ᠠᠷᠦ ᠬᠤᠷᠴᠢᠨ ᠬᠤᠰᠢᠭᠤᠨ ᠤ ᠰᠠᠶᠢᠬᠠᠨᠳᠠᠯ᠎ᠠ ᠰᠤᠮᠤ ᠶᠢᠨ ᠳᠠᠪᠤᠨᠳᠤᠯᠤᠭᠠᠢ ᠭᠠᠴᠠᠭ᠎ᠠ ᠶᠢᠨ ᠮᠠᠯᠴᠢᠨ ᠬᠡᠥᠬᠡᠨ | ᠮᠧᠳᠡᠭᠮᠠ ᠬᠦᠳᠡᠭᠡ ᠨᠤᠳᠤᠭ ᠤᠨ ᠢᠶᠠᠨ ᠪᠦᠳᠦᠬᠡᠨ ᠪᠠᠶᠢᠭᠤᠯᠤᠯᠳᠠ ᠳᠤ ᠭᠠᠷᠮᠠᠭᠠᠶᠢᠯᠠᠨ ᠤᠷᠤᠯᠴᠠᠭᠰᠠᠨ ᠢᠶᠠᠷ ᠪᠦᠬᠦ | ᠤᠯᠤᠰ ᠤᠨ ᠨᠡᠶᠢᠬᠡᠮ ᠵᠢᠷᠤᠮᠳᠤ ᠪᠦᠳᠦᠬᠡᠨ ᠪᠠᠶᠢᠭᠤᠯᠤᠯᠳᠠ ᠶᠢᠨ ᠢᠳᠡᠪᠬᠢᠳᠡᠨ ᠤ ᠶᠡᠭᠡ ᠬᠤᠷᠠᠯ ᠳᠤ ᠤᠷᠤᠯᠴᠠᠵᠤ᠂ | ᠮᠠᠥ ᠽᠧ ᠳ᠋ᠥᠩ᠂ ᠯᠢᠦ ᠱᠤᠤ ᠴᠢ᠂ ᠵᠤ᠋ ᠳ᠋ᠧ᠂ ᠵᠸᠥ ᠡᠸ᠋ᠨ ᠯᠠᠢ ᠵᠡᠷᠬᠡ ᠨᠠᠮ ᠳᠦᠷᠦ ᠶᠢᠨ ᠤᠳᠤᠷᠢᠳᠤᠭᠴᠢ ᠲᠠᠢ | ᠠᠭᠤᠯᠵᠠᠵᠤ ᠬᠡᠷᠡᠯ ᠵᠢᠷᠤᠭ ᠳᠠᠳᠠᠭᠤᠯᠪᠠ᠃ | ᠠᠷᠦ ᠬᠤᠷᠴᠢᠨ ᠬᠤᠰᠢᠭᠤᠨ ᠤ ᠪᠠᠶᠠᠨᠪᠤᠯᠠᠭ ᠰᠤᠮᠤ ᠶᠢᠨ ᠵᠢᠪᠳᠤ ᠭᠠᠴᠠᠭ᠎ᠠ ᠶᠢᠨ ᠮᠠᠯᠴᠢᠨ ᠮᠠᠨᠳᠤᠯ᠎ᠠ ᠪᠦᠬᠦ | ᠤᠯᠤᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶᠡᠴᠢ ᠪᠠᠷ ᠰᠤᠩᠭᠤᠭᠳᠠᠨ ᠳᠦᠷᠦ ᠶᠢᠨ ᠶᠠᠪᠤᠳᠠᠯ | ᠤᠨ ᠬᠤᠷᠢᠶ᠎ᠠ ᠶᠢᠨ ᠬᠦᠬᠢᠬᠦᠯᠦᠯ ᠢ ᠬᠦᠷᠳᠡᠪᠡ᠃ ᠳᠡᠷᠡ ᠪᠠᠷ ᠪᠦᠬᠦ ᠤᠯᠤᠰ ᠤᠨ ᠡᠯ᠎ᠡ ᠭᠠᠵᠠᠷ ᠢᠶᠠᠷ ᠳᠤᠭᠤᠷᠢᠨ | ᠮᠡᠳᠡᠬᠦᠯᠦᠯᠳᠡ ᠬᠢᠵᠦ᠂ ᠮᠠᠯᠴᠢᠨ ᠬᠦᠮᠦᠨ ᠤᠯᠤᠰ ᠳᠠᠶᠠᠭᠠᠷ ᠮᠡᠳᠡᠬᠦᠯᠦᠯᠳᠡ ᠬᠢᠭᠰᠡᠨ ᠠᠩᠬᠠᠳᠠᠭᠴᠢ ᠦᠯᠢᠬᠡᠷ ᠵᠢᠱᠢᠶ᠎ᠡ | ᠪᠤᠯᠪᠠ᠃ | | ᠨᠠ᠊ · ᠵᠢᠷᠭᠠᠯ ᠤᠨ ᠵᠤᠬᠢᠶᠠᠭᠰᠠᠨ ︽ᠨᠤᠲᠤᠭ ᠢᠶᠠᠨ | ᠲᠠᠨᠢᠬᠤᠢ︾ ᠭᠡᠬᠦ ᠨᠤᠮ ᠠᠴᠠ ᠰᠣᠩᠭᠤᠨ ᠨᠡᠶᠢᠲᠡᠯᠡᠪᠡ | | |