ᠭᠤᠷᠪᠠ᠂ ᠬᠡᠷᠡᠭᠵᠢᠬᠦᠯᠬᠦ ᠠᠯᠬᠤᠮ ᠲᠠᠷᠠᠭ᠎ᠠ | ︵ᠨᠢᠬᠡ︶ ᠲᠦᠰᠦᠪ ᠢ ᠳᠤᠭᠲᠠᠭᠠᠬᠤ ᠪᠠ ᠲᠣᠭᠳᠠᠴᠠ ᠶᠢ ᠪᠠᠶᠢᠭᠤᠯᠬᠤ ᠱᠠᠳᠣ ︵2018 ᠣᠨ ᠤ 5 ᠰᠠᠷ᠎ᠠ | — 2018 ᠣᠨ ᠤ 6 ᠰᠠᠷ᠎ᠠ︶ | ᠡᠯ᠎ᠠ ᠠᠶᠢᠮᠠᠭ ᠬᠤᠳᠠ ᠲᠣᠬᠠᠢ ᠶᠢᠨ ᠭᠠᠵᠠᠷ ᠣᠷᠣᠨ ᠤ ᠪᠠᠨ ᠪᠣᠳᠠᠳᠣ ᠪᠠᠶᠢᠳᠠᠯ ᠲᠠᠢ ᠪᠠᠨ ᠣᠶᠠᠯᠳᠣᠭᠤᠯᠣᠨ | ᠪᠣᠳᠠᠳᠠᠢ ᠠᠵᠢᠯ ᠤᠨ ᠲᠦᠰᠦᠪ ᠢᠶᠠᠨ ᠴᠠᠭ ᠢ ᠠᠮᠵᠢᠨ ᠲᠣᠭᠳᠠᠭᠠᠵᠣ᠂ 6 ᠰᠠᠷ᠎ᠠ ᠶᠢᠨ 30 ᠤ ᠡᠳᠣᠷ ᠠᠴᠠ ᠡᠮᠣᠨ᠎ᠠ | ᠲᠦᠰᠦᠪ ᠢᠶᠠᠨ ᠦᠪᠡᠷᠳᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠣ ᠠᠬᠤᠢ ᠶᠢᠨ ᠲᠢᠩᠬᠢᠮ᠂ ᠣᠷᠣᠨ ᠰᠠᠭᠤᠴᠠ | ᠬᠤᠳᠠ ᠬᠦᠳᠡᠭᠡ ᠶᠢᠨ ᠪᠦᠳᠣᠭᠡᠨ ᠪᠠᠶᠢᠭᠤᠯᠣᠯᠳᠠ ᠶᠢᠨ ᠲᠢᠩᠬᠢᠮ᠂ ᠣᠷᠴᠢᠨ ᠲᠣᠭᠤᠷᠢᠨ ᠢ ᠬᠠᠮᠠᠭᠠᠯᠠᠬᠤ ᠲᠢᠩᠬᠢᠮ | ᠪᠠ ᠭᠦᠭᠵᠢᠬᠦᠯᠣᠯᠳᠠ ᠦᠬᠡᠷᠡᠴᠢᠯᠡᠯᠳᠡ ᠶᠢᠨ ᠵᠦᠪᠯᠠᠯ ᠳᠤ ᠮᠡᠳᠡᠭᠦᠯᠵᠦ ᠲᠠᠩᠰᠠᠯᠠᠭᠤᠯᠬᠤ ᠬᠡᠷᠡᠭᠳᠡᠢ᠃ ᠠᠶᠢᠮᠠᠭ | ᠬᠤᠳᠠ ᠶᠢᠨ ᠲᠦᠰᠤᠪ ᠲᠤ ᠡᠷᠬᠡᠪᠰᠢ ᠮᠠᠯᠵᠢᠬᠤ ᠲᠠᠷᠢᠶᠠᠯᠠᠬᠤ ᠤᠷᠤᠨ ᠤ ᠬᠦᠮᠦᠨ ᠤ ᠤᠷᠤᠰᠢᠨ ᠰᠠᠭᠤᠷᠢᠰᠢᠬᠤ | ᠤᠷᠴᠢᠨ ᠳᠤᠭᠤᠷᠢᠨ ᠤ ᠤᠳᠤᠬᠢ ᠪᠠᠶᠢᠳᠠᠯ ᠵᠢᠴᠢ ᠰᠠᠭᠤᠷᠢ ᠳᠤᠭ᠎ᠠ ᠶᠢ ᠳᠤᠳᠤᠷᠬᠠᠢᠢᠯᠠᠬᠤ ᠬᠡᠷᠡᠭᠳᠡᠢ︔ ᠬᠠᠷᠠᠯᠳᠠᠳᠤ | ᠡᠬᠦᠷᠬᠡ ᠶᠢ ᠵᠢᠯ ᠬᠤᠪᠢᠶᠠᠵᠤ ᠲᠦᠯᠦᠪᠯᠡᠭᠡ ᠪᠠᠨ ᠬᠡᠷᠡᠭᠵᠢᠬᠦᠯᠬᠦ ᠶᠢᠨ ᠬᠠᠮᠳᠤ ᠵᠢᠯ ᠤᠨ ᠬᠠᠷᠠᠯᠳᠠᠳᠤ ᠡᠬᠦᠷᠬᠡ ᠪᠠᠨ | ᠬᠤᠰᠢᠭᠤ ᠰᠢᠶᠠᠨ ︵ᠬᠤᠳᠠ᠂ ᠳᠤᠭᠤᠷᠢᠭ︶ ᠳᠤ ᠬᠦᠷᠳᠡᠯ᠎ᠠ ᠬᠤᠪᠢᠶᠠᠷᠢᠯᠠᠵᠤ ᠨᠠᠶᠢᠳᠠᠪᠤᠷᠢᠵᠢᠭᠤᠯᠤᠨ᠎ᠠ︔ ᠪᠡᠯᠡ | ᠮᠦᠩᠬᠦ ᠬᠤᠷᠠᠮᠳᠤᠭᠤᠯᠬᠤ ᠲᠦᠰᠤᠪ ᠪᠠ ᠠᠷᠭ᠎ᠠ ᠵᠠᠮ︔ ᠡᠯ᠎ᠠ ᠲᠦᠷᠤᠯ ᠤᠨ ᠠᠵᠢᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠰᠠᠯᠠᠭ᠎ᠠ ᠮᠦᠴᠢᠷ︔ ᠮᠠᠯᠴᠢᠨ ᠲᠠᠷᠢᠶᠠᠴᠢᠨ ᠤᠯᠠᠨ ᠲᠦᠮᠡᠨ ᠢ ᠳᠠᠶᠢᠴᠢᠯᠠᠨ ᠤᠷᠤᠯᠴᠠᠭᠤᠯᠬᠤ | ᠳᠤᠭᠳᠠᠴᠠ᠂ ᠢᠨᠵᠧᠨᠧᠷᠢᠩ ᠤᠨ ᠪᠦᠳᠤᠬᠡᠨ ᠪᠠᠶᠢᠭᠤᠯᠤᠯᠳᠠ ᠶᠢᠨ ᠬᠠᠮᠢᠶᠠᠷᠤᠯᠳᠠ ᠵᠢᠴᠢ ᠬᠠᠮᠢᠶᠠᠷᠴᠤ ᠬᠠᠮᠠᠭᠠᠯᠠᠬᠤ | ᠠᠵᠢᠯᠯᠠᠭ᠎ᠠ ᠶᠢᠨ ᠳᠤᠭᠳᠠᠴᠠ ᠵᠡᠷᠬᠡ᠃ ᠬᠦᠮᠤᠨ ᠤ ᠤᠷᠤᠰᠢᠨ ᠰᠠᠭᠤᠷᠢᠰᠢᠬᠤᠤᠷᠴᠢᠨ ᠳᠤᠭᠤᠷᠢᠨ ᠢ ᠴᠡᠭᠴᠡᠯᠡᠨ | ᠵᠠᠰᠠᠬᠤ ᠡᠮᠤᠨᠡᠬᠢ ᠬᠤᠭᠤᠴᠠᠭᠠᠨ ᠤ ᠪᠡᠯᠡᠳᠬᠡᠯ ᠠᠵᠢᠯ ᠢ ᠦᠷᠨᠢᠬᠦᠯᠵᠤ᠂ ᠤᠯᠠᠨ ᠲᠦᠮᠡᠨ ᠢ ᠵᠢᠯᠤᠭᠤᠳᠬᠤ᠂ | ᠳᠤᠭᠳᠠᠴᠠ ᠶᠢ ᠪᠠᠶᠢᠭᠤᠯᠬᠤ᠂ ᠪᠡᠯᠡ ᠮᠦᠩᠬᠦ ᠶᠢ ᠨᠠᠶᠢᠳᠠᠪᠤᠷᠢᠵᠢᠭᠤᠯᠬᠤ ᠵᠡᠷᠬᠡ ᠠᠵᠢᠯ ᠢ ᠰᠠᠶᠢᠳᠤᠷ ᠬᠢᠵᠤ᠂ ᠮᠠᠯᠵᠢᠬᠤ | ᠲᠠᠷᠢᠶᠠᠯᠠᠬᠤ ᠤᠷᠤᠨ ᠤ ᠬᠦᠮᠤᠨ ᠤ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠴᠡᠭᠴᠡᠯᠡᠨ ᠵᠠᠰᠠᠬᠤ ᠠᠵᠢᠯ ᠤᠨ | ᠬᠠᠮᠢᠶ᠎ᠠ ᠪᠦᠬᠦᠢ ᠬᠠᠮᠢᠶᠠᠷᠤᠯᠳᠠ ᠶᠢᠨ ᠠᠵᠢᠯᠲᠠᠨ ᠬᠢᠭᠡᠳ ᠮᠡᠷᠬᠡᠵᠢᠯᠳᠠᠨ ᠳᠤ ᠪᠤᠯᠪᠠᠰᠤᠷᠠᠯ ᠬᠦᠷᠳᠡᠬᠡᠨ᠎ᠠ᠃ | ︵ᠬᠤᠶᠠᠷ︶ ᠲᠦᠪᠯᠡᠷᠡᠬᠦᠯᠤᠨ ᠴᠡᠭᠴᠡᠯᠡᠨ ᠵᠠᠰᠠᠬᠤ ᠱᠠᠳᠤ ᠦᠶ᠎ᠠ ︵2018 ᠤᠨ ᠤ 7 ᠰᠠᠷ᠎ᠠ — | 2020 ᠤᠨ ᠤ 6 ᠰᠠᠷ᠎ᠠ︶ | ᠦᠪᠡᠷᠳᠡᠬᠡᠨ ᠵᠠᠰᠠᠬᠤ ᠤᠷᠤᠨ ᠠᠶᠢᠮᠠᠭ ᠬᠤᠳᠠ ᠶᠢᠨ ᠭᠤᠶᠤᠴᠢᠯᠠᠨ ᠮᠡᠳᠡᠭᠦᠯᠦᠯᠲᠡ ᠪᠠ ᠳᠤᠰᠬᠠᠢ | ᠮᠡᠷᠬᠡᠵᠢᠯᠳᠠᠨ ᠢ ᠵᠤᠬᠢᠶᠠᠨ ᠪᠠᠶᠢᠭᠤᠯᠵᠤ ᠰᠢᠯᠭᠠᠷᠠᠭᠤᠯᠬᠤ ᠠᠷᠭ᠎ᠠ ᠪᠠᠷ ᠲᠠᠮᠵᠢᠨ᠂ ᠵᠤᠬᠢᠬᠤ ᠳᠤᠭᠠᠨ ᠤ ᠮᠠᠯᠵᠢᠬᠤ | ᠲᠠᠷᠢᠶᠠᠯᠠᠬᠤ ᠤᠷᠤᠨ ᠤ ᠬᠦᠮᠦᠨ ᠤ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠴᠡᠭᠴᠡᠯᠡᠨ ᠵᠠᠰᠠᠬᠤ ᠵᠢᠱᠢᠶ᠎ᠠ | ᠦᠵᠡᠬᠦᠯᠬᠦ ᠬᠤᠰᠢᠭᠤ ᠰᠢᠶᠠᠨ ᠢ ᠳᠤᠭᠳᠠᠭᠠᠵᠤ᠂ ᠳᠤᠬᠠᠢ ᠶᠢᠨ ᠭᠠᠵᠡᠷ ᠤᠷᠤᠨ ᠤ ᠪᠤᠳᠠᠳᠤ ᠪᠠᠶᠢᠳᠠᠯ ᠳᠤ | ᠳᠤᠬᠢᠷᠠᠭᠰᠠᠠ ᠤᠷᠴᠢᠨ ᠳᠤᠭᠤᠷᠢᠨ ᠢ ᠴᠡᠭᠴᠡᠯᠡᠨ ᠵᠠᠰᠠᠬᠤ ᠰᠢᠷᠢᠰ ᠮᠡᠷᠬᠡᠵᠢᠯ᠂ ᠠᠷᠭ᠎ᠠ ᠵᠢᠴᠢ ᠬᠠᠭᠤᠯᠪᠤᠷᠢᠯᠠᠬᠤ ᠳᠤ | ᠲᠦᠬᠦᠮ᠂ ᠲᠡᠯᠬᠡᠷᠡᠬᠦᠯᠬᠦ ᠳᠤ ᠬᠢᠯᠪᠠᠷ ᠪᠦᠳᠤᠬᠡᠨ ᠪᠠᠶᠢᠭᠤᠯᠤᠯᠳᠠ ᠪᠤᠯᠤᠨ ᠬᠠᠮᠢᠶᠠᠷᠴᠤ ᠬᠠᠮᠠᠭᠠᠯᠠᠬᠤ ᠳᠤᠭᠳᠠᠴᠠ ᠶᠢᠨ | ᠠᠵᠢᠯᠯᠠᠭ᠎ᠠ ᠶᠢ ᠳ᠋ᠦᠩᠨᠡᠬᠦ ᠶᠢᠨ ᠬᠠᠮᠳᠤ ᠰᠤᠩᠭᠤᠵᠤ ᠨᠠᠷᠢᠯᠢᠬᠵᠢᠭᠤᠯᠤᠨ᠎ᠠ᠃ ᠦᠪᠡᠷᠳᠡᠬᠡᠨ ᠵᠠᠰᠠᠬᠤ ᠤᠷᠤᠨ ᠵᠢᠱᠢᠶ᠎ᠠ | ᠦᠵᠡᠬᠦᠯᠬᠦ ᠬᠤᠰᠢᠭᠤ ᠰᠢᠶᠠᠨ ᠳᠤ ᠵᠤᠬᠢᠬᠤ ᠬᠡᠮᠵᠢᠶᠠᠨ ᠤ ᠪᠡᠯᠡ ᠮᠦᠩᠬᠦ ᠶᠢᠨ ᠲᠡᠮᠵᠢᠯᠬᠡ ᠦᠵᠡᠬᠦᠯᠤᠨ᠎ᠠ᠃ | ᠨᠡᠶᠢᠳᠡᠯᠢᠭ ᠵᠢᠱᠢᠶ᠎ᠠ ᠦᠵᠡᠬᠦᠯᠬᠦ ᠰᠠᠭᠤᠷᠢᠨ ᠲᠡᠬᠡᠷ᠎ᠠ᠂ ᠡᠯ᠎ᠠ ᠬᠤᠰᠢᠭᠤ ᠰᠢᠶᠠᠨ ︵ᠬᠤᠳᠠ᠂ ᠳᠤᠭᠤᠷᠢᠭ︶ ᠪᠦᠯᠦᠭ | ᠬᠤᠪᠢᠶᠠᠨ᠂ ᠱᠠᠳᠤ ᠦᠶ᠎ᠠ ᠬᠤᠪᠢᠶᠠᠵᠤ ᠳᠤᠰᠬᠠᠢ ᠲᠦᠷᠤᠯ ᠤᠨ ᠴᠡᠭᠴᠡᠯᠡᠨ ᠵᠠᠰᠠᠬᠤ ᠡᠯ᠎ᠠ ᠲᠦᠷᠤᠯ ᠤᠨ ᠠᠵᠢᠯ ᠢ | ᠡᠮᠬᠢ ᠲᠠᠷᠠᠭ᠎ᠠ ᠲᠠᠢ ᠪᠠᠷ ᠠᠬᠢᠭᠤᠯᠤᠨ᠎ᠠ᠃ 18 ᠤᠯᠤᠰ ᠤᠨ ᠲᠠᠰ᠂ ᠤᠷᠤᠨ ᠤ ᠲᠠᠰ ᠤᠨ ᠴᠢᠬᠤᠯᠠ ᠤᠰᠤᠨ ᠤ | ᠰᠤᠷᠪᠤᠯᠵᠢᠳᠤ ᠭᠠᠵᠠᠷ ᠤᠨ ᠤᠢᠢᠷ᠎ᠠ ᠬᠠᠪᠢ ᠶᠢᠨ ᠬᠦᠳᠡᠭᠡ ᠳᠤᠰᠬᠤᠨ ᠤ ᠠᠮᠢᠳᠤᠷᠠᠯ ᠤᠨ ᠬᠤᠬ ᠨᠤᠪᠰᠢ᠂ ᠪᠤᠵᠠᠷ | ᠤᠰᠤ ᠶᠢ ᠴᠡᠭᠴᠡᠯᠡᠨ ᠵᠠᠰᠠᠬᠤ ᠠᠵᠢᠯ ᠢ ᠤᠷᠢᠳᠠᠪᠡᠷ ᠦᠷᠨᠢᠬᠦᠯᠤᠨ᠎ᠠ᠃ ᠡᠯ᠎ᠠ ᠭᠠᠵᠡᠷ ᠤᠷᠤᠨ ᠲᠠᠷᠢᠶᠠᠯᠠᠬᠤ ᠮᠠᠯᠵᠢᠬᠤ | ᠤᠷᠤᠨ ᠤ ᠬᠦᠮᠦᠨ ᠤ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠴᠡᠭᠴᠡᠯᠡᠨ ᠵᠠᠰᠠᠬᠤ ᠶᠢ ᠬᠡᠷᠡᠭᠵᠢᠭᠦᠯᠬᠦ ᠳᠡᠭᠡᠨ | ᠂ ᠳᠤᠰᠬᠤᠨ ᠤ ᠳᠤᠭ᠎ᠠ ᠬᠡᠮᠵᠢᠶ᠎ᠠ ᠶᠢ 2018 ᠤᠨ᠂ 2019 ᠤᠨ ᠪᠤᠯᠤᠨ 2020 ᠤᠨ ᠤ 6 ᠰᠠᠷ᠎ᠠ ᠶᠢᠨ | ᠰᠡᠬᠦᠯᠴᠢ ᠪᠤᠯᠳᠠᠯ᠎ᠠ᠂ ᠳᠤᠰ ᠪᠦᠷᠢ 70%᠂ 80% ᠪᠤᠯᠤᠨ 90% ᠲᠤ ᠬᠦᠷᠬᠡᠨ᠎ᠠ᠃ | ︵ᠭᠤᠷᠪᠠ︶ ᠬᠢᠨᠠᠨ ᠰᠢᠯᠭᠠᠵᠤ ᠰᠢᠯᠭᠠᠨ ᠠᠪᠬᠤ ᠱᠠᠳᠤ ᠦᠶ᠎ᠠ ︵2020 ᠤᠨ ᠤ 1 ᠰᠠᠷ᠎ᠠ — 12 | ᠰᠠᠷ᠎ᠠ︶ | ᠦᠪᠡᠷᠲᠡᠭᠡᠨ ᠵᠠᠰᠠᠬᠤ ᠤᠷᠤᠨ ᠤᠬᠢᠨᠠᠨ ᠰᠢᠯᠭᠠᠵᠤ ᠰᠢᠯᠭᠠᠨ ᠠᠪᠬᠤᠪᠠᠷᠢᠮᠵᠢᠶᠠ ᠪᠠ ᠠᠷᠭ᠎ᠠ ᠶᠢ | ᠦᠨᠳᠤᠰᠤᠯᠠᠪᠠᠯ᠂ ᠬᠤᠰᠢᠭᠤ ᠰᠢᠶᠠᠨ ︵ᠬᠤᠳᠠ᠂ ᠳᠤᠭᠤᠷᠢᠭ︶ ᠢᠶᠠᠷ ᠨᠢᠬᠡᠴᠠ ᠪᠤᠯᠭᠠᠵᠤ᠂ ᠬᠢᠨᠠᠨ ᠰᠢᠯᠭᠠᠵᠤ | ᠰᠢᠯᠭᠠᠨ ᠠᠪᠬᠤ ᠶᠢ ᠵᠤᠬᠢᠶᠠᠨ ᠪᠠᠶᠢᠭᠤᠯᠤᠨ᠎ᠠ᠃ | ᠳᠦᠷᠪᠡ᠂ ᠠᠵᠢᠯ ᠤᠨ ᠠᠷᠭ᠎ᠠ ᠬᠡᠮᠵᠢᠶ᠎ᠠ | ︵ᠨᠢᠬᠡ︶ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢ ᠨᠡᠮᠡᠭᠳᠡᠬᠦᠯᠦᠨ᠎ᠠ᠃ | ᠡᠯ᠎ᠠ ᠱᠠᠳᠤᠨ ᠤ ᠵᠠᠰᠠᠭ ᠤᠨ ᠤᠷᠳᠤᠨ ᠬᠠᠮᠢᠶ᠎ᠠ ᠪᠦᠬᠦᠢ ᠲᠠᠯ᠎ᠠ ᠶᠢᠨ ᠪᠡᠯᠡ ᠮᠦᠩᠬᠦ ᠶᠢ ᠨᠢᠭᠡᠳᠦᠯᠲᠡᠢ | ᠲᠦᠯᠦᠪᠵᠢᠭᠦᠯᠦᠨ ᠨᠡᠶᠢᠳᠭᠡᠵᠦ᠂ ᠪᠡᠯᠡ ᠮᠦᠩᠬᠦ ᠤᠷᠤᠭᠤᠯᠬᠤ ᠬᠦᠴᠦᠯᠡᠴᠡ ᠪᠠᠨ ᠨᠡᠮᠡᠭᠳᠡᠬᠦᠯᠦᠨ᠂ ᠳᠤᠭᠳᠠᠭᠤᠨ | ᠪᠦᠬᠦᠢ ᠡᠳ᠋ ᠤᠨ ᠵᠠᠰᠠᠭ ᠤᠨ ᠪᠡᠯᠡ ᠤᠷᠤᠭᠤᠯᠬᠤ ᠳᠤᠭᠳᠠᠴᠠ ᠶᠢ ᠪᠠᠶᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ | ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠰᠠᠭᠤᠷᠢ ᠳᠦᠬᠦᠬᠡᠷᠦᠮᠵᠢ ᠶᠢᠨ ᠪᠦᠳᠦᠬᠡᠨ | ᠪᠠᠶᠢᠭᠤᠯᠤᠯᠳᠠ ᠪᠠ ᠡᠷᠬᠢᠯᠳᠡ ᠶᠢᠨ ᠵᠠᠷᠤᠳᠠᠯ ᠮᠦᠩᠬᠦ ᠶᠢ ᠵᠦᠢ ᠵᠤᠬᠢᠰᠳᠠᠢ ᠪᠠᠳᠤᠯᠠᠨ᠎ᠠ᠃ ᠦᠪᠡᠷᠳᠡᠭᠡᠨ ᠵᠠᠰᠠᠬᠤ | ᠤᠷᠤᠨ ᠠᠴᠠ ᠮᠠᠯᠵᠢᠬᠤ ᠲᠠᠷᠢᠶᠠᠯᠠᠬᠤ ᠤᠷᠤᠨ ᠤ ᠬᠤᠭ ᠨᠤᠪᠰᠢ᠂ ᠪᠤᠵᠠᠷ ᠤᠰᠤ ᠰᠢᠢᠳᠪᠦᠷᠢᠯᠡᠬᠦ ᠵᠠᠷᠤᠳᠠᠯ | ᠮᠦᠩᠬᠦᠨ ᠤ ᠨᠦᠬᠦᠪᠦᠷᠢᠯᠡᠬᠦ ᠪᠠᠷᠢᠮᠵᠢᠶ᠎ᠠ ᠶᠢ ᠤᠯᠠᠮ ᠨᠢᠬᠡ ᠠᠯᠬᠤᠮ ᠳᠡᠭᠡᠭᠰᠢᠯᠡᠬᠦᠯᠤᠨ᠎ᠠ︔ ᠡᠯ᠎ᠠ ᠠᠶᠢᠮᠠᠭ ᠬᠤᠳᠠ | ᠵᠠᠷᠤᠳᠠᠯ ᠮᠦᠩᠬᠦ ᠶᠢ ᠲᠦᠬᠦᠷᠵᠢᠬᠦᠯᠵᠤ ᠬᠤᠰᠢᠭᠤ ᠰᠢᠶᠠᠨ ︵ᠬᠤᠳᠠ᠂ ᠳᠤᠭᠤᠷᠢᠭ︶ ᠤ ᠮᠠᠯᠵᠢᠬᠤ ᠲᠠᠷᠢᠶᠠᠯᠠᠬᠤ | ᠤᠷᠤᠨ ᠳᠠᠬᠢ ᠠᠮᠢᠳᠤᠷᠠᠯ ᠤᠨ ᠬᠤᠬ ᠨᠤᠪᠰᠢ ᠶᠢ ᠬᠤᠷᠢᠶᠠᠨ ᠴᠤᠭᠯᠠᠭᠤᠯᠬᠤ᠂ ᠵᠦᠬᠡᠬᠡᠪᠦᠷᠢᠯᠡᠬᠦ᠂ ᠰᠢᠢᠳᠪᠦᠷᠢᠯᠡᠬᠦ | ᠳᠦᠬᠦᠭᠡᠷᠦᠮᠵᠢ ᠶᠢᠨ ᠪᠠᠶᠢᠭᠤᠯᠤᠯᠳᠠ ᠪᠠ ᠪᠤᠵᠠᠷ ᠤᠰᠤ ᠰᠢᠢᠳᠪᠦᠷᠢᠯᠡᠬᠦ ᠳᠦᠬᠦᠬᠡᠷᠦᠮᠵᠢ ᠶᠢᠨ ᠪᠠᠶᠢᠭᠤᠯᠤᠯᠳᠠ | ᠵᠡᠷᠭᠡ ᠳᠤ ᠵᠠᠷᠤᠴᠠᠭᠤᠯᠤᠨ᠎ᠠ᠃ ᠡᠯ᠎ᠠ ᠬᠤᠰᠢᠭᠤ ᠰᠢᠶᠠᠨ ︵ᠬᠤᠳᠠ᠂ ᠳᠤᠭᠤᠷᠢᠭ︶ ᠨᠢ ᠬᠤᠭ ᠨᠤᠪᠰᠢ ᠪᠤᠵᠠᠷ ᠤᠰᠤ | ᠰᠢᠢᠳᠪᠦᠷᠢᠯᠡᠬᠦ ᠵᠠᠷᠤᠳᠠᠯ ᠮᠦᠩᠬᠦ ᠶᠢ ᠳᠤᠰ ᠭᠠᠵᠠᠷ ᠤᠨ ᠡᠳ᠋ ᠤᠨ ᠵᠠᠰᠠᠭ ᠤᠨ ᠳᠦᠰᠦᠪ ᠲᠡᠭᠡᠨ ᠤᠷᠤᠭᠤᠯᠵᠦ᠂ | ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ ᠲᠠᠢ ᠬᠠᠮᠳᠤ ᠪᠠᠷ ᠬᠤᠭ ᠨᠤᠪᠰᠢ ᠪᠤᠵᠠᠷ ᠤᠰᠤ ᠬᠤᠷᠢᠶᠠᠨ | ᠵᠦᠬᠡᠬᠡᠪᠦᠷᠢᠯᠡᠬᠦ᠂ ᠰᠢᠢᠳᠪᠦᠷᠢᠯᠡᠬᠦ ᠳᠦᠬᠦᠬᠡᠷᠦᠮᠵᠢ ᠶᠢᠨ ᠡᠳᠦᠷ ᠳᠤᠳᠤᠮ ᠤᠨ ᠵᠠᠷᠤᠴᠠᠭᠤᠯᠭ᠎ᠠ ᠪᠠ ᠰᠡᠯᠪᠢᠨ ᠵᠠᠰᠠᠬᠤ | ᠵᠠᠷᠤᠳᠠᠯ ᠢ ᠡᠬᠦᠷᠭᠡᠯᠡᠵᠦ᠂ ᠡᠳ᠋ ᠤᠨ ᠵᠠᠰᠠᠭ ᠬᠦᠴᠢᠷᠳᠡᠯᠳᠡᠢ ᠰᠤᠮᠤ ᠰᠢᠶᠠᠩ ᠪᠠᠯᠭᠠᠰᠤ ᠶᠢ ᠬᠤᠰᠢᠭᠤᠨ ᠤ ᠡᠳ᠋ ᠤᠨ | ᠵᠠᠰᠠᠭ ᠠᠴᠠ ᠪᠦᠬᠦᠨ ᠢ ᠬᠠᠷᠢᠭᠤᠴᠠᠨ᠎ᠠ᠃ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠳᠤ ᠭᠡᠷᠡᠭᠯᠡᠬᠦ ᠭᠠᠵᠠᠷ | ᠰᠢᠷᠦᠢ ᠶᠢᠨ ᠨᠡᠮᠡᠭᠳᠡᠯ ᠬᠠᠰᠤᠭᠳᠠᠯ ᠢ ᠦᠷᠳᠡᠭ ᠨᠡᠮᠡᠭᠳᠡᠯ ᠤᠨᠠᠰᠢᠭ ᠤᠯᠭᠤᠮᠵᠢ ᠲᠠᠢ ᠰᠢᠭᠤᠳ ᠬᠤᠯᠪᠤᠭᠳᠠᠭᠤᠯᠵᠦ᠂ | ᠬᠠᠮᠢᠶ᠎ᠠ ᠪᠦᠬᠦᠢ ᠳᠤᠭᠳᠠᠭᠠᠯ ᠶᠤᠰᠤᠭᠠᠷ ᠮᠠᠯ ᠠᠵᠦ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ | ᠬᠦᠭᠵᠢᠯᠳᠡ ᠪᠠ ᠮᠠᠯᠴᠢᠨ ᠲᠠᠷᠢᠶᠠᠴᠢᠨ ᠤ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠬᠤ ᠳᠤ ᠵᠠᠷᠤᠴᠠᠭᠤᠯᠤᠨ᠎ᠠ᠃ | ᠳᠤᠰᠬᠤᠨ ᠢ ᠴᠡᠭᠴᠡᠯᠡᠨ ᠵᠠᠰᠠᠵᠦ ᠲᠠᠷᠢᠶᠠᠨ ᠭᠠᠵᠠᠷ ᠢ ᠨᠡᠮᠡᠭᠳᠡᠬᠦᠯᠵᠦ ᠤᠯᠤᠭᠰᠠᠨ ᠲᠠᠷᠢᠶᠠᠨ ᠭᠠᠵᠠᠷ ᠢ ᠡᠵᠡᠯᠡᠭᠰᠡᠨ | ᠨᠦᠬᠦᠪᠤᠷᠢ ᠶᠢᠨ ᠲᠠᠩᠴᠡᠬᠦᠷᠢ ᠶᠢᠨ ᠪᠠᠷᠢᠮᠵᠢᠶᠠᠨ ᠤ ᠠᠰᠢᠬ ᠤᠯᠭᠤᠮᠵᠢ ᠶᠢ ᠵᠠᠷᠤᠳᠠᠯ ᠤᠨ ᠳᠦᠰᠦᠪ ᠢ ᠦᠨᠳᠦᠰᠦᠯᠡᠨ | ᠨᠢᠬᠡᠳᠦᠯᠳᠡᠢ ᠳᠤᠬᠢᠷᠠᠭᠤᠯᠵᠦ ᠳᠤᠬᠠᠢ ᠶᠢᠨ ᠭᠠᠵᠠᠷ ᠤᠨ ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠷᠠᠳ ᠤᠨ | ᠣᠷᠣᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠳᠤ ᠵᠠᠷᠤᠴᠠᠭᠤᠯᠤᠨ᠎ᠠ᠃ ᠳᠡᠮᠵᠢᠬᠦ ᠠᠷᠭ᠎ᠠ | ᠬᠡᠯᠪᠡᠷᠢ ᠶᠢᠨ ᠰᠢᠨ᠎ᠡ ᠶᠢ ᠡᠭᠦᠳᠴᠤ᠂ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠬᠦᠰᠢᠭᠦᠷᠭᠡ ᠶᠢᠨ | ᠦᠢᠯᠡᠲᠦᠯ ᠢ ᠭᠦᠢᠴᠡᠳ ᠪᠠᠳᠠᠷᠠᠭᠤᠯᠵᠦ᠂ ᠱᠠᠩᠨᠠᠯ ᠢᠶᠠᠷ ᠨᠦᠬᠦᠪᠦᠷᠢ ᠶᠢ ᠤᠷᠤᠯᠠᠭᠤᠯᠬᠤ᠂ ᠤᠷᠢᠳᠠᠪᠠᠷ ᠪᠦᠲᠦᠭᠡᠨ | ᠪᠠᠶᠢᠭᠤᠯᠵᠦ ᠳᠠᠷᠠᠭ᠎ᠠ ᠨᠢ ᠨᠦᠬᠦᠪᠦᠷᠢ ᠦᠭᠬᠦ᠂ ᠰᠠᠭᠤᠷᠢ ᠲᠦᠬᠦᠭᠡᠷᠦᠮᠵᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠳᠤ ᠤᠷᠤᠯᠴᠠᠭᠤᠯᠵᠦ ᠲᠠᠩᠭᠡᠷᠡᠭᠦᠯᠬᠦ ᠪᠠᠷ ᠰᠢᠭᠤᠳ ᠳᠡᠮᠵᠢᠵᠦ ᠲᠡᠳᠬᠦᠬᠦ ᠶᠢ ᠤᠷᠤᠯᠠᠭᠤᠯᠬᠤ ᠵᠡᠷᠭᠡ | ᠠᠷᠭ᠎ᠠ ᠬᠡᠯᠪᠡᠷᠢ ᠪᠠᠷ ᠳᠠᠮᠵᠢᠵᠦ ᠨᠡᠶᠢᠭᠡᠮ ᠤᠨ ᠬᠦᠷᠦᠩᠭᠡ ᠶᠢ ᠲᠠᠳᠠᠵᠦ᠂ ᠤᠯᠠᠨ ᠡᠰᠢᠵᠢᠭᠰᠡᠨ ᠪᠡᠯᠡ | ᠤᠷᠤᠭᠤᠯᠤᠯᠲᠠ ᠶᠢᠨ ᠲᠤᠬᠲᠠᠴᠠ ᠶᠢ ᠪᠦᠷᠢᠯᠳᠦᠭᠦᠯᠦᠨ᠎ᠡ᠃ | ︵ᠬᠤᠶᠠᠷ︶ ᠨᠡᠶᠢᠭᠡᠮ ᠤᠨ ᠬᠦᠴᠦᠨ ᠢ ᠳᠠᠶᠢᠴᠢᠯᠠᠵᠦ ᠢᠳᠡᠪᠬᠢᠲᠡᠢ ᠤᠷᠤᠯᠴᠠᠭᠤᠯᠤᠨ᠎ᠡ᠃ | ᠡᠯ᠎ᠡ ᠲᠦᠷᠦᠯ ᠤᠨ ᠠᠵᠦ ᠠᠬᠤᠢᠢᠯᠠᠯ ᠤᠨ ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠷᠠᠳ ᠤᠨ ᠣᠷᠣᠰᠢᠨ | ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠲᠦᠷᠦᠯ ᠵᠦᠢᠯ ᠳᠤ ᠤᠷᠤᠯᠴᠠᠬᠤ ᠶᠢ ᠵᠤᠷᠢᠬᠵᠢᠭᠤᠯᠵᠦ᠂ | ᠵᠠᠰᠠᠭ ᠤᠨ ᠤᠷᠳᠤᠨ ᠪᠠ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭᠠᠨ ᠤ ᠵᠠᠬᠪᠤᠷ ᠢ ᠲᠦᠷᠢᠮᠵᠢᠭᠦᠯᠦᠨ | ᠲᠦᠭᠡᠮᠡᠯᠵᠢᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠬᠤᠭ ᠨᠤᠪᠰᠢ ᠪᠤᠵᠠᠷ ᠤᠰᠤ ᠶᠢ ᠴᠡᠭᠴᠡᠯᠡᠨ ᠵᠠᠰᠠᠬᠤ ᠵᠠᠬ᠎ᠠ | ᠳᠡᠯᠭᠡᠭᠦᠷ ᠤᠨ ᠭᠤᠤᠯ ᠴᠤᠬᠴᠠ ᠶᠢ ᠶᠡᠭᠡ ᠬᠦᠴᠦ ᠪᠠᠷ ᠪᠤᠶᠢᠵᠢᠭᠤᠯᠤᠨ᠎ᠡ᠃ ᠠᠰᠢᠭ ᠤᠷᠤᠯᠭ᠎ᠠ ᠪᠠᠷ ᠨᠡᠯᠢᠶᠡᠳ ᠰᠠᠶᠢᠨ | ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭ᠎ᠠ ᠶᠢ ᠶᠠᠪᠤᠬᠳᠠᠭᠤᠯᠵᠦ ᠪᠦᠬᠦᠢ ᠮᠠᠯᠵᠢᠬᠤ ᠲᠠᠷᠢᠶᠠᠯᠠᠬᠤ ᠤᠷᠤᠨ ᠤ ᠰᠠᠭᠤᠷᠢ | ᠲᠦᠬᠦᠭᠡᠷᠦᠮᠵᠢ ᠶᠢᠨ ᠭᠤᠤᠯᠳᠠᠯᠭ᠎ᠠ ᠲᠠᠢ ᠲᠦᠷᠦᠯ ᠵᠦᠢᠯ ᠤᠨ ᠰᠲ᠋ᠤᠺ ᠤᠨ ᠡᠷᠬᠡ ᠪᠠᠷ ᠪᠡᠯᠡ ᠬᠤᠷᠠᠮᠳᠤᠭᠤᠯᠬᠤ ᠪᠠ | ᠠᠪᠴᠠᠭ᠎ᠠ ᠤ ᠡᠷᠬᠡ ᠪᠠᠷ ᠪᠡᠯᠡ ᠬᠤᠷᠠᠮᠳᠤᠭᠤᠯᠬᠤ ᠠᠵᠢᠯᠯᠠᠭ᠎ᠠ ᠦᠷᠨᠢᠭᠦᠯᠬᠦ ᠶᠢ ᠳᠡᠮᠵᠢᠨ᠎ᠡ᠃ ᠭᠠᠴᠠᠭ᠎ᠠ ᠲᠤᠰᠬᠤᠨ ᠤ | ︽ᠠᠰ ᠠᠰ ᠢᠶᠠᠷ ᠨᠢ ᠵᠦᠪᠯᠡᠬᠦ︾ ᠪᠡᠯᠡ ᠴᠤᠬᠯᠠᠭᠤᠯᠬᠤ ᠬᠦᠳᠡᠯᠮᠦᠷᠢ ᠬᠦᠴᠦ ᠴᠤᠬᠯᠠᠭᠤᠯᠬᠤ ᠲᠦᠷᠦ ᠶᠢᠨ | ᠪᠤᠳᠤᠯᠭ᠎ᠠ ᠶᠢ ᠠᠮᠢᠳᠤᠯᠢᠭ ᠢᠶᠠᠷ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠪᠡᠯᠡ ᠤᠷᠤᠭᠤᠯᠬᠤ ᠬᠦᠳᠡᠯᠮᠦᠷᠢ ᠬᠦᠴᠦ | ᠤᠷᠤᠭᠤᠯᠬᠤ ᠶᠢ ᠢᠳᠡᠪᠬᠢᠲᠡᠢ ᠳᠠᠶᠢᠴᠢᠯᠠᠨᠡ᠃ ᠬᠠᠮᠢᠶ᠎ᠡ ᠪᠦᠬᠦᠢ ᠰᠠᠯᠠᠭ᠎ᠠ ᠮᠦᠴᠢᠷ᠂ ᠨᠡᠶᠢᠭᠡᠮ ᠤᠨ ᠵᠤᠬᠢᠶᠠᠨ | ᠪᠠᠶᠢᠭᠤᠯᠤᠯᠲᠠ ᠪᠠ ᠬᠤᠪᠢ ᠬᠦᠮᠦᠨ ᠢ ᠳᠠᠶᠢᠴᠢᠯᠠᠵᠦ ᠵᠤᠭᠤᠰ ᠮᠦᠡᠭᠭᠦ ᠡᠳ᠋ ᠪᠤᠳᠠᠰ ᠬᠠᠨᠳᠢᠪᠯᠠᠬᠤ᠂ | ᠬᠠᠪᠰᠤᠷᠤᠯᠴᠠᠭ᠎ᠠ ᠪᠠᠶᠢᠭᠤᠯᠵᠤ ᠶᠠᠳᠠᠭᠤ ᠶᠢ ᠲᠡᠳᠬᠦᠬᠦ ᠵᠡᠷᠭᠡ ᠠᠷᠭ᠎ᠠ ᠬᠡᠯᠪᠡᠷᠢ ᠪᠡᠷᠳᠠᠮᠵᠢᠵᠦ᠂ ᠮᠠᠯᠵᠢᠬᠤ ᠲᠠᠷᠢᠶᠠᠯᠠᠬᠤ | ᠤᠷᠤᠨ ᠤ ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠰᠠᠭᠤᠷᠢ ᠲᠦᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠪᠠ ᠤᠷᠴᠢᠯ ᠬᠠᠮᠢᠶᠠᠷᠤᠯᠲᠠ ᠬᠠᠮᠠᠭᠠᠯᠠᠯᠲᠠ ᠶᠢ ᠳᠡᠮᠵᠢᠨ᠎ᠡ᠃ ᠰᠢᠨ᠎ᠡ ᠨᠤᠳᠤᠭ ᠤᠨ | ᠲᠤᠮᠤᠭᠠᠳᠠᠨ ᠤ ᠰᠤᠶᠤᠯ ᠢ ᠤᠷᠢᠶᠠᠯᠠᠵᠦ᠂ ᠨᠤᠲᠤᠭ ᠤᠨ ᠬᠠᠶᠢᠷ᠎ᠠ ᠨᠤᠲᠤᠭ ᠤᠨ ᠮᠦᠷᠦᠭᠡᠳᠦᠯ ᠢᠶᠠᠷ ᠬᠤᠯᠪᠤᠭᠠᠰᠦ | ᠪᠤᠯᠭᠠᠨ᠂ ᠡᠯ᠎ᠡ ᠲᠠᠯ᠎ᠡ ᠶᠢᠨ ᠨᠡᠷ᠎ᠡ ᠬᠦᠨᠳᠦᠲᠡᠨ ᠤ ᠳᠡᠮᠵᠢᠯᠭᠡ ᠶᠢ ᠲᠡᠲᠠᠨ ᠲᠦᠪᠯᠡᠷᠡᠭᠦᠯᠵᠦ ᠮᠠᠯᠵᠢᠬᠤ ᠲᠠᠷᠢᠶᠠᠯᠠᠬᠤ | ᠤᠷᠤᠨ ᠤ ᠬᠦᠮᠦᠨ ᠠᠷᠠᠳ ᠤᠨ ᠰᠠᠭᠤᠬᠤ ᠤᠷᠴᠢᠨ ᠢ ᠵᠠᠰᠠᠬᠤ ᠳᠤ ᠦᠢᠯᠡᠴᠢᠯᠡᠭᠦᠯᠦᠨ᠎ᠡ᠃ | ︵ᠭᠤᠷᠪᠠ︶ ᠲᠤᠰᠬᠤᠨ ᠤ ᠠᠷᠠᠳ ᠤᠨ ᠭᠤᠤᠯ ᠴᠤᠭᠴᠠ ᠶᠢᠨ ᠦᠢᠯᠡᠲᠦᠯ ᠢ ᠪᠠᠲᠠᠷᠠᠭᠤᠯᠤᠨ᠎ᠠ᠃ | ᠮᠠᠯᠵᠢᠬᠤ ᠲᠠᠷᠢᠶᠠᠯᠠᠬᠤ ᠤᠷᠤᠨ ᠤ ᠦᠨᠲᠦᠰᠦᠨ ᠱᠠᠲᠦᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠭᠤᠤᠯ | ᠦᠢᠯᠡᠲᠦᠯ ᠪᠠ ᠨᠠᠮ ᠤᠨ ᠬᠡᠰᠢᠬᠦᠨ ᠤ ᠬᠤᠰᠢᠭᠤᠴᠢ ᠵᠢᠱᠢᠶᠡᠴᠢ ᠦᠢᠯᠡᠲᠦᠯ ᠢ ᠪᠠᠲᠠᠷᠠᠭᠤᠯᠵᠦ᠂ ᠮᠠᠯᠴᠢᠨ ᠲᠠᠷᠢᠶᠠᠴᠢᠨ | ᠤᠯᠠᠨ ᠲᠦᠮᠡᠨ ᠢ ᠲᠠᠶᠢᠴᠢᠯᠠᠵᠦ ᠬᠡᠪ ᠰᠤᠷᠲᠠᠯ ᠢ ᠨᠢ ᠬᠤᠪᠢᠷᠠᠭᠤᠯᠵᠦ᠂ ᠠᠮᠢᠲᠤᠷᠠᠯ ᠤᠨ ᠠᠷᠭ᠎ᠠ ᠭᠡᠯᠪᠡᠷᠢ ᠶᠢ ᠨᠢ | ᠰᠠᠶᠢᠵᠢᠷᠠᠭᠤᠯᠵᠦ᠂ ᠠᠮᠢᠲᠤᠷᠠᠯ ᠤᠨ ᠶᠠᠰᠦ ᠴᠢᠨᠠᠷ ᠢ ᠨᠢ ᠲᠡᠭᠡᠭᠰᠢᠯᠡᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ | ᠬᠠᠮᠲᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠬᠠᠮᠲᠦ ᠶᠢᠨ ᠡᠵᠡᠩᠨᠡᠯᠳᠡ ᠶᠢᠨ ᠴᠢᠨᠠᠷᠲᠠᠢ ᠪᠦᠲᠦᠭᠡᠨ | ᠪᠠᠶᠢᠭᠤᠯᠤᠯᠲᠠ ᠶᠢᠨ ᠭᠠᠵᠠᠷ᠂ ᠬᠦᠳᠡᠭᠡ ᠶᠢᠨ ᠰᠤᠯᠠ ᠰᠡᠯᠡᠬᠦᠦ ᠪᠠᠶᠢᠰᠢᠩ ᠪᠠ ᠭᠡᠷ ᠪᠠᠶᠢᠰᠢᠩ ᠤᠨ ᠰᠠᠭᠤᠷᠢ ᠵᠡᠷᠭᠡ ᠶᠢ | ᠠᠰᠢᠬᠯᠠᠨ ᠬᠦᠢᠯᠬᠡᠬᠡᠯᠡᠬᠦ ᠪᠠᠷ ᠲᠠᠮᠵᠢᠨ᠂ ᠤᠯᠠᠨ ᠠᠷᠭ᠎ᠠ ᠬᠡᠯᠪᠡᠷᠢ ᠪᠠᠷ ᠪᠡᠯᠡ ᠮᠦᠡᠭᠬᠦ ᠬᠤᠷᠠᠮᠲᠤᠭᠤᠯᠵᠦ ᠬᠦᠮᠦᠨ | ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠨ᠎ᠠ᠃ ᠵᠠᠰᠠᠭ ᠤᠨ ᠤᠷᠲᠤᠨ᠂ | ᠲᠤᠰᠬᠤᠨ ᠤ ᠬᠠᠮᠲᠦ ᠨᠡᠶᠢᠳᠡ᠂ ᠲᠤᠰᠬᠤᠨ ᠤ ᠠᠷᠠᠳ ᠵᠡᠷᠭᠡ ᠤᠯᠠᠨ ᠲᠠᠯ᠎ᠠ ᠠᠴᠠ ᠬᠠᠮᠲᠦᠪᠡᠷ ᠠᠷᠭ᠎ᠠ | ᠰᠦᠪᠡᠭᠴᠢᠯᠡᠵᠦ᠂ ᠬᠠᠮᠲᠦᠪᠡᠷ ᠪᠠᠶᠢᠭᠤᠯᠵᠦ᠂ ᠬᠠᠮᠲᠦᠪᠡᠷ ᠬᠠᠮᠢᠶᠠᠷᠤᠨ᠂ ᠬᠠᠮᠲᠦᠪᠡᠷ ᠦᠨᠡᠯᠡᠵᠦ᠂ ᠬᠠᠮᠲᠦᠪᠡᠷ | ᠠᠰᠢᠬᠯᠠᠬᠤ ᠲᠤᠭᠲᠠᠴᠠ ᠶᠢ ᠪᠠᠶᠢᠭᠤᠯᠵᠦ᠂ ᠮᠠᠯᠴᠢᠨ ᠲᠠᠷᠢᠶᠠᠴᠢᠳ ᠢ ᠦᠷᠭᠡᠨ ᠢᠶᠠᠷ ᠲᠠᠶᠢᠴᠢᠯᠠᠵᠦ ᠲᠦᠷᠦᠯ ᠵᠦᠢᠯ ᠢ | ᠵᠤᠬᠢᠶᠠᠨ ᠪᠠᠶᠢᠭᠤᠯᠵᠦ ᠭᠡᠷᠡᠭᠵᠢᠬᠦᠯᠬᠦ ᠳᠤ ᠤᠷᠤᠯᠴᠠᠭᠤᠯᠤᠨ᠎ᠠ᠃ ᠤᠷᠴᠢᠨ ᠲᠤᠭᠤᠷᠢᠨ ᠤ ᠡᠷᠡᠬᠦᠯ ᠬᠠᠮᠠᠭᠠᠯᠠᠯ᠂ | ᠡᠷᠳᠡᠨ ᠤ ᠮᠤᠲᠤ ᠨᠡᠷᠡᠲᠦ ᠮᠤᠲᠤ ᠶᠢ ᠬᠠᠮᠠᠭᠠᠯᠠᠬᠤ ᠵᠡᠷᠭᠡ ᠶᠢ ᠲᠤᠰᠬᠤᠨ ᠤ ᠲᠦᠷᠢᠮ ᠠᠷᠠᠳ ᠤᠨ ᠵᠢᠷᠤᠮᠵᠢᠯ ᠳᠤ | ᠬᠠᠮᠤᠷᠤᠨ ᠤᠷᠤᠭᠤᠯᠵᠦ᠂ ᠤᠯᠠᠨ ᠲᠦᠮᠡᠨ ᠢᠶᠠᠷ ᠵᠦᠪᠯᠡᠬᠦᠯᠦᠨ ᠲᠤᠭᠲᠠᠭᠠᠬᠤ ᠵᠡᠷᠭᠡ ᠠᠷᠭ᠎ᠠ ᠪᠠᠷ ᠬᠦᠳᠡᠭᠡ | ᠲᠤᠰᠬᠤᠨ ᠤ ᠰᠢᠨ᠎ᠡ ᠬᠡᠪ ᠰᠤᠷᠲᠠᠯ ᠢ ᠮᠠᠬᠲᠠᠨ ᠰᠠᠶᠢᠰᠢᠶᠠᠵᠦ᠂ ᠮᠠᠯᠵᠢᠬᠤ ᠲᠠᠷᠢᠶᠠᠯᠠᠬᠤ ᠤᠷᠤᠨ ᠤ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠬᠤᠷᠰᠢᠶ᠎ᠠ ᠢ ᠪᠠᠶᠢᠭᠤᠯᠬᠤ ᠶᠢ ᠵᠤᠷᠢᠬᠵᠢᠭᠤᠯᠵᠦ᠂ ᠮᠠᠯᠴᠢᠨ ᠲᠠᠷᠢᠶᠠᠴᠢᠳ ᠤᠨ | ᠦᠪᠡᠷ ᠪᠡᠶ᠎ᠡ ᠶᠢᠨ ᠰᠤᠷᠭᠠᠨ ᠬᠦᠮᠦᠵᠢᠯ᠂ ᠦᠪᠡᠷ ᠪᠡᠶ᠎ᠡ ᠶᠢᠨ ᠬᠠᠮᠢᠶᠠᠷᠤᠯᠲᠠ ᠶᠢ ᠬᠦᠨᠵᠡᠬᠡᠶᠢᠷᠡᠬᠦᠯᠦᠨ᠎ᠡ᠃ ᠪᠤᠯᠪᠠᠰᠤᠨ | ᠡᠷᠡᠬᠦᠯ ᠴᠢᠬᠢᠷᠠᠭ ᠠᠮᠢᠲᠤᠷᠠᠯ ᠤᠨ ᠠᠷᠭ᠎ᠠ ᠬᠡᠯᠪᠡᠷᠢ ᠶᠢ ᠪᠤᠢ ᠪᠤᠯᠭᠠᠬᠤ ᠶᠢ ᠨᠡᠶᠢᠬᠡᠮ ᠵᠢᠷᠤᠮ ᠤᠨ ᠭᠤᠤᠯᠯᠠᠬᠴᠢ | ᠦᠷᠳᠡᠭ ᠤᠨ ᠦᠵᠡᠯᠳᠡ ᠶᠢ ᠪᠤᠢ ᠪᠤᠯᠭᠠᠵᠦ ᠦᠢᠯᠡᠲᠦᠯᠬᠡᠵᠢᠬᠦᠯᠬᠦ᠂ ᠤᠶᠤᠨ ᠤ ᠪᠤᠯᠪᠠᠰᠤᠨ ᠤ ᠪᠦᠲᠦᠭᠡᠨ | ᠪᠠᠶᠢᠭᠤᠯᠤᠯᠲᠠ ᠶᠢ ᠦᠷᠨᠢᠬᠦᠯᠬᠦ ᠶᠢᠨ ᠴᠢᠬᠤᠯᠠ ᠠᠭᠤᠯᠭ᠎ᠠ ᠪᠤᠯᠭᠠᠵᠦ᠂ ᠤᠯᠠᠨ ᠲᠦᠮᠡᠨ ᠤ ᠪᠤᠯᠪᠠᠰᠤᠨ ᠡᠷᠡᠬᠦᠯ | ᠬᠠᠮᠠᠭᠠᠯᠠᠯ ᠤᠨ ᠲᠠᠨᠢᠯᠲᠠ ᠶᠢ ᠲᠡᠭᠡᠭᠰᠢᠯᠡᠬᠦᠯᠵᠦ᠂ ᠡᠶ᠎ᠡ ᠨᠠᠶᠢᠷᠠᠮᠲᠠᠭᠤ᠂ ᠪᠤᠯᠪᠠᠰᠤᠨ ᠨᠡᠶᠢᠬᠡᠮ ᠤᠨ ᠬᠡᠪ ᠰᠤᠷᠲᠠᠯ ᠢ ᠪᠤᠢ | ᠪᠤᠯᠭᠠᠨ᠎ᠠ᠃ ᠮᠠᠯᠴᠢᠨ ᠳᠠᠷᠢᠶᠡᠴᠢᠳ ᠤᠨ ᠤᠯᠠᠨ ᠨᠡᠶᠢᠳᠡ ᠶᠢᠨ ᠤᠷᠴᠢᠨ ᠠᠬᠤᠢ ᠶᠢ ᠬᠠᠮᠠᠭᠠᠯᠠᠬᠤ ᠬᠠᠷᠢᠭᠤᠴᠠᠯᠭ᠎ᠠ ᠶᠢ | ᠳᠤᠳᠤᠷᠬᠠᠢ ᠪᠤᠯᠭᠠᠵᠦ᠂ ᠬᠦᠷᠢᠶ᠎ᠠ ᠬᠠᠰᠢᠶ᠎ᠠ᠂ ᠬᠡᠷ ᠪᠠᠶᠢᠰᠢᠩ ᠤᠨ ᠤᠢᠢᠷ᠎ᠠ ᠳᠤᠭᠤᠷᠢᠨ ᠤ ᠤᠷᠴᠢᠨ ᠠᠬᠤᠢ ᠶᠢ | ᠴᠡᠭᠴᠡᠯᠡᠨ ᠵᠠᠰᠠᠬᠤ ᠶᠢ ᠮᠠᠯᠴᠢᠨ ᠳᠠᠷᠢᠶᠡᠴᠢᠨ ᠡᠷᠦᠬᠡ ᠠᠴᠠ ᠬᠠᠷᠢᠭᠤᠴᠠᠨ᠎ᠠ︔ ᠭᠠᠴᠠᠭ᠎ᠠ ᠳᠤᠰᠬᠤᠨ ᠤ ᠤᠯᠠᠨ | ᠨᠡᠶᠢᠳᠡ ᠶᠢᠨ ᠤᠷᠤᠨ ᠵᠠᠢ ᠶᠢᠨ ᠴᠡᠭᠴᠡᠯᠡᠨ ᠵᠠᠰᠠᠯᠳᠠ ᠶᠢ ᠭᠠᠴᠠᠭ᠎ᠠ ᠳᠤᠰᠬᠤᠨ ᠤ ᠠᠷᠠᠳ ᠢᠷᠬᠡᠳ ᠤᠨ ᠦᠪᠡᠷᠳᠡᠬᠡᠨ | ᠵᠠᠰᠠᠬᠤ ᠵᠤᠬᠢᠶᠠᠨ ᠪᠠᠶᠢᠭᠤᠯᠤᠯᠳᠠ ᠪᠤᠶᠤ ᠭᠠᠴᠠᠭ᠎ᠠ ᠳᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ ᠪᠠᠷ ᠭᠤᠤᠯᠯᠠᠵᠦ᠂ ᠭᠤᠤᠯ ᠨᠢ ᠮᠠᠯᠴᠢᠨ ᠳᠠᠷᠢᠶᠡᠴᠢᠨ ᠬᠦᠳᠡᠯᠮᠤᠷᠢ ᠬᠦᠴᠦ ᠵᠠᠷᠤᠴᠠᠭᠤᠯᠤᠨ | ᠰᠢᠢᠳᠪᠤᠷᠢᠯᠡᠨ᠎ᠠ᠃ ᠮᠠᠯᠴᠢᠨ ᠳᠠᠷᠢᠶᠡᠴᠢᠨ ᠪᠡ ᠭᠠᠴᠠᠭ᠎ᠠ ᠳᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠡᠨ | ᠪᠠᠶᠢᠭᠤᠯᠤᠯᠳᠠ ᠶᠢᠨ ᠮᠠᠯᠵᠢᠬᠤ ᠳᠠᠷᠢᠶᠠᠯᠠᠬᠤ ᠤᠷᠤᠨ ᠤ ᠤᠷᠴᠢᠨ ᠠᠬᠤᠢ ᠶᠢ ᠴᠡᠭᠴᠡᠯᠡᠨ ᠵᠠᠰᠠᠬᠤ ᠳᠦᠯᠦᠪᠵᠢᠬᠦᠯᠬᠡ᠂ | ᠪᠦᠳᠦᠬᠡᠨ ᠪᠠᠶᠢᠭᠤᠯᠤᠯᠳᠠ᠂ ᠡᠵᠡᠭᠨᠡᠯᠳᠡ᠂ ᠬᠠᠮᠢᠶᠡᠷᠦᠯᠳᠡ ᠳᠤ ᠡᠬᠢᠨ ᠠᠴᠠ ᠨᠢ ᠳᠠᠭᠤᠰᠳᠠᠯ᠎ᠠ ᠤᠷᠤᠯᠴᠠᠬᠤ ᠶᠢ | ᠵᠤᠷᠢᠭᠵᠢᠭᠤᠯᠤᠨ᠎ᠠ᠃ ᠳᠤᠰᠬᠤᠨ ᠤ ᠶᠠᠪᠤᠳᠠᠯ ᠢ ᠢᠯᠡ ᠪᠤᠯᠭᠠᠬᠤ ᠳᠦᠷᠢᠮ ᠢ ᠳᠡᠬᠦᠯᠳᠡᠷᠵᠢᠬᠦᠯᠵᠦ᠂ ᠮᠠᠯᠵᠢᠬᠤ | ᠳᠠᠷᠢᠶᠠᠯᠠᠬᠤ ᠤᠷᠤᠨ ᠤ ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ | ᠳᠦᠰᠦᠯ ᠢ ᠢᠯᠡ ᠪᠤᠯᠭᠠᠬᠤ᠂ ᠬᠡᠷ᠎ᠠ ᠶᠢ ᠢᠯᠡ ᠪᠤᠯᠭᠠᠬᠤ᠂ ᠪᠡᠯᠡ ᠤᠷᠤᠭᠤᠯᠤᠯᠳᠠ ᠶᠢᠨ ᠮᠦᠡᠭᠬᠦ ᠶᠢ ᠢᠯᠡ ᠪᠤᠯᠭᠠᠬᠤ | ᠳᠦᠷᠢᠮ ᠢ ᠬᠡᠷᠡᠭᠵᠢᠬᠦᠯᠵᠦ᠂ ᠭᠠᠴᠠᠭ᠎ᠠ ᠳᠤᠰᠬᠤᠨ ᠤ ᠠᠷᠠᠳ ᠢᠷᠬᠡᠳ ᠤᠨ ᠬᠢᠨᠠᠨ ᠪᠠᠶᠢᠴᠠᠭᠠᠬᠤ ᠪᠡ ᠰᠢᠬᠦᠮᠵᠢᠯᠡᠯ ᠢ | ᠬᠦᠯᠢᠶᠡᠨ᠎ᠠ᠃ | ︵ᠳᠥᠷᠪᠡ︶ ᠮᠡᠷᠬᠡᠵᠢᠯ ᠪᠡ ᠴᠢᠳᠡᠪᠤᠷᠢᠳᠡᠨ ᠤ ᠳᠤᠯᠭᠠᠭᠤᠷᠢᠯᠡᠯ ᠢ ᠴᠢᠩᠭᠠᠤᠬᠠᠨᠠ᠃ | ᠮᠠᠨ ᠤ ᠤᠷᠤᠨ ᠤ ᠵᠡᠬᠦᠨ᠂ ᠳᠤᠮᠳᠠ᠂ ᠪᠠᠷᠠᠭᠤᠨ ᠬᠡᠰᠡᠭ ᠤᠨ ᠠᠳᠠᠯᠢ ᠪᠤᠰᠦ ᠭᠠᠵᠠᠷ ᠤᠷᠤᠨ ᠤ ᠠᠭᠤᠷ | ᠠᠮᠢᠰᠬᠤᠯ ᠤᠷᠴᠢᠨ ᠠᠬᠤᠢ ᠶᠢᠨ ᠤᠨᠴᠠᠯᠢᠭ ᠢ ᠦᠨᠳᠦᠰᠦᠯᠡᠵᠦ᠂ ᠳᠦᠷᠦᠯ᠂ ᠳᠡᠰ ᠬᠤᠪᠢᠶᠡᠨ ᠬᠠᠶᠠᠭᠳᠠᠮᠠᠯ | ᠪᠤᠳᠠᠰ ᠤᠨ ᠰᠢᠢᠳᠪᠤᠷᠢᠯᠡᠯᠳᠡ᠂ ᠪᠤᠬᠢᠷ ᠤᠰᠦᠨ ᠤ ᠴᠡᠭᠴᠡᠯᠡᠨ ᠵᠠᠰᠠᠯᠳᠠ᠂ ᠵᠤᠷᠯᠤᠩ ᠢ ᠦᠭᠡᠷᠡᠴᠢᠯᠡᠨ ᠪᠠᠶᠢᠭᠤᠯᠬᠤ᠂ | ᠮᠠᠯ ᠠᠵᠤ ᠠᠬᠤᠢ ᠳᠠᠷᠢᠶᠠᠯᠠᠩ ᠤᠨ ᠦᠢᠯᠡᠳᠪᠦᠷᠢᠯᠡᠯ ᠤᠨ ᠬᠠᠶᠠᠭᠳᠠᠮᠠᠯ ᠪᠤᠳᠠᠰ ᠤᠨ ᠡᠬᠢ ᠪᠠᠶᠠᠯᠢᠭᠵᠢᠭᠤᠯᠤᠨ | ᠠᠰᠢᠡᠡᠯᠠᠬᠤ ᠮᠡᠷᠬᠡᠵᠢᠯ ᠤᠨ ᠪᠠᠷᠢᠮᠵᠢᠶ᠎ᠠ ᠪᠡ ᠳᠤᠰᠬᠤᠨ ᠤ ᠦᠡᠭᠬᠡ ᠳᠦᠷᠬᠦ ᠶᠢ ᠳᠡᠰ ᠳᠡᠪᠰᠢᠭᠦᠯᠭᠦ ᠮᠡᠷᠬᠡᠵᠢᠯ ᠤᠨ | ᠬᠦᠳᠦᠯᠪᠤᠷᠢ ᠶᠢ ᠳᠤᠭᠳᠠᠭᠠᠨ᠎ᠠ᠃ ᠶᠡᠭᠡ ᠳᠡᠬᠡᠳᠦ ᠰᠤᠷᠭᠠᠭᠤᠯᠢ᠂ ᠰᠤᠳᠤᠯᠭᠠᠨ ᠤ ᠰᠠᠯᠪᠤᠷᠢ ᠬᠦᠷᠢᠶᠡᠯᠡᠩ ᠭᠠᠵᠠᠷ᠂ | ᠠᠵᠦ ᠠᠬᠤᠢᠢᠯᠡᠯ ᠢ ᠵᠤᠬᠢᠶᠡᠨ ᠪᠠᠶᠢᠭᠤᠯᠵᠦ᠂ ᠮᠠᠯᠵᠢᠬᠤ ᠳᠠᠷᠢᠶᠠᠯᠠᠬᠤ ᠤᠷᠤᠨ ᠤ ᠰᠠᠭᠤᠭᠠᠯᠢ ᠳᠤᠭᠤᠷᠢᠭ ᠤᠨ | ᠤᠷᠤᠰᠢᠨ ᠰᠠᠭᠤᠷᠢᠰᠢᠬᠤ ᠤᠷᠴᠢᠨ ᠠᠬᠤᠢ ᠶᠢ ᠵᠠᠰᠠᠨ ᠴᠡᠭᠴᠡᠯᠡᠬᠦ ᠰᠢᠨ᠎ᠠ ᠮᠡᠷᠬᠡᠵᠢᠯ᠂ ᠰᠢᠨ᠎ᠠ ᠤᠷ᠎ᠠ ᠮᠡᠷᠭᠡᠰᠢᠯ᠂ | ᠰᠢᠨ᠎ᠠ ᠲᠤᠨᠤᠬᠯᠡᠯ ᠳᠦᠬᠦᠬᠡᠷᠦᠮᠵᠢ ᠶᠢᠨ ᠰᠤᠳᠤᠯᠤᠨ ᠨᠡᠭᠡᠭᠡᠭᠦ ᠪᠡ ᠲᠦᠭᠡᠭᠡᠮᠡᠯᠵᠢᠭᠦᠯᠭᠦ ᠠᠵᠢᠯᠯᠠᠭ᠎ᠠ ᠶᠢ ᠦᠷᠨᠢᠬᠦᠯᠤᠨ᠎ᠠ | ᠃ ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ | ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠪᠤᠯᠤᠨ ᠡᠵᠡᠩᠨᠡᠨ ᠬᠠᠮᠢᠶᠠᠷᠬᠤ ᠠᠵᠢᠯᠳᠠᠨ ᠤ ᠮᠡᠷᠬᠡᠵᠢᠯ ᠤᠨ | ᠪᠤᠯᠪᠠᠰᠤᠷᠠᠯ ᠢ ᠴᠢᠩᠭᠠᠳᠬᠠᠨ᠂ ᠬᠦᠳᠡᠭᠡ ᠲᠤᠰᠬᠤᠨ ᠤ ᠵᠢᠷᠤᠬᠯᠡᠨ ᠲᠦᠰᠦᠪᠯᠡᠭᠦ᠂ ᠲᠦᠷᠦᠯ ᠵᠦᠢᠯ ᠤᠨ ᠪᠦᠳᠦᠬᠡᠨ | ᠪᠠᠶᠢᠭᠤᠯᠤᠯᠳᠠ ᠪᠤᠯᠤᠨ ᠡᠷᠬᠢᠯᠳᠠ ᠵᠡᠷᠬᠡ ᠲᠠᠯ᠎ᠠ ᠶᠢᠨ ᠮᠡᠷᠬᠡᠵᠢᠯ ᠤᠨ ᠪᠡ ᠬᠠᠮᠢᠶᠠᠷᠤᠯᠳᠠ ᠶᠢᠨ ᠴᠢᠳᠠᠪᠤᠷᠢᠳᠠᠨ ᠢ | ᠬᠦᠮᠦᠵᠢᠬᠦᠯᠬᠦ ᠶᠢ ᠲᠦᠷᠭᠡᠳᠭᠡᠨ᠎ᠠ᠃ ᠲᠤᠰᠬᠠᠢ ᠮᠡᠷᠬᠡᠵᠢᠯ ᠤᠨ ᠴᠢᠳᠠᠪᠤᠷᠢᠳᠠᠨ ᠢ ᠰᠤᠩᠭᠤᠨ ᠲᠤᠮᠢᠯᠠᠵᠤ | ᠲᠤᠰᠬᠤᠨ ᠳᠤ ᠰᠠᠭᠤᠯᠭᠠᠨ ᠵᠢᠭᠠᠨ ᠵᠢᠯᠤᠭᠤᠳᠤᠭᠤᠯᠵᠦ᠂ ᠠᠵᠦ ᠠᠬᠤᠢᠢᠯᠠᠯ ᠪᠤᠯᠤᠨ ᠬᠤᠰᠢᠭᠤ ᠰᠢᠶᠠᠨ ︵ᠬᠤᠳᠠ᠂ | ᠲᠤᠭᠤᠷᠢᠬ︶᠂ ᠰᠤᠮᠤ ᠰᠢᠶᠠᠩ ᠪᠠᠯᠭᠠᠰᠦ᠂ ᠭᠠᠴᠠᠭ᠎ᠠ ᠲᠤᠰᠬᠤᠨ ᠤ ᠮᠠᠯᠵᠢᠬᠤ ᠲᠠᠷᠢᠶᠠᠯᠠᠬᠤ ᠤᠷᠤᠨ ᠤ ᠤᠷᠴᠢᠨ | ᠲᠤᠭᠤᠷᠢᠨ ᠢ ᠬᠠᠮᠭᠠᠯᠠᠬᠤ ᠬᠡᠷᠡᠭᠯᠡᠬᠡᠨ ᠤ ᠮᠡᠷᠬᠡᠵᠢᠯ ᠪᠤᠯᠤᠨ ᠲᠤᠨᠤᠭ ᠲᠦᠬᠦᠬᠡᠷᠦᠮᠵᠢ ᠶᠢᠨ ᠬᠡᠷᠡᠭᠴᠡᠭᠡ | ᠱᠠᠭᠠᠷᠳᠠᠯᠭ᠎ᠠ ᠶᠢ ᠵᠤᠯᠭᠠᠯᠴᠠᠭᠤᠯᠬᠤ ᠶᠢ ᠵᠤᠬᠢᠶᠠᠨ ᠪᠠᠶᠢᠭᠤᠯᠵᠤ ᠦᠷᠨᠢᠭᠦᠯᠤᠨ᠎ᠠ᠃ | ᠲᠠᠪᠤ᠂ ᠪᠠᠳᠤᠯᠠᠭ᠎ᠠ ᠶᠢᠨ ᠠᠷᠭ᠎ᠠ ᠬᠡᠮᠵᠢᠶ᠎ᠠ | ︵ᠨᠢᠬᠡ︶ ᠵᠤᠬᠢᠶᠠᠨ ᠪᠠᠶᠢᠭᠤᠯᠤᠯᠳᠠ ᠶᠢᠨ ᠵᠢᠯᠤᠭᠤᠳᠤᠯᠭ᠎ᠠ ᠶᠢ ᠴᠢᠩᠭᠠᠳᠬᠠᠨ᠎ᠠ᠃ | ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠮᠠᠯᠵᠢᠬᠤ ᠲᠠᠷᠢᠶᠠᠯᠠᠬᠤ ᠤᠷᠤᠨ ᠤ ᠬᠦᠮᠦᠨ | ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠲᠡᠬᠦᠯᠳᠡᠷᠵᠢᠬᠦᠯᠬᠦ ᠶᠢ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠤᠷᠳᠤ ᠬᠤᠭᠤᠴᠠᠭᠠᠨ ᠤ ᠡᠬᠦᠷᠬᠡ ᠪᠤᠯᠭᠠᠨ | ᠲᠤᠤᠱᠯᠠᠭᠤᠯᠵᠦ᠂ ᠢᠮᠠᠭᠳᠠ ᠰᠤᠯᠠᠷᠠᠭᠤᠯᠬᠤ ᠦᠬᠡᠢ ᠴᠢᠩᠭ᠎ᠠ ᠠᠳᠬᠤᠨ᠎ᠠ᠃ ᠦᠪᠡᠷᠳᠡᠬᠡᠨ ᠵᠠᠰᠠᠬᠤ ᠤᠷᠤᠨ ᠤ | ᠨᠠᠮ ᠤᠨ ᠬᠤᠷᠢᠶ᠎ᠠ᠂ ᠵᠠᠰᠠᠬ ᠤᠨ ᠤᠷᠳᠤᠨ ᠪᠦᠬᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠷᠠᠳ ᠤᠨ | ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠳᠤ ᠶᠡᠷᠦᠩᠬᠡᠢ ᠬᠠᠷᠢᠴᠠᠭᠤᠯᠭ᠎ᠠ ᠶᠢ | ᠡᠬᠦᠷᠬᠡᠯᠡᠨ᠎ᠠ︔ ᠬᠤᠰᠢᠭᠤ ᠰᠢᠶᠠᠨ ︵ᠬᠤᠳᠠ᠂ ᠲᠤᠭᠤᠷᠢᠬ︶ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ | ᠲᠤᠬᠠᠢ ᠶᠢᠨ ᠭᠠᠵᠠᠷ ᠤᠨ ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ | ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠳᠤ ᠭᠤᠤᠯ ᠴᠤᠭᠴᠠ ᠶᠢᠨ ᠬᠠᠷᠢᠭᠤᠴᠠᠯᠭ᠎ᠠ ᠡᠬᠦᠷᠬᠡᠯᠡᠨ᠂ ᠬᠡᠷᠡᠭᠵᠢᠬᠦᠯᠬᠦ | ᠲᠦᠰᠦᠯ ᠢ ᠲᠤᠬᠳᠠᠭᠠᠬᠤ᠂ ᠲᠦᠯᠦᠪᠵᠢᠬᠦᠯᠦᠨ ᠨᠠᠶᠢᠷᠠᠭᠤᠯᠬᠤ᠂ ᠪᠡᠯᠡ ᠮᠦᠡᠭᠬᠦ ᠴᠤᠭᠯᠠᠭᠤᠯᠬᠤ᠂ ᠲᠤᠤᠱᠯᠠᠭᠤᠯᠤᠨ | ᠭᠡᠷᠡᠭᠵᠢᠬᠦᠯᠬᠦ ᠵᠡᠷᠬᠡ ᠠᠵᠢᠯ ᠢ ᠰᠠᠶᠢᠳᠦᠷ ᠬᠢᠬᠦ ᠬᠡᠷᠡᠭᠳᠡᠢ︔ ᠠᠶᠢᠮᠠᠬ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ | ᠤᠷᠳᠤᠨ ᠲᠡᠭᠡᠭᠰᠢ ᠲᠤᠷᠤᠭᠰᠢ ᠶᠢ ᠵᠤᠯᠭᠠᠭᠤᠯᠤᠨ᠂ ᠲᠤᠳᠤᠭᠠᠳᠦ ᠶᠢᠨ ᠵᠤᠬᠢᠴᠠᠭᠤᠯᠭ᠎ᠠ ᠪᠤᠯᠤᠨ ᠱᠠᠭᠠᠷᠳᠠᠨ ᠰᠢᠯᠭᠠᠬᠤ | ᠠᠵᠢᠯ ᠢ ᠰᠠᠶᠢᠳᠦᠷ ᠬᠢᠨ᠂ ᠬᠤᠰᠢᠭᠤ ᠰᠢᠶᠠᠨ ︵ᠬᠤᠳᠠ᠂ ᠲᠤᠭᠤᠷᠢᠬ︶ ᠤ ᠬᠡᠷᠡᠭᠵᠢᠬᠦᠯᠬᠦ ᠲᠦᠰᠦᠯ ᠲᠤᠭᠳᠠᠭᠠᠬᠤ | ᠠᠵᠢᠯ ᠢ ᠵᠢᠯᠤᠭᠤᠳᠤᠨ᠎ᠠ᠃ ᠰᠤᠮᠦ ᠰᠢᠶᠡᠩ ᠪᠠᠯᠭᠠᠰᠦ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠳᠠᠳᠠᠢ | ᠵᠤᠬᠢᠶᠠᠨ ᠪᠠᠶᠢᠭᠤᠯᠤᠨ ᠬᠡᠷᠡᠭᠵᠢᠬᠦᠯᠬᠦ ᠠᠵᠢᠯ ᠢ ᠰᠠᠶᠢᠳᠦᠷ ᠬᠢᠨ᠎ᠠ᠃ | ︵ᠬᠤᠶᠠᠷ︶ ᠬᠠᠮᠵᠢᠯᠴᠡᠨ ᠬᠠᠪᠰᠤᠷᠤᠯᠴᠠᠬᠤ ᠪᠠᠨ ᠴᠢᠩᠭᠠᠳᠬᠠᠨ᠎ᠠ᠃ | ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ ᠠᠴᠠ ᠮᠠᠯᠵᠢᠬᠤ | ᠲᠠᠷᠢᠶᠠᠯᠠᠬᠤ ᠤᠷᠤᠨ ᠤ ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ | ᠠᠵᠢᠯ ᠢ ᠳᠠᠭᠠᠭᠤᠯᠤᠨ ᠲᠦᠯᠬᠢᠨ ᠠᠬᠢᠭᠤᠯᠵᠦ᠂ ᠨᠠᠮ ᠤᠨ ᠬᠤᠷᠢᠶᠠᠨ ᠤ ᠮᠠᠯ ᠠᠵᠦ ᠠᠬᠤᠢ ᠲᠠᠷᠢᠶᠠᠯᠠᠩ ᠤᠨ ᠠᠯᠪᠠᠨ | ᠬᠡᠷ ᠠᠴᠠ ᠬᠠᠮᠢᠶ᠎ᠠ ᠪᠦᠬᠦᠢ ᠬᠡᠯᠳᠡᠰ ᠤᠨ ᠡᠬᠦᠷᠬᠡ ᠬᠠᠷᠢᠭᠤᠴᠠᠯᠭ᠎ᠠ ᠶᠢ ᠵᠤᠯᠭᠠᠭᠤᠯᠬᠤ ᠠᠰᠠᠭᠤᠳᠠᠯ ᠢ ᠨᠢᠬᠡᠳᠦᠯᠳᠡᠢ | ᠲᠦᠯᠦᠪᠵᠢᠭᠦᠯᠤᠨ ᠵᠤᠬᠢᠴᠠᠭᠤᠯᠤᠨ᠎ᠠ᠃ ᠡᠯ᠎ᠠ ᠬᠡᠯᠳᠡᠰ ᠨᠢ ᠡᠬᠦᠷᠬᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠲᠤᠰ | ᠲᠤᠰ ᠤᠨ ᠡᠬᠦᠷᠬᠡ ᠲᠤᠰᠢᠶᠠᠯ ᠢᠶᠠᠨ ᠬᠦᠢᠴᠡᠳᠬᠡᠵᠦ᠂ ᠨᠢᠭᠳᠠ ᠬᠠᠮᠵᠢᠯᠴᠠᠨ᠂ ᠮᠡᠳᠡᠭᠡ ᠵᠠᠩᠬᠢ ᠬᠠᠷᠢᠯᠴᠠᠨ | ᠨᠡᠪᠳᠡᠷᠡᠯᠴᠡᠭᠦ ᠶᠢ ᠪᠠᠶᠡᠯᠡᠬᠦᠯᠵᠦ᠂ ᠡᠬᠢ ᠪᠠᠶᠠᠯᠢᠬ ᠢ ᠬᠠᠮᠳᠤ ᠳᠠᠭᠠᠨ ᠡᠳ᠋ᠯᠡᠬᠦ᠂ ᠬᠤᠯᠪᠤᠭᠠᠯᠠᠨ ᠠᠵᠢᠯᠯᠠᠵᠦ᠂ ᠮᠠᠯᠵᠢᠬᠤ | ᠲᠠᠷᠢᠶᠠᠯᠠᠬᠤ ᠤᠷᠤᠨ ᠤ ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ | ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ | ᠮᠦᠴᠢᠷ ᠪᠠ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠵᠠᠰᠠᠭ ᠤᠨ ᠤᠷᠳᠤᠨ | ᠬᠤᠯᠪᠤᠭᠠᠯᠠᠬᠤ ᠲᠤᠭᠳᠠᠴᠠ ᠢ ᠪᠠᠶᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠷᠠᠳ ᠤᠨ ᠤᠷᠤᠰᠢᠨ | ᠠᠮᠢᠳᠤᠷᠠᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠳᠠᠬᠢ ᠬᠦᠨᠳᠦ ᠴᠢᠬᠤᠯᠠ ᠠᠰᠠᠭᠤᠳᠠᠯ ᠢ | ᠨᠢᠬᠡᠳᠦᠯᠳᠡᠢ ᠲᠦᠯᠦᠪᠵᠢᠭᠦᠯᠤᠨ᠂ ᠡᠯ᠎ᠠ ᠲᠦᠷᠦᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠲᠤᠤᠱᠯᠠᠭᠤᠯᠵᠦ | ᠂ ᠡᠯ᠎ᠠ ᠲᠦ᠋ᠷᠦᠯ ᠤᠨ ᠠᠵᠢᠯ ᠢ ᠬᠠᠮᠳᠤ ᠪᠠᠷ ᠲᠦᠯᠬᠢᠨ ᠠᠬᠢᠭᠤᠯᠤᠨ᠎ᠠ᠃ | ︵ᠭᠤᠷᠪᠠ︶ ᠬᠢᠨᠠᠠ ᠰᠢᠯᠭᠠᠬᠤ᠂ ᠬᠢᠨᠠᠨ ᠵᠢᠯᠤᠭᠤᠳᠬᠤ ᠶᠢ ᠴᠢᠩᠭᠠᠳᠬᠠᠨ᠎ᠠ᠃ | ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ | ᠴᠡᠭᠴᠡᠯᠡᠨ ᠵᠠᠰᠠᠬᠤ ᠠᠵᠢᠯ ᠢ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠤᠨ ᠤ | ᠵᠠᠰᠠᠭ ᠤᠨ ᠤᠷᠳᠤᠨ ᠤ ᠬᠠᠷᠠᠯᠳᠠ ᠡᠬᠦᠷᠬᠡ ᠬᠠᠷᠢᠭᠤᠴᠠᠯᠭ᠎ᠠ ᠶᠢ ᠬᠢᠨᠠᠨ ᠰᠢᠯᠭᠠᠬᠤ ᠬᠦᠷᠢᠶ᠎ᠠ ᠬᠡᠪᠴᠢᠶᠡᠨ ᠳᠤ | ᠤᠷᠤᠭᠤᠯᠵᠦ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠺᠠᠳ᠋ᠷ ᠤᠨ ᠵᠠᠰᠠᠭ ᠤᠨ | ᠠᠵᠢᠯ ᠤᠨ ᠪᠦᠳᠦᠮᠵᠢ ᠶᠢᠨ ᠬᠢᠨᠠᠨ ᠰᠢᠯᠭᠠᠬᠤ ᠴᠢᠬᠤᠯᠠ ᠠᠭᠤᠯᠭ᠎ᠠ ᠪᠤᠯᠭᠠᠨ᠎ᠠ᠃ ᠦᠪᠡᠷᠳᠡᠬᠡᠨ ᠵᠠᠰᠠᠬᠤ ᠤᠷᠤᠨ ᠤ | ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤ ᠡᠯ᠎ᠠ | ᠠᠶᠢᠮᠠᠭ ᠬᠤᠳᠠ ᠶᠢᠨ ᠤᠨ ᠤ ᠠᠵᠢᠯ ᠤᠨ ᠪᠠᠶᠢᠳᠠᠯ ᠢ ᠦᠨᠳᠦᠰᠦᠯᠡᠵᠦ᠂ ᠮᠠᠯᠵᠢᠬᠤ ᠲᠠᠷᠢᠶᠠᠯᠠᠬᠤ ᠤᠷᠤᠨ ᠤ ᠬᠦᠮᠦᠨ | ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠵᠠᠰᠠᠬᠤ ᠠᠵᠢᠯ ᠢ ᠬᠢᠨᠠᠨ ᠵᠢᠯᠤᠭᠤᠳᠴᠤ ᠦᠨᠡᠯᠡᠯᠳᠡ | ᠬᠢᠵᠦ᠂ ᠦᠨᠡᠯᠡᠯᠳᠡ ᠶᠢᠨ ᠦᠷ᠎ᠠ ᠳ᠋ᠦᠩ ᠢ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠠᠵᠢᠯ ᠤᠨ ᠢᠯᠡᠳᠬᠡᠯ᠂ ᠠᠶᠢᠮᠠᠭ ᠬᠤᠳᠠ ᠶᠢᠨ ᠵᠠᠰᠠᠭ ᠤᠨ ᠤᠷᠳᠤᠨ ᠳᠤ ᠢᠯᠡ ᠨᠡᠶᠢᠳᠡᠯᠡᠭᠦ ᠶᠢᠨ ᠬᠠᠮᠳᠤ | ᠵᠤᠬᠢᠬᠤ ᠠᠷᠭ᠎ᠠ ᠬᠡᠯᠪᠡᠷᠢ ᠪᠠᠷ ᠨᠡᠶᠢᠬᠡᠮ ᠳᠤ ᠨᠡᠶᠢᠲᠡᠯᠡᠨ᠎ᠡ᠃ ᠦᠨᠡᠯᠡᠨ ᠨᠤᠳᠠᠯᠠᠵᠤ ᠬᠢᠨᠠᠨ ᠪᠠᠶᠢᠴᠠᠭᠠᠬᠤ ᠶᠢᠨ ᠦᠷ᠎ᠡ | ᠳ᠋ᠥᠩ ᠢ ᠦᠪᠡᠷᠳᠡᠭᠡᠨ ᠵᠠᠰᠠᠬᠤ ᠤᠷᠤᠨ ᠤ ᠲᠡᠳᠬᠦᠨ ᠲᠡᠮᠵᠢᠬᠦ ᠲᠦᠷᠦ ᠶᠢᠨ ᠪᠤᠳᠤᠯᠭ᠎ᠠ ᠲᠠᠢ ᠰᠢᠭᠤᠳ | ᠬᠤᠯᠪᠤᠬᠳᠠᠭᠤᠯᠤᠨᠠ᠃ ᠪᠠᠶᠢᠷᠢᠯᠠᠭᠤᠯᠤᠯᠳᠠ ᠨᠢ ᠱᠠᠭᠠᠷᠳᠠᠯᠭ᠎ᠠ ᠳᠤ ᠬᠦᠷᠦᠭᠰᠡᠨ ᠦᠭᠡᠢ᠂ ᠠᠷᠭ᠎ᠠ ᠬᠡᠮᠵᠢᠶ᠎ᠡ ᠨᠢ | ᠲᠤᠬᠢᠷᠠᠮᠵᠢ ᠦᠭᠡᠢ᠂ ᠠᠵᠢᠯ ᠢᠶᠠᠨ ᠪᠤᠳᠠᠳᠠᠢ ᠳᠤ ᠨᠠᠶᠢᠳᠠᠪᠤᠷᠢᠵᠢᠭᠤᠯᠤᠬᠰᠠᠨ ᠦᠭᠡᠢ ᠪᠠᠶᠢᠳᠠᠯ ᠳᠤ ᠬᠠᠳᠠᠭᠤ ᠴᠢᠩᠭ᠎ᠠ | ᠬᠠᠷᠢᠭᠤᠴᠠᠯᠭ᠎ᠠ ᠨᠡᠭᠡᠮᠵᠢᠯᠡᠨ᠎ᠠ᠃ | ︵ᠲᠦᠷᠪᠡ︶ ᠬᠠᠤᠯᠢ ᠴᠠᠭᠠᠵᠠ ᠶᠢᠨ ᠪᠠᠳᠤᠯᠠᠭ᠎ᠠ ᠪᠠᠨ ᠲᠡᠬᠦᠯᠳᠡᠷᠵᠢᠬᠦᠯᠦᠨ᠎ᠡ᠃ | ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ | ᠴᠡᠭᠴᠡᠯᠡᠨ ᠵᠠᠰᠠᠬᠤ ᠤᠷᠤᠨ ᠨᠤᠳᠤᠭ ᠤᠨ ᠬᠠᠤᠯᠢ ᠲᠤᠬᠳᠠᠭᠠᠬᠤ ᠠᠵᠢᠯ ᠢ ᠲᠦᠷᠭᠡᠳᠭᠡᠨ ᠠᠬᠢᠭᠤᠯᠵᠤ᠂ ᠮᠠᠯᠵᠢᠬᠤ | ᠲᠠᠷᠢᠶᠠᠯᠠᠬᠤ ᠤᠷᠤᠨ ᠤ ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ | ᠰᠠᠶᠢᠵᠢᠷᠠᠭᠤᠯᠬᠤ ᠶᠢᠨ ᠦᠨᠳᠦᠰᠦᠨ ᠱᠠᠭᠠᠷᠳᠠᠯᠭ᠎ᠠ᠂ ᠵᠠᠰᠠᠭ ᠤᠨ ᠤᠷᠳᠤᠨ ᠤ ᠡᠭᠦᠷᠭᠡ ᠬᠠᠷᠢᠭᠤᠴᠠᠯᠭ᠎ᠠ ᠪᠠ | ᠲᠤᠰᠬᠤᠨ ᠤ ᠠᠷᠠᠳ ᠤᠨ ᠡᠭᠦᠷᠭᠡ ᠶᠢ ᠲᠤᠳᠤᠷᠬᠠᠢ ᠪᠤᠯᠭᠠᠨ᠎ᠠ᠃ ᠲᠤᠭᠤᠷᠢᠭ ᠪᠠᠶᠢᠭᠤᠯᠤᠬᠰᠠᠨ ᠬᠤᠳᠠ ᠪᠤᠳᠠᠳᠤ | ᠪᠠᠶᠢᠳᠠᠯ ᠲᠠᠢ ᠪᠠᠨ ᠤᠶᠠᠯᠳᠤᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠬᠤᠭ ᠨᠤᠪᠰᠢ ᠶᠢ ᠰᠢᠢᠳᠪᠦᠷᠢᠯᠡᠭᠦ᠂ | ᠬᠦᠳᠡᠭᠡ ᠲᠤᠰᠬᠤᠨ ᠤ ᠠᠷᠢᠭᠤᠨ ᠴᠡᠪᠡᠷ ᠤᠨ ᠲᠠᠯ᠎ᠠ ᠪᠠᠷ ᠬᠢ ᠤᠷᠤᠨ ᠨᠤᠳᠤᠭ ᠤᠨ ᠴᠢᠨᠠᠷᠳᠠᠢ ᠲᠦᠷᠢᠮ ᠲᠤᠬᠳᠠᠭᠠᠯ | ᠲᠤᠬᠳᠠᠭᠠᠬᠤ ᠶᠢ ᠵᠤᠷᠢᠬᠵᠢᠭᠤᠯᠤᠨ᠎ᠠ᠃ | ︵ᠲᠠᠪᠤ︶ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ | ᠮᠠᠯᠵᠢᠬᠤ ᠲᠠᠷᠢᠶᠠᠯᠠᠬᠤ ᠤᠷᠤᠨ ᠤ ᠦᠵᠡᠰᠭᠦᠯᠡᠩ ᠰᠠᠶᠢᠬᠠᠨ ᠬᠦᠷᠢᠶ᠎ᠠ ᠬᠠᠰᠢᠶ᠎ᠠ ᠶᠢᠨ ᠰᠤᠩᠭᠤᠭᠤᠯᠢ᠂ | ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠢᠷᠠᠭᠤ ᠠᠯᠳᠠᠷ ᠤᠨ ᠰᠠᠮᠪᠠᠷ᠎ᠠ ᠵᠡᠷᠭᠡ ᠠᠵᠢᠯᠯᠠᠭᠠᠨ ᠢ ᠵᠤᠬᠢᠶᠠᠨ | ᠪᠠᠶᠢᠭᠤᠯᠤᠨ ᠦᠷᠨᠢᠬᠦᠯᠵᠤ᠂ ᠮᠠᠯᠴᠢᠨ ᠲᠠᠷᠢᠶᠠᠴᠢᠨ ᠤ ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ | ᠲᠤᠭᠤᠷᠢᠨ ᠢ ᠬᠠᠮᠠᠭᠠᠯᠠᠬᠤ ᠶᠢᠨ ᠢᠷᠠᠭᠤ ᠠᠯᠳᠠᠷ ᠤᠨ ᠲᠦᠷᠦᠭᠳᠡᠯ ᠢ ᠨᠡᠮᠡᠭᠳᠡᠬᠦᠯᠦᠨ᠎ᠡ᠃ ᠰᠤᠨᠢᠨ ᠰᠡᠳᠬᠦᠯ᠂ ᠷᠠᠳᠢᠣ᠋᠂ | ᠲᠧᠯᠸᠢᠰ ᠵᠡᠷᠭᠡ ᠰᠤᠨᠢᠨ ᠮᠡᠳᠡᠭᠡᠨ ᠤ ᠵᠠᠭᠤᠴᠢᠯᠠᠭᠤᠷ ᠪᠠ ᠲᠤᠤᠷ ᠰᠦᠯᠵᠢᠶᠡᠨ ᠤ ᠰᠢᠨ᠎ᠡ ᠵᠠᠭᠤᠴᠢᠯᠠᠭᠤᠷ ᠢ ᠬᠦᠢᠴᠡᠳ | ᠠᠰᠢᠬᠯᠠᠵᠤ᠂ ᠡᠯ᠎ᠡ ᠭᠠᠵᠠᠷ ᠤᠨ ᠨᠡᠶᠢᠳᠡᠯᠢᠭ ᠵᠢᠱᠢᠶ᠎ᠠ᠂ ᠪᠦᠳᠦᠮᠵᠢ ᠲᠤᠷᠰᠢᠯᠭ᠎ᠠ᠂ ᠰᠠᠶᠢᠨ ᠠᠷᠭ᠎ᠠ ᠪᠠᠷᠢᠯ ᠢ | ᠦᠷᠭᠡᠨ ᠢᠶᠠᠷ ᠤᠬᠠᠭᠤᠯᠤᠨ ᠲᠡᠯᠭᠡᠷᠡᠭᠦᠯᠵᠦ᠂ ᠪᠦᠬᠦ ᠨᠡᠶᠢᠭᠡᠮ ᠢᠶᠠᠷ ᠢᠶᠠᠨ ᠮᠠᠯᠵᠢᠬᠤ ᠲᠠᠷᠢᠶᠠᠯᠠᠬᠤ ᠤᠷᠤᠨ ᠤ | ᠤᠷᠤᠰᠢᠨ ᠰᠠᠭᠤᠷᠢᠰᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠬᠠᠯᠠᠮᠵᠢᠯᠠᠨ ᠲᠡᠳᠬᠦᠵᠦ ᠪᠠᠶᠢᠭ᠎ᠠ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠪᠠᠷ ᠴᠢᠷᠮᠠᠶᠢᠨ᠎ᠠ᠃ | | |