︽ᠨᠣᠳᠤᠭ ᠢᠶᠠᠨ ᠳᠠᠨᠢᠬᠤᠢ︾ ︵ᠬᠤᠷᠢᠨ ᠲᠠᠪᠤ︶
ᠨᠡᠶᠢᠲᠡᠯᠡᠭᠰᠡᠨ ᠴᠠᠭ᠄
2018/9/18
     ᠠᠷᠦ ᠬᠤᠷᠴᠢᠨ ᠬᠤᠰᠢᠭᠤᠨ ᠤ ᠰᠡᠷᠡᠩᠪᠠᠯᠵᠤᠤᠷ᠂ ᠮᠤᠤᠨᠤᠬᠠᠢ᠂ ᠰᠠᠩᠵᠠᠶᠢᠮᠤᠯᠤᠨ᠂ ᠰᠡᠷᠵᠢᠭᠠᠸᠠ ᠨᠠᠷ ᠪᠦᠬᠦ ᠤᠯᠤᠰ ᠤᠨ ᠠᠷᠠᠳ ᠤᠨ ᠳᠦᠯᠦᠬᠡᠯᠡᠭᠴᠢ ᠪᠠᠷ ᠳᠦᠷᠪᠡᠨ ᠬᠤᠭᠤᠴᠠᠭ᠎ᠠ ᠳᠠᠷᠠᠭ᠎ᠠ ᠪᠠᠷ ᠰᠤᠩᠭᠤᠭᠳᠠᠵᠤ᠂ ᠳᠦᠷᠦ  ᠶᠢᠨ ᠨᠡᠶᠢᠰᠯᠡᠯ ᠳᠤ ᠬᠦᠷᠴᠦ ᠳᠠᠯ᠎ᠠ ᠨᠤᠳᠤᠭ ᠤᠨ ᠠᠷᠠᠳ ᠳᠦᠮᠡᠨ ᠤ ᠪᠠᠨ ᠬᠦᠰᠡᠯ ᠪᠤᠳᠤᠯ ᠢ ᠳᠡᠪᠰᠢᠬᠦᠯᠦᠨ ᠳᠦᠷᠦ  ᠶᠢᠨ ᠶᠠᠪᠤᠳᠠᠯ ᠢ ᠵᠦᠪᠯᠡᠭᠰᠡᠨ ᠪᠢᠯᠡ᠃      ᠦᠬᠡᠷᠴᠢᠨ ᠪᠤᠯ ᠠᠷᠣ ᠬᠤᠷᠴᠢᠨ ᠬᠤᠰᠢᠭᠤᠨ ᠤ ᠴᠠᠶᠢᠳᠠᠮ ᠰᠣᠮᠣ ᠶᠢᠨ ᠤᠨᠠᠭ᠎ᠠ ᠭᠠᠴᠠᠭ᠎ᠠ ᠶᠢᠨ ᠮᠠᠯᠴᠢᠨ ᠶᠤᠮ᠃ ᠲᠡᠷᠡ ᠪᠠᠷ 1948 ᠤᠨ ᠳᠤ ᠠᠷᠣ ᠬᠤᠷᠴᠢᠨ ᠬᠤᠰᠢᠭᠤᠨ ᠳᠤ ᠠᠩᠬ᠎ᠠ ᠲᠦᠷᠦᠭᠦᠦ ᠬᠠᠪᠰᠣᠷᠣᠯᠴᠠᠬᠤ ᠲᠤᠭᠤᠶᠢᠯᠠᠩ ᠢ ᠪᠠᠶᠢᠭᠤᠯᠵᠤ᠂ 1956 ᠤᠨ ᠳᠤ ᠦᠤᠷ ᠤᠨ ᠲᠤᠶᠠᠭ᠎ᠠ ᠮᠠᠯᠵᠢᠯ ᠤᠨ ᠬᠤᠷᠰᠢᠶ᠎ᠠ ᠶᠢ ᠡᠭᠦᠰᠭᠡᠨ ᠪᠠᠶᠢᠭᠤᠯᠵᠤ᠂ ᠬᠤᠰᠢᠭᠤ ᠲᠠᠶᠠᠭᠠᠷ ᠦᠯᠢᠭᠡᠷ ᠵᠢᠱᠢᠶ᠎ᠡ ᠦᠵᠡᠭᠦᠯᠦᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ︽ᠬᠦᠳᠡᠯᠮᠤᠷᠢ ᠶᠢᠨ ᠵᠢᠱᠢᠶᠡᠴᠢ︾ ᠪᠠᠷ ᠬᠤᠶᠠᠷᠳᠠ ᠬᠦᠬᠢᠭᠦᠯᠦᠭᠳᠡᠪᠡ᠃                                          ᠨᠠ᠊ · ᠵᠢᠷᠭᠠᠯ ᠤᠨ ᠵᠤᠬᠢᠶᠠᠭᠰᠠᠨ ︽ᠨᠤᠲᠤᠭ ᠢᠶᠠᠨ                                          ᠲᠠᠨᠢᠬᠤᠢ︾ ᠭᠡᠬᠦ ᠨᠤᠮ ᠠᠴᠠ ᠰᠣᠩᠭᠤᠨ ᠨᠡᠶᠢᠲᠡᠯᠡᠪᠡ
 
ᠢᠷᠡᠯᠲᠡ᠄ ᠠᠷᠣ ᠬᠤᠷᠴᠢᠨ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号