᠠᠨ ᠴᠡᠭᠴᠡᠯᠡᠬᠦ ᠪᠠ ᠡᠬᠢ ᠰᠤᠷᠪᠤᠯᠵᠢ ᠶᠢ ᠠᠰᠢᠬᠯᠠᠬᠤ ᠶᠢ ᠤᠶᠠᠯᠳᠤᠭᠤᠯᠤᠨ᠂ ᠲᠦᠪᠯᠡᠷᠡᠭᠦᠯᠬᠦ ᠪᠠ ᠳᠠᠷᠬᠠᠭᠠᠬᠤ ᠶᠢ ᠤᠶᠠᠯᠳᠤᠭᠤᠯᠬᠤ ᠵᠠᠬᠪᠤᠷ ᠢ ᠬᠡᠷᠡᠭᠯᠡᠨ᠎ᠡ᠃ ᠬᠤᠳᠠ ᠪᠠᠯᠭᠠᠰᠤ ᠶᠢᠨ ᠤᠰᠤᠨ ᠤ ᠬᠤᠭᠤᠯᠠᠢ ᠶᠢᠨ ᠲᠤᠤᠷ ᠤᠢᠢᠷ᠎ᠠ ᠬᠠᠪᠢ ᠶᠢᠨ ᠬᠦᠳᠡᠭᠡ ᠲᠤᠰᠬᠤᠨ ᠳᠡᠰᠢ ᠪᠦᠷᠭᠦᠭᠦᠯᠬᠦ ᠶᠢ ᠲᠦᠯᠬᠢᠨ ᠠᠬᠢᠭᠤᠯᠵᠤ᠂ ᠬᠤᠳᠠ ᠶᠢᠨ ᠤᠢᠢᠷ᠎ᠠ ᠳᠡᠭᠦᠷᠭᠡ ᠶᠢᠨ ᠰᠤᠮᠤ ᠰᠢᠶᠠᠩ ᠪᠠᠯᠭᠠᠰᠤ ᠪᠤᠶᠤ ᠬᠤᠳᠠ ᠪᠠᠯᠭᠠᠰᠤ ᠶᠢᠨ ᠪᠤᠵᠠᠷ ᠤᠰᠤᠨ ᠤ ᠬᠤᠭᠤᠯᠠᠢ ᠶᠢᠨ ᠲᠤᠤᠷ ᠤᠨ ᠪᠦᠷᠬᠦᠭᠦᠯᠵᠤ ᠳᠡᠶᠢᠯᠬᠦ ᠠᠶᠢᠯ ᠲᠤᠰᠬᠤᠨ ᠢ ᠬᠤᠳᠠ ᠶᠢᠨ ᠵᠠᠰᠠᠭ ᠵᠠᠬᠢᠷᠭᠠᠨ ᠤ ᠪᠤᠵᠠᠷ ᠤᠰᠤ ᠶᠢᠨ ᠬᠤᠭᠤᠯᠠᠢ ᠶᠢᠨ ᠲᠤᠤᠷ ᠲᠤ ᠵᠠᠯᠭᠠᠭᠤᠯᠵᠤ ᠨᠢᠭᠡᠳᠦᠯᠳᠠᠢ ᠰᠢᠢᠳᠪᠦᠷᠢᠯᠡᠨ᠎ᠡ᠃ ᠬᠦᠮᠦᠨ ᠠᠮᠠ ᠨᠢᠭᠳᠠᠷᠠᠬᠰᠠᠨ᠂ ᠪᠤᠵᠠᠷ ᠤᠰᠤ ᠶᠢᠨ ᠬᠡᠮᠵᠢᠶ᠎ᠡ ᠨᠢ ᠶᠡᠭᠡ ᠰᠤᠮᠤ ᠰᠢᠶᠠᠩ ᠪᠠᠯᠭᠠᠰᠤ ᠨᠢ ᠪᠤᠵᠠᠷ ᠤᠰᠤ ᠶᠢ ᠲᠦᠪᠯᠡᠷᠡᠭᠦᠯᠦᠨ ᠵᠠᠰᠠᠨ ᠴᠡᠭᠴᠡᠯᠡᠬᠦ ᠵᠠᠬᠪᠤᠷ ᠢ ᠬᠡᠷᠡᠭᠵᠢᠭᠦᠯᠵᠤ᠂ ᠨᠦᠭᠦᠴᠡᠯ ᠲᠠᠢ ᠠᠶᠢᠯ ᠲᠤᠰᠬᠤᠨ ᠨᠢ ᠪᠠᠶᠢᠳᠠᠯ ᠢᠶᠠᠨ ᠦᠨᠳᠦᠰᠦᠯᠡᠵᠤ ᠲᠦᠪᠯᠡᠷᠡᠭᠦᠯᠦᠨ ᠰᠢᠢᠳᠪᠦᠷᠢᠯᠡᠬᠦ ᠪᠤᠶᠤ ᠲᠦᠪᠯᠡᠷᠡᠭᠦᠯᠬᠦ ᠪᠠ ᠳᠠᠷᠬᠠᠭᠠᠬᠤ ᠶᠢ ᠤᠶᠠᠯᠳᠤᠭᠤᠯᠤᠭᠰᠠᠨ ᠵᠠᠬᠪᠤᠷ ᠢ ᠬᠡᠷᠡᠭᠵᠢᠬᠦᠯᠦᠨ᠎ᠡ᠃ ᠪᠤᠰᠤᠳ ᠠᠶᠢᠯ ᠲᠤᠰᠬᠤᠨ ᠨᠢ ᠳᠠᠷᠬᠠᠭᠠᠨ ᠰᠢᠢᠳᠪᠦᠷᠢᠯᠡᠬᠦ ᠪᠠᠷ ᠭᠤᠤᠯ ᠪᠤᠯᠭᠠᠵᠤ᠂ ᠮᠠᠯᠵᠢᠬᠤ ᠲᠠᠷᠢᠶᠠᠯᠠᠬᠤ ᠤᠷᠤᠨ ᠤ ᠵᠤᠷᠯᠤᠩ ᠢ ᠦᠭᠡᠷᠡᠴᠢᠯᠡᠨ ᠵᠠᠰᠠᠬᠤ ᠲᠠᠢ ᠤᠶᠠᠯᠳᠤᠭᠤᠯᠵᠤ᠂ ᠡᠷᠦᠭᠡ ᠬᠤᠪᠢᠶᠠᠬᠤ ᠬᠡᠯᠪᠡᠷᠢ᠂ ᠡᠷᠦᠭᠡ ᠬᠤᠯᠪᠤᠭᠠᠯᠠᠬᠤ ᠬᠡᠯᠪᠡᠷᠢ ᠶᠢᠨ ᠠᠷᠭ᠎ᠠ ᠪᠠᠷ ᠳᠠᠮᠵᠢᠨ᠂ ᠲᠦᠭᠦᠬᠡᠷᠦᠮᠵᠢ ᠳᠠᠭᠠᠷᠠᠭᠤᠯᠤᠨ ᠲᠦᠬᠦᠮ ᠰᠢᠢᠳᠪᠦᠷᠢᠯᠡᠬᠦ ᠮᠡᠷᠭᠡᠵᠢᠯ ᠢ ᠠᠰᠢᠬᠯᠠᠨ ᠲᠤᠬᠠᠢ ᠶᠢᠨ ᠭᠠᠵᠠᠷ ᠲᠤᠨᠢ ᠰᠢᠢᠳᠪᠦᠷᠢᠯᠡᠨ᠎ᠡ᠃ ᠦᠪᠡᠷ ᠤᠨ ᠦᠷᠳᠡᠭ ᠨᠢ ᠲᠤᠤᠷ᠎ᠠ᠂ ᠡᠨᠧᠷᠬᠢ ᠠᠷᠪᠢᠯᠠᠬᠤ᠂ ᠰᠡᠯᠪᠢᠨ ᠵᠠᠰᠠᠬᠤ ᠳᠤ ᠲᠦᠭᠦᠮ᠂ ᠠᠰᠢᠬᠯᠠᠮᠵᠢ ᠪᠠᠷ ᠦᠨᠳᠤᠷ ᠪᠤᠵᠠᠷ ᠤᠰᠤ ᠶᠢ ᠰᠢᠢᠳᠪᠦᠷᠢᠯᠡᠬᠦ ᠮᠡᠷᠭᠡᠵᠢᠯ ᠢ ᠢᠳᠡᠪᠬᠢᠳᠠᠢ ᠲᠦᠭᠡᠮᠡᠯᠵᠢᠭᠦᠯᠵᠤ᠂ ᠠᠮᠢ ᠠᠬᠤᠢ ᠶᠢᠨ ᠰᠢᠢᠳᠪᠦᠷᠢᠯᠡᠬᠦ ᠤᠷ᠎ᠠ ᠮᠡᠷᠭᠡᠵᠢᠯ ᠢ ᠬᠡᠷᠡᠭᠯᠡᠬᠦ ᠶᠢ ᠵᠤᠷᠢᠬᠵᠢᠭᠤᠯᠤᠨ᠎ᠠ᠃      3. ᠪᠤᠵᠠᠷ ᠤᠰᠤ ᠶᠢ ᠵᠠᠰᠠᠨ ᠴᠡᠭᠴᠡᠯᠡᠬᠦ ᠤᠷᠳᠤ ᠬᠤᠭᠤᠴᠠᠭᠠᠨ ᠤ ᠳᠤᠭᠳᠠᠴᠠ ᠶᠢ ᠪᠠᠶᠢᠭᠤᠯᠤᠨ᠎ᠠ᠃      ᠤᠰᠤ ᠶᠢ ᠠᠷᠪᠢᠯᠠᠨ ᠭᠠᠮᠨᠠᠬᠤ ᠤᠬᠠᠭᠤᠯᠭ᠎ᠠ ᠬᠦᠮᠦᠵᠢᠯ ᠢ ᠴᠢᠩᠭᠠᠳᠬᠠᠨ᠂ ᠲᠤᠰᠬᠤᠨ ᠤ ᠠᠷᠠᠳ ᠤᠨ ᠤᠰᠤ ᠠᠷᠪᠢᠯᠠᠬᠤ ᠰᠠᠶᠢᠨ ᠵᠠᠩ ᠳᠠᠳᠬᠠᠯ ᠢ ᠪᠤᠢ ᠪᠤᠯᠭᠠᠵᠤ᠂ ᠡᠬᠢ ᠰᠤᠷᠪᠤᠯᠵᠢ ᠠᠴᠠ ᠨᠢ ᠪᠤᠵᠠᠷ ᠤᠰᠤ ᠶᠢ ᠪᠠᠨᠭᠠᠰᠬᠠᠬᠤ ᠶᠢ ᠠᠬᠢᠭᠤᠯᠤᠨ᠎ᠠ᠃ ᠬᠡᠷᠡᠭᠯᠡᠭᠰᠡᠨ ᠤᠰᠤ ᠶᠢ ᠬᠤᠷᠢᠶᠠᠨ ᠠᠰᠢᠬᠯᠠᠬᠤ ᠶᠢ ᠴᠢᠩᠭᠠᠳᠬᠠᠨ᠎ᠠ᠃ ᠬᠤᠭ ᠨᠤᠪᠰᠢ ᠶᠢ ᠠᠷᠢᠯᠭᠠᠬᠤ ᠴᠢᠬ ᠪᠠ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠨᠢᠭᠡᠳᠦᠯᠳᠡᠢ ᠲᠦᠯᠦᠪᠵᠢᠭᠦᠯᠦᠨ ᠪᠠᠶᠢᠷᠢᠯᠠᠭᠤᠯᠵᠤ᠂ ᠭᠠᠵᠠᠷ ᠤᠷᠤᠨ ᠤ ᠪᠠᠶᠢᠳᠠᠯ ᠳᠠᠭᠠᠨ ᠳᠤᠬᠢᠷᠠᠬᠰᠠᠨ ᠲᠠᠷᠬᠠᠭᠠᠯᠳᠠ ᠶᠢᠨ ᠬᠡᠯᠪᠡᠷᠢ ᠪᠠ ᠠᠮᠢ ᠠᠬᠤᠢ ᠶᠢᠨ ᠬᠡᠯᠪᠡᠷᠢ ᠶᠢᠨ ᠪᠠᠭ᠎ᠠ ᠬᠡᠯᠪᠡᠷᠢ ᠶᠢᠨ ᠬᠤᠭ ᠨᠤᠪᠰᠢ ᠪᠤᠵᠠᠷ ᠤᠰᠤ ᠶᠢ ᠵᠠᠰᠠᠨ ᠴᠡᠭᠴᠡᠯᠡᠬᠦ ᠴᠢᠬ ᠭᠠᠷᠭᠠᠨ᠎ᠠ ᠃ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ ᠤᠰᠤᠨ ᠤ ᠠᠮᠢ ᠠᠬᠤᠢ ᠶᠢ ᠰᠡᠷᠭᠦᠭᠡᠨ᠎ᠡ᠃ ᠮᠠᠯᠵᠢᠬᠤ ᠳᠠᠷᠢᠶᠠᠯᠠᠬᠤ ᠤᠷᠤᠨ ᠤ ᠤᠰᠤᠨ ᠤ ᠤᠷᠴᠢᠨ ᠲᠤᠭᠤᠷᠢᠨ ᠤ ᠵᠠᠰᠠᠯᠳᠠ ᠶᠢ ᠭᠤᠤᠯ ᠮᠦᠷᠡᠨ ᠤ ᠳᠠᠷᠤᠭ᠎ᠠ ᠨᠠᠭᠤᠷ ᠤᠨ ᠳᠠᠷᠤᠭ᠎ᠠ ᠶᠢᠨ ᠬᠠᠮᠢᠶᠠᠷᠤᠯᠳᠠ ᠳᠤ ᠤᠷᠤᠭᠤᠯᠤᠨ᠎ᠠ᠃      ︵ᠲᠦᠷᠪᠡ︶ ᠵᠤᠷᠯᠤᠩ ᠤᠨ ᠪᠤᠵᠠᠷᠳᠤᠯ ᠢ ᠵᠠᠰᠠᠨ ᠴᠡᠭᠴᠡᠯᠡᠨ᠎ᠠ      1. ᠵᠤᠷᠯᠤᠩ ᠢ ᠦᠭᠡᠷᠡᠴᠢᠯᠡᠨ ᠵᠠᠰᠠᠬᠤ ᠵᠠᠭᠪᠤᠷ ᠢ ᠵᠤᠬᠢᠰᠲᠠᠢ ᠰᠤᠩᠭᠤᠨ᠎ᠠ᠃      ᠡᠯ᠎ᠡ ᠭᠠᠵᠠᠷ ᠤᠨ ᠬᠢᠨ ᠪᠤᠳᠠᠳᠤ ᠪᠠᠶᠢᠳᠠᠯ ᠢᠶᠠᠨ ᠦᠨᠳᠦᠰᠦᠯᠡᠨ᠂ ᠮᠠᠯᠵᠢᠬᠤ ᠲᠠᠷᠢᠶᠠᠯᠠᠬᠤ ᠤᠷᠤᠨ ᠤ ᠵᠤᠷᠯᠤᠩ ᠤᠨ ᠪᠦᠲᠦᠭᠡᠨ ᠪᠠᠶᠢᠭᠤᠯᠤᠯᠲᠠ ᠶᠢᠨ ᠦᠭᠡᠷᠡᠴᠢᠯᠠᠨ ᠵᠠᠰᠠᠬᠤ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠤᠭᠲᠠᠭᠠᠨ᠎ᠠ᠃ ᠬᠤᠲᠠ ᠶᠢᠨ ᠲᠡᠭᠦᠷᠭᠡ ᠪᠠ ᠪᠤᠰᠤᠳ ᠤᠷᠴᠢᠨ ᠲᠤᠭᠤᠷᠢᠨ ᠤ ᠪᠠᠭᠲᠠᠭᠠᠮᠵᠢ ᠪᠠᠷ ᠪᠠᠭ᠎ᠠ ᠭᠠᠵᠠᠷ ᠤᠷᠤᠨ ᠤ ᠠᠶᠢᠯ ᠲᠤᠰᠬᠤᠨ᠂ ᠡᠷᠦᠭᠡ ᠳᠤ ᠬᠡᠷᠡᠭᠯᠡᠬᠦ ᠡᠷᠡᠭᠦᠯ ᠬᠠᠮᠠᠭᠠᠯᠠᠯ ᠤᠨ ᠵᠤᠷᠯᠤᠩ ᠤᠨ ᠪᠦᠲᠦᠭᠡᠨ ᠪᠠᠶᠢᠭᠤᠯᠤᠯᠲᠠ ᠪᠠ ᠦᠭᠡᠷᠡᠴᠢᠯᠡᠨ ᠵᠠᠰᠠᠯᠲᠠ ᠶᠢ ᠲᠦᠷᠭᠡᠳᠭᠡᠨ ᠲᠦᠯᠬᠢᠨ ᠠᠬᠢᠭᠤᠯᠵᠦ᠂ ᠵᠤᠷᠯᠤᠩ ᠤᠨ ᠪᠤᠵᠠᠷᠳᠤᠯ ᠢ ᠵᠠᠰᠠᠨ ᠴᠡᠭᠴᠡᠯᠡᠬᠦ ᠶᠢ ᠬᠠᠮᠳᠤ ᠳᠤᠨᠢ ᠬᠡᠷᠡᠭᠵᠢᠭᠦᠯᠦᠨ᠎ᠡ︔ ᠨᠦᠭᠦᠴᠡᠯ ᠲᠠᠢ ᠭᠠᠵᠠᠷ ᠤᠷᠤᠨ ᠳᠤ ᠮᠠᠯᠵᠢᠬᠤ ᠲᠠᠷᠢᠶᠠᠯᠠᠬᠤ ᠤᠷᠤᠨ ᠤ ᠡᠷᠦᠭᠡ ᠳᠤ ᠬᠡᠷᠡᠭᠯᠡᠬᠦ ᠵᠤᠷᠯᠤᠩ ᠤᠨ ᠪᠦᠬᠦᠨ ᠢ ᠪᠦᠷᠬᠦᠬᠦᠯᠬᠦ ᠶᠢ ᠲᠦᠯᠬᠢᠨ ᠠᠬᠢᠭᠤᠯᠬᠤ ᠶᠢ ᠵᠤᠷᠢᠭᠵᠢᠭᠤᠯᠵᠦ᠂ ᠵᠤᠷᠯᠤᠩ ᠢ ᠦᠭᠡᠷᠡᠴᠢᠯᠠᠨ ᠵᠠᠰᠠᠬᠤ ᠪᠠ ᠲᠤᠭᠤᠭᠠᠨ ᠭᠡᠷ ᠢ ᠦᠭᠡᠷᠡᠴᠢᠯᠡᠨ ᠵᠠᠰᠠᠬᠤ ᠶᠢ ᠬᠠᠮᠳᠤ ᠳᠤᠨᠢ ᠬᠡᠷᠡᠭᠵᠢᠭᠦᠯᠦᠨ᠎ᠡ︔ ᠪᠤᠰᠤᠳ ᠭᠠᠵᠠᠷ ᠲᠤ ᠤᠯᠠᠨ ᠲᠦᠮᠡᠨ ᠤ ᠬᠦᠯᠢᠶᠡᠨ ᠠᠪᠴᠦ ᠲᠡᠶᠢᠯᠬᠦ᠂ ᠬᠢᠮᠳᠠ ᠲᠤᠬᠢᠯᠢᠭ᠂ ᠠᠷᠠᠴᠢᠯᠠᠨ ᠬᠠᠮᠠᠭᠠᠯᠠᠬᠤ ᠳᠤ ᠲᠦᠭᠦᠮ᠂ ᠪᠤᠬᠢᠷᠳᠤᠯ ᠦᠭᠡᠢ ᠨᠠᠶᠢᠲᠡ ᠶᠢᠨ ᠬᠡᠷᠡᠭᠯᠡᠭᠡᠨ ᠤ ᠤᠰᠤ ᠬᠡᠷᠡᠭᠯᠡᠬᠦ ᠱᠠᠭᠠᠷᠳᠠᠯᠭ᠎ᠠ ᠪᠠᠷ᠂ ᠠᠳᠠᠯᠢ ᠪᠤᠰᠤ ᠬᠢᠷᠢ ᠲᠦᠪᠰᠢᠨ ᠤ ᠡᠷᠡᠭᠦᠯ ᠬᠠᠮᠠᠭᠠᠯᠠᠯ ᠤᠨ ᠵᠤᠷᠯᠤᠩ ᠢ ᠲᠦᠭᠡᠮᠡᠯᠵᠢᠭᠦᠯᠦᠨ᠎ᠡ᠃ ᠮᠠᠯᠴᠢᠨ ᠲᠠᠷᠢᠶᠠᠴᠢᠨ ᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ᠂ ᠤᠨᠳᠤᠤ ᠭᠠᠵᠠᠷ ᠲᠤ ᠰᠢᠯᠵᠢᠭᠦᠯᠦᠨ ᠶᠠᠳᠠᠭᠤ ᠶᠢ ᠲᠡᠳᠭᠦᠭᠦ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠢᠵᠢ ᠪᠦᠷᠢᠳᠦᠭᠦᠯᠦᠭᠰᠡᠨ ᠡᠷᠡᠭᠦᠯ ᠬᠠᠮᠠᠭᠠᠯᠠᠯ ᠤᠨ ᠵᠤᠷᠯᠤᠩ ᠢ ᠪᠠᠶᠢᠭᠤᠯᠬᠤ ᠪᠠ ᠬᠦᠮᠦᠨ ᠠᠮᠠ ᠶᠢᠨ ᠬᠡᠪᠴᠢᠶ᠎ᠡ ᠪᠠᠷ ᠶᠡᠭᠡ ᠵᠢᠴᠢ ᠪᠤᠰᠤᠳ ᠡᠷᠡᠭᠦᠯ ᠬᠠᠮᠠᠭᠠᠯᠠᠯ ᠤᠨ ᠵᠤᠷᠯᠤᠩ ᠢ ᠪᠠᠶᠢᠭᠤᠯᠬᠤ ᠴᠢᠬᠤᠯᠠ ᠲᠠᠢ ᠠᠶᠢᠯ ᠲᠤᠰᠬᠤᠨ ᠢᠶᠠᠷ ᠪᠠᠰᠠ ᠢᠵᠢ ᠪᠦᠷᠢᠳᠦᠭᠦᠯᠦᠭᠰᠡᠨ ᠡᠷᠡᠭᠦᠯ ᠬᠠᠮᠠᠭᠠᠯᠠᠯ ᠤᠨ ᠵᠤᠷᠯᠤᠩ ᠢ ᠪᠠᠶᠢᠭᠤᠯᠤᠨ᠎ᠠ᠃ ᠵᠤᠷᠯᠤᠩ ᠤᠨ ᠦᠭᠡᠷᠡᠴᠢᠯᠡᠯᠲᠡ ᠪᠤᠯᠤᠨ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠪᠤᠵᠠᠷ ᠤᠰᠤᠨ ᠤ ᠵᠠᠰᠠᠨ ᠴᠡᠭᠴᠡᠯᠡᠯᠳᠠ ᠶᠢ ᠪᠦᠲᠦᠮᠵᠢᠲᠠᠢ ᠵᠤᠯᠭᠠᠭᠤᠯᠬᠤ ᠶᠢ ᠴᠢᠩᠭᠠᠳᠬᠠᠨ᠎ᠠ᠃ 2020 ᠤᠨ ᠪᠤᠯᠲᠠᠯ᠎ᠠ᠂ 65 ᠲᠦᠮᠡᠨ ᠡᠷᠦᠭᠡ ᠶᠢᠨ ᠵᠤᠷᠯᠤᠩ ᠢ ᠦᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠡᠷᠡᠭᠦᠯ ᠬᠠᠮᠠᠭᠠᠯᠠᠯ ᠤᠨ ᠵᠤᠷᠯᠤᠩ ᠤᠨ ᠲᠦᠭᠡᠮᠡᠯᠵᠢᠯᠲᠡ ᠶᠢᠨ ᠨᠤᠷᠮ᠎ᠠ ᠶᠢ 85% ᠠᠴᠠ ᠲᠡᠭᠡᠭᠰᠢ ᠳᠤ ᠬᠦᠷᠭᠡᠨ᠎ᠡ᠃      2. ᠵᠤᠷᠯᠤᠩ ᠤᠨ ᠪᠤᠵᠠᠷᠳᠤᠯ ᠪᠤᠳᠠᠰ ᠢ ᠡᠬᠢ ᠪᠠᠶᠠᠯᠢᠭᠵᠢᠭᠤᠯᠤᠨ ᠠᠰᠢᠬᠯᠠᠬᠤ ᠶᠢ ᠠᠬᠢᠭᠤᠯᠤᠨ᠎ᠠ᠃      ᠡᠯ᠎ᠡ ᠭᠠᠵᠠᠷ ᠤᠨ ᠬᠢᠨ ᠪᠤᠳᠠᠳᠤ ᠪᠠᠶᠢᠳᠡᠯ ᠢᠶᠠᠨ ᠦᠨᠳᠦᠰᠦᠯᠡᠨ᠂ ᠵᠤᠷᠯᠤᠩ ᠤᠨ ᠪᠤᠵᠠᠷᠳᠤᠯ ᠪᠤᠳᠠᠰ᠂ ᠬᠡᠷ ᠤᠨ ᠲᠡᠵᠢᠭᠡᠪᠤᠷᠢ ᠶᠢᠨ ᠬᠠᠶᠠᠭᠳᠠᠮᠠᠯ ᠪᠤᠳᠠᠰ ᠢ ᠬᠠᠮᠳᠤ ᠳᠤᠨᠢ ᠰᠢᠢᠳᠪᠦᠷᠢᠯᠡᠵᠦ᠂ ᠡᠬᠢ ᠪᠠᠶᠠᠯᠢᠭᠵᠢᠭᠤᠯᠤᠨ ᠠᠰᠢᠬᠯᠠᠬᠤ ᠶᠢ ᠵᠤᠷᠢᠭᠵᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠬᠦᠢᠯᠭᠡᠭᠡᠨ ᠤ ᠵᠠᠭᠪᠤᠷ ᠢ ᠢᠳᠡᠪᠬᠢᠲᠠᠢ ᠰᠦᠪᠡᠭᠴᠢᠯᠡᠵᠤ᠂ ᠲᠤᠰᠬᠠᠢ ᠠᠵᠦ ᠠᠬᠤᠢᠢᠯᠠᠯ ᠠᠴᠠ ᠵᠤᠷᠯᠤᠩ ᠢ ᠦᠭᠡᠷᠡᠴᠢᠯᠡᠨ ᠵᠠᠰᠠᠬᠤ ᠵᠢᠴᠢ ᠪᠠᠶᠢᠴᠠᠭᠠᠨ ᠰᠡᠯᠪᠢᠨ ᠵᠠᠰᠠᠬᠤ᠂ ᠲᠤᠭᠲᠠᠭᠰᠠᠨ ᠬᠤᠭᠤᠴᠠᠭ᠎ᠠ ᠲᠠᠢ ᠬᠤᠷᠢᠶᠠᠨ ᠲᠡᠭᠡᠭᠡᠪᠤᠷᠢᠯᠡᠬᠦ᠂ ᠵᠤᠷᠯᠤᠩ ᠤᠨ ᠪᠤᠵᠠᠷᠳᠤᠯ ᠪᠤᠳᠠᠰ ᠢ ᠡᠬᠢ ᠪᠠᠶᠠᠯᠢᠭᠵᠢᠭᠤᠯᠤᠨ ᠠᠰᠢᠬᠯᠠᠬᠤ ᠶᠢ ᠵᠤᠷᠢᠬᠵᠢᠭᠤᠯᠵᠤ᠂ ᠬᠠᠮᠢᠶᠠᠷᠬᠤ ᠬᠤᠷᠢᠶᠠᠨ ᠠᠪᠬᠤ ᠬᠡᠷᠡᠭᠯᠡᠬᠦ ᠶᠢ ᠬᠠᠮᠳᠤ ᠳᠤᠨᠢ ᠴᠢᠬᠤᠯᠠᠴᠢᠯᠠᠵᠤ᠂ ᠡᠭᠦᠷᠭᠡ ᠬᠠᠷᠢᠭᠤᠴᠠᠯᠭ᠎ᠠ ᠠᠰᠢᠭ ᠤᠯᠵᠠᠪᠤᠷᠢ ᠶᠢ ᠨᠢᠭᠡᠳᠭᠡᠭᠰᠡᠨ ᠪᠦᠲᠦᠮᠵᠢᠲᠠᠢ ᠤᠷᠳᠤ ᠬᠤᠭᠤᠴᠠᠭᠠᠨ ᠤ ᠬᠠᠮᠢᠶᠠᠷᠤᠯᠲᠠ ᠶᠢᠨ ᠲᠤᠭᠲᠠᠴᠠ ᠶᠢ ᠪᠠᠶᠢᠭᠤᠯᠤᠨ᠎ᠠ᠃       ︵ᠳᠠᠪᠤ︶ ᠮᠠᠯ ᠠᠵᠤ ᠠᠬᠤᠢ ᠳᠠᠷᠢᠶᠠᠯᠠᠩ ᠤᠨ ᠦᠢᠯᠡᠳᠪᠤᠷᠢᠯᠡᠯ ᠤᠨ ᠬᠠᠶᠠᠭᠳᠠᠮᠠᠯ ᠪᠤᠳᠠᠰ ᠢ ᠡᠭᠢ ᠪᠠᠶᠠᠯᠢᠭᠵᠢᠭᠤᠯᠤᠨ ᠠᠰᠢᠬᠯᠠᠬᠤ ᠶᠢ ᠠᠬᠢᠭᠤᠯᠤᠨ᠎ᠠ      1. ᠮᠠᠯ ᠵᠢᠭᠦᠷᠲᠡᠨ ᠤ ᠢᠯᠭᠠᠳᠠᠰᠤ ᠶᠢ ᠡᠭᠢ ᠪᠠᠶᠠᠯᠢᠬᠵᠢᠭᠤᠯᠤᠨ ᠠᠰᠢᠬᠯᠠᠨ᠎ᠠ᠃      ᠠᠳᠠᠯᠢ ᠪᠤᠰᠤ ᠤᠷᠤᠨ ᠭᠡᠪᠴᠢᠶᠠᠨ ᠤ ᠤᠨᠴᠠᠯᠢᠭ ᠲᠤ ᠳᠤᠬᠢᠷᠠᠭᠰᠠᠨ᠂ ᠠᠵᠤ ᠠᠬᠤᠢ ᠶᠢᠨ ᠦᠨᠳᠦᠷ ᠪᠦᠳᠦᠮᠵᠢᠳᠠᠢ᠂ ᠦᠷᠭᠦᠯᠵᠢᠯᠡᠭᠦ ᠡᠷᠭᠢᠯᠳᠠ ᠲᠠᠢ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠦᠢᠯᠡᠰ ᠤᠨ ᠬᠠᠶᠠᠭᠳᠠᠮᠠᠯ ᠪᠤᠳᠠᠰ ᠢ ᠶᠡᠷᠦᠩᠭᠡᠶᠢᠯᠡᠨ ᠠᠰᠢᠬᠯᠠᠬᠤ ᠵᠠᠭᠪᠤᠷ ᠢ ᠳᠡᠯᠭᠡᠷᠡᠭᠦᠯᠦᠨ᠎ᠡ᠃ ᠪᠦᠭᠦ᠋ᠢᠯᠡ ᠰᠢᠶᠠᠨ ᠢᠶᠠᠷ ᠠᠬᠢᠭᠤᠯᠬᠤ ᠵᠠᠭᠪᠤᠷ ᠢ ᠢᠳᠡᠪᠭᠢᠳᠠᠢ ᠰᠦᠪᠡᠭᠴᠢᠯᠡᠵᠤ᠂ ᠮᠠᠯ ᠠᠵᠤ ᠠᠬᠤᠢ ᠳᠠᠷᠢᠶᠠᠯᠠᠡᠭ᠋ ᠤᠨ ᠪᠤᠭᠢᠷᠳᠤᠯ ᠦᠭᠡᠢ ᠭᠦᠭᠵᠢᠯᠳᠠ ᠶᠢᠨ ᠵᠢᠱᠢᠶ᠎ᠠ ᠦᠵᠡᠭᠦᠯᠭᠦ ᠰᠢᠶᠠᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠭᠦᠯᠦᠨ᠎ᠠ᠃ ᠭᠡᠪᠴᠢᠶᠠᠵᠢᠭᠰᠡᠨ ᠳᠡᠵᠢᠭᠡᠨ ᠦᠷᠡᠵᠢᠭᠦᠯᠭᠦ ᠳᠠᠯᠠᠪᠠᠢ ᠳᠤ ᠢᠯᠠᠭᠠᠳᠠᠰᠤ ᠶᠢ ᠰᠢᠢᠳᠪᠤᠷᠢᠯᠡᠨ ᠠᠰᠢᠬᠯᠠᠬᠤ ᠳᠤ ᠵᠠᠪᠠᠯ ᠱᠠᠭᠠᠷᠳᠠᠭᠳᠠᠬᠤ ᠢᠵᠢ ᠪᠦᠷᠢᠳᠦᠭᠰᠡᠨ ᠳᠦᠭᠦᠭᠡᠷᠦᠮᠵᠢ ᠪᠠᠶᠢᠭᠤᠯᠬᠤ ᠶᠢ ᠵᠢᠯᠤᠭᠤᠳᠤᠨ᠂ ᠤᠳᠤ ᠪᠠᠶᠢᠭ᠎ᠠ ᠳᠤᠨᠤᠭ ᠳᠦᠭᠦᠭᠡᠷᠤᠮᠵᠢ ᠭᠢᠭᠡᠳ ᠳᠤᠨᠤᠭᠯᠠᠯ ᠳᠤ ᠦᠭᠡᠷᠡᠴᠢᠯᠡᠯᠳᠠ ᠰᠠᠶᠢᠵᠢᠷᠠᠭᠤᠯᠤᠯᠳᠠ ᠭᠢᠵᠤ ᠳᠡᠰ ᠳᠡᠪᠰᠢᠭᠦᠯᠦᠨ᠎ᠠ᠃ ᠴᠡᠪᠡᠷ ᠳᠠᠵᠢᠭᠡᠨ ᠦᠷᠡᠵᠢᠭᠦᠯᠬᠦ ᠮᠠᠷᠭᠡᠵᠢᠯ ᠢ ᠶᠡᠬᠡᠪᠡᠷ ᠳᠡᠯᠭᠡᠷᠡᠭᠦᠯᠦᠨ᠎ᠡ᠃ ᠵᠤᠷᠯᠤᠩ ᠤᠨ ᠢᠯᠭᠠᠳᠠᠰᠤ᠂ ᠮᠠᠯ ᠵᠢᠭᠦᠷᠲᠡᠨ ᠤ ᠢᠯᠭᠠᠳᠠᠰᠤ ᠶᠢ ᠳᠠᠷᠢᠶᠠᠨ ᠭᠠᠵᠠᠷ ᠲᠤ ᠳᠠᠭᠢᠨ ᠠᠰᠢᠬᠯᠠᠬᠤ ᠪᠠᠷᠢᠮᠵᠢᠶ᠎ᠠ ᠶᠢ ᠳᠤᠭᠳᠠᠭᠠᠵᠤ᠂ ᠮᠡᠷᠭᠡᠵᠢᠯ ᠤᠨ ᠵᠢᠯᠤᠭᠤᠳᠤᠯᠭ᠎ᠠ ᠪᠠ ᠦᠢᠯᠡᠴᠢᠯᠡᠭᠡ ᠶᠢ ᠰᠠᠶᠢᠳᠤᠷ ᠭᠢᠵᠤ᠂ ᠢᠯᠭᠠᠳᠠᠰᠤ ᠶᠢᠨ ᠪᠤᠷᠳᠤᠭᠤᠷ ᠢ ᠰᠢᠨᠵᠢᠯᠡᠭᠦ ᠤᠬᠠᠭᠠᠨᠴᠢ ᠪᠠᠷ ᠳᠠᠷᠢᠶᠠᠨ ᠳᠤ ᠠᠰᠢᠬᠯᠠᠬᠤ ᠶᠢ ᠠᠬᠢᠭᠤᠯᠵᠤ᠂ ᠳᠠᠷᠢᠵᠤ ᠳᠡᠵᠢᠭᠡᠭᠦ ᠶᠢ ᠤᠶᠠᠯᠳᠤᠭᠤᠯᠬᠤ᠂ ᠮᠠᠯ ᠠᠵᠤ ᠠᠬᠤᠢ ᠳᠠᠷᠢᠶᠠᠯᠠᠩ ᠤᠨ ᠡᠷᠬᠢᠯᠲᠡᠲᠦ ᠬᠦᠭᠵᠢᠯᠲᠡ ᠶᠢᠨ ᠳᠤᠭᠳᠠᠴᠠ ᠶᠢ ᠪᠠᠶᠢᠭᠤᠯᠤᠨ᠎ᠠ᠃ 2020 ᠤᠨ ᠪᠤᠯᠬᠤ ᠳᠤ ᠂ ᠮᠠᠯ ᠵᠢᠭᠦᠷᠲᠡᠨ ᠤ ᠢᠯᠭᠠᠳᠠᠰᠤ ᠶᠢᠨ ᠶᠡᠷᠦᠩᠭᠡᠶᠢᠯᠡᠭᠰᠡᠨ ᠠᠰᠢᠬᠯᠠᠯᠳᠠ ᠶᠢᠨ ᠨᠤᠷᠮ᠎ᠠ ᠶᠢ 75% ᠠᠴᠠ ᠳᠡᠭᠡᠭᠰᠢ ᠳᠤ ᠬᠦᠷᠭᠡᠵᠦ᠂ ᠭᠡᠪᠴᠢᠶᠠᠵᠢᠭᠰᠡᠨ ᠳᠠᠵᠢᠭᠡᠨ ᠦᠷᠡᠵᠢᠭᠦᠯᠭᠦ ᠳᠠᠯᠠᠪᠡᠢ ᠶᠢᠨ ᠢᠯᠭᠠᠳᠠᠰᠤ ᠶᠢ ᠰᠢᠢᠳᠪᠤᠷᠢᠯᠡᠭᠦ ᠳᠤᠨᠤᠭᠯᠠᠯ ᠤᠨ ᠢᠵᠢ ᠪᠦᠷᠢᠳᠦᠭᠰᠡᠨ ᠨᠤᠷᠮ᠎ᠠ ᠶᠢ 95% ᠠᠴᠠ ᠳᠡᠭᠡᠭᠰᠢ ᠪᠤᠯᠭᠠᠨ᠎ᠠ᠃      2. ᠳᠠᠷᠢᠮᠠᠯ ᠤᠨ ᠡᠰᠢ ᠰᠦᠷᠡᠯ ᠢ ᠶᠡᠷᠦᠩᠭᠡᠶᠢᠯᠡᠨ ᠠᠰᠢᠬᠯᠠᠬᠤ ᠶᠢ ᠠᠬᠢᠭᠤᠯᠤᠨ᠎ᠠ᠃        ᠳᠠᠷᠢᠮᠠᠯ ᠤᠨ ᠡᠰᠢ ᠰᠦᠷᠡᠯ ᠢ ᠶᠡᠷᠦᠩᠭᠡᠶᠢᠯᠡᠨ ᠠᠰᠢᠬᠯᠠᠬᠤ ᠶᠢᠨ ᠭᠡᠪᠴᠢᠶᠠᠵᠢᠬᠦ᠂ ᠠᠵᠤ ᠦᠢᠯᠡᠰᠵᠢᠬᠦ ᠶᠢ ᠠᠬᠢᠭᠤᠯᠵᠤ᠂ ᠳᠠᠷᠢᠮᠠᠯ ᠤᠨ ᠡᠰᠢ ᠰᠦᠷᠡᠯ ᠢ ᠬᠤᠷᠢᠶᠠᠨ ᠬᠠᠳᠠᠭᠠᠯᠠᠬᠤ ᠪᠠ ᠵᠦᠭᠡᠭᠡᠪᠦᠷᠢᠯᠡᠭᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠤ᠂ ᠳᠠᠷᠢᠮᠠᠯ ᠤᠨ ᠡᠰᠢ ᠰᠦᠷᠡᠯ ᠢ ᠨᠤᠨᠳᠠᠭᠯᠠᠨ ᠳᠠᠷᠢᠶᠠᠨ ᠳᠤ ᠠᠰᠢᠬᠯᠠᠬᠤ ᠪᠠ ᠪᠤᠷᠳᠤᠭᠤᠷ ᠪᠤᠯᠭᠠᠨ ᠠᠰᠢᠬᠯᠠᠬᠤ ᠬᠠᠷᠢᠴᠠᠯ ᠢ ᠳᠡᠭᠡᠭᠰᠢᠯᠡᠭᠦᠯᠦᠨ᠎ᠠ᠃ ᠪᠦᠭᠦ᠋ᠢᠯᠡ ᠰᠢᠶᠠᠨ ᠢᠶᠠᠷ ᠨᠢ ᠳᠠᠷᠢᠮᠠᠯ ᠤᠨ ᠡᠰᠢ ᠰᠦᠷᠡᠯ ᠢ ᠶᠡᠷᠦᠩᠭᠡᠶᠢᠯᠡᠨ ᠠᠰᠢᠬᠯᠠᠬᠤ ᠶᠢ ᠠᠬᠢᠭᠤᠯᠵᠤ᠂ ᠳᠠᠷᠢᠮᠠᠯ ᠤᠨ ᠡᠰᠢ ᠰᠦᠷᠡᠯ ᠤᠨ ᠠᠰᠢᠬᠯᠠᠯᠲᠠ ᠶᠢ ᠠᠵᠤ ᠦᠢᠯᠡᠰᠵᠢᠭᠦᠯᠬᠦ ᠭᠤᠤᠯ ᠴᠤᠭᠴᠠ ᠶᠢ ᠪᠤᠶᠢᠵᠢᠭᠤᠯᠤᠨ᠂ ᠵᠠᠰᠠᠭ ᠤᠨ ᠤᠷᠳᠤᠨ᠂ ᠠᠵᠤ ᠠᠬᠤᠢᠢᠯᠠᠯ᠂ ᠮᠠᠯᠴᠢᠨ ᠳᠠᠷᠢᠶᠠᠴᠢᠨ ᠭᠤᠷᠪᠠᠨ ᠳᠠᠯ᠎ᠠ ᠶᠢᠨ ᠠᠰᠢᠬ ᠳᠤᠰᠠ ᠶᠢ ᠬᠤᠯᠪᠤᠬᠤ ᠪᠠᠶᠢᠭᠤᠯᠤᠮᠵᠢ ᠶᠢ ᠪᠠᠶᠢᠭᠤᠯᠵᠤ᠂ ᠨᠢᠭᠡ ᠪᠦᠯᠦᠭ ᠳᠠᠷᠢᠮᠠᠯ ᠤᠨ ᠡᠰᠢ ᠰᠦᠷᠡᠯ ᠢ ᠬᠤᠷᠢᠶᠠᠬᠤ᠂ ᠬᠠᠳᠠᠭᠠᠯᠠᠬᠤ᠂ ᠵᠦᠭᠡᠭᠡᠪᠦᠷᠢᠯᠡᠭᠦ᠂ ᠭᠡᠷᠡᠭᠯᠡᠭᠦ ᠰᠢᠶᠠᠨ ᠤ ᠭᠡᠪᠴᠢᠶᠠᠨ ᠤ ᠨᠡᠶᠢᠲᠡᠯᠢᠭ ᠵᠠᠭᠪᠤᠷ ᠢ ᠨᠡᠶᠢᠯᠡᠭᠦᠯᠦᠨ ᠳᠡᠯᠭᠡᠷᠡᠭᠦᠯᠦᠨ᠎ᠡ᠃ 2020 ᠤᠨ ᠪᠤᠯᠬᠤ ᠳᠤ᠂ ᠪᠦᠭᠦ ᠤᠷᠤᠨ ᠤ ᠳᠠᠷᠢᠮᠠᠯ ᠤᠨ ᠡᠰᠢ ᠰᠦᠷᠡᠯ ᠤᠨ ᠶᠡᠷᠦᠩᠭᠡᠶᠢᠯᠡᠭᠰᠡᠨ ᠠᠰᠢᠬᠯᠠᠯᠳᠠ ᠶᠢᠨ ᠨᠤᠷᠮ᠎ᠠ ᠶᠢ 85% ᠠᠴᠠ ᠳᠡᠭᠡᠭᠰᠢ ᠪᠤᠯᠭᠠᠨ᠎ᠠ᠃      3. ᠮᠠᠯᠵᠢᠬᠤ ᠳᠠᠷᠢᠶᠠᠯᠠᠬᠤ ᠤᠷᠤᠨ ᠤ ᠠᠮᠢᠳᠤᠷᠠᠯ ᠦᠢᠯᠡᠳᠪᠤᠷᠢᠯᠡᠯ ᠤᠨ ᠭᠡᠯᠪᠡᠷᠢ ᠶᠢ ᠪᠤᠭᠢᠷᠳᠤᠯ ᠦᠭᠡᠢ ᠪᠤᠯᠭᠠᠬᠤ ᠶᠢ ᠠᠬᠢᠭᠤᠯᠤᠨ᠎ᠠ᠃      ᠪᠦᠳᠦᠴᠠ ᠶᠢᠨ ᠳᠤᠭᠢᠷᠠᠭᠤᠯᠤᠯᠳᠠ᠂ ᠭᠠᠵᠠᠷ ᠰᠢᠷᠤᠢ ᠶᠢᠨ ᠭᠦᠴᠦᠨ ᠤ ᠳᠡᠭᠡᠭᠰᠢᠯᠡᠭᠦᠯᠦᠯᠳᠠ᠂ ᠤᠨᠤᠪᠴᠢᠳᠠᠢ ᠪᠤᠷᠳᠤᠭᠤᠷ ᠤᠷᠤᠭᠤᠯᠬᠤ ᠪᠠᠷ ᠳᠠᠮᠵᠢᠨ᠂ ᠭᠢᠮᠢ ᠶᠢᠨ ᠪᠤᠷᠳᠤᠭᠤᠷ ᠤᠨ ᠭᠡᠷᠡᠭᠯᠡᠯᠳᠠ ᠶᠢᠨ ᠭᠡᠮᠵᠢᠶ᠎ᠠ ᠶᠢ ᠦᠷᠭᠦᠯᠵᠢᠯᠡᠨ ᠪᠠᠭᠤᠷᠠᠭᠤᠯᠬᠤ ᠶᠢ ᠪᠡᠶᠡᠯᠡᠭᠦᠯᠦᠨ᠎ᠡ᠃ ᠳᠤᠰᠬᠠᠢ ᠮᠡᠷᠭᠡᠵᠢᠭᠰᠡᠨ ᠨᠢᠭᠡᠳᠦᠯᠳᠠᠢ ᠰᠡᠷᠭᠡᠶᠢᠯᠡᠵᠦ ᠨᠢᠭᠡᠳᠦᠯᠲᠡᠢ ᠵᠠᠰᠠᠬᠤ ᠪᠠ ᠪᠤᠭᠢᠷᠳᠤᠯ ᠦᠭᠡᠢ ᠶᠢᠨ ᠡᠵᠡᠮᠳᠠᠯ ᠢ ᠭᠡᠷᠡᠭᠵᠢᠭᠦᠯᠵᠤ᠂ ᠳᠠᠷᠢᠶᠠᠨ ᠡᠮ ᠤᠨ ᠭᠡᠷᠡᠭᠯᠡᠯᠳᠠ ᠶᠢᠨ ᠭᠡᠮᠵᠢᠶ᠎ᠠ ᠶᠢ ᠪᠠᠭᠤᠷᠠᠭᠤᠯᠬᠤ ᠶᠢ ᠪᠡᠶᠡᠯᠡᠭᠦᠯᠦᠨ᠎ᠠ᠃ ᠵᠠᠳᠠᠷᠠᠵᠤ ᠪᠤᠯᠬᠤᠢᠢᠴᠠ ᠰᠦᠯᠢᠶᠦᠦ ᠪᠦᠷᠭᠦᠪᠴᠢ ᠪᠡ ᠪᠠᠷᠢᠮᠵᠢᠶ᠎ᠠ ᠰᠦᠯᠢᠶᠦᠦ ᠪᠦᠷᠭᠦᠪᠴᠢ ᠶᠢ ᠭᠡᠷᠡᠭᠯᠡᠭᠦ ᠶᠢ ᠠᠬᠢᠭᠤᠯᠵᠤ᠂ ᠳᠠᠷᠢᠶᠠᠨ ᠭᠠᠵᠠᠷ ᠤᠨ ᠬᠠᠶᠠᠭᠳᠠᠮᠠᠯ ᠰᠦᠯᠢᠶᠦᠦ ᠪᠦᠷᠭᠦᠪᠴᠢ ᠶᠢ ᠬᠤᠷᠢᠶᠠᠨ ᠠᠪᠴᠤ ᠳᠠᠬᠢᠨ ᠠᠰᠢᠬᠯᠠᠬᠤ ᠶᠢ ᠠᠬᠢᠭᠤᠯᠤᠨ᠎ᠠ᠃ ᠬᠡᠢ ᠬᠡᠷᠡᠭᠯᠡᠬᠦ ᠳᠤ ᠳᠤᠬᠢᠷᠠᠬᠤ ᠨᠢ ᠬᠡᠢ ᠬᠡᠷᠡᠭᠯᠡᠵᠦ᠂ ᠴᠠᠬᠢᠯᠭᠠᠨ ᠬᠡᠷᠡᠭᠯᠡᠬᠦ ᠳᠤ ᠳᠤᠬᠢᠷᠠᠬᠤ ᠨᠢ ᠴᠠᠬᠢᠯᠭᠠᠨ ᠬᠡᠷᠡᠭᠯᠡᠬᠦ ᠶᠢ ᠪᠠᠷᠢᠮᠳᠠᠯᠠᠵᠤ᠂ ᠮᠠᠯᠵᠢᠬᠤ ᠳᠠᠷᠢᠶᠠᠯᠠᠬᠤ ᠤᠷᠤᠨ ᠳᠤ ᠴᠡᠪᠡᠷ ᠡᠨᠧᠷᠭᠢ ᠬᠡᠷᠡᠭᠯᠡᠬᠦ ᠬᠠᠷᠢᠴᠠᠯ ᠢ ᠳᠡᠭᠡᠭᠰᠢᠯᠡᠭᠦᠯᠦᠨ᠎ᠠ᠃ ᠮᠠᠯᠵᠢᠬᠤ ᠳᠠᠷᠢᠶᠠᠯᠠᠬᠤ ᠤᠷᠤᠨ ᠤ ᠠᠮᠢᠳᠤᠷᠠᠯ ᠦᠢᠯᠡᠳᠪᠦᠷᠢᠯᠡᠯ ᠤᠨ ᠬᠡᠯᠪᠡᠷᠢ ᠶᠢ ᠬᠤᠪᠢᠷᠠᠭᠤᠯᠬᠤ ᠪᠠᠷ ᠳᠠᠮᠵᠢᠭᠤᠯᠤᠨ᠂ ᠮᠠᠯᠵᠢᠬᠤ ᠳᠠᠷᠢᠶᠠᠯᠠᠬᠤ ᠤᠷᠤᠨ ᠤ ᠭᠠᠵᠠᠷ ᠰᠢᠷᠦᠢ ᠤᠰᠤᠨ ᠴᠤᠭᠴᠠ ᠠᠭᠠᠷ ᠮᠠᠨᠳᠠᠯ ᠤᠨ ᠤᠷᠴᠢᠨ ᠳᠤᠭᠤᠷᠢᠨ ᠢ ᠰᠠᠶᠢᠵᠢᠷᠠᠭᠤᠯᠤᠨ᠎ᠠ᠃      ︵ᠵᠢᠷᠭᠤᠭ᠎ᠠ︶ ᠳᠤᠰᠬᠤᠨ ᠤ ᠦᠩᠭᠡ ᠳᠦᠷᠰᠦ ᠶᠢ ᠰᠠᠶᠢᠵᠢᠷᠠᠭᠤᠯᠤᠨ᠎ᠠ      ᠭᠠᠴᠠᠭ᠎ᠠ ᠳᠤᠰᠬᠤᠨ ᠳᠤᠭᠤᠢᠢᠯᠠᠩ ᠳᠤ ᠬᠦᠷᠬᠦ ᠵᠠᠮ᠂ ᠡᠷᠦᠭᠡ ᠶᠢᠨ ᠡᠭᠦᠳᠡᠨ ᠳᠤ ᠬᠦᠷᠬᠦ ᠵᠠᠮ ᠤᠨ ᠪᠦᠲᠦᠭᠡᠨ ᠪᠠᠶᠢᠭᠤᠯᠤᠯᠳᠠ ᠵᠢᠴᠢ ᠳᠤᠰᠬᠤᠨ ᠳᠤᠳᠤᠷᠠᠬᠢ ᠵᠠᠮ ᠤᠨ ᠬᠠᠳᠠᠭᠤᠷᠠᠭᠤᠯᠤᠯᠳᠠ ᠶᠢ ᠳᠦᠷᠭᠡᠳᠭᠡᠨ ᠠᠬᠢᠭᠤᠯᠵᠤ᠂ 2020 ᠤᠨ ᠪᠤᠯᠬᠤ ᠳᠤ ᠭᠠᠴᠠᠭ᠎ᠠ ᠳᠤᠰᠬᠤᠨ ᠤ ᠳᠤᠳᠤᠷᠠᠬᠢ ᠵᠠᠮ ᠤᠨ ᠰᠢᠪᠠᠷ ᠱᠠᠯᠴᠢᠬ ᠲᠠᠢ᠂ ᠤᠷᠤᠵᠤ ᠭᠠᠷᠬᠤ ᠳᠤ ᠳᠦᠭᠦᠮ ᠦᠭᠡᠢ ᠪᠠᠶᠢᠳᠠᠭ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠨ᠎ᠠ᠃ ᠳᠤᠬᠠᠢ ᠶᠢᠨ ᠭᠠᠵᠠᠷ ᠤᠨ ᠡᠬᠢ ᠪᠠᠶᠠᠯᠢᠬ ᠢ ᠬᠦᠢᠴᠡᠳ ᠠᠰᠢᠬᠯᠠᠵᠤ᠂ ᠳᠤᠬᠠᠢ ᠶᠢᠨ ᠭᠠᠵᠠᠷ ᠤᠨ ᠪᠤᠳᠠᠳᠠᠢ ᠪᠠᠶᠢᠳᠠᠯ ᠳᠤᠨᠢ ᠳᠤᠬᠢᠷᠠᠭᠤᠯᠤᠨ ᠵᠠᠮ ᠳᠡᠪᠢᠰᠬᠦ ᠮᠠᠲ᠋ᠧᠷᠢᠶᠠᠯ ᠢ ᠰᠤᠩᠭᠤᠨ᠎ᠠ᠃ ᠭᠠᠴᠠᠭ᠎ᠠ ᠳᠤᠰᠬᠤᠨ ᠤ ᠤᠯᠠᠨ ᠨᠡᠶᠢᠳᠡ ᠶᠢᠨ ᠤᠷᠴᠢᠨ ᠳᠤᠭᠤᠷᠢᠨ ᠢ ᠰᠠᠶᠢᠵᠢᠷᠠᠭᠤᠯᠵᠤ᠂ ᠬᠤᠪᠢ ᠪᠠᠷ ᠢᠶᠠᠨ ᠪᠠᠷᠢᠵᠤ ᠳᠤᠷ᠎ᠠ ᠪᠠᠷ ᠢᠶᠠᠨ ᠪᠠᠶᠢᠭᠤᠯᠤᠬᠰᠠᠨ᠂ ᠳᠤᠷ᠎ᠠ ᠪᠠᠷ ᠢᠶᠠᠨ ᠤᠪᠤᠭᠠᠯᠠᠵᠤ ᠬᠤᠷᠢᠶᠠᠬᠰᠠᠨ ᠢ ᠴᠡᠪᠡᠷᠯᠡᠵᠦ᠂ ᠡᠪᠳᠡᠷᠬᠡᠢ ᠨᠤᠤᠷᠠᠬᠠᠢ ᠶᠢ ᠨᠢ ᠨᠤᠷᠠᠭᠠᠨ᠎ᠠ᠃ ᠬᠦᠷᠢᠶ᠎ᠡ ᠬᠠᠰᠢᠶᠠᠨ ᠤ ᠤᠷᠴᠢᠨ ᠳᠤᠭᠤᠷᠢᠨ ᠤ ᠴᠡᠭᠴᠡᠯᠡᠯᠳᠡ ᠬᠢᠵᠦ᠂ ᠨᠤᠪᠰᠢᠷᠠᠬᠤ ᠠᠰᠠᠭᠤᠳᠠᠯ ᠢ ᠰᠢᠢᠳᠪᠦᠷᠢᠯᠡᠵᠦ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠦᠭᠵᠢᠭᠦᠯᠦᠨ᠂ ᠭᠠᠴᠠᠭ᠎ᠠ ᠳᠤᠰᠬᠤᠨ ᠤ ᠦᠩᠭᠡ ᠳᠦᠷᠰᠦ ᠶᠢ ᠰᠠᠶᠢᠵᠢᠷᠠᠭᠤᠯᠬᠤ ᠪᠠ ᠮᠠᠯᠴᠢᠨ ᠳᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ ᠬᠤᠤᠰ ᠳᠡᠭᠡᠭᠰᠢᠯᠡᠯᠳᠡ ᠶᠢ ᠪᠡᠶᠡᠯᠡᠭᠦᠯᠦᠨ᠎ᠠ᠃ ᠭᠠᠴᠠᠭ᠎ᠠ ᠳᠤᠰᠬᠤᠨ ᠤ ᠤᠯᠠᠨ ᠨᠡᠶᠢᠳᠡ ᠶᠢᠨ ᠭᠡᠷᠡᠯᠳᠦᠭᠦᠯᠭᠡ ᠶᠢᠨ ᠳᠦᠬᠦᠭᠡᠷᠦᠮᠵᠢ ᠶᠢ ᠳᠡᠭᠦᠯᠳᠡᠷᠵᠢᠭᠦᠯᠦᠨ᠎ᠠ᠃ ᠤᠯᠠᠮᠵᠢᠯᠠᠯᠳᠤ ᠭᠠᠴᠠᠭ᠎ᠠ ᠳᠤᠰᠬᠤᠨ ᠤ ᠠᠷᠠᠳ ᠤᠨ ᠤᠷᠤᠨ ᠰᠠᠭᠤᠴᠠ᠂ ᠳᠡᠦᠬᠡ ᠰᠤᠶᠤᠯ ᠤᠨ ᠨᠡᠷᠡᠳᠦ ᠳᠤᠰᠬᠤᠨ ᠨᠡᠷᠡᠳᠦ ᠪᠠᠯᠭᠠᠰᠤ ᠪᠠ ᠳᠡᠦᠬᠡ ᠶᠢᠨ ᠳᠤᠷᠠᠰᠬᠠᠯᠳᠤ ᠵᠦᠢᠯᠡᠰ᠂ ᠡᠷᠳᠡᠨ ᠤ ᠪᠠᠷᠢᠯᠭ᠎ᠠ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠮᠠᠯᠵᠢᠬᠤ ᠳᠠᠷᠢᠶᠠᠯᠠᠬᠤ ᠤᠷᠤᠨ ᠤ ᠪᠠᠷᠢᠯᠭ᠎ᠠ ᠶᠢᠨ ᠬᠡᠪ ᠨᠠᠮᠪᠠ ᠶᠢ ᠰᠠᠶᠢᠵᠢᠷᠠᠭᠤᠯᠵᠤ᠂ ᠨᠤᠳᠤᠭ ᠤᠰᠤᠨ ᠤ ᠤᠨᠴᠠᠯᠢᠬ᠂ ᠦᠨᠳᠦᠰᠦᠳᠡᠨ ᠤ ᠤᠨᠴᠠᠯᠢᠬ ᠢ ᠳᠤᠪᠤᠶᠢᠯᠭᠠᠵᠤ ᠂ ᠳᠠᠷᠢᠶᠠᠯᠠᠬᠤ ᠰᠤᠶᠤᠯ᠂ ᠳᠠᠯ᠎ᠠ ᠨᠤᠳᠤᠭ ᠤᠨ ᠰᠤᠶᠦᠯ ᠢ ᠤᠯᠠᠮᠵᠢᠯᠠᠨ ᠳᠡᠯᠭᠡᠷᠡᠭᠦᠯᠵᠦ᠂ ᠮᠠᠯᠴᠢᠨ ᠳᠠᠷᠢᠶᠠᠴᠢᠨ ᠤ ᠤᠷᠤᠨ ᠰᠠᠭᠤᠴᠠ ᠶᠢ ᠰᠢᠨ᠎ᠠ ᠪᠠᠷ ᠪᠠᠶᠢᠭᠤᠯᠬᠤ ᠳᠠᠭᠠᠨ ᠶᠡᠭᠡ ᠪᠠᠭ᠎ᠠ ᠪᠠ ᠬᠡᠪ ᠨᠠᠮᠪᠠ ᠶᠢ ᠴᠢᠩᠭ᠎ᠠ ᠡᠵᠡᠮᠳᠡᠵᠦ᠂ ᠤᠳᠤ ᠪᠠᠷ ᠢᠶᠠᠨ ᠪᠠᠶᠢᠭ᠎ᠠ ᠮᠠᠯᠴᠢᠨ ᠳᠠᠷᠢᠶᠠᠴᠢᠨ ᠤ ᠤᠷᠤᠨ ᠰᠠᠭᠤᠴᠠ ᠶᠢ ᠶᠠᠰᠤ ᠴᠢᠨᠠᠷ ᠠᠮᠤᠷ ᠳᠦᠪᠰᠢᠨ ᠤ ᠪᠠᠶᠢᠳᠠᠯ ᠲᠠᠢ ᠨᠢ ᠤᠶᠠᠯᠳᠤᠭᠤᠯᠤᠨ ᠬᠡᠪ ᠨᠠᠮᠪᠠ ᠶᠢ ᠨᠢ ᠰᠠᠶᠢᠵᠢᠷᠠᠭᠤᠯᠵᠤ᠂ ᠤᠯᠠᠮᠵᠢᠯᠠᠯᠳᠤ ᠪᠠᠷᠢᠯᠭ᠎ᠠ ᠶᠢ ᠦᠨᠡᠨᠬᠦ ᠬᠠᠮᠠᠭᠠᠯᠠᠭᠰᠠᠨ ᠤᠷᠢᠳᠠᠯ ᠳᠤᠤᠷ᠎ᠠ ᠰᠡᠯᠪᠢᠨ ᠵᠠᠰᠠᠨ᠎ᠠ᠃ ᠬᠦᠳᠡᠭᠡ ᠳᠤᠰᠬᠤᠨ ᠤ ᠨᠤᠭᠤᠭᠠᠷᠠᠭᠤᠯᠤᠯᠳᠠ ᠶᠢᠨ ᠠᠵᠢᠯᠯᠠᠭ᠎ᠠ ᠦᠷᠨᠢᠭᠦᠯᠵᠦ᠂ ᠠᠶᠢᠯ ᠳᠤᠰᠬᠤᠨ ᠤ ᠵᠡᠭᠡᠯᠢ ᠭᠤᠳᠤᠮᠵᠢ ᠶᠢᠨ ᠨᠤᠭᠤᠭᠠᠷᠠᠭᠤᠯᠤᠯᠳᠠ ᠬᠢᠵᠦ᠂ ᠰᠤᠯᠠ ᠤᠷᠬᠢᠭᠳᠠᠭᠰᠠᠨ ᠭᠠᠵᠠᠷ ᠰᠢᠷᠦᠢ ᠶᠢ ᠬᠦᠢᠴᠡᠳ ᠠᠰᠢᠬᠯᠠᠨ ᠨᠤᠭᠤᠭᠠᠷᠠᠭᠤᠯᠵᠤ᠂ ᠳᠤᠬᠠᠢ ᠶᠢᠨ ᠭᠠᠵᠠᠷ ᠤᠨ ᠪᠤᠳᠠᠳᠤ ᠪᠠᠶᠢᠳᠠᠯ ᠢ ᠨᠢ ᠦᠨᠳᠦᠰᠦᠯᠡᠨ ᠮᠤᠳᠤ ᠴᠡᠴᠡᠭ ᠡᠪᠡᠰᠦ ᠳᠠᠷᠢᠵᠤ᠂ ᠳᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠢ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠨ᠂ 2020 ᠤᠨ ᠪᠤᠯᠬᠤ ᠳᠤ ᠭᠠᠴᠠᠭ᠎ᠠ ᠳᠤᠰᠬᠤᠨ ᠤ ᠨᠤᠭᠤᠭᠠᠷᠠᠭᠤᠯᠤᠯᠳᠠ ᠶᠢᠨ ᠨᠤᠷᠮ᠎ᠠ ᠶᠢ 30% ᠠᠴᠠ ᠳᠡᠭᠡᠭᠰᠢᠬᠢ ᠳᠤ ᠬᠦᠷᠭᠡᠨ᠎ᠠ᠃ ᠨᠦᠬᠦᠴᠡᠯ ᠲᠠᠢ ᠭᠠᠵᠠᠷ ᠤᠷᠤᠨ ᠨᠢ ᠪᠦᠬᠦ ᠳᠤᠰᠬᠤᠨ ᠤ ᠬᠡᠪᠴᠢᠶᠡᠨ ᠳᠤ ︽ᠳᠠᠷᠢᠶ᠎ᠠ᠂ ᠤᠰᠤ᠂ ᠵᠠᠮ᠂ ᠤᠢ᠂ ᠳᠤᠰᠬᠤᠨ︾ ᠤ ᠶᠡᠷᠦᠩᠬᠡᠶᠢᠯᠡᠭᠰᠡᠨ ᠴᠡᠭᠴᠡᠯᠡᠨ ᠵᠠᠰᠠᠯᠳᠠ ᠶᠢ ᠠᠬᠢᠭᠤᠯᠵᠤ ᠪᠤᠯᠤᠨ᠎ᠠ᠃      ︵ᠳᠤᠯᠤᠭ᠎ᠠ︶ ᠪᠦᠲᠦᠭᠡᠨ ᠪᠠᠶᠢᠭᠤᠯᠤᠯᠳᠠ ᠪᠠ ᠬᠠᠮᠢᠶᠠᠷᠤᠯᠳᠠ ᠬᠠᠮᠠᠭᠠᠯᠠᠯᠲᠠ ᠶᠢᠨ ᠳᠤᠭᠳᠠᠴᠠ ᠶᠢ ᠳᠡᠭᠦᠯᠳᠡᠷᠵᠢᠭᠦᠯᠦᠨ᠎ᠠ᠃      ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠷᠭᠢᠯᠳᠡ ᠬᠠᠮᠢᠶᠠᠷᠤᠯᠳᠠ ᠶᠢᠨ ᠨᠢᠭᠡᠴᠡ ᠶᠢᠨ ᠬᠠᠷᠢᠭᠤᠴᠠᠯᠭ᠎ᠠ ᠶᠢ ᠳᠤᠳᠤᠷᠬᠠᠢᠢᠯᠠᠵᠤ᠂ ᠭᠠᠴᠠᠭ᠎ᠠ ᠳᠤᠰᠬᠤᠨ ᠤ ᠵᠠᠮ᠂ ᠤᠰᠤ ᠬᠠᠩᠭᠠᠬᠤ ᠪᠤᠵᠠᠷ ᠤᠰᠤ ᠭᠠᠳᠠᠭᠰᠢᠯᠠᠭᠤᠯᠬᠤ᠂ ᠬᠤᠭ ᠨᠣᠪᠰᠢ ᠪᠠ ᠪᠣᠵᠠᠷ ᠣᠰᠣ ᠶᠢ ᠰᠢᠢᠳᠪᠦᠷᠢᠯᠡᠬᠦ᠂ ᠨᠡᠶᠢᠳᠡ ᠶᠢᠨ ᠡᠷᠡᠬᠦᠯ ᠬᠠᠮᠠᠭᠠᠯᠠᠯ ᠤᠨ ᠵᠣᠷᠯᠣᠩ᠂ ᠮᠠᠯ ᠲᠠᠷᠢᠶᠠᠯᠠᠩ ᠤᠨ ᠣᠢᠢᠯᠡᠳᠪᠦᠷᠢᠯᠡᠯ ᠤᠨ ᠬᠠᠶᠠᠬᠳᠠᠮᠠᠯ ᠪᠣᠳᠠᠰ ᠢ ᠡᠬᠢ ᠪᠠᠶᠠᠯᠢᠬᠵᠢᠭᠤᠯᠣᠨ ᠬᠡᠷᠡᠭᠯᠡᠬᠦ ᠪᠠ ᠭᠠᠴᠠᠭ᠎ᠠ ᠲᠣᠰᠬᠤᠨ ᠢ ᠨᠣᠭᠤᠭᠠᠷᠠᠭᠤᠯᠬᠤ ᠵᠡᠷᠭᠡ ᠣᠷᠳᠣ ᠬᠤᠭᠤᠴᠠᠭᠠᠨ ᠤ ᠦᠷ᠎ᠠ ᠪᠦᠳᠣᠮᠵᠢᠳᠣ ᠬᠠᠮᠢᠶᠠᠷᠴᠣ ᠬᠠᠮᠠᠭᠠᠯᠠᠬᠤ ᠲᠦᠷᠢᠮ ᠢ ᠪᠠᠶᠢᠭᠤᠯᠣᠨ ᠪᠦᠷᠢᠨᠰᠢᠬᠦᠯᠵᠣ᠂ ᠲᠦᠷᠢᠮ ᠲᠠᠢ᠂ ᠪᠠᠷᠢᠮᠵᠢᠶ᠎ᠠ ᠲᠠᠢ᠂ ᠡᠩᠨᠡᠭᠡ ᠲᠠᠢ᠂ ᠱᠠᠯᠠᠪᠳᠠᠭᠤᠯᠬᠤ ᠪᠠᠶᠢᠴᠠᠭᠠᠯᠳᠠ ᠲᠠᠢ᠂ ᠵᠠᠷᠣᠳᠠᠯ ᠲᠠᠢ ᠭᠠᠴᠠᠭ᠎ᠠ ᠲᠣᠰᠬᠤᠨ ᠤ ᠬᠦᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠠᠮᠢᠶᠠᠷᠴᠣ ᠬᠠᠮᠠᠭᠠᠯᠠᠬᠤ ᠣᠷᠳᠣ ᠬᠤᠭᠤᠠᠭᠠᠨ ᠤ ᠦᠷ᠎ᠠ ᠪᠦᠳᠣᠮᠵᠢᠳᠣ ᠲᠣᠭᠳᠠᠴᠠ ᠶᠢ ᠪᠠᠶᠢᠭᠤᠯᠣᠨ᠎ᠠ᠃ ᠦᠨᠳᠣᠰᠣᠨ ᠱᠠᠳᠣᠨ ᠤ ᠬᠠᠮᠢᠶᠠᠷᠣᠯᠳᠠ ᠶᠢᠨ ᠴᠢᠳᠠᠪᠦᠷᠢ ᠶᠢᠨ ᠪᠠᠶᠢᠭᠤᠯᠣᠯᠳᠠ ᠶᠢ ᠴᠢᠩᠭᠠᠳᠬᠠᠵᠣ᠂ ᠲᠣᠰᠬᠤᠨ ᠪᠠᠯᠭᠠᠰᠣᠨ ᠤ ᠲᠦᠯᠦᠪᠵᠢᠬᠦᠯᠬᠡ ᠪᠦᠳᠣᠭᠡᠨ ᠪᠠᠶᠢᠭᠤᠯᠣᠯᠳᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢ ᠵᠣᠬᠢᠴᠠᠭᠤᠯᠤᠨ ᠠᠬᠢᠭᠤᠯᠬᠤ ᠲᠦᠷᠢᠮ ᠢ ᠪᠠᠶᠢᠭᠤᠯᠣᠨ᠎ᠠ᠃ ᠲᠣᠰᠬᠠᠢᠢᠵᠢᠬᠰᠠᠨ᠂ ᠵᠠᠬ᠎ᠠ ᠲᠡᠯᠬᠡᠬᠦᠷᠵᠢᠭᠰᠡᠨ ᠪᠦᠳᠣᠭᠡᠨ ᠪᠠᠶᠢᠭᠤᠯᠣᠯᠳᠠ ᠪᠠ ᠬᠠᠮᠢᠶᠠᠷᠤᠯᠲᠠ ᠬᠠᠮᠠᠭᠠᠯᠠᠯᠲᠠ ᠬᠢᠬᠦ ᠶᠢ ᠵᠣᠷᠢᠬᠵᠢᠭᠤᠯᠵᠣ᠂ ᠭᠤᠷᠪᠠᠳᠣᠭᠠᠷ ᠡᠳᠡᠭᠡᠳ ᠤᠨ ᠵᠠᠰᠠᠯᠲᠠ ᠬᠢᠬᠦ ᠳᠤᠭᠲᠠᠴᠠ ᠶᠢ ᠣᠷᠣᠭᠤᠯᠣᠨ ᠠᠪᠴᠢᠷᠠᠬᠤ ᠶᠢ ᠰᠦᠪᠡᠭᠴᠢᠯᠡᠵᠣ᠂ ᠵᠠᠬ᠎ᠠ ᠲᠡᠯᠭᠡᠬᠦᠷᠵᠢᠭᠰᠡᠨ ᠲᠣᠰᠬᠠᠢ ᠮᠡᠷᠭᠡᠵᠢᠯ ᠤᠨ ᠬᠠᠮᠢᠶᠠᠷᠣᠯᠳᠠ ᠬᠠᠮᠠᠭᠠᠯᠠᠯᠳᠠ ᠶᠢᠨ ᠡᠩᠨᠡᠭᠡ ᠶᠢ ᠪᠤᠶᠢᠵᠢᠭᠤᠯᠣᠨ᠎ᠠ᠃ ᠨᠦᠬᠦᠴᠡᠯ ᠲᠠᠢ ᠭᠠᠵᠠᠷ ᠣᠷᠣᠨ ᠬᠤᠳᠠ ᠪᠠᠯᠭᠠᠰᠣᠨ ᠤ ᠬᠤᠭ ᠨᠣᠪᠰᠢ ᠪᠣᠵᠠᠷ ᠣᠰᠣ ᠶᠢ ᠰᠢᠢᠳᠪᠦᠷᠢᠯᠡᠬᠦ ᠶᠢ ᠨᠢᠬᠡᠳᠣᠯᠳᠠᠢ ᠲᠦᠯᠦᠪᠵᠢᠬᠦᠯᠬᠦ᠂ ᠨᠢᠬᠡᠳᠣᠯᠳᠠᠢ ᠪᠦᠳᠣᠭᠡᠨ ᠪᠠᠶᠢᠭᠤᠯᠬᠤ᠂ ᠨᠢᠭᠡᠳᠣᠯᠳᠠᠢ ᠡᠷᠬᠢᠯᠳᠣᠬᠦᠯᠬᠦ ᠪᠠ ᠨᠢᠭᠡᠳᠣᠯᠳᠠᠢ ᠬᠠᠮᠢᠶᠠᠷᠬᠤ ᠶᠢ ᠬᠡᠷᠡᠭᠵᠢᠬᠦᠯᠣᠨ᠎ᠠ᠃ ᠣᠷᠴᠢᠨ ᠲᠣᠭᠤᠷᠢᠨ ᠢ ᠵᠠᠰᠠᠬᠤ ᠳᠤ ᠦᠷ᠎ᠠ ᠪᠦᠳᠣᠮᠵᠢ ᠪᠠᠷ ᠨᠢ ᠰᠦᠢᠳᠭᠡᠯ ᠲᠣᠰᠢᠶᠠᠬᠤ ᠲᠦᠷᠢᠮ ᠢ ᠬᠡᠷᠡᠭᠵᠢᠬᠦᠯᠵᠣ᠂ ᠣᠢᠢᠯᠡᠴᠢᠯᠡᠭᠡᠨ ᠤ ᠠᠮᠵᠢᠯᠳᠠ ᠪᠦᠳᠣᠮᠵᠢ ᠶᠢ ᠦᠨᠡᠯᠡᠨ ᠰᠢᠯᠭᠠᠷᠠᠭᠤᠯᠬᠤ ᠲᠣᠭᠳᠠᠴᠠ ᠶᠢ ᠪᠦᠷᠢᠨᠰᠢᠬᠦᠯᠣᠨ᠎ᠠ᠃ ᠨᠦᠬᠦᠴᠡᠯ ᠲᠠᠢ ᠭᠠᠵᠠᠷ ᠣᠷᠣᠨ ᠳᠤ ᠬᠤᠭ ᠨᠣᠪᠰᠢ ᠪᠣᠵᠠᠷ ᠣᠰᠣ ᠶᠢ ᠰᠢᠢᠳᠪᠦᠷᠢᠯᠡᠬᠦ ᠳᠤ ᠲᠠᠷᠢᠶᠠᠴᠢᠨ ᠡᠷᠣᠬᠡ ᠰᠦᠢᠳᠭᠡᠯ ᠲᠣᠰᠢᠶᠠᠬᠤ ᠲᠦᠷᠢᠮ ᠢ ᠬᠠᠶᠢᠨ ᠰᠦᠪᠡᠭᠴᠢᠯᠡᠵᠣ ᠪᠠᠶᠢᠭᠤᠯᠬᠤ ᠶᠢ ᠵᠣᠷᠢᠬᠵᠢᠭᠤᠯᠵᠣ᠂ ᠡᠳ᠋ ᠤᠨ ᠵᠠᠰᠠᠭ ᠠᠴᠠ ᠨᠦᠬᠦᠪᠦᠷᠢᠯᠡᠬᠦ ᠪᠠ ᠲᠠᠷᠢᠶᠠᠴᠢᠨ ᠡᠷᠣᠬᠡ ᠰᠦᠢᠳᠭᠡᠯ ᠲᠣᠰᠢᠶᠠᠬᠤ ᠶᠢ ᠵᠣᠬᠢᠰᠳᠠᠢ ᠬᠠᠷᠢᠭᠤᠴᠠᠬᠤ ᠲᠣᠭᠳᠠᠴᠠ ᠶᠢ ᠲᠡᠬᠦᠯᠳᠡᠷᠵᠢᠬᠦᠯᠣᠨ᠎ᠠ᠃ ᠭᠠᠴᠠᠭ᠎ᠠ ᠲᠣᠰᠬᠤᠨ ᠤ ᠱᠠᠳᠣᠨ ᠤᠨ ᠵᠣᠬᠢᠶᠠᠨ ᠪᠠᠶᠢᠭᠤᠯᠣᠯᠳᠠ ᠪᠠ ᠮᠠᠯᠵᠢᠬᠤ ᠲᠠᠷᠢᠶᠠᠯᠠᠬᠤ ᠣᠷᠣᠨ ᠤ ︽ᠲᠠᠷᠬᠠᠨ︾ ᠲᠠᠭᠠᠭᠤᠯᠣᠬᠴᠢ ᠵᠡᠷᠭᠡ ᠭᠠᠴᠠᠭ᠎ᠠ ᠲᠣᠰᠬᠤᠨ ᠤ ᠲᠣᠳᠣᠷᠠᠬᠢ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠭᠠᠴᠠᠭ᠎ᠠ ᠲᠣᠰᠬᠤᠨ ᠤ ᠲᠣᠳᠣᠷᠠᠬᠢ ᠵᠠᠮ᠂ ᠮᠣᠳᠣ ᠲᠠᠷᠢᠵᠣ ᠣᠢᠢᠵᠢᠭᠤᠯᠬᠤ ᠵᠡᠷᠭᠡ ᠪᠠᠭ᠎ᠠ ᠬᠡᠯᠪᠡᠷᠢ ᠶᠢᠨ ᠲᠠᠷᠢᠶᠠᠯᠠᠩ ᠳᠤ ᠬᠤᠯᠪᠣᠬᠳᠠᠬᠤ ᠪᠠᠷᠢᠯᠭ᠎ᠠ ᠶᠢᠨ ᠲᠦᠷᠦᠯ ᠵᠦᠢᠯ ᠢ ᠲᠠᠭᠠᠭᠠᠴᠢᠯᠠᠵᠣ ᠠᠪᠬᠤ ᠶᠢ ᠲᠡᠮᠵᠢᠨ᠎ᠠ᠃ ᠲᠣᠰᠬᠠᠢ ᠮᠡᠷᠭᠡᠵᠢᠯ ᠤᠨ ᠪᠣᠯᠪᠠᠰᠣᠷᠠᠯ ᠢ ᠵᠣᠬᠢᠶᠠᠨ ᠪᠠᠶᠢᠭᠤᠯᠣᠨ ᠦᠷᠨᠢᠬᠦᠯᠵᠣ᠂ ᠲᠣᠬᠠᠢ ᠶᠢᠨ ᠭᠠᠵᠠᠷ ᠤᠨ ᠭᠠᠴᠠᠭ᠎ᠠ ᠲᠣᠰᠬᠤᠨ ᠤ ᠠᠷᠠᠳ ᠢ ᠭᠠᠴᠠᠭ᠎ᠠ ᠲᠣᠰᠬᠤᠨ ᠤ ᠲᠣᠳᠣᠷᠠᠬᠢ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠰᠠᠭᠤᠷᠢ ᠲᠦᠬᠦᠬᠡᠷᠣᠮᠵᠢ ᠶᠢ ᠠᠵᠢᠯᠯᠠᠭᠤᠯᠵᠤ ᠬᠠᠮᠠᠭᠠᠯᠠᠬᠤ ᠴᠢᠬᠤᠯᠠ ᠬᠦᠴᠣᠨ ᠪᠣᠯᠭᠠᠨ ᠬᠦᠮᠦᠵᠢᠬᠦᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠦᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠣ ᠪᠦᠳᠣᠭᠡᠨ ᠪᠠᠶᠢᠭᠤᠯᠬᠤ ᠲᠦᠷᠦᠯ ᠵᠦᠢᠯ ᠢ ᠬᠢᠨᠠᠨ ᠵᠦᠪᠰᠢᠶᠡᠷᠡᠭᠦᠯᠬᠦ ᠪᠠ ᠲᠠᠭᠠᠭᠠᠴᠢᠯᠠᠯᠳᠠ ᠵᠠᠷᠯᠠᠵᠣ ᠲᠠᠭᠠᠭᠠᠴᠢᠯᠠᠯᠳᠠ ᠳᠤ ᠣᠷᠣᠯᠴᠠᠬᠤ ᠲᠡᠰ ᠲᠠᠷᠠᠭᠠᠯᠠᠯ ᠢ ᠲᠦᠭᠦᠮᠴᠢᠯᠡᠵᠣ᠂ ᠪᠦᠳᠣᠭᠡᠨ ᠪᠠᠶᠢᠭᠤᠯᠬᠤ ᠦᠪᠡᠷ ᠤᠨ ᠦᠷᠳᠡᠭ ᠢ ᠨᠢ ᠪᠠᠭᠤᠷᠠᠭᠤᠯᠵᠣ᠂ ᠪᠠᠷᠢᠯᠭ᠎ᠠ ᠶᠢᠨ ᠶᠠᠰᠣ ᠴᠢᠨᠠᠷ ᠢ ᠪᠠᠳᠣᠯᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号