ᠲᠤᠮᠳᠠᠳᠤ ᠤᠯᠤᠰ ᠤᠨ ᠮᠤᠩᠭᠤᠯ ᠦᠨᠳᠤᠰᠤᠳᠡᠨ ᠤ ᠶᠢᠰᠤᠨ ᠬᠦᠮᠤᠨ᠂ ᠮᠤᠩᠭᠤᠯ ᠤᠯᠤᠰ ᠤᠨ ︽  ᠠᠯᠳᠠᠨ  ᠭᠠᠳᠠᠰᠤ  ᠤᠳᠤᠨ  ᠮᠧᠲᠡᠯ ︾  ᠤᠨ  ᠭᠠᠪᠢᠶᠠᠨ  ᠲᠡᠮᠳᠡᠭ  ᠬᠦᠷᠳᠡᠪᠡ
ᠨᠡᠶᠢᠲᠡᠯᠡᠭᠰᠡᠨ ᠴᠠᠭ᠄
2019/8/23
     ᠮᠠᠲ᠋ᠧᠷᠢᠶᠠᠯ ᠳᠤ ᠢᠯᠡ ᠪᠠᠷ ᠨᠡᠶᠢᠳᠡᠯᠡᠭᠰᠡᠨ ᠢᠶᠠᠷ᠂ ᠮᠤᠩᠭᠤᠯ ᠤᠯᠤᠰ ᠤᠨ 1936 ᠤᠨ ᠳᠤ ᠪᠠᠶᠢᠭᠤᠯᠤᠭᠰᠠᠨ ︽ᠠᠯᠳᠠᠨ ᠭᠠᠳᠠᠰᠤ ᠤᠳᠤᠨ ᠮᠧᠲᠡᠯ︾ ᠤᠨ ᠱᠠᠩᠨᠠᠯ ᠪᠤᠯ ᠮᠤᠩᠭᠤᠯ ᠤᠯᠤᠰ ᠤᠨ ᠵᠠᠰᠠᠭ ᠤᠨ ᠤᠷᠳᠤᠨ ᠠᠴᠠ ᠭᠠᠷᠭᠠᠭᠰᠠᠨ ᠠᠵᠦ ᠠᠬᠤᠢ᠂  ᠤᠳᠬ᠎ᠠ ᠰᠤᠶᠤᠯ ᠢ ᠬᠦᠭᠵᠢᠭᠦᠯᠬᠦ ᠳᠤ ᠲᠤᠪᠤᠶᠢᠮ᠎ᠠ ᠠᠮᠵᠢᠯᠳᠠ ᠤᠯᠤᠭᠰᠠᠨ᠂ ᠮᠤᠩᠭᠤᠯ ᠤᠯᠤᠰ ᠤᠨ ᠪᠤᠰᠤ ᠭᠠᠳᠠᠭᠠᠳᠤ ᠤᠯᠤᠰ ᠭᠦᠷᠦᠨ ᠤ ᠡᠯ᠎ᠡ ᠹᠷᠤᠨᠲ ᠶᠢᠨ ᠰᠢᠯᠢᠳᠡᠭ ᠬᠦᠮᠤᠰ ᠂ ᠮᠤᠩᠭᠤᠯ ᠤᠯᠤᠰ ᠤᠨ ᠬᠠᠮᠤᠭ ᠦᠨᠳᠤᠷ ᠱᠠᠩᠨᠠᠯ ᠢ ᠬᠦᠷᠳᠡᠬᠦ‍ ᠨᠢᠭᠡ ᠵᠤᠶᠢᠯ ᠤᠨ ᠱᠠᠩᠨᠠᠯ ᠪᠤᠯᠤᠨ᠎ᠠ᠃ ᠲᠡᠭᠡᠪᠡᠯ ᠲᠤᠮᠳᠠᠳᠤ ᠤᠯᠤᠰ ᠤᠨ ᠰᠢᠯᠢᠳᠡᠭ ᠮᠤᠩᠭᠤᠯ ᠬᠦᠮᠤᠰ ᠬᠡᠳᠤᠢ ᠬᠦᠮᠤᠨ ᠡᠨᠡᠬᠦ ︽ᠠᠯᠳᠠᠨ ᠭᠠᠳᠠᠰᠤ ᠤᠳᠤᠨ ᠮᠧᠲᠡᠯ︾ ᠢ ᠬᠦᠷᠳᠡᠭᠰᠡᠨ ᠪᠤᠢ︖ ᠲᠤᠤᠷ᠎ᠠ ᠪᠢᠳᠠ ᠤᠶᠢᠯᠠᠭᠠᠶ᠎ᠠ᠄      ᠨᠢᠭᠡ᠂ ᠨᠦᠩᠨᠠᠶᠢᠵᠠᠪ ᠠᠪᠤᠭᠠᠢ      ᠨᠦᠩᠨᠠᠶᠢᠵᠠᠪ ᠫᠷᠦᠹᠧᠰᠰᠤᠷ ᠪᠤᠯ ᠲᠤᠮᠳᠠᠳᠤ ᠤᠯᠤᠰ ᠤᠨ ᠬᠤᠷᠤᠬᠠᠢ  ᠰᠢᠪᠠᠵᠢ ᠶᠢᠨ ᠠᠯᠳᠠᠷᠳᠤ ᠰᠤᠳᠤᠯᠭᠠᠳᠠᠨ ᠪᠤᠯᠤᠨ᠎ᠠ᠃ ᠲᠡᠷᠡ ᠤᠳᠤ ᠳᠠᠭᠠᠨ ︽ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ︾  ᠶᠢᠨ ᠬᠤᠷᠤᠬᠠᠢ ᠰᠢᠪᠠᠵᠢ ᠶᠢᠨ ᠰᠤᠳᠤᠯᠭᠠᠨ ᠤ ᠲᠦᠪ ᠤᠨ ᠡᠷᠬᠢᠯᠡᠭᠴᠢ᠂ ᠠᠩᠭ᠍ᠯᠢ ᠶᠢᠨ ᠯᠤᠨᠳᠤᠨ ᠤ ᠬᠠᠭᠠᠨ ᠤᠷᠳᠤᠨ ᠤ ᠬᠤᠷᠤᠬᠠᠢ ᠰᠢᠪᠠᠵᠢ ᠶᠢᠨ ᠰᠤᠳᠤᠯᠭᠠᠨ ᠤ ᠨᠡᠶᠢᠭᠡᠮᠯᠢᠭ ᠪᠤᠯᠤᠨ ᠠᠮᠧᠷᠢᠺᠠ ᠶᠢᠨ ᠬᠠᠭᠠᠰ ᠲᠠᠯᠠᠪᠴᠢᠳᠤ ᠬᠤᠷᠤᠬᠠᠢ ᠰᠢᠪᠠᠵᠢ ᠶᠢᠨ ᠰᠤᠳᠤᠯᠭᠠᠨ ᠤ ᠨᠡᠶᠢᠭᠡᠮᠯᠢᠭ ᠤᠨ ᠬᠡᠰᠢᠭᠦᠨ︔ ᠮᠤᠩᠭᠤᠯ ᠤᠯᠤᠰ ᠤᠨ ᠰᠢᠨᠵᠢᠯᠡᠬᠦ ᠤᠬᠠᠭᠠᠨ  ᠤ ᠬᠦᠷᠢᠶᠡᠯᠡᠩ ᠤᠨ ᠭᠠᠳᠠᠭᠠᠳᠤ ᠶᠢᠨ ᠠᠺᠠᠳᠠᠮᠢᠴᠢ︔ ᠮᠤᠩᠭᠤᠯ ᠤᠯᠤᠰ ᠤᠨ ᠰᠤᠷᠭᠠᠨ ᠬᠦᠮᠦᠵᠢᠯ ᠤᠨ ᠶᠡᠭᠡ ᠰᠤᠷᠭᠠᠭᠤᠯᠢ ᠶᠢᠨ ᠭᠠᠳᠠᠭᠠᠳᠤ ᠶᠢᠨ ᠳ᠋ᠤᠺᠠᠲ᠋ᠣᠷᠠᠨᠲ ᠤᠨ ᠵᠢᠯᠤᠭᠤᠳᠤᠭᠴᠢ ᠪᠠᠭᠰᠢ︔ ᠦᠪᠤᠷ ᠮᠤᠩᠭᠤᠯ ᠤᠨ ᠬᠤᠷᠤᠬᠠᠢ ᠰᠢᠪᠠᠵᠢ ᠶᠢᠨ ᠰᠤᠳᠤᠯᠭᠠᠨ ᠤ ᠨᠡᠶᠢᠭᠡᠮᠯᠢᠭ ᠤᠨ ᠨᠡᠷ᠎ᠡ ᠬᠦᠨᠳᠤᠳᠤ ᠬᠡᠷᠡᠭ ᠡᠷᠬᠢᠯᠡᠭᠴᠢ︔ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠤᠯ ᠤᠨ ᠲᠡᠳ᠋ ᠵᠠᠬᠢᠷᠤᠯ︔ ᠦᠪᠤᠷ ᠮᠤᠩᠭᠤᠯ ᠤᠨ ᠰᠢᠨᠵᠢᠯᠡᠬᠦ ᠤᠬᠠᠭᠠᠨ ᠤ ᠨᠡᠶᠢᠭᠡᠮᠯᠢᠭ ᠤᠨ ︵ᠬᠠᠪᠰᠤᠷᠭᠠᠭᠰᠠᠨ︶ ᠲᠡᠳ᠋ ᠲᠡᠷᠢᠭᠦᠯᠡᠭᠴᠢ ᠵᠡᠷᠭᠡ ᠲᠤᠰᠢᠶᠠᠯ ᠲᠠᠢ ᠪᠠᠶᠢᠵᠠᠢ᠃      2017 ᠤᠨ ᠤ 11 ᠰᠠᠷᠠᠶᠢᠨ 8 ᠡᠳᠤᠷ᠂ ᠮᠤᠩᠭᠤᠯ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠳᠡᠰ ᠠᠴᠠ 57 ᠳ᠋ᠤᠭᠠᠷ ᠲᠤᠭᠠᠳᠤ ᠵᠠᠷᠯᠠᠯ ᠢ ᠨᠡᠶᠢᠳᠡᠯᠡᠵᠦ᠂ ᠨᠦᠩᠨᠠᠶᠢᠵᠠᠪ ᠠᠪᠤᠭᠠᠢ ᠳᠤ ᠮᠤᠩᠭᠤᠯ ᠤᠯᠤᠰ ᠤᠨ ︽ᠠᠯᠳᠠᠨ ᠭᠠᠳᠠᠰᠤ ᠤᠳᠤᠨ ᠮᠧᠲᠡᠯ︾ ᠢᠶᠠᠷ ᠬᠦᠬᠢᠭᠦᠯᠦᠨ ᠱᠠᠩᠨᠠᠪᠠ᠃ ᠢᠯᠡ ᠮᠠᠲ᠋ᠧᠷᠢᠶᠠᠯ ᠳᠤ ᠨᠡᠶᠢᠳᠡᠯᠡᠭᠰᠡᠨ ᠢᠶᠠᠷ᠂ ᠲᠡᠷᠡ ᠠᠯᠢ ᠡᠷᠳᠡ ᠰᠤᠷᠭᠠᠭᠤᠯᠢ ᠶᠢᠨ ᠤᠳᠤᠷᠢᠳᠤᠯᠭ᠎ᠠ ᠪᠠᠶᠢᠬᠤ ᠬᠤᠭᠤᠴᠠᠭᠠᠨ ᠳᠠᠭᠠᠨ ᠮᠤᠩᠭᠤᠯ ᠤᠯᠤᠰ ᠤᠨ ᠨᠤᠳᠤᠭ ᠲᠡᠪᠢᠰᠭᠡᠷ ᠲᠡᠭᠡᠷ᠎ᠡ ᠡᠬᠢᠯᠡᠨ ᠰᠤᠳᠤᠯᠭᠠᠨ ᠬᠢᠵᠦ᠂ ᠤᠯᠠᠨ ᠵᠢᠯ ᠤᠨ ᠲᠤᠷᠰᠢ ᠮᠤᠩᠭᠤᠯ ᠤᠯᠤᠰ ᠤᠨ ᠠᠭᠤᠯᠠ ᠤᠰᠤ ᠶᠢ ᠨᠡᠶᠢᠳᠡᠮ ᠲᠤᠭᠤᠷᠢᠵᠦ᠂ ᠲᠤᠮᠳᠠᠳᠤ ᠮᠤᠩᠭᠤᠯ ᠬᠤᠶᠠᠷ ᠤᠯᠤᠰ ᠤᠨ ᠰᠢᠨᠵᠢᠯᠡᠬᠦ ᠤᠬᠠᠭᠠᠨ᠂ ᠰᠤᠳᠤᠯᠭᠠᠨ ᠤ ᠰᠤᠷᠭᠠᠭᠤᠯᠢ ᠪᠤᠯᠤᠨ ᠭᠠᠵᠠᠷ᠂ ᠰᠤᠷᠭᠠᠨ ᠬᠦᠮᠤᠵᠢᠯ᠂ ᠴᠢᠳᠠᠪᠤᠷᠢᠳᠠᠨ ᠢ ᠬᠦᠮᠤᠵᠢᠬᠦᠯᠬᠦ ᠡᠯ᠎ᠡ ᠲᠠᠯ᠎ᠠ ᠪᠠᠷ ᠬᠠᠮᠳᠤᠷᠠᠨ ᠠᠵᠢᠯᠯᠠᠵᠦ᠂ ᠲᠤᠷᠰᠢᠯᠭ᠎ᠠ ᠪᠠᠨ ᠰᠤᠯᠢᠯᠴᠠᠬᠤ ᠳᠤ ᠬᠦᠭᠦᠷᠭᠡ ᠶᠢᠨ ᠤᠶᠢᠯᠡᠳᠤᠯ ᠢ ᠦᠵᠡᠭᠦᠯᠪᠡ᠃ ᠡᠭᠦᠨ ᠤ ᠬᠠᠮᠳᠤ᠂ ᠲᠡᠷᠡ ᠦᠪᠡᠷᠳᠡᠭᠡᠨ ᠪᠤᠳᠠᠳᠠᠢ ᠠᠵᠢᠯ ᠳᠤ ᠢᠳᠡᠪᠬᠢᠯᠡᠨ ᠤᠷᠤᠯᠴᠠᠵᠦ᠂ ᠲᠤᠪᠤᠶᠢᠮ᠎ᠠ ᠠᠮᠵᠢᠯᠳᠠ ᠤᠯᠤᠭᠰᠠᠨ ᠢᠶᠠᠷ᠂ ᠲᠤᠮᠳᠠᠳᠤ ᠮᠤᠩᠭᠤᠯ ᠬᠤᠶᠠᠷ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠡᠷᠳᠡᠮ ᠰᠢᠨᠵᠢᠯᠡᠭᠡᠨ ᠤ ᠡᠳᠡᠭᠡᠳ ᠤᠨ ᠬᠠᠯᠠᠭᠤᠨ ᠬᠦᠷᠢᠶᠡᠯᠡᠯ ᠢ ᠤᠯᠵᠦ ᠴᠢᠳᠠᠪᠠ᠃      ᠬᠤᠶᠠᠷ᠂ ᠲᠠᠶᠢᠴᠢᠨ ᠫᠷᠦᠹᠧᠰᠰᠤᠷ      2018 ᠤᠨ ᠤ 3 ᠰᠠᠷᠠᠶᠢᠨ 12 ᠡᠳᠤᠷ᠂ ᠲᠠᠶᠢᠴᠢᠨ ᠫᠷᠦᠹᠧᠰᠰᠤᠷ᠂ ᠲᠤᠮᠳᠠᠳᠤ ᠮᠤᠩᠭᠤᠯ ᠬᠤᠶᠠᠷ ᠤᠯᠤᠰ ᠤᠨ ᠬᠠᠮᠵᠢᠯᠴᠠᠭᠰᠠᠨ ᠡᠷᠳᠡᠮ ᠰᠢᠨᠵᠢᠯᠡᠭᠡᠨ ᠤ ᠰᠤᠳᠤᠯᠭᠠᠨ ᠤ ᠲᠦᠷᠦᠯ ᠵᠤᠶᠢᠯ ᠢᠶᠠᠷ ᠮᠤᠩᠭᠤᠯ ᠤᠯᠤᠰ ᠲᠤ ᠬᠦᠷᠴᠦ᠂ ᠰᠤᠳᠤᠯᠭᠠᠨ ᠦᠷᠨᠢᠭᠦᠯᠬᠦ ᠶᠢᠨ ᠲᠤᠮᠳᠠ᠂ ᠲᠤᠰ ᠤᠳᠠᠭᠠᠨ ᠤ ᠱᠠᠩᠨᠠᠯ ᠤᠯᠭᠤᠬᠤ ᠬᠤᠷᠠᠯ ᠳᠤ ᠤᠷᠤᠯᠴᠠᠪᠠ᠃ ᠲᠠᠶᠢᠴᠢᠨ ᠠᠪᠤᠭᠠᠢ ᠬᠡᠯᠡᠬᠦ ᠳᠡᠭᠡᠨ᠄ ︽ᠪᠢ ᠮᠤᠩᠭᠤᠯ ᠤᠯᠤᠰ ᠤᠨ ᠵᠠᠰᠠᠭ ᠤᠨ ᠤᠷᠳᠤᠨ ᠤ ᠬᠠᠮᠤᠭ  ᠤᠨ ᠦᠨᠳᠤᠷ ᠱᠠᠩᠨᠠᠯ ᠪᠤᠯᠬᠤ ︿ᠠᠯᠳᠠᠨ ᠭᠠᠳᠠᠰᠤ ᠤᠳᠤᠨ ᠮᠧᠲᠡᠯ﹀ ᠬᠦᠷᠳᠡᠭᠰᠡᠨ ᠳᠡᠭᠡᠨ ᠲᠤᠶᠢᠯ ᠢᠶᠠᠷ ᠪᠠᠶᠠᠷᠯᠠᠵᠦ ᠪᠠᠶᠢᠨ᠎ᠠ᠃ ᠪᠢ ᠪᠤᠳᠤᠬᠤ ᠳᠠᠭᠠᠨ ᠮᠢᠨᠤ ᠬᠢᠭᠰᠡᠨ ᠡᠷᠳᠡᠮ ᠰᠢᠨᠵᠢᠯᠡᠭᠡᠨ ᠤ ᠰᠤᠳᠤᠯᠭᠠᠨ ᠨᠢ ᠮᠤᠩᠭᠤᠯ ᠤᠯᠤᠰ ᠤᠨ ᠠᠰᠫᠢᠷᠠᠨᠲ ᠢ ᠬᠦᠮᠤᠵᠢᠬᠦᠯᠬᠦ ᠠᠵᠢᠯ ᠳᠤ ᠤᠳᠤᠨ ᠮᠧᠲᠡᠯ ᠬᠦᠷᠳᠡᠬᠦ ᠦᠨᠳᠤᠷ ᠬᠡᠮᠵᠢᠶᠡᠨ ᠳᠤ ᠠᠷᠠᠢ ᠬᠦᠷᠤᠭᠡᠳᠤᠢ ᠮᠠᠭᠠᠳ᠃ ᠭᠡᠪᠡᠴᠦ ᠪᠢ ᠵᠠᠯᠠᠭᠤ ᠪᠠᠶᠢᠭᠰᠠᠭᠠᠷ᠂ ᠬᠤᠶᠢᠰᠢᠳᠠ ᠬᠦᠭᠵᠢᠬᠦᠯᠬᠦ ᠠᠵᠢᠯ ᠤᠨ ᠬᠦᠷᠢᠶ᠎ᠡ ᠬᠡᠪᠴᠢᠶ᠎ᠡ ᠶᠡᠭᠡ ᠪᠠᠶᠢᠨ᠎ᠠ᠃ ᠡᠨᠡ ᠲᠠᠯ᠎ᠠ ᠠᠴᠠ ᠬᠡᠯᠡᠪᠡᠯ᠂ ᠡᠨᠡᠬᠦ ᠱᠠᠩᠨᠠᠯ ᠬᠦᠬᠢᠭᠦᠯᠦᠯ ᠢ ᠬᠦᠷᠳᠡᠭᠰᠡᠨ ᠨᠢ ᠨᠠᠳᠠᠳᠤ ᠠᠪᠴᠦ ᠬᠡᠯᠡᠪᠡᠯ ᠨᠢᠭᠡ ᠵᠤᠶᠢᠯ ᠤᠨ ᠬᠦᠰᠡᠯ ᠨᠠᠶᠢᠳᠠᠯᠭ᠎ᠠ ᠪᠤᠶᠤ ᠵᠤᠷᠢᠭᠵᠢᠭᠤᠯᠤᠯ ᠪᠤᠯᠬᠤ ᠶᠤᠮ᠃ ᠪᠢ ᠦᠷᠭᠦᠯᠵᠢᠯᠡᠨ ᠲᠤᠮᠳᠠᠳᠤ ᠮᠤᠩᠭᠤᠯ ᠬᠤᠶᠠᠷ ᠤᠯᠤᠰ ᠤᠨ ᠨᠦᠬᠦᠷᠰᠡᠭ ᠬᠠᠮᠵᠢᠯᠴᠠᠭ᠎ᠠ ᠪᠠ ᠮᠤᠩᠭᠤᠯ ᠦᠨᠳᠤᠰᠤᠳᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠶᠤᠯ ᠤᠨ ᠰᠤᠳᠤᠯᠭᠠᠨ ᠢ ᠬᠦᠭᠵᠢᠭᠦᠯᠬᠦ ᠳᠤ ᠴᠢᠷᠮᠠᠶᠢᠨ ᠠᠵᠢᠯᠯᠠᠵᠦ᠂ ᠦᠪᠡᠷ ᠤᠨ ᠢᠶᠠᠨ ᠵᠤᠬᠢᠬᠤ ᠬᠡᠮᠵᠢᠶᠡᠨ ᠤ ᠬᠤᠪᠢ ᠨᠡᠮᠡᠭᠦᠷᠢ ᠪᠠᠨ ᠦᠵᠡᠭᠦᠯᠬᠦ ᠪᠠᠷ ᠴᠢᠷᠮᠠᠶᠢᠨ᠎ᠠ᠃ ᠡᠨᠡᠬᠦ ᠦᠩᠭᠡ ᠭᠡᠷᠡᠯ ᠨᠢ ᠨᠠᠳᠠ ᠬᠤᠪᠢ ᠬᠦᠮᠤᠨ ᠳᠤ ᠤᠯᠭᠤᠭᠰᠠᠨ ᠪᠤᠯᠪᠠᠴᠦ᠂ ᠡᠨᠡ ᠨᠢ ᠦᠨᠡᠨᠳᠡᠭᠡᠨ ᠲᠤᠰ ᠬᠦᠷᠢᠶ᠎ᠡ ᠬᠡᠪᠴᠢᠶᠠᠨ ᠤ ᠰᠤᠳᠤᠯᠭᠠᠨ  ᠳᠤ ᠤᠷᠤᠯᠴᠠᠭᠰᠠᠨ ᠠᠩᠬᠢ ᠪᠦᠯᠬᠦᠮ ᠤᠨ ᠡᠷᠳᠡᠮᠳᠡᠨ ᠪᠤᠯᠤᠨ ᠪᠦᠬᠦ ᠬᠡᠰᠢᠭᠦᠳ ᠤᠨ ᠪᠤᠯᠬᠤ ᠶᠤᠮ︾ ᠭᠡᠵᠦ ᠬᠡᠯᠡᠪᠡ      ᠭᠤᠷᠪᠠ᠂ ᠪᠦᠷᠢᠨᠵᠢᠷᠭᠠᠯ      ᠪᠦᠷᠢᠨᠵᠢᠷᠭᠠᠯ᠂ ᠮᠤᠩᠭᠤᠯ ᠦᠨᠳᠤᠰᠤᠳᠡᠨ᠂ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠭᠠᠩ ᠭᠠᠮᠰᠢᠭ ᠢ ᠰᠡᠷᠭᠡᠶᠢᠯᠡᠨ ᠵᠠᠰᠠᠬᠤ ᠰᠤᠳᠤᠯᠬᠤ ᠭᠠᠵᠠᠷ ᠤᠨ ᠲᠠᠷᠤᠭ᠎ᠠ︔ ᠭᠠᠵᠠᠷ ᠰᠢᠷᠤᠢ ᠡᠬᠢ ᠪᠠᠶᠠᠯᠢᠭ ᠤᠨ ᠬᠠᠮᠢᠶᠠᠷᠤᠯᠳᠠ ᠶᠢᠨ ᠠᠰᠫᠢᠷᠠᠨᠲ ᠶᠢᠨ ᠵᠢᠯᠤᠭᠤᠳᠤᠭᠴᠢ ᠪᠠᠭᠰᠢ᠃ ᠲᠡᠷᠡ ᠤᠯᠠᠨ ᠵᠢᠯ ᠤᠨ ᠲᠤᠷᠰᠢ᠂ ᠭᠠᠵᠠᠷ ᠰᠢᠷᠤᠢ  ᠶᠢᠨ ᠡᠬᠢ ᠪᠠᠶᠠᠯᠢᠭ ᠢ ᠬᠠᠮᠢᠶᠠᠷᠬᠤ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠲᠠᠯ᠎ᠠ ᠪᠠᠷ ᠰᠤᠳᠤᠯᠭᠠᠨ ᠬᠢᠵᠦ᠂ ᠮᠤᠩᠭᠤᠯ ᠤᠯᠤᠰ ᠤᠨ ᠨᠡᠶᠢᠰᠯᠡᠯ ᠤᠯᠠᠭᠠᠨᠪᠠᠭᠠᠳᠤᠷ  ᠤᠨ ᠬᠤᠳᠠ ᠶᠢᠨ ᠪᠦᠳᠤᠭᠡᠨ ᠪᠠᠶᠢᠭᠤᠯᠤᠯᠳᠠ ᠶᠢᠨ ᠲᠦᠰᠦᠪ ᠲᠦᠯᠦᠪᠯᠡᠯᠭᠡ ᠬᠢᠬᠦ ᠳᠤ ᠤᠷᠤᠯᠴᠠᠵᠦ ᠬᠡᠷᠡᠭᠵᠢᠭᠦᠯᠦᠭᠰᠡᠨ ᠬᠦᠮᠤᠨ ᠶᠤᠮ᠃ ︽ᠪᠦᠷᠢᠨᠵᠢᠷᠭᠠᠯ ᠠᠪᠤᠭᠠᠢ ᠲᠤᠮᠳᠠᠳᠤ᠂ ᠮᠤᠩᠭᠤᠯ᠂ ᠤᠷᠤᠰ ᠭᠤᠷᠪᠠᠨ ᠤᠯᠤᠰ  ᠤᠨ ᠤᠶᠤᠨ ᠤ ᠬᠦᠮᠦᠷᠭᠡ ᠶᠢᠨ ᠪᠠᠶᠢᠭᠤᠯᠤᠯᠳᠠ᠂ ᠲᠤᠮᠳᠠᠳᠤ ᠮᠤᠩᠭᠤᠯ ᠬᠤᠶᠠᠷ ᠤᠯᠤᠰ ᠤᠨ ᠰᠤᠯᠢᠯᠴᠠᠭ᠎ᠠ᠂ ᠬᠠᠮᠵᠢᠯᠴᠠᠭ᠎ᠠ ᠶᠢᠨ ᠲᠠᠯ᠎ᠠ ᠪᠠᠷ ᠲᠤᠪᠤᠶᠢᠮ᠎ᠠ ᠠᠮᠵᠢᠯᠳᠠ ᠭᠠᠷᠭᠠᠪᠠ︾᠃ 2016 ᠤᠨ ᠤ 9 ᠰᠠᠷᠠᠶᠢᠨ 26 ᠤ ᠡᠳᠤᠷ᠂ ᠮᠤᠩᠭᠤᠯ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠠᠶᠢᠩᠭᠤ ᠶᠢᠨ ᠲᠡᠳ᠋ ᠬᠦᠷᠢᠶᠡᠯᠡᠩ ᠤᠨ ᠲᠠᠷᠤᠭ᠎ᠠ ᠲ᠊᠂ ᠲᠤᠷᠵᠢ ᠠᠺᠠᠳᠠᠮᠢᠴᠢ ᠨᠠᠷ᠂ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠢᠷᠡᠵᠦ᠂ ᠮᠤᠩᠭᠤᠯ ᠤᠯᠤᠰ ᠤᠨ ᠶᠡᠷᠤᠩᠬᠡᠶᠢᠯᠡᠭᠴᠢ ᠶᠢ ᠲᠦᠯᠦᠭᠡᠯᠡᠵᠦ᠂ ᠲᠤᠮᠳᠠᠳᠤ ᠤᠯᠤᠰ ᠤᠨ ᠮᠤᠩᠭᠤᠯ ᠦᠨᠳᠤᠰᠤᠳᠡᠨ ᠤ ᠰᠤᠳᠤᠯᠤᠭᠠᠴᠢ ᠪᠦᠷᠢᠨᠵᠢᠷᠭᠠᠯ ᠳᠤ ︽ᠠᠯᠳᠠᠨ ᠭᠠᠳᠠᠰᠤ ᠤᠳᠤᠨ ᠮᠧᠲᠡᠯ︾ ᠤᠯᠭᠤᠪᠠ᠃      ᠲᠦᠷᠪᠡ᠂ ᠬᠡᠰᠢᠭᠳᠦᠭ᠌ᠳᠠᠬᠤ ᠫᠷᠦᠹᠧᠰᠰᠤᠷ      ᠬᠡᠰᠢᠭᠳᠦᠭ᠌ᠳᠠᠬᠤ ᠫᠷᠦᠹᠧᠰᠰᠤᠷ 1966 ᠤᠨ ᠤ 6 ᠰᠠᠷ᠎ᠠ ᠳᠤ᠂ ᠲᠦᠪ ᠤᠨ ᠦᠨᠳᠤᠰᠤᠳᠡᠨ ᠤ ᠲᠡᠭᠡᠳᠤ ᠰᠤᠷᠭᠠᠭᠤᠯᠢ ᠶᠢᠨ ᠬᠡᠯᠡᠨ ᠵᠦᠢ ᠶᠢᠨ ᠰᠠᠯᠪᠤᠷᠢ ᠶᠢᠨ ᠮᠤᠩᠭᠤᠯ ᠦᠭᠡ ᠬᠡᠯᠡ ᠤᠳᠬ᠎ᠠ ᠵᠤᠬᠢᠶᠠᠯ ᠤᠨ ᠲᠤᠰᠬᠠᠢ ᠮᠡᠷᠭᠡᠵᠢᠯ ᠢ ᠰᠤᠷᠴᠦ᠂ ᠲᠡᠭᠦᠰᠦᠭᠰᠡᠨ ᠤ ᠪᠠᠨ ᠰᠡᠭᠦᠯᠡᠷ ᠰᠤᠷᠭᠠᠭᠤᠯᠢ ᠳᠠᠭᠠᠨ ᠦᠯᠡᠳᠡᠵᠦ ᠠᠵᠢᠯᠯᠠᠭᠠᠳ ᠤᠳᠤ ᠪᠤᠯᠪᠠ᠃ 1966 —1986 ᠤᠨ ᠪᠤᠯᠳᠠᠯ᠎ᠠ ᠮᠤᠩᠭᠤᠯ ᠦᠭᠡ ᠬᠡᠯᠡ᠂ ᠤᠳᠬ᠎ᠠ ᠵᠤᠬᠢᠶᠠᠯ ᠤᠨ ᠵᠢᠭᠠᠨ ᠰᠤᠷᠭᠠᠬᠤ ᠭᠡᠷ ᠲᠤ ᠠᠵᠢᠯᠯᠠᠵᠦ᠂ 1986 —2000 ᠤᠨ ᠪᠤᠯᠳᠠᠯ᠎ᠠ ᠲᠤᠰ ᠰᠤᠷᠭᠠᠭᠤᠯᠢ ᠶᠢᠨ ᠢᠶᠠᠨ ᠤᠳᠬ᠎ᠠ ᠵᠤᠬᠢᠶᠠᠯ᠂ ᠤᠷᠠᠯᠢᠭ ᠤᠨ ᠰᠤᠳᠤᠯᠭᠠᠨ ᠤ ᠭᠠᠵᠠᠷ ᠠᠵᠢᠯᠯᠠᠪᠠ︔ 2000 ᠤᠨ ᠠᠴᠠ ᠤᠳᠤ ᠪᠤᠯᠳᠠᠯ᠎ᠠ ᠮᠤᠩᠭᠤᠯ ᠦᠭᠡ ᠬᠡᠯᠡ᠂ ᠤᠳᠬ᠎ᠠ ᠵᠤᠬᠢᠶᠠᠯ ᠤᠨ ᠰᠠᠯᠪᠤᠷᠢ ᠳᠤ ᠠᠵᠢᠯᠯᠠᠵᠦ᠂ ᠮᠤᠩᠭᠤᠯ ᠦᠨᠳᠤᠰᠤᠳᠡᠨ ᠤ ᠲᠡᠤᠬᠡ ᠶᠢᠨ ᠤᠳᠬ᠎ᠠ ᠵᠤᠬᠢᠶᠠᠯ ᠪᠤᠯᠤᠨ ᠮᠤᠩᠭᠤᠯ ᠬᠡᠯᠡᠨ ᠤ ᠲᠡᠤᠬᠡ ᠰᠤᠳᠤᠯᠭᠠᠨ ᠤ ᠵᠢᠭᠠᠨ ᠰᠤᠷᠭᠠᠬᠤ ᠪᠠ ᠰᠤᠳᠤᠯᠭᠠᠨ ᠤ ᠠᠵᠢᠯ ᠢ ᠬᠢᠭᠰᠡᠭᠡᠷ ᠪᠠᠶᠢᠨ᠎ᠠ᠃ 1987 ᠤᠨ ᠳᠤ ᠲᠡᠳ᠋ ᠫᠷᠦᠹᠧᠰᠰᠤᠷ ᠢᠶᠠᠷ ᠤᠷᠢᠭᠳᠠᠵᠦ︔ 1993 ᠤᠨ ᠳᠤ ᠫᠷᠦᠹᠧᠰᠰᠤᠷ ᠢᠶᠠᠷ ᠤᠷᠢᠭᠳᠠᠪᠠ᠃ 2001 ᠤᠨ ᠳᠤ ᠳ᠋ᠤᠺᠠᠲ᠋ᠣᠷᠠᠨᠲ ᠤᠨ ᠵᠢᠯᠤᠭᠤᠳᠤᠭᠴᠢ ᠪᠠᠭᠰᠢ ᠪᠠᠷ ᠤᠷᠢᠭᠳᠠᠪᠠ᠃ 1979 ᠤᠨ ᠠᠴᠠ ᠨᠠᠰᠢ ᠵᠢᠯᠤᠭᠤᠳᠤᠭᠴᠢ ᠶᠢᠨ ᠲᠤᠭᠤᠶᠢᠯᠠᠩ ᠪᠤᠯᠤᠨ ᠬᠤᠪᠢ ᠪᠠᠷ ᠢᠶᠠᠨ ᠠᠰᠫᠷᠠᠨᠲ ᠢ ᠨᠡᠶᠢᠳᠠ 22 ᠬᠦᠮᠤᠨ ᠭᠦᠮᠦᠵᠢᠭᠦᠯᠪᠡ᠃ 1993 ᠤᠨ ᠤ 8 ᠰᠠᠷᠠᠶᠢᠨ 31 ᠡᠳᠤᠷ ᠠᠴᠠ 1994 ᠤᠨ ᠤ 8 ᠰᠠᠷᠠᠶᠢᠨ 31 ᠤ ᠡᠳᠤᠷ ᠪᠤᠯᠳᠠᠯ᠎ᠠ᠂ ᠶᠠᠫᠤᠨ ᠤ ᠸᠠᠰᠧᠳᠠ ᠶᠡᠭᠡ ᠰᠤᠷᠭᠠᠭᠤᠯᠢ ᠳᠤ ᠡᠷᠳᠡᠮ ᠰᠢᠨᠵᠢᠯᠡᠭᠡᠨ  ᠤ ᠰᠤᠳᠤᠯᠭᠠᠨ ᠬᠢᠵᠦ᠂ ᠶᠤᠰᠢᠳᠠ ᠫᠷᠦᠹᠧᠰᠰᠤᠷ ᠲᠠᠢ ᠬᠠᠮᠳᠤᠷᠠᠨ ︽ᠠᠯᠳᠠᠨ ᠬᠠᠨ ᠤ ᠦᠯᠢᠭᠡᠷ ᠲᠡᠤᠬᠡ︾ ᠶᠢ ᠰᠤᠳᠤᠯᠪᠠ᠃ 2003 ᠤᠨ ᠤ 10 ᠰᠠᠷ᠎ᠠ ᠠᠴᠠ 11 ᠰᠠᠷ᠎ᠠ ᠪᠤᠯᠳᠠᠯ᠎ᠠ᠂ ᠬᠤᠶᠠᠳᠡᠬᠢ ᠤᠳᠠᠭ᠎ᠠ ᠸᠠᠰᠧᠳᠠ ᠶᠡᠭᠡ ᠰᠤᠷᠭᠠᠭᠤᠯᠢ ᠶᠢᠨ ᠤᠷᠢᠯᠭ᠎ᠠ ᠪᠠᠷ ᠶᠠᠫᠤᠨ ᠳᠤ ᠡᠷᠳᠡᠮ ᠰᠢᠨᠵᠢᠯᠡᠭᠡᠨ ᠤ ᠰᠤᠳᠤᠯᠭᠠᠨ ᠬᠢᠪᠡ᠃ ᠮᠤᠩᠭᠤᠯ ᠤᠯᠤᠰ ᠤᠨ ᠶᠡᠷᠦᠩᠬᠡᠢ ᠰᠠᠶᠢᠳ ᠤᠨ ᠵᠠᠯᠠᠯᠭ᠎ᠠ ᠪᠠᠷ ᠤᠯᠠᠭᠠᠨᠪᠠᠭᠠᠳᠤᠷ ᠲᠤ ᠬᠤᠷᠠᠯᠳᠤᠭᠰᠠᠨ ᠨᠠᠢᠮᠠᠳᠤᠭᠠᠷ ᠬᠤᠭᠤᠴᠠᠭᠠᠨ ᠤ ᠮᠤᠩᠭᠤᠯ ᠤᠨ ᠰᠤᠳᠤᠯᠭᠠᠨ ᠤ ᠶᠡᠭᠡ ᠬᠤᠷᠠᠯ ᠲᠡᠭᠡᠷ᠎ᠡ ᠬᠡᠰᠢᠭᠳᠦᠭ᠌ᠳᠠᠬᠤ ᠠᠪᠤᠭᠠᠢ᠂ ᠴᠢᠩᠬᠢᠰ ᠬᠠᠭᠠᠨ ᠤ ᠮᠠᠨᠳᠤᠯᠡᠭᠰᠡᠨ 840 ᠵᠢᠯ ᠤᠨ ᠤᠢ ᠶᠢ ᠲᠤᠷᠠᠰᠬᠠᠬᠤ ᠡᠷᠳᠡᠮ ᠰᠢᠨᠵᠢᠯᠡᠭᠡᠨ ᠤ ᠢᠯᠡᠳᠭᠡᠯ ᠬᠢᠪᠡ᠃ ᠠᠮᠧᠷᠢᠺᠠ ᠶᠢᠨ ᠮᠤᠩᠭᠤᠯ ᠰᠤᠳᠤᠯᠭᠠᠨ ᠤ ᠨᠡᠶᠢᠭᠡᠮᠯᠢᠭ᠂ ᠢᠨᠳᠢᠶᠠᠨᠨᠠ ᠶᠡᠭᠡ ᠰᠤᠷᠭᠠᠭᠤᠯᠢ ᠶᠢᠨ ᠮᠤᠩᠭᠤᠯ ᠰᠤᠶᠤᠯ ᠤᠨ ᠲᠦᠪ᠂ ᠺᠦᠷᠢᠶᠠ ᠤᠯᠤᠰ ᠤᠨ ᠮᠤᠩᠭᠤᠯ ᠰᠤᠶᠤᠯ ᠤᠨ ᠰᠤᠳᠤᠯᠭᠠᠨ ᠢᠶᠠᠷ ᠲᠡᠭᠡᠷᠡᠬᠢ ᠤᠯᠤᠰ ᠤᠷᠤᠨ ᠳᠤ ᠠᠶᠢᠯᠴᠢᠯᠠᠯᠳᠠ ᠬᠢᠪᠡ᠃ ᠲᠡᠷᠡ ᠤᠳᠬ᠎ᠠ ᠵᠤᠬᠢᠶᠠᠯ᠂ ᠬᠡᠯᠡᠨ ᠵᠦᠢ᠂ ᠲᠡᠤᠬᠡ᠂ ᠱᠠᠰᠢᠨ ᠰᠤᠷᠳᠠᠬᠤᠨ᠂ ᠦᠨᠳᠤᠰᠤᠳᠡᠨ ᠤ ᠵᠠᠩ ᠤᠶᠢᠯᠡ ᠵᠡᠷᠭᠡ ᠤᠯᠠᠨ ᠲᠠᠯ᠎ᠠ ᠪᠠᠷ ᠶᠡᠷᠦᠩᠬᠡᠶᠢᠯᠡᠭᠰᠡᠨ ᠰᠤᠳᠤᠯᠭᠠᠨ ᠬᠢᠵᠦ᠂ ᠯᠠᠪᠳᠠᠭᠤᠨ ᠪᠠᠳᠤᠳᠠᠢ ᠨᠠᠷᠢᠯᠢᠭ ᠰᠤᠳᠤᠯᠵᠦ᠂ ᠤᠬᠢ ᠰᠢᠯᠢᠳᠡᠭ ᠢ ᠨᠢ ᠤᠯᠵᠦ᠂ ᠰᠢᠨ᠎ᠡ ᠤᠯᠤᠯᠳᠠ ᠤᠯᠬᠤ ᠪᠠᠷ ᠴᠢᠷᠮᠠᠶᠢᠵᠤ ᠠᠵᠢᠯᠯᠠᠭᠰᠠᠨ ᠢᠶᠠᠷ᠂ ᠬᠤᠷᠢᠳᠤᠭᠠᠷ ᠵᠠᠭᠤᠨ ᠤ ᠨᠠᠶᠠᠭᠠᠳ ᠤᠨ ᠠᠴᠠ ᠨᠠᠰᠢ ᠬᠡᠰᠢᠭᠳᠦᠭ᠌ᠳᠠᠬᠤ ᠫᠷᠦᠹᠧᠰᠰᠤᠷ᠂ ᠤᠯᠤᠰ ᠤᠨ ᠲᠤᠳᠤᠭᠠᠳᠤ ᠭᠠᠳᠠᠭᠠᠳᠤ ᠶᠢᠨ ᠮᠤᠩᠭᠤᠯ ᠰᠤᠳᠤᠯᠤᠭᠴᠢᠳ ᠤᠨ ᠬᠠᠯᠠᠭᠤᠨ ᠬᠦᠷᠢᠶᠡᠯᠡᠯ ᠢ ᠤᠯᠪᠠ᠃      ᠲᠠᠪᠤ᠂ ᠪᠠᠰᠠᠨᠵᠠᠪ      ︽ᠴᠢᠩᠬᠢᠰ ᠬᠠᠭᠠᠨ︾ ᠭᠡᠬᠦ ᠺᠢᠨᠣ᠋ ᠲᠧᠯᠸᠢᠰ ᠵᠦᠴᠦᠭᠡ ᠳᠤ ᠪᠤᠭᠳᠠ ᠴᠢᠩᠬᠢᠰ ᠤᠨ ᠭᠡᠭᠡᠨ ᠲᠦᠷᠢ ᠶᠢ ᠪᠦᠳᠦᠭᠡᠭᠰᠡᠨ᠂ ᠡᠭᠦᠨ ᠤ ᠤᠯᠠᠮ ᠠᠴᠠ ᠤᠯᠠᠨ ᠤᠯᠤᠰ ᠤᠨ ᠦᠵᠡᠭᠴᠢᠳ ᠤᠨ ᠪᠠᠭ᠋ᠠᠷᠤᠯ ᠰᠠᠶᠢᠰᠢᠶᠠᠯ ᠢ ᠤᠯᠤᠭᠰᠠᠨ ᠮᠤᠩᠭᠤᠯ ᠦᠨᠳᠤᠰᠤᠳᠡᠨ ᠤ ᠲᠤᠭᠯᠠᠭᠴᠢ ᠪᠠᠰᠠᠨᠵᠠᠪ᠂ ᠮᠦᠨᠴᠦ ᠮᠤᠩᠭᠤᠯ ᠤᠯᠤᠰ ᠤᠨ ᠡᠨᠡᠬᠦ ᠤᠯᠤᠰ ᠤᠨ ᠱᠠᠩᠨᠠᠯ ᠢ ᠬᠦᠷᠳᠡᠭᠰᠡᠨ ᠬᠦᠮᠤᠨ ᠤ ᠨᠢᠭᠡ ᠨᠢ ᠪᠤᠯᠤᠨ᠎ᠠ᠃ ᠡᠭᠦᠨ ᠠᠴᠠ ᠡᠮᠤᠨ᠎ᠡ᠂ ᠲᠡᠭᠦᠨ ᠤ ᠮᠤᠩᠭᠤᠯ ᠪᠤᠯᠤᠨ ᠲᠤᠮᠳᠠᠳᠤ ᠤᠯᠤᠰ ᠤᠨ ᠨᠦᠬᠦᠷᠰᠡᠭ ᠬᠠᠷᠢᠴᠠᠭᠠᠨ ᠤ ᠲᠠᠯ᠎ᠠ ᠪᠠᠷ ᠮᠠᠰᠢ ᠴᠢᠬᠤᠯᠠ ᠤᠶᠢᠯᠡᠳᠤᠯ ᠦᠵᠡᠭᠦᠯᠦᠭᠰᠡᠨ ᠲᠤᠯᠠ᠂ ᠲᠡᠭᠦᠨ  ᠤ ᠤᠳᠬ᠎ᠠ ᠤᠷᠠᠯᠢᠭ ᠤᠨ ᠬᠦᠷᠢᠶ᠎ᠡ ᠬᠡᠪᠴᠢᠶᠡᠨ ᠳᠠᠬᠢ ᠬᠦᠨᠳᠤ ᠴᠢᠬᠤᠯᠠ ᠭᠠᠪᠢᠶ᠎ᠠ ᠵᠢᠳᠬᠦᠯ ᠢ ᠱᠠᠩᠨᠠᠨ ᠬᠦᠬᠢᠭᠦᠯᠦᠭᠰᠡᠨ ᠶᠤᠮ᠃ 2016 ᠤᠨ ᠤ 2 ᠰᠠᠷᠠᠶᠢᠨ 16 ᠤ ᠡᠳᠤᠷ᠂ ᠮᠤᠩᠭᠤᠯ ᠤᠯᠤᠰ ᠠᠴᠠ ᠲᠡᠭᠦᠨ ᠳᠤ ︽ᠠᠯᠳᠠᠨ ᠭᠠᠳᠠᠰᠤ ᠤᠳᠤᠨ ᠮᠧᠲᠡᠯ︾ ᠢ ᠤᠯᠭᠤᠵᠠᠢ᠃      ᠵᠢᠷᠭᠤᠭ᠎ᠠ᠂ ᠦᠷᠭᠡᠨᠰᠡᠩᠭᠡ      2018 ᠤᠨ ᠤ 1 ᠰᠠᠷᠠᠶᠢᠨ 21 ᠤ ᠡᠳᠤᠷ᠂ ᠦᠷᠭᠡᠨᠰᠡᠩᠭᠡ ᠠᠪᠤᠭᠠᠢ᠂ ᠮᠤᠩᠭᠤᠯ ᠤᠯᠤᠰ ᠤᠨ ᠶᠡᠷᠦᠩᠬᠡᠶᠢᠯᠡᠭᠴᠢ ᠠᠴᠠ ᠲᠡᠭᠦᠨ ᠳᠤ ᠤᠯᠭᠤᠭᠰᠠᠨ ︽ᠠᠯᠳᠠᠨ ᠭᠠᠳᠠᠰᠤ ᠤᠳᠤᠨ ᠮᠧᠲᠡᠯ︾ ᠢ ᠲᠤᠰᠪᠠ᠃ ᠡᠨᠡ ᠨᠢ ᠦᠷᠭᠡᠨᠰᠡᠩᠭᠡ ᠠᠪᠤᠭᠠᠢ ᠶᠢᠨ ᠤᠷᠳᠤ ᠬᠤᠭᠤᠴᠠᠭᠠᠨ ᠤ ᠲᠤᠷᠰᠢ᠂ ᠮᠤᠩᠭᠤᠯ ᠶᠠᠰᠤᠨ ᠤ ᠰᠠᠯᠠᠭ᠎ᠠ ᠶᠢᠨ ᠡᠮ ᠡᠮᠨᠡᠯᠭᠡ  ᠳᠤ ᠤᠯᠤᠭᠰᠠᠨ ᠠᠮᠵᠢᠯᠳᠠ ᠪᠤᠯᠤᠨ ᠪᠡᠶ᠎ᠡ ᠶᠢᠨ ᠲᠠᠮᠢᠷ ᠤᠨ ᠤᠶᠢᠯᠡᠰ ᠲᠤ ᠦᠵᠡᠭᠦᠯᠦᠭᠰᠡᠨ ᠭᠠᠪᠢᠶ᠎ᠠ ᠵᠢᠳᠬᠦᠯ ᠢ ᠨᠢ ᠵᠤᠷᠢᠭᠵᠢᠭᠤᠯᠤᠨ ᠲᠡᠮᠵᠢᠭᠰᠡᠨ ᠱᠠᠩᠨᠠᠯ ᠪᠤᠯᠬᠤ ᠶᠤᠮ᠃      ᠲᠤᠯᠤᠭ᠎ᠠ᠂ ᠴᠢ᠊᠂ ᠪᠤᠯᠠᠭ      73 ᠨᠠᠰᠤᠳᠠᠢ ᠴᠢ᠊᠂ ᠪᠤᠯᠠᠭ ᠠᠪᠤᠭᠠᠢ ᠮᠤᠷᠢᠨ ᠬᠤᠭᠤᠷ ᠬᠦᠭᠵᠢᠮᠳᠡᠭᠡᠳ 60 ᠭᠠᠷᠤᠢ ᠵᠢᠯ ᠪᠤᠯᠪᠠ᠃ ᠲᠡᠷᠡ ᠡᠸᠦ᠋ᠷᠦᠫᠡ   ᠶᠢᠨ ᠡᠷᠡᠭᠦᠪᠴᠢ ᠬᠦᠭᠵᠢᠮ ᠤᠨ ᠬᠦᠭᠵᠢᠮᠳᠡᠬᠦ ᠮᠡᠷᠭᠡᠵᠢᠯ ᠢ ᠮᠤᠷᠢᠨ ᠬᠤᠭᠤᠷ ᠬᠦᠭᠵᠢᠮᠳᠡᠬᠦ ᠳᠤ ᠰᠢᠩᠭᠡᠭᠡᠨ ᠰᠢᠯᠵᠢᠭᠦᠯᠵᠦ᠂ ᠤᠳᠤᠮᠰᠢᠯᠳᠤ ᠮᠤᠷᠢᠨ ᠬᠤᠭᠤᠷ ᠤᠨ ᠪᠦᠳᠤᠴᠡ ᠪᠠ ᠲᠠᠭᠤ ᠠᠶᠠᠰ ᠤᠨ ᠲᠠᠯ᠎ᠠ ᠪᠠᠷ ᠪᠦᠳᠤᠮᠵᠢᠳᠠᠢ ᠪᠠᠷ ᠦᠭᠡᠷᠡᠴᠢᠯᠡᠯᠳᠡ ᠬᠢᠵᠦ ᠰᠠᠶᠢᠵᠢᠷᠠᠭᠤᠯᠪᠠ᠃ ᠲᠡᠯᠡᠬᠡᠢ ᠶᠢᠨ ᠮᠤᠷᠢᠨ ᠬᠤᠭᠤᠷ ᠤᠨ ᠶᠡᠭᠡ ᠪᠠᠭᠰᠢ ᠴᠢ᠊᠂ ᠪᠤᠯᠠᠭ ᠭᠤᠸᠠᠢ ᠲᠡᠯᠡᠬᠡᠢ ᠶᠢᠨ ᠡᠯ᠎ᠡ ᠤᠯᠤᠰ ᠭᠦᠷᠦᠨ᠂ ᠡᠯ᠎ᠡ ᠭᠠᠵᠠᠷ ᠤᠷᠤᠨ ᠳᠤ ᠬᠡᠳᠤᠨ ᠵᠠᠭᠤᠨ ᠲᠠᠯᠠᠪᠠᠢ ᠲᠤᠭᠯᠠᠯᠳᠠ ᠭᠠᠷᠭᠠᠵᠦ᠂ ᠲᠡᠭᠦᠨ ᠤ ᠵᠤᠬᠢᠶᠠᠵᠦ ᠬᠦᠭᠵᠢᠮᠳᠡᠭᠰᠡᠨ ︽ᠲᠦᠮᠡᠨ ᠠᠭᠳᠠ ᠶᠢᠨ  ᠲᠦᠪᠡᠷᠭᠡᠨ︾ ᠵᠡᠷᠭᠡ ᠬᠦᠭᠵᠢᠮ ᠤᠨ ᠲᠤᠭᠯᠠᠯᠳᠠ ᠨᠢ ᠲᠡᠯᠡᠬᠡᠢ ᠶᠢᠨ ᠡᠯ᠎ᠡ ᠭᠠᠵᠠᠷ ᠤᠷᠤᠨ ᠢᠶᠠᠷ ᠦᠷᠭᠡᠨ ᠢᠶᠠᠷ ᠤᠯᠠᠮᠵᠢᠯᠠᠭᠳᠠᠪᠠ᠃ 2017 ᠤᠨ ᠤ 7 ᠰᠠᠷᠠᠶᠢᠨ 6 ᠤ ᠡᠳᠤᠷ᠂ ᠮᠤᠩᠭᠤᠯ ᠤᠯᠤᠰ ᠤᠨ ᠶᠡᠷᠦᠩᠬᠡᠶᠢᠯᠡᠭᠴᠢ ᠡᠯᠪᠡᠭᠲᠤᠷᠵᠢ ᠵᠠᠷᠯᠠᠯ ᠨᠡᠶᠢᠳᠡᠯᠡᠵᠦ᠂ ᠲᠤᠮᠳᠠᠳᠤ ᠤᠯᠤᠰ ᠤᠨ ᠠᠯᠳᠠᠷᠳᠤ ᠮᠤᠷᠢᠨ ᠬᠤᠭᠤᠷ ᠤᠨ ᠬᠦᠭᠵᠢᠮᠴᠢᠨ ᠴᠢ᠊᠂ ᠪᠤᠯᠠᠭ ᠲᠤ ︽ᠠᠯᠳᠠᠨ ᠭᠠᠳᠠᠰᠤ ᠤᠳᠤᠨ ᠮᠧᠲᠡᠯ︾ ᠤᠯᠭᠤᠪᠠ᠃      ᠨᠠᠢᠮᠠ᠂ ᠪᠠᠶᠠᠷᠪᠠᠭᠠᠳᠤᠷ      ᠮᠤᠩᠭᠤᠯ ᠪᠦᠬᠡ ᠶᠢᠨ ᠠᠪᠤᠷᠭᠤ ᠪᠠᠶᠠᠷᠪᠠᠭᠠᠳᠤᠷ᠂ ᠲᠤᠮᠳᠠᠳᠤ ᠤᠯᠤᠰ ᠤᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠢ ᠶᠢᠨ ᠭᠤᠤᠯ ᠠᠶᠢᠮᠠᠭ ᠤᠨ ᠲᠠᠯ᠎ᠠ ᠨᠤᠳᠤᠭ ᠲᠡᠭᠡᠷ᠎ᠡ ᠲᠦᠷᠦᠵᠦ ᠦᠰᠦᠭᠰᠡᠨ ᠬᠦᠮᠤᠨ ᠪᠢᠯᠠ᠃ ᠲᠡᠷᠡ ᠤᠷᠢᠳ ᠬᠤᠵᠢᠳ 400 ᠢᠯᠡᠭᠦᠤ ᠤᠳᠠᠭ᠎ᠠ ᠶᠡᠭᠡ ᠪᠠᠭ᠎ᠠ ᠨᠠᠶᠢᠷ ᠲᠤ ᠲᠡᠷᠢᠭᠦᠯᠡᠵᠦ᠂ ᠲᠤᠮᠳᠠᠳᠤ ᠮᠠᠶ᠋ᠢᠭ ᠤᠨ ᠪᠦᠬᠡ ᠳᠤ ᠴᠦ ᠭᠠᠷᠮᠠᠭᠠᠢ ᠠᠮᠵᠢᠯᠳᠠ ᠶᠢ ᠤᠯᠪᠠ᠃ 2017 ᠤᠨ ᠤ 7 ᠰᠠᠷᠠᠶᠢᠨ 6 ᠤ ᠡᠳᠤᠷ᠂ ᠮᠤᠩᠭᠤᠯ ᠤᠯᠤᠰ ᠤᠨ ᠶᠡᠷᠦᠩᠬᠡᠶᠢᠯᠡᠭᠴᠢ ᠡᠯᠪᠡᠭᠳᠤᠷᠵᠢ ᠵᠠᠷᠯᠠᠯ ᠨᠡᠶᠢᠳᠡᠯᠡᠵᠦ᠂ ᠲᠤᠮᠳᠠᠳᠤ ᠤᠯᠤᠰ ᠤᠨ ᠮᠤᠩᠭᠤᠯ ᠪᠦᠬᠡ ᠶᠢᠨ ᠠᠪᠤᠷᠭᠤ ᠪᠠᠶᠠᠷᠪᠠᠭᠠᠳᠤᠷ ᠲᠤ ︽ᠠᠯᠳᠠᠨ ᠭᠠᠳᠠᠰᠤ ᠤᠳᠤᠨ ᠮᠧᠲᠡᠯ︾ ᠤᠯᠭᠤᠪᠠ᠃      ᠶᠢᠰᠤ᠂ ᠲᠡᠭᠷᠢ      ᠲᠡᠭᠷᠢ 1960 ᠤᠨ ᠳᠤ ᠦᠪᠤᠷ ᠮᠤᠩᠭᠤᠯ ᠤᠨ ᠤᠷᠳᠤᠰ ᠨᠤᠳᠤᠭ ᠲᠤ ᠲᠦᠷᠦᠵᠦ ᠦᠰᠪᠡ᠃ ᠲᠤᠮᠳᠠᠳᠤ ᠤᠯᠤᠰ ᠤᠨ ᠨᠢᠭᠡᠳᠤᠭᠡᠷ ᠲᠡᠰ ᠤᠨ ᠲᠤᠭᠯᠠᠭᠴᠢ︔ ᠠᠯᠳᠠᠷᠳᠤ ᠲᠠᠭᠤᠴᠢᠨ ᠪᠦᠭᠡᠳ ᠲᠠᠭᠤᠤ ᠠᠶᠠᠯᠭᠤ ᠵᠤᠬᠢᠶᠠᠭᠴᠢ︔ ᠺᠢᠨᠣ᠋ ᠲᠧᠯᠸᠢᠰ ᠤᠨ ᠲᠤᠭᠯᠠᠭᠴᠢ ᠵᠡᠷᠭᠡ ᠭᠤᠷᠪᠠᠨ ᠲᠠᠯ᠎ᠠ ᠪᠠᠷ ᠠᠯᠳᠠᠷᠰᠢᠭᠰᠠᠨ ᠤᠷᠠᠯᠢᠭᠴᠢᠨ ᠶᠤᠮ᠃ 2017  ᠤᠨ ᠤ 7 ᠰᠠᠷᠠᠶᠢᠨ 6 ᠤ ᠡᠳᠤᠷ᠂ ᠮᠤᠩᠭᠤᠯ ᠤᠯᠤᠰ ᠤᠨ ᠶᠡᠷᠦᠩᠬᠡᠶᠢᠯᠡᠭᠴᠢ ᠡᠯᠪᠡᠭᠳᠤᠷᠵᠢ ᠵᠠᠷᠯᠠᠯ ᠨᠡᠶᠢᠳᠡᠯᠡᠵᠦ᠂ ᠲᠤᠮᠳᠠᠳᠤ ᠤᠯᠤᠰ ᠤᠨ ᠠᠯᠳᠠᠷᠳᠤ ᠤᠷᠠᠯᠢᠭᠴᠢᠨ ᠲᠡᠭᠷᠢ ᠳᠤ ︽ᠠᠯᠳᠠᠨ ᠭᠠᠳᠠᠰᠤ ᠤᠳᠤᠨ ᠮᠧᠲᠡᠯ︾ ᠬᠦᠷᠳᠡᠭᠡᠪᠡ᠃             2019 ᠤᠨ ᠤ 8 ᠰᠠᠷᠠᠶᠢᠨ 22 ᠤᠨ ᠡᠳᠤᠷ      ᠬᠦᠬᠡᠬᠤᠳᠠᠨ᠎ᠠ             ᠤ᠂ ᠲᠡᠮᠤᠷᠭᠤᠤᠯᠳᠤ ᠮᠡᠳᠡᠭᠡ ᠵᠠᠭᠤᠴᠢᠯᠠᠭᠤᠷ ᠠᠴᠠ ᠰᠢᠯᠢᠨ ᠰᠤᠩᠭᠤᠵᠦ ᠤᠷᠴᠢᠭᠤᠯᠪᠠ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号