ᠠᠷᠡᠣᠨ ᠤᠨ ᠠᠮᠢᠳᠣᠷᠡᠯ ᠤᠨ ᠭᠤᠤᠯᠳᠠᠯᠭᠠᠳᠣ ᠠᠵᠢᠯ ᠢ ᠦᠨᠡᠡᠬᠦ ᠰᠠᠶᠢᠳᠤᠷ ᠬᠢᠵᠤ ᠣᠷᠣᠯᠠᠨ ᠭᠦᠢᠴᠡᠣᠡᠭᠡᠬᠦ ᠦᠢᠯᠡᠴᠢᠯᠡᠭᠡ ᠶᠢ ᠪᠦᠬᠦ ᠲᠠᠯ᠎ᠠ ᠪᠠᠷ ᠠᠬᠢᠭᠤᠯᠣᠶ᠎ᠡ
ᠨᠡᠶᠢᠲᠡᠯᠡᠭᠰᠡᠨ ᠴᠠᠭ᠄
2020/10/13
   
            ᠵᠣᠴᠢᠨ᠄ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠡ ᠶᠢᠨ ᠳᠠᠷᠤᠭ᠎ᠠ ᠰᠦᠩ ᠸᠧᠢ ᠳ᠋ᠠ       ᠰᠣᠷᠪᠣᠯᠵᠢᠯᠠᠭᠴᠢ᠄ ᠰᠦᠡᠭ ᠲᠣᠪᠴᠢᠶᠡᠨ ᠲᠠᠷᠤᠭ᠎ᠠ ᠲᠠ ᠰᠠᠶᠢᠨ ᠤᠤ︖ ᠮᠢᠨᠤ ᠣᠶᠢᠯᠠᠭᠠᠡᠡᠰᠡᠨ ᠢᠶᠠᠷ ᠮᠠᠨ ᠤ ᠬᠤᠰᠢᠭᠤ ᠨᠢ ︽ᠰᠣᠮᠣ ᠰᠢᠶᠠᠩ ᠪᠠᠯᠭᠠᠰᠣ ᠬᠢᠭᠡᠣᠨ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠵᠠᠰᠠᠭ ᠤᠨ ᠣᠷᠳᠣᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠣᠯᠳᠡ ᠶᠢᠨ ᠠᠵᠢᠯ ᠢ ᠪᠦᠬᠦ ᠲᠠᠯ᠎ᠠ ᠪᠠᠷ ᠴᠢᠩᠭᠠᠣᠡᠬᠠᠬᠤ ᠲᠦᠰᠣᠯ︾ ᠢ ᠲᠠᠷᠣᠮᠠᠯᠯᠠᠨ ᠲᠠᠷᠬᠠᠭᠠᠪᠡ᠃ ︽ᠲᠦᠰᠣᠯ︾ ᠢ ᠲᠣᠡᠡᠳᠠᠭᠠᠡᠡᠰᠡᠨ ᠠᠬᠤᠢ ᠪᠠᠶᠢᠳᠡᠯ ᠨᠢ ᠶᠠᠭᠤ ᠪᠣᠯᠬᠤ ᠪᠣᠢ︖       ᠰᠦᠡᠭ ᠲᠣᠪᠴᠢᠶᠡᠨ ᠲᠠᠷᠤᠭ᠎ᠠ᠄ ᠰᠣᠷᠪᠣᠯᠵᠢᠯᠠᠭᠴᠢ ᠲᠠ ᠰᠠᠶᠢᠨ ᠤᠤ︖ 2019 ᠤᠨ ᠤ 10 ᠰᠡᠷ᠎ᠠ ᠶᠢᠨ 31 ᠤ ᠡᠳᠣᠷ᠂ ᠲᠣᠮᠳᠡᠳᠣ ᠣᠯᠣᠰ ᠤᠨ ᠡᠪ ᠬᠠᠮᠳᠣ ᠨᠠᠮ ᠤᠨ ᠠᠷᠪᠡ ᠶᠢᠰᠣᠳᠣᠭᠡᠷ ᠬᠤᠭᠤᠴᠠᠭᠠᠨ ᠤ ᠲᠥᠪ ᠬᠤᠷᠢᠶ᠎ᠡ ᠶᠢᠨ ᠲᠦᠷᠪᠡᠳᠣᠭᠡᠷ ᠪᠥᠭᠦᠳᠡ ᠬᠤᠷᠡᠯᠳᠣᠭᠠᠨ ᠢᠶᠠᠷ ᠪᠠᠳᠣᠯᠬᠠᠰᠡᠨ ︽ᠲᠣᠮᠳᠡᠳᠣ ᠣᠯᠣᠰ ᠤᠨ ᠣᠡᠴᠠᠯᠢᠭ ᠪᠦᠬᠦᠢ ᠨᠡᠶᠢᠭᠡᠮ ᠵᠢᠷᠣᠮᠳᠣ ᠪᠠᠶᠢᠭᠤᠯᠣᠯ ᠢ ᠪᠠᠷᠢᠮᠳᠡᠯᠠᠨ ᠲᠡᠭᠦᠯᠳᠡᠷᠵᠢᠭᠦᠯᠵᠤ᠂ ᠣᠯᠣᠰ ᠢ ᠵᠠᠰᠠᠬᠤ ᠰᠢᠰᠲ᠋ᠧᠮ ᠪᠣᠯᠣᠨ ᠴᠢᠳᠠᠮᠵᠢ ᠶᠢᠨ ᠣᠳᠣᠬᠢᠴᠢᠯᠠᠯᠳᠡ ᠶᠢ ᠠᠬᠢᠭᠤᠯᠬᠤ ᠴᠢᠬᠤᠯᠨ ᠠᠰᠠᠭᠤᠳᠡᠯ ᠤᠳ ᠤᠨ ᠲᠣᠬᠠᠢ ᠲᠣᠮᠳᠡᠳᠣ ᠣᠯᠣᠰ ᠤᠨ ᠡᠪ ᠬᠠᠮᠳᠣ ᠨᠠᠮ ᠤᠨ ᠲᠥᠪ ᠬᠤᠷᠢᠶ᠎ᠡ ᠶᠢᠨ ᠰᠢᠢᠣᠡᠪᠣᠷᠢ︾ ᠳᠤ ᠲᠣᠷᠡᠳᠣᠡᠡᠰᠡᠨ ᠦᠡᠳᠣᠰᠣᠨ ᠱᠠᠳᠣᠨ ᠤ ᠨᠡᠶᠢᠭᠡᠮ ᠢ ᠵᠠᠰᠠᠬᠤ ᠰᠢᠨ᠎ᠡ ᠪᠠᠶᠢᠷᠢᠰᠢᠯ ᠢ ᠪᠦᠷᠢᠯᠳᠣᠭᠦᠯᠵᠣ᠂ ᠨᠡᠶᠢᠭᠡᠮ ᠢ ᠵᠠᠰᠠᠬᠤ ᠪᠣᠯᠣᠨ ᠦᠢᠯᠡᠴᠢᠯᠡᠭᠡ ᠶᠢᠨ ᠭᠤᠤᠯᠳᠠᠯᠭ᠎ᠠ ᠶᠢ ᠦᠡᠳᠣᠰᠣᠨ ᠱᠠᠳᠣᠨ ᠳᠤ ᠰᠢᠯᠵᠢᠬᠦᠯᠬᠦ᠂ ᠨᠡᠩ ᠣᠯᠡᠨ ᠡᠬᠢ ᠪᠠᠶᠠᠯᠢᠭ ᠢ ᠦᠡᠳᠣᠰᠣᠨ ᠱᠠᠳᠣᠨ ᠳᠤ ᠬᠦᠷᠳᠡᠭᠡᠵᠣ᠂ ᠪᠠᠷᠢᠮᠵᠢᠶᠠᠵᠢᠡᠡᠰᠡᠨ᠂ ᠨᠠᠷᠢᠯᠢᠡᠡᠵᠢᠭᠤᠯᠣᠡᠡᠰᠡᠨ ᠦᠢᠯᠡᠴᠢᠯᠡᠭᠡ ᠶᠢ ᠰᠠᠶᠢᠳᠣᠷ ᠬᠠᠨᠭ᠍ᠭᠠᠵᠣ᠂ ᠣᠯᠠᠨ ᠨᠡᠶᠢᠳᠠ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠵᠦ᠂ ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ ᠡᠭᠦᠣᠡᠴᠣ᠂ ᠤᠯᠡᠨ ᠲᠦᠮᠡᠨ ᠤ ᠣᠯᠠᠨ ᠶᠠᠩᠵᠣᠴᠢᠯᠬᠠᠰᠡ ᠬᠡᠷᠡᠭᠴᠡᠭᠡ ᠶᠢ ᠬᠠᠨᠭ᠍ᠭᠠᠵᠣ᠂ ᠦᠭᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠣᠮᠵᠢ ᠶᠢ ᠣᠯᠡᠨ ᠲᠦᠮᠡᠨ ᠳᠤ ᠲᠥᠪ ᠭᠤᠣᠯᠴᠢ ᠪᠠᠷ ᠡᠳ᠋ᠯᠡᠭᠦᠯᠣᠨ᠎ᠡ᠃ 2019 ᠤᠨ ᠤ10 ᠰᠡᠷ᠎ᠠ ᠶᠢᠨ 12 ᠤᠨ ᠡᠳᠣᠷ ᠤᠨ ᠦᠳᠡ ᠶᠢᠨ ᠡᠮᠣᠨ᠎ᠡ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠱᠦᠵᠢ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠡᠵᠡᠭᠡᠶᠢᠷᠡᠬᠦᠯᠬᠦ ᠵᠦᠪᠯᠡᠯ ᠤᠨ ᠡᠷᠬᠢᠯᠡᠭᠴᠢ ᠯᠢ ᠵᠢᠢ ᠾᠸᠡᠭ ᠠᠴᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠡᠵᠡᠭᠡᠶᠢᠷᠡᠬᠦᠯᠬᠦ ᠵᠦᠪᠯᠡᠯ ᠤᠨ ᠵᠢᠷᠭᠤᠳᠣᠭᠠᠷ ᠤᠳᠠᠭᠠᠨ ᠤ ᠬᠤᠷᠡᠯ ᠢ ᠡᠷᠬᠢᠯᠡᠵᠣ᠂ ︽ᠰᠣᠮᠣ ᠰᠢᠶᠠᠩ ᠪᠠᠯᠭᠠᠰᠣ ᠬᠢᠭᠡᠣᠨ ᠵᠡᠭᠡᠯᠢ ᠭᠤᠳᠣᠮᠵᠢ ᠶᠢᠨ ᠦᠭᠡᠷᠡᠴᠢᠯᠡᠯᠳᠡ ᠶᠢ ᠭᠦᠡᠵᠡᠭᠡᠶᠢᠷᠡᠭᠦᠯᠵᠣ᠂ ᠦᠡᠳᠣᠰᠣᠨ ᠱᠠᠳᠣᠨ ᠤ ᠬᠢᠨᠠᠨ ᠵᠦᠪᠰᠢᠶᠡᠷᠡᠬᠦ ᠦᠢᠯᠡᠴᠢᠯᠡᠭᠡ ᠶᠢᠨ ᠬᠠᠣᠯᠢ ᠬᠡᠷᠡᠭᠵᠢᠬᠦᠯᠬᠦ ᠬᠦᠴᠦᠨ ᠢ ᠴᠣᠡᠡᠴᠠᠵᠢᠭᠤᠯᠣᠨ ᠠᠬᠢᠭᠤᠯᠬᠤ ᠲᠣᠬᠠᠢ ᠬᠡᠷᠡᠭᠵᠢᠬᠦᠯᠬᠦ ᠰᠠᠨᠠᠯ︾ ︵ᠦᠪᠣᠷ ᠨᠠᠮ ᠠᠯᠪᠡᠨ ᠲᠠᠷᠬᠠᠭᠠᠡᠡᠰᠡᠨ ︿2019﹀ 22 ᠳ᠋ᠤᠭᠠᠷ  ᠲᠣᠭᠠᠳᠣ︶ ᠶᠢ ᠬᠢᠨᠠᠨ ᠪᠠᠳᠣᠯᠠᠵᠣ᠂ ᠡᠯ᠎ᠡ ᠲᠠᠯ᠎ᠠ ᠶᠢᠨ ᠠᠵᠢᠯ ᠳᠤ ᠪᠦᠬᠦ ᠲᠠᠯ᠎ᠠ ᠪᠠᠷ ᠪᠠᠶᠢᠷᠢᠯᠠᠭᠤᠯᠣᠯᠳᠡ ᠬᠢᠪᠡ᠃ ᠬᠤᠰᠢᠭᠤ ᠰᠣᠮᠣᠨ ᠤ ᠠᠵᠢᠯ ᠤᠨ ᠡᠷᠬᠡ ᠳᠤ ᠲᠣᠬᠢᠷᠡᠭᠤᠯᠣᠯᠳᠡ ᠬᠢᠬᠦ ᠬᠠᠮᠢᠶ᠎ᠡ ᠪᠦᠬᠦᠢ ᠦᠭᠡᠷᠡᠴᠢᠯᠡᠯᠳᠡ ᠶᠢᠨ ᠡᠭᠦᠷᠭᠡ ᠶᠢ ᠨᠠᠶᠢᠳᠡᠪᠣᠷᠢᠵᠢᠭᠤᠯᠵᠣ᠂ ᠬᠢᠨᠠᠨ ᠵᠦᠪᠰᠢᠶᠡᠷᠡᠬᠦ ᠦᠢᠯᠡᠴᠢᠯᠡᠭᠡ ᠶᠢ ᠠᠷᠡᠣᠨ ᠲᠤ ᠲᠦᠭᠦᠮ ᠪᠣᠯᠭᠠᠬᠤ ᠶᠢᠨ ᠲᠦᠯᠣᠭᠡ᠂ ᠬᠤᠰᠢᠭᠤᠨ ᠠᠷᠡᠣᠨ ᠤᠨ ᠵᠠᠰᠠᠭ ᠤᠨ ᠣᠷᠳᠣᠨ ᠤ 2020 ᠣᠨ ᠤ ᠲᠠᠪᠣᠳᠣᠭᠠᠷ ᠤᠳᠠᠭᠠᠨ ᠤ ᠪᠠᠶᠢᠡᠭᠭᠤ ᠶᠢᠨ ᠠᠵᠢᠯ ᠤᠨ ᠬᠤᠷᠡᠯ ᠢᠶᠠᠷ ︽ᠰᠣᠮᠣ ᠰᠢᠶᠠᠩ ᠪᠠᠯᠭᠠᠰᠣ ᠪᠣᠯᠣᠨ ᠵᠡᠭᠡᠯᠢ ᠭᠤᠳᠣᠮᠵᠢ ᠳᠤ ᠬᠡᠰᠡᠭ ᠵᠠᠰᠠᠭ ᠵᠠᠬᠢᠷᠭᠠᠨ ᠤ ᠡᠷᠬᠡ ᠶᠢ ᠲᠠᠯᠪᠢᠬᠤ ᠲᠣᠬᠠᠢ ᠬᠡᠷᠡᠭᠵᠢᠬᠦᠯᠬᠦ ᠲᠦᠰᠣᠯ︾ ᠢ ᠬᠢᠨᠠᠨ ᠪᠠᠳᠤᠯᠠᠵᠣ᠂ ᠰᠣᠮᠣ ᠰᠢᠶᠠᠩ ᠪᠠᠯᠭᠠᠰᠤ᠂ ᠵᠡᠭᠡᠯᠢ ᠭᠤᠳᠣᠮᠵᠢ ᠬᠢᠭᠡᠣᠨ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠵᠠᠰᠠᠭ ᠤᠨ ᠶᠡᠪᠣᠳᠡᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠣᠯᠳᠡ ᠶᠢ ᠪᠦᠬᠦ ᠲᠠᠯ᠎ᠠ ᠪᠠᠷ ᠴᠢᠩᠭᠠᠣᠡᠬᠠᠵᠣ᠂ ᠰᠣᠮᠣ ᠭᠠᠴᠠᠭ᠎ᠠ ᠬᠤᠶᠡᠷ ᠱᠠᠳᠣᠨ ᠤ ᠠᠷᠡᠣᠨ ᠲᠤ ᠲᠦᠭᠦᠮ ᠦᠵᠡᠬᠦᠯᠬᠦ ᠦᠢᠯᠡᠴᠢᠯᠡᠭᠡ ᠶᠢ ᠲᠡᠰ ᠲᠡᠪᠰᠢᠭᠦᠯᠵᠣ᠂ ︽ ᠢᠯᠡ ᠦᠢᠯᠡᠴᠢᠯᠡᠭᠡᠨ ᠤ ᠲᠣᠮᠣ ᠲᠢᠩᠬᠢᠮ︾᠂ ︽ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠡᠣᠨ ᠤᠨ ᠦᠷᠣᠭᠡ︾ ᠶᠢ ᠪᠠᠶᠢᠭᠤᠯᠵᠣ᠂ ᠢᠯᠠ ᠲᠣᠳᠣ᠂ ᠵᠣᠯᠭᠠᠯᠴᠬᠠᠰᠡᠨ᠂ ᠠᠮᠢᠳᠣᠯᠢᠭ ︽ᠵᠠᠭᠠᠳᠠᠰᠣ ᠦᠭᠡᠢ︾ ᠵᠠᠰᠠᠭ ᠤᠨ ᠶᠡᠪᠣᠳᠡᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠡᠰᠢᠭᠦᠯᠵᠣ᠂ ᠣᠶᠢᠷ᠎ᠡ ᠲᠦᠭᠦᠮ ᠳᠤ ᠪᠠᠨ ᠣᠴᠢᠷ ᠰᠢᠢᠣᠡᠪᠣᠷᠢᠯᠡᠬᠦ᠂ ᠣᠯᠠᠨ ᠴᠡᠭ ᠲᠤ ᠣᠴᠢᠷ ᠰᠢᠢᠳᠪᠦᠷᠢᠯᠡᠵᠦ ᠪᠣᠯᠬᠤ᠂ ᠲᠣᠳᠠᠭᠤ ᠶᠡᠪᠣᠵᠣ ᠲᠦᠷᠭᠡᠨ ᠰᠢᠢᠣᠡᠪᠣᠷᠢᠯᠡᠬᠦ ᠶᠢᠨ ᠲᠦᠯᠣᠭᠡ ᠲᠣᠰ ︽ᠲᠦᠰᠣᠯ︾ ᠢ ᠲᠣᠡᠡᠳᠠᠭᠠᠪᠠ᠃      ᠰᠣᠷᠪᠣᠯᠵᠢᠯᠠᠭᠴᠢ᠄ ︽ᠲᠦᠰᠣᠯ︾ ᠤᠨ ᠶᠡᠷᠣᠩᠬᠡᠢ ᠬᠠᠷᠡᠯᠳᠡ ᠨᠢ ᠶᠡᠭᠤ ᠪᠣᠢ︖      ᠰᠦᠡᠭ ᠲᠣᠪᠴᠢᠶᠠᠨ ᠲᠠᠷᠤᠭ᠎ᠠ᠄ ᠪᠦᠬᠦᠨ ᠢ ᠬᠠᠮᠤᠷᠬᠤ᠂ ᠲᠡᠩᠴᠡᠭᠦᠷᠢᠰᠢᠭᠦᠯᠬᠦ ᠵᠠᠷᠴᠢᠮ ᠤᠨ ᠱᠠᠭᠠᠷᠳᠠᠯᠭ᠎ᠠ ᠪᠠᠷ ᠠᠷᠡᠣᠨ ᠲᠤ ᠲᠦᠭᠦᠮ ᠦᠵᠡᠬᠦᠯᠬᠦ ᠲᠣᠣᠷ ᠴᠡᠭ ᠤᠨ ᠪᠠᠶᠢᠷᠢᠰᠢᠯ ᠢ ᠰᠢᠯᠢᠳᠡᠭᠵᠢᠭᠦᠯᠵᠤ᠂ ᠰᠣᠮᠣ ᠰᠢᠶᠠᠩ ᠪᠠᠯᠭᠠᠰᠣ᠂ ᠵᠡᠭᠡᠯᠢ ᠭᠤᠳᠣᠮᠵᠢ ᠶᠢᠨ ᠠᠷᠡᠣᠨ ᠲᠤ ᠲᠦᠭᠦᠮ ᠦᠵᠡᠬᠦᠯᠬᠦ ᠦᠢᠯᠡᠴᠢᠯᠡᠭᠡᠨ ᠤ ᠲᠥᠪ ᠵᠢᠴᠢ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠦᠷᠳᠡᠭᠡᠨ ᠤ ᠪᠠᠶᠢᠭᠤᠯᠣᠯᠳᠡ ᠶᠢ ᠠᠬᠢᠭᠤᠯᠵᠣ᠂ ᠦᠡᠳᠣᠰᠣᠨ ᠱᠠᠳᠣᠨ ᠤ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠴᠢᠳᠠᠮᠵᠢ ᠶᠢ ᠠᠷᠡᠣᠨ ᠲᠤ ᠲᠥᠭᠦᠮ ᠦᠵᠡᠬᠦᠯᠬᠦ ᠦᠢᠯᠡᠴᠢᠯᠡᠭᠡᠨ ᠤ ᠲᠥᠪ ᠲᠤ ᠲᠦᠪᠯᠡᠷᠡᠭᠦᠯᠵᠣ᠂ ᠦᠡᠳᠣᠰᠣᠨ ᠣᠯᠠᠨ ᠨᠡᠶᠢᠳᠠ ᠶᠢᠨ ᠦᠢᠯᠡᠴᠢᠯᠡᠭᠡᠨ ᠤ ᠵᠦᠢᠯᠡᠰ ᠢ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠠᠷᠡᠣᠨ ᠲᠤ ᠲᠦᠭᠦᠮ ᠦᠵᠡᠬᠦᠯᠬᠦ ᠥᠷᠳᠡᠭᠡ ᠲᠡᠰᠢ ᠦᠷᠭᠡᠳᠬᠡᠨ᠎ᠡ᠃ ᠰᠣᠮᠣ ᠰᠢᠶᠠᠩ ᠪᠠᠯᠭᠠᠰᠣ᠂ ᠵᠡᠭᠡᠯᠢ ᠭᠤᠳᠣᠮᠵᠢ ᠶᠢᠨ ᠠᠷᠡᠣᠨ ᠲᠤ ᠲᠦᠭᠦᠮ ᠦᠵᠡᠬᠦᠯᠬᠦ ᠦᠢᠯᠡᠴᠢᠯᠡᠭᠡᠨ ᠤ ᠲᠥᠪ ᠨᠢ ︽ᠡᠮᠣᠨ᠎ᠡ ᠲᠠᠪᠴᠠᠩ ᠲᠤ ᠶᠡᠷᠣᠩᠭᠡᠶᠢᠯᠡᠨ ᠬᠤᠷᠢᠶᠡᠨ ᠡᠮᠬᠢᠯᠡᠵᠣ᠂ ᠠᠷᠣ ᠲᠠᠪᠴᠠᠩ ᠳᠤ ᠲᠦᠷᠣᠯ ᠬᠤᠪᠢᠶᠡᠨ ᠬᠢᠨᠠᠨ ᠵᠦᠪᠰᠢᠶᠡᠷᠡᠬᠦ︾ ᠨᠢᠭᠡ ᠴᠣᠩᠬᠤᠷᠠᠭ ᠲᠤ ᠰᠢᠭᠤᠣᠨ ᠰᠢᠢᠣᠡᠪᠣᠷᠢᠯᠡᠵᠣ ᠨᠢᠭᠤᠷ ᠣᠴᠡᠷᠡᠬᠤ ᠦᠭᠡᠢ ᠪᠠᠷ ᠬᠢᠨᠠᠨ ᠵᠦᠪᠰᠢᠶᠡᠷᠡᠬᠦ ᠬᠡᠯᠪᠡᠷᠢ ᠶᠢ ᠠᠬᠢᠭᠤᠯᠣᠨ᠎ᠡ᠃ ᠬᠠᠣᠯᠢ ᠲᠥᠷᠢᠮ ᠳᠤ ᠨᠡᠶᠢᠴᠡᠭᠰᠡᠨ ᠵᠦᠢᠯᠡᠰ ᠢ ︽ᠲᠠᠷᠣᠢ ᠳᠤᠨᠢ ᠰᠢᠢᠣᠡᠪᠣᠷᠢᠯᠡᠬᠦ︾᠂ ᠬᠤᠪᠢ ᠬᠦᠮᠣᠨ ᠤ ᠣᠴᠢᠷ ᠢ ᠬᠠᠪᠢ ᠲᠦᠭᠦᠮ ᠳᠤᠨᠢ ᠰᠢᠢᠣᠡᠪᠣᠷᠢᠯᠡᠬᠦ ᠶᠢ ᠠᠬᠢᠭᠤᠯᠵᠣ᠂ ᠵᠠᠰᠠᠭ ᠤᠨ ᠶᠡᠪᠣᠳᠡᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ︾ ᠶᠢᠨ ᠲᠠᠪᠠᠭᠤᠯᠢᠭ ᠢ ᠪᠠᠳᠡᠷᠡᠭᠤᠯᠵᠣ᠂ ᠬᠢᠨᠠᠨ ᠵᠦᠪᠰᠢᠶᠡᠷᠡᠬᠦ ᠵᠦᠢᠯᠡᠰ ᠢ ︽ᠰᠦᠯᠵᠢᠶ᠎ᠡ ᠪᠠᠷ ᠰᠢᠢᠣᠡᠪᠣᠷᠢᠯᠡᠬᠦ︾᠂ ︽ᠨᠢᠭᠡᠯᠨ ᠤᠳᠠᠭ᠎ᠠ ᠳᠤ ᠰᠢᠢᠣᠡᠪᠣᠷᠢᠯᠡᠬᠦ︾ ᠶᠢ ᠠᠬᠢᠭᠤᠯᠣᠨ᠎ᠠ᠃ ︽ᠢᠡᠲ᠋ᠧᠷ ᠰᠦᠯᠵᠢᠶ᠎ᠡ+ ᠵᠠᠰᠠᠭ ᠤᠨ ᠶᠡᠪᠣᠳᠡᠯ ᠤᠨ ᠦᠢᠯᠡᠴᠢᠯᠡᠭᠡ︾ ᠶᠢ ᠯᠠᠪᠳᠡᠭᠤᠨ ᠢᠶᠠᠷ ᠠᠬᠢᠭᠤᠯᠵᠣ᠂ ᠰᠦᠯᠵᠢᠶ᠎ᠡ ᠳᠠᠬᠢ ᠨᠢᠭᠡ ᠴᠣᠡᠡᠴᠠᠵᠢᠭᠤᠯᠣᠡᠡᠰᠡᠨ ᠵᠠᠰᠠᠭ ᠤᠨ ᠶᠡᠪᠣᠳᠡᠯ ᠤᠨ ᠦᠢᠯᠡᠴᠢᠯᠡᠭᠡᠨ ᠤ ᠲᠠᠪᠴᠠᠩ ᠪᠣᠯᠣᠨ ᠰᠦᠯᠵᠢᠶ᠎ᠡ ᠶᠢᠨ ᠪᠣᠰᠤ ᠪᠣᠳᠡᠳᠣ ᠴᠣᠡᠡᠴᠨ ᠶᠢᠨ ᠦᠢᠯᠡᠴᠢᠯᠡᠭᠡᠨ ᠤ ᠲᠢᠩᠬᠢᠮ ᠢ ᠠᠭᠤᠰᠣᠯᠴᠠᠭᠤᠯᠣᠨ ᠬᠦᠭᠵᠢᠬᠦᠯᠬᠦ ᠪᠠᠷ ᠰᠣᠮᠣ ᠰᠢᠶᠠᠩ ᠪᠠᠯᠭᠠᠰᠣ᠂ ᠵᠡᠭᠡᠯᠢ ᠭᠤᠳᠤᠮᠵᠢ ᠵᠢᠴᠢ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠣᠯᠳᠡ ᠶᠢ ᠲᠦᠷᠭᠡᠣᠡᠭᠡᠨ᠎ᠡ᠃      ᠰᠣᠷᠪᠣᠯᠵᠢᠯᠠᠭᠴᠢ᠄ ︽ᠲᠦᠰᠣᠯ︾ ᠳᠤ ᠶᠠᠮᠠᠷ ᠬᠡᠳᠣᠨ ᠠᠷᠭ᠎ᠠ ᠬᠡᠮᠵᠢᠶ᠎ᠡ ᠪᠠᠶᠢᠬᠤ ᠪᠣᠢ︖      ᠰᠦᠡᠭ ᠲᠣᠪᠴᠢᠶᠡᠨ ᠲᠠᠷᠤᠭ᠎ᠠ᠄ ︽ᠲᠦᠰᠣᠯ︾ ᠨᠢ ᠶᠡᠷᠣᠩᠬᠡᠢ ᠳᠡᠭᠡᠨ ᠵᠢᠷᠭᠤᠭᠠᠨ ᠲᠠᠯ᠎ᠠ ᠪᠠᠷ ᠬᠤᠰᠢᠭᠤᠨ ᠬᠠᠷᠢᠶ᠎ᠡ ᠬᠤᠯᠪᠤᠡᠡᠳᠡᠯ ᠪᠦᠬᠦᠢ ᠰᠠᠯᠠᠭ᠎ᠠ ᠮᠦᠴᠢᠷ᠂ ᠰᠣᠮᠣ ᠰᠢᠶᠠᠩ ᠪᠠᠯᠭᠠᠰᠤ᠂ ᠵᠡᠭᠡᠯᠢ ᠭᠤᠳᠤᠮᠵᠢ ᠵᠢᠴᠢ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠪᠣᠳᠡᠳᠠᠢ ᠡᠭᠦᠷᠬᠡ ᠱᠠᠭᠠᠷᠳᠠᠯᠭ᠎ᠠ ᠶᠢ ᠲᠣᠷᠡᠣᠡᠴᠢ᠃      ᠨᠢᠭᠡ ᠳᠤ᠂ ᠰᠣᠮᠣ ᠱᠠᠳᠣᠨ ᠤ ᠠᠷᠡᠣᠨ ᠲᠤ ᠲᠦᠭᠦᠮ ᠦᠵᠡᠬᠦᠯᠬᠦ ᠲᠥᠪ ᠤᠨ ᠪᠠᠶᠢᠭᠤᠯᠣᠯᠳᠡ ᠶᠢ ᠴᠢᠩᠭᠠᠣᠡᠬᠠᠨ᠎ᠠ᠃ ᠨᠢᠭᠡ ᠴᠣᠡᠡᠴᠡᠵᠢᠭᠤᠯᠣᠡᠡᠰᠡᠨ ᠵᠠᠰᠠᠭ ᠤᠨ ᠶᠡᠪᠣᠳᠡᠯ ᠤᠨ ᠦᠢᠯᠡᠴᠢᠯᠡᠭᠡᠨ ᠤ ᠲᠠᠪᠴᠠᠩ ᠪᠣᠯᠣᠨ ᠪᠣᠳᠡᠳᠣ ᠲᠣᠮᠣ ᠲᠢᠩᠬᠢᠮ ᠤᠨ ᠰᠦᠯᠵᠢᠶ᠎ᠡ ᠶᠢᠨ ᠢᠯᠡ ᠲᠠᠯᠳᠡ ᠶᠢ ᠠᠭᠤᠰᠣᠯᠴᠠᠭᠤᠯᠣᠨ ᠬᠦᠭᠵᠢᠬᠦᠯᠬᠦ ᠶᠢ ᠠᠬᠢᠭᠤᠯᠵᠣ ᠂ ᠦᠢᠯᠡᠴᠢᠯᠡᠬᠦ ᠲᠦᠷᠣᠯ ᠵᠦᠢᠯᠡᠰ ᠢ ᠲᠣᠡᠡᠳᠡᠪᠣᠷᠢᠵᠢᠭᠤᠯᠵᠣ᠂ ᠴᠢᠳᠠᠮᠵᠢ ᠶᠢᠨ ᠪᠠᠶᠢᠷᠢᠰᠢᠯ᠂ ᠬᠢᠨᠠᠨ ᠵᠦᠪᠰᠢᠶᠡᠷᠡᠬᠦ ᠬᠡᠯᠪᠡᠷᠢ᠂ ᠦᠢᠯᠡᠴᠢᠯᠡᠬᠦ ᠬᠡᠯᠪᠡᠷᠢ᠂ ᠬᠦᠮᠣᠨ ᠤ ᠬᠠᠮᠢᠶᠡᠷᠣᠯᠳᠡ᠂ ᠪᠠᠷᠢᠮᠵᠢᠶᠡᠵᠢᠭᠤᠯᠣᠡᠡᠰᠡᠨ ᠪᠠᠶᠢᠭᠤᠯᠣᠯᠳᠡ ᠶᠢ ᠨᠢᠭᠡᠳᠣᠯᠳᠠᠢ ᠪᠣᠯᠭᠠᠨ᠎ᠠ᠃      ᠬᠤᠶᠡᠷ ᠲᠤ᠂ ᠵᠠᠰᠠᠭ ᠤᠨ ᠶᠡᠪᠣᠳᠡᠯ ᠤᠨ ᠦᠢᠯᠡᠴᠢᠯᠡᠭᠡᠨ ᠤ ᠵᠦᠢᠯᠡᠰ ᠢ ᠪᠦᠬᠦ ᠲᠠᠯ᠎ᠠ ᠪᠠᠷ ᠰᠢᠯᠢᠨ ᠵᠢᠷᠣᠮᠵᠢᠭᠤᠯᠣᠨ᠎ᠡ᠃ ᠵᠠᠰᠠᠭ ᠵᠠᠬᠢᠷᠭᠠᠨ ᠤ ᠡᠷᠬᠡ ᠪᠣᠯᠣᠨ ᠣᠯᠡᠨ ᠨᠡᠶᠢᠳᠠ ᠶᠢᠨ ᠦᠢᠯᠡᠴᠢᠯᠡᠭᠡᠨ ᠤ ᠬᠤᠶᠠᠷ ᠲᠦᠷᠦᠯ ᠤᠨ ᠵᠠᠰᠠᠭ ᠤᠨ ᠶᠡᠪᠣᠳᠡᠯ ᠤᠨ ᠦᠢᠯᠡᠴᠢᠯᠡᠭᠡᠨ ᠤ ᠲᠦᠷᠣᠯ ᠵᠦᠢᠯ ᠤᠨ ᠨᠠᠷᠢᠨ ᠲᠣᠳᠣᠷᠬᠠᠶᠢᠯᠠᠯ ᠢ ᠲᠤᠰᠪᠤᠷᠢ ᠨᠠᠶᠢᠷᠠᠭᠤᠯᠤᠨ ᠵᠤᠬᠢᠶᠠᠨ᠎ᠠ᠃ ᠲᠦᠷᠣᠯ ᠵᠦᠢᠯ ᠲᠠᠷᠠᠭᠠᠯᠠᠨ ︽ᠬᠡᠷᠡᠭ ᠣᠴᠢᠷ ᠰᠢᠢᠣᠡᠪᠣᠷᠢᠯᠡᠬᠦ ᠵᠢᠯᠣᠭᠤᠳᠣᠮᠵᠢ︾ ᠪᠣᠯᠣᠨ ︽ᠬᠡᠷᠡᠭᠵᠢᠬᠦᠯᠬᠦ ᠲᠣᠳᠣᠷᠬᠠᠢ ᠬᠠᠭᠤᠳᠡᠰᠣ︾ ᠶᠢ ᠨᠡᠶᠢᠭᠡᠮ ᠳᠤ ᠢᠯᠡ ᠨᠡᠶᠢᠳᠡᠯᠡᠵᠣ᠂ ᠨᠢᠭᠡ ᠪᠦᠯᠤᠭ᠌ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠣᠷᠣᠯᠡᠨ ᠰᠢᠢᠣᠡᠪᠣᠷᠢᠯᠡᠵᠣ ᠪᠣᠯᠬᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠦᠷᠣᠯ ᠢ ᠲᠦᠪᠯᠡᠷᠡᠭᠦᠯᠣᠨ ᠰᠢᠯᠢᠨ ᠰᠢᠢᠣᠡᠪᠣᠷᠢᠯᠡᠨ᠎ᠡ᠃      ᠭᠤᠷᠪᠡ ᠳᠤ᠂ ᠭᠠᠴᠠᠭ᠎ᠠ ᠱᠠᠳᠣᠨ ᠤ ᠠᠷᠡᠣᠨ ᠲᠤ ᠲᠦᠭᠦᠮ ᠦᠵᠡᠬᠦᠯᠬᠦ ᠦᠢᠯᠡᠴᠢᠯᠡᠭᠡᠨ ᠤ ᠥᠷᠳᠡᠭᠡ ᠶᠢᠨ ᠦᠢᠯᠡᠳᠣᠯ ᠢ ᠪᠡᠳᠡᠷᠡᠭᠤᠯᠵᠣ᠂ ᠰᠣᠮᠣ ᠪᠠᠯᠭᠠᠰᠤ ᠶᠢᠨ ᠠᠷᠡᠣᠨ ᠲᠤ ᠲᠦᠭᠦᠮ ᠦᠵᠡᠬᠦᠯᠬᠦ ᠦᠢᠯᠡᠴᠢᠯᠡᠭᠡᠨ ᠤ ᠲᠥᠪ ᠨᠢ ᠲᠣᠬᠠᠶᠢᠯᠬᠠᠰᠡᠨ ᠠᠵᠢᠯ ᠤᠨ ᠵᠢᠯᠣᠭᠤᠳᠣᠯᠭ᠎ᠠ ᠪᠣᠯᠣᠨ ᠡᠳᠣᠷ ᠲᠤᠳᠤᠮ ᠤᠨ ᠬᠢᠨᠠᠯᠳᠡ ᠬᠠᠮᠢᠶᠡᠷᠣᠯᠳᠡ ᠶᠢ ᠬᠠᠷᠢᠭᠤᠴᠡᠵᠣ᠂ ᠰᠣᠮᠣ ᠱᠠᠳᠣᠨ ᠤ ᠲᠣᠮᠣ ᠲᠢᠩᠬᠢᠮ ᠤᠨ ᠬᠠᠮᠢᠶ᠎ᠡ ᠪᠦᠬᠦᠢ ᠵᠦᠢᠯᠡᠰ ᠢ ᠣᠷᠣᠯᠡᠨ ᠰᠢᠢᠣᠡᠪᠣᠷᠢᠯᠡᠬᠦ᠂ ᠬᠠᠮᠵᠢᠨ ᠰᠢᠢᠣᠡᠪᠣᠷᠢᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠣ᠂ ᠬᠠᠮᠢᠶ᠎ᠡ ᠪᠦᠬᠦᠢ ᠲᠦᠷᠣ ᠶᠢᠨ ᠪᠣᠳᠣᠯᠭ᠎ᠠ ᠪᠣᠯᠣᠨ ᠠᠵᠢᠯ ᠰᠢᠢᠣᠡᠪᠣᠷᠢᠯᠡᠬᠦ ᠠᠯᠬᠤᠮ ᠲᠠᠷᠡᠭᠠᠯᠠᠯ ᠤᠨ ᠠᠰᠠᠭᠤᠨ ᠯᠠᠪᠯᠠᠭ᠎ᠠ ᠶᠢ ᠬᠠᠷᠢᠭᠤᠯᠬᠤ ᠶᠢ ᠬᠠᠷᠢᠭᠤᠴᠠᠨ᠎ᠠ᠃      ᠲᠥᠷᠪᠡ ᠳᠤ᠂ ᠵᠠᠰᠠᠭ ᠤᠨ ᠶᠡᠪᠣᠳᠡᠯ ᠢ ᠢᠯᠡ ᠪᠣᠯᠭᠠᠬᠤ ᠪᠠ ᠠᠷᠡᠣᠨ ᠲᠤ ᠲᠥᠭᠦᠮ ᠦᠵᠡᠬᠦᠯᠬᠦ ᠮᠡᠳᠡᠭᠡ ᠵᠠᠩᠬᠢ ᠶᠢ ᠠᠰᠠᠭᠤᠨ ᠯᠠᠪᠯᠠᠬᠤ ᠶᠢ ᠵᠢᠷᠣᠮᠵᠢᠭᠤᠯᠣᠨ᠎ᠡ᠃ ᠠᠵᠢᠯ ᠤᠨ ᠡᠭᠦᠷᠭᠡ ᠬᠠᠷᠢᠭᠤᠴᠠᠯᠭ᠎ᠠ᠂ ᠠᠵᠢᠯᠳᠡᠨ ᠤ ᠮᠡᠳᠡᠭᠡ ᠵᠠᠩᠬᠢ᠂ ᠦᠢᠯᠡᠴᠢᠯᠡᠬᠦ ᠲᠦᠷᠣᠯ ᠵᠦᠢᠯ᠂ ᠦᠢᠯᠡᠴᠢᠯᠡᠬᠦ ᠵᠢᠷᠣᠮᠵᠢᠯ᠂ ᠦᠢᠯᠡᠴᠢᠯᠡᠬᠦ ᠲᠠᠷᠠᠭᠠᠯᠠᠯ᠂ ᠪᠠᠶᠢᠭᠤᠯᠭ᠎ᠠ ᠶᠢᠨ ᠬᠠᠮᠢᠶᠡᠷᠣᠯᠳᠡ ᠶᠢᠨ ᠲᠥᠷᠢᠮ ᠵᠢᠴᠢ ᠡᠯ᠎ᠡ ᠬᠢᠨᠠᠨ ᠵᠦᠪᠰᠢᠶᠡᠷᠡᠬᠦ᠂ ᠦᠢᠯᠡᠴᠢᠯᠡᠬᠦ ᠲᠦᠷᠣᠯ ᠵᠦᠢᠯ ᠢ ᠰᠢᠢᠣᠡᠪᠣᠷᠢᠯᠡᠬᠦ ᠵᠢᠯᠣᠭᠤᠳᠣᠮᠵᠢ ᠶᠢ ᠵᠡᠷᠭᠡ ᠪᠠᠷ ᠢᠯᠡ ᠪᠣᠯᠭᠠᠵᠣ ᠤᠯᠠᠨ ᠲᠦᠮᠡᠨ ᠤ ᠬᠢᠨᠠᠯᠳᠡ ᠶᠢ ᠬᠦᠯᠢᠶᠡᠨ᠎ᠡ᠃      ᠲᠠᠪᠤ ᠳᠤ᠂ ᠰᠦᠯᠵᠢᠶ᠎ᠡ ᠳᠠᠬᠢ ᠵᠠᠰᠠᠭ ᠤᠨ ᠶᠡᠪᠣᠳᠡᠯ ᠤᠨ ᠦᠢᠯᠡᠴᠢᠯᠡᠭᠡᠨ ᠤ ᠲᠠᠪᠴᠠᠩ ᠢ ᠦᠡᠳᠣᠰᠣᠨ ᠱᠠᠳᠣᠨ ᠳᠤ ᠨᠢᠭᠡ ᠴᠣᠡᠡᠴᠡᠵᠢᠭᠤᠯᠣᠨ ᠠᠬᠢᠭᠤᠯᠣᠨ᠎ᠠ᠃ ᠰᠣᠮᠣ ᠭᠠᠴᠠᠭ᠎ᠠ ᠬᠤᠶᠡᠷ ᠱᠠᠳᠣᠨ ᠤ ᠵᠠᠰᠠᠭ ᠤᠨ ᠶᠡᠪᠣᠳᠡᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠤ ᠰᠢᠢᠣᠡᠪᠣᠷᠢᠯᠡᠬᠦ ᠶᠢ ᠠᠬᠢᠭᠤᠯᠵᠣ᠂ ᠠᠵᠣ ᠠᠬᠤᠶᠢᠯᠡᠯ ᠤᠨ ᠦᠢᠯᠡᠣᠡᠪᠣᠷᠢᠯᠡᠯ ᠡᠵᠡᠩᠨᠡᠯᠳᠡ᠂ ᠣᠯᠡᠨ ᠲᠦᠮᠡᠨ ᠤ ᠠᠮᠢᠳᠣᠷᠡᠯ ᠳᠤ ᠨᠢᠡᠡᠳᠡ ᠬᠤᠯᠪᠤᠡᠡᠳᠠᠬᠤ ᠬᠠᠮᠢᠶ᠎ᠡ ᠪᠦᠬᠦᠢ ᠦᠢᠯᠡᠴᠢᠯᠡᠭᠡᠨ ᠤ ᠵᠦᠢᠯᠡᠰ ᠢ ︽ᠰᠦᠯᠵᠢᠶᠡᠨ ᠳᠤ ᠨᠡᠶᠢᠳᠡᠯᠡᠵᠣ ᠪᠣᠯᠬᠤ ᠶᠢ ᠠᠯᠢ ᠴᠢᠳᠡᠬᠤᠶᠢᠴᠨ ᠨᠡᠶᠢᠳᠡᠯᠡᠵᠣ ᠂ ᠪᠦᠬᠦ ᠶᠡᠪᠣᠴᠨ ᠢ ᠰᠦᠯᠵᠢᠶ᠎ᠡ ᠪᠠᠷ ᠰᠢᠢᠣᠡᠪᠣᠷᠢᠯᠡᠵᠣ︾᠂ ᠪᠦᠬᠦᠨ ᠢ ᠬᠡᠷᠡᠭᠯᠡᠭᠡᠨ ᠤ ᠲᠠᠪᠴᠠᠩ ᠳᠤ ᠰᠢᠢᠣᠡᠪᠣᠷᠢᠯᠡᠨ᠎ᠡ᠃      ᠵᠢᠷᠭᠤᠭ᠎ᠠ ᠳᠤ᠂ ᠴᠡᠴᠡᠭ ᠪᠦᠬᠦᠨ ᠢ ᠵᠡᠷᠭᠡᠪᠡᠷ ᠲᠡᠯᠭᠡᠷᠡᠭᠦᠯᠵᠣ᠂ ᠡᠯ᠎ᠡ ᠭᠠᠵᠡᠷ ᠤᠨ ᠠᠷᠡᠣᠨ ᠲᠤ ᠲᠦᠭᠦᠮ ᠦᠵᠡᠬᠦᠯᠬᠦ ᠦᠢᠯᠡᠴᠢᠯᠡᠭᠡᠨ ᠤ ᠣᠡᠴᠠᠯᠢᠡᠡᠳᠣ ᠵᠬᠠᠪᠣᠷ ᠪᠣᠯᠣᠨ ᠬᠢᠯᠠᠰ ᠴᠡᠭ ᠤᠨ ᠡᠭᠦᠳᠣᠯᠳᠡ ᠶᠢ ᠵᠣᠷᠢᠡᠡᠵᠢᠭᠤᠯᠵᠣ᠂ ᠣᠷᠣᠨ ᠭᠠᠵᠡᠷ ᠤᠨ ᠣᠡᠴᠠᠯᠢᠭ ᠢᠶᠠᠨ ᠦᠡᠳᠣᠰᠣᠯᠡᠨ ᠬᠠᠪᠰᠣᠷᠣᠨ ᠰᠢᠢᠣᠡᠪᠣᠷᠢᠯᠡᠬᠦ ᠣᠷᠣᠯᠡᠨ ᠰᠢᠢᠣᠡᠪᠣᠷᠢᠯᠡᠬᠦ ᠵᠡᠷᠭᠡ ᠠᠷᠡᠣᠨ ᠲᠤ ᠲᠦᠭᠦᠮ ᠦᠵᠡᠬᠦᠯᠬᠦ ᠦᠢᠯᠡᠴᠢᠯᠡᠭᠡ ᠶᠢ ᠦᠷᠨᠢᠭᠦᠯᠵᠣ᠂ ᠭᠤᠤᠯᠳᠠᠯᠭᠠᠳᠣ ᠣᠷᠣᠨ ᠲᠣᠭᠤᠷᠢᠭ ᠤᠨ ᠭᠤᠣᠯᠳᠠᠯᠭᠠᠳᠣ ᠲᠦᠷᠣᠯ ᠵᠦᠢᠯ ᠤᠨ ᠪᠦᠳᠣᠭᠡᠨ ᠪᠠᠶᠢᠭᠤᠯᠣᠯᠳᠡ ᠳᠤ ᠴᠢᠭᠯᠡᠭᠦᠯᠳᠤ ᠴᠢᠨᠡᠷ ᠲᠠᠢ ᠣᠡᠴᠠᠯᠢᠡᠡᠳᠣ ᠦᠢᠯᠡᠴᠢᠯᠡᠭᠡ ᠬᠠᠨᠭ᠍ᠭᠠᠨ᠎ᠠ᠃      ᠰᠣᠷᠪᠣᠯᠵᠢᠯᠠᠭᠴᠢ᠄ ᠬᠤᠰᠢᠭᠤ ᠰᠣᠮᠣ ᠭᠠᠴᠠᠭ᠎ᠠ ᠭᠤᠷᠪᠡᠨ ᠱᠠᠳᠣᠨ ᠤ ᠵᠠᠰᠠᠭ ᠤᠨ ᠶᠡᠪᠣᠳᠡᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠣᠡᠡᠰᠡᠨ ᠤ ᠲᠠᠷᠠᠭ᠎ᠠ ᠠᠷᠡᠣᠨ ᠤᠯᠠᠨ ᠶᠠᠮᠠᠷ ᠲᠦᠭᠦᠮ ᠬᠦᠷᠳᠠᠬᠦ ᠪᠣᠢ︖      ᠰᠦᠩ ᠲᠤᠪᠴᠢᠶᠠᠨ ᠳᠠᠷᠤᠭ᠎ᠠ᠄ ᠰᠣᠮᠣ ᠰᠢᠶᠠᠩ ᠪᠠᠯᠭᠠᠰᠤ ᠵᠡᠭᠡᠯᠢ ᠭᠤᠳᠤᠮᠵᠢ ᠵᠢᠴᠢ ᠭᠠᠴᠠᠭ᠎ᠠ ᠲᠤᠰᠬᠤᠨ ᠤ ᠨᠡᠶᠢᠭᠡᠮ ᠲᠤᠭᠤᠷᠢᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠰᠢᠰᠲ᠋ᠧᠮ ᠨᠢ ᠦᠢᠯᠡᠴᠢᠯᠡᠭᠡᠨ ᠤ ᠲᠣᠮᠣ ᠲᠢᠩᠬᠢᠮ ᠳᠤ ᠲᠦᠪᠯᠡᠷᠡᠭᠦᠯᠦᠨ ᠰᠢᠢᠳᠪᠦᠷᠢᠯᠡᠵᠦ᠂ ᠨᠢᠭᠡ ᠴᠤᠩᠬᠤᠷᠠᠭ ᠢᠶᠠᠷ ᠬᠤᠷᠢᠶᠠᠨ ᠰᠢᠢᠳᠪᠦᠷᠢᠯᠡᠵᠦ᠂ ᠠᠷᠠᠳ ᠤᠯᠠᠨ ᠰᠣᠮᠣ ᠰᠢᠶᠠᠩ ᠪᠠᠯᠭᠠᠰᠤ ︵ᠵᠡᠭᠡᠯᠢ ᠭᠤᠳᠣᠮᠵᠢ︶ ᠶᠢᠨ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠤᠮᠤ ᠲᠢᠩᠬᠢᠮ ᠳᠤ ᠬᠦᠷᠴᠦ᠂ ᠴᠣᠩᠬᠤᠷᠠᠭ ᠢᠶᠠᠷ ᠡᠯ᠎ᠡ ᠲᠦᠷᠦᠯ ᠤᠨ ᠬᠢᠨᠠᠨ ᠵᠦᠪᠰᠢᠶᠡᠷᠡᠭᠦᠯᠬᠦ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠳᠠᠷᠤᠢ ᠳᠤᠨᠢ ᠡᠷᠡᠮᠡᠯᠵᠡᠯᠡᠨ ᠰᠢᠢᠳᠪᠦᠷᠢᠯᠡᠵᠦ ᠪᠣᠯᠣᠨ᠎ᠠ᠃ ᠰᠦᠯᠵᠢᠶ᠎ᠡ ᠪᠠᠷ ᠦᠢᠯᠡᠴᠢᠯᠡᠬᠦ ᠲᠢᠩᠬᠢᠮ ᠢ ᠨᠡᠪᠲᠡᠷᠡᠭᠦᠯᠵᠦ᠂ ᠠᠷᠠᠳ ᠣᠯᠠᠨ ᠠᠴᠠ ᠪᠦᠬᠦ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠤᠯᠤᠭᠰᠠᠨ ᠲᠠᠪᠴᠠᠩ ᠢᠶᠠᠷ ᠲᠤᠰ ᠣᠷᠣᠨ ᠤ ᠰᠣᠮᠣ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠵᠦᠢᠯ ᠤᠨ ᠬᠠᠭᠤᠳᠠᠰᠣ ᠶᠢ ᠯᠠᠪᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠵᠦᠢᠯ ᠢ ᠲᠤᠭᠲᠠᠭᠠᠭᠰᠠᠨ ᠦᠨᠳᠦᠰᠦᠯᠡᠯ᠂ ᠰᠢᠢᠳᠪᠦᠷᠢᠯᠡᠬᠦ ᠨᠦᠬᠦᠴᠡᠯ᠂ ᠠᠯᠬᠤᠮ ᠳᠠᠷᠠᠭᠠᠯᠠᠯ᠂ ᠯᠠᠪᠯᠠᠬᠤ ᠤᠲᠠᠰᠤ ᠵᠡᠷᠭᠡ ᠶᠢᠨ ᠦᠨᠳᠦᠰᠦᠨ ᠰᠤᠷᠠᠭ ᠵᠠᠩᠬᠢ ᠶᠢ ᠮᠡᠳᠡᠵᠦ ᠪᠣᠯᠣᠨ᠎ᠠ᠃ ᠪᠦᠬᠦ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠲᠠᠪᠴᠠᠩ ᠢᠶᠠᠷ ᠡᠷᠡᠮᠡᠯᠵᠡᠯᠡᠨ ᠰᠢᠢᠳᠪᠦᠷᠢᠯᠡᠬᠦ ᠮᠠᠲ᠋ᠧᠷᠢᠶᠠᠯ ᠢᠶᠠᠨ ᠨᠢᠭᠡᠳᠦᠯᠲᠡᠢ ᠰᠦᠯᠵᠢᠶ᠎ᠡ ᠪᠠᠷ ᠲᠤᠰᠢᠶᠠᠵᠤ᠂ ᠰᠦᠯᠵᠢᠶ᠎ᠡ ᠪᠠᠷ ᠠᠬᠢᠴᠠ ᠶᠢ ᠨᠢ ᠣᠶᠢᠯᠠᠭᠠᠵᠤ᠂ ᠠᠷᠤ ᠲᠠᠪᠴᠠᠩ ᠳᠤ ᠬᠢᠨᠠᠨ ᠵᠦᠪᠰᠢᠶᠡᠷᠡᠭᠰᠡᠨ ᠤ ᠳᠠᠷᠠᠭ᠎ᠠ ᠦᠷ᠎ᠡ ᠳ᠋ᠦᠩ ᠢ ᠪᠠᠨ ᠣᠶᠢᠯᠠᠭᠠᠨ ᠮᠡᠳᠡᠵᠦ ᠪᠣᠯᠣᠨ᠎ᠠ᠃ ᠠᠷᠠᠳ ᠣᠯᠠᠨ ᠣᠶᠢᠷᠠᠯᠴᠠᠭᠠᠬᠢ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ ᠤ ᠠᠷᠠᠳ ᠲᠤ ᠳᠦᠭᠦᠮ ᠦᠵᠡᠭᠦᠯᠬᠦ ᠦᠷᠲᠡᠭᠡ ᠳᠤ ᠬᠦᠷᠴᠦ᠂ ᠲᠤᠬᠠᠢ ᠶᠢᠨ ᠲᠠᠯᠠᠪᠤᠷ ᠪᠣᠶᠣ ᠰᠦᠯᠵᠢᠶ᠎ᠡ ᠪᠠᠷ ᠵᠠᠰᠠᠭ ᠤᠨ ᠶᠠᠪᠤᠳᠠᠯ ᠤᠨ ᠵᠦᠢᠯᠡᠰ ᠢ ᠰᠢᠢᠳᠪᠦᠷᠢᠯᠡᠬᠦ ᠵᠢᠯᠤᠭᠤᠳᠤᠮᠵᠢ ᠶᠢ ᠡᠷᠢᠨ ᠣᠩᠰᠢᠵᠤ᠂ ᠠᠰᠠᠭᠤᠨ ᠯᠠᠪᠯᠠᠵᠤ ᠪᠣᠯᠣᠨ᠎ᠠ᠃ ᠭᠠᠴᠠᠭ᠎ᠠ ᠲᠤᠰᠬᠤᠨ ᠨᠡᠶᠢᠭᠡᠮ ᠲᠤᠭᠤᠷᠢᠭ ᠤᠨ ᠣᠷᠣᠯᠠᠨ ᠰᠢᠢᠳᠪᠦᠷᠢᠯᠡᠬᠦ ᠦᠢᠯᠡᠴᠢᠯᠡᠭᠡ ᠳᠤ ᠵᠠᠰᠠᠭ ᠤᠨ ᠶᠠᠪᠤᠳᠠᠯ ᠤᠨ ᠵᠦᠢᠯᠡᠰ ᠢ ᠡᠷᠡᠮᠡᠯᠵᠡᠯᠡᠨ ᠰᠢᠢᠳᠪᠦᠷᠢᠯᠡᠬᠦ ᠮᠠᠲ᠋ᠧᠷᠢᠶᠠᠯ ᠢ ᠪᠠᠨ ᠲᠤᠰᠢᠶᠠᠵᠤ ᠪᠣᠯᠣᠨ᠎ᠠ᠃ ᠡᠭᠦᠪᠡᠷ ᠡᠯ᠎ᠡ ᠲᠦᠷᠦᠯ ᠤᠨ ᠵᠠᠰᠠᠭ ᠤᠨ ᠶᠠᠪᠤᠳᠠᠯ ᠤᠨ ᠵᠦᠢᠯᠡᠰ ᠢ ᠰᠢᠢᠳᠪᠦᠷᠢᠯᠡᠬᠦ ᠳᠤ ︽ᠵᠢᠵᠢᠭ ᠣᠴᠢᠷ ᠢ ᠠᠶᠢᠯ ᠠᠴᠠ ᠪᠠᠨ ᠭᠠᠷᠬᠤ ᠦᠭᠡᠢ᠂ ᠲᠣᠮᠣ ᠤᠴᠢᠷ ᠢ ᠰᠣᠮᠣ ᠠᠴᠠ ᠪᠠᠨ ᠭᠠᠷᠬᠤ ᠦᠭᠡᠢ︾ ᠦᠢᠯᠡᠴᠢᠯᠡᠭᠡ ᠶᠢ ᠢᠳᠡᠭ ᠢᠳᠡᠭ ᠢᠶᠠᠷ ᠪᠡᠶᠡᠯᠡᠭᠦᠯᠦᠨ᠎ᠡ᠃      ᠰᠣᠷᠪᠣᠯᠵᠢᠯᠠᠭᠴᠢ᠄ ᠬᠤᠰᠢᠭᠤ ᠰᠣᠮᠣ ᠭᠠᠴᠠᠭ᠎ᠠ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠲᠠᠯ᠎ᠠ ᠪᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠳᠣᠷᠠᠳᠣᠭᠰᠠᠨ ᠪᠣᠢ︖      ᠰᠦᠩ ᠲᠤᠪᠴᠢᠶᠠᠨ ᠳᠠᠷᠤᠭ᠎ᠠ᠄ ᠡᠯ᠎ᠡ ᠰᠣᠮᠣ ᠰᠢᠶᠠᠩ ᠪᠠᠯᠭᠠᠰᠤ ︵ᠵᠡᠭᠡᠯᠢ ᠭᠤᠳᠣᠮᠵᠢ︶ ᠨᠢ ᠬᠠᠷᠢᠭᠤᠴᠠᠯᠭᠠᠲᠤ ᠬᠦᠮᠦᠨ ᠢ ᠲᠤᠳᠤ ᠪᠤᠯᠭᠠᠵᠤ᠂ ᠲᠤᠰᠬᠠᠢ ᠠᠩᠭᠢ ᠪᠠᠶᠢᠭᠤᠯᠵᠤ᠂ ᠨᠠᠷᠢᠯᠢᠭ ᠵᠤᠬᠢᠶᠠᠨ ᠪᠠᠶᠢᠭᠤᠯᠵᠤ᠂ ᠨᠢᠭᠡ ᠴᠣᠭᠴᠠ ᠪᠠᠷ ᠠᠬᠢᠭᠤᠯᠵᠤ᠂ 10 ᠰᠠᠷ᠎ᠠ ᠶᠢᠨ ᠰᠡᠭᠦᠯᠴᠢ ᠪᠣᠯᠲᠠᠯ᠎ᠠ ᠪᠦᠬᠦᠶᠢᠯᠡ ᠡᠭᠦᠷᠭᠡ ᠶᠢ ᠪᠡᠶᠡᠯᠡᠭᠦᠯᠦᠨ᠎ᠡ᠃ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠰᠠᠯᠠᠭ᠎ᠠ ᠮᠦᠴᠢᠷ ᠨᠢ ᠰᠣᠮᠣ ᠱᠠᠲᠤᠨ ᠤ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠣᠮᠣ ᠲᠢᠩᠬᠢᠮ ᠤᠨ ᠶᠠᠪᠤᠳᠠᠯ ᠣᠴᠢᠷ ᠰᠢᠢᠳᠪᠦᠷᠢᠯᠡᠬᠦ ᠵᠠᠭᠪᠤᠷ ᠪᠣᠯᠣᠨ ᠦᠷ᠎ᠡ ᠪᠦᠲᠦᠮᠵᠢ ᠳᠤ ᠵᠢᠭᠠᠨ ᠵᠢᠯᠤᠭᠤᠳᠤᠯᠭ᠎ᠠ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠶᠠᠪᠤᠳᠠᠯ ᠤᠴᠢᠷ ᠰᠢᠢᠳᠪᠦᠷᠢᠯᠡᠬᠦ ᠵᠠᠭᠪᠤᠷ ᠢ ᠪᠦᠬᠦ ᠲᠠᠯ᠎ᠠ ᠪᠠᠷ ᠠᠬᠢᠭᠤᠯᠵᠤ᠂ ᠲᠦᠪᠯᠡᠷᠡᠭᠦᠯᠦᠨ ᠪᠤᠯᠪᠠᠰᠤᠷᠠᠭᠤᠯᠬᠤ ᠪᠣᠯᠣᠨ ᠲᠤᠬᠠᠢ ᠶᠢᠨ ᠲᠠᠯᠠᠪᠤᠷ ᠲᠤ ᠰᠢᠯᠵᠢᠭᠦᠯᠦᠨ ᠪᠤᠯᠪᠠᠰᠤᠷᠠᠭᠤᠯᠬᠤ ᠵᠡᠷᠭᠡ ᠬᠡᠯᠪᠡᠷᠢ ᠪᠠᠷ ᠵᠢᠭᠠᠨ ᠵᠢᠯᠤᠭᠤᠳᠤᠯᠭ᠎ᠠ ᠶᠢ ᠣᠷᠣᠨ ᠪᠠᠶᠢᠷᠢ ᠳᠤᠨᠢ ᠬᠦᠷᠭᠡᠵᠦ᠂ ᠬᠢᠨᠠᠯᠲᠠ ᠪᠠᠶᠢᠴᠠᠭᠠᠯᠲᠠ ᠶᠢ ᠣᠷᠣᠨ ᠪᠠᠶᠢᠷᠢ ᠳᠤᠨᠢ ᠬᠦᠷᠭᠡᠬᠦ ᠬᠡᠷᠡᠭᠲᠡᠢ᠃ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠡᠷᠬᠡ ᠶᠢ ᠳᠣᠷᠣᠭᠰᠢ ᠪᠠᠭᠤᠯᠭᠠᠬᠤ ᠶᠢ ᠲᠤᠳᠤᠷᠬᠠᠢ ᠪᠣᠯᠭᠠᠭᠰᠠᠨ ᠬᠤᠰᠢᠭᠤᠨ ᠬᠠᠷᠢᠶ᠎ᠠ ᠬᠠᠮᠢᠶ᠎ᠠ ᠪᠦᠬᠦᠢ ᠴᠢᠳᠠᠮᠵᠢᠲᠤ ᠰᠠᠯᠠᠭ᠎ᠠ ᠮᠦᠴᠢᠷ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠦᠴᠢᠷ ᠢ ᠨᠢᠭᠡᠳᠦᠯᠲᠡᠢ ᠲᠤᠬᠢᠷᠠᠭᠤᠯᠤᠭᠰᠠᠨ ᠣᠷᠢᠳᠠᠯ ᠳᠣᠣᠷ᠎ᠠ ᠰᠣᠮᠣ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠶᠠᠪᠤᠳᠠᠯ ᠤᠴᠢᠷ ᠲᠤ ᠬᠦᠯᠢᠶᠡᠨ ᠠᠪᠴᠤ ᠰᠢᠢᠳᠪᠦᠷᠢᠯᠡᠬᠦ ᠪᠣᠯᠣᠨ ᠬᠢᠨᠠᠨ ᠰᠢᠢᠳᠪᠦᠷᠢᠯᠡᠬᠦ ᠠᠵᠢᠯᠲᠠᠳ ᠢ ᠲᠦᠷᠦᠯ ᠬᠤᠪᠢᠶᠠᠨ ᠲᠤᠬᠠᠶᠢᠯᠠᠭᠰᠠᠨ ᠠᠵᠢᠯ ᠤᠨ ᠵᠢᠭᠠᠨ ᠵᠢᠯᠤᠭᠤᠳᠤᠯᠭ᠎ᠠ ᠪᠣᠯᠣᠨ ᠪᠣᠯᠪᠠᠰᠤᠷᠠᠯ ᠡᠷᠬᠢᠯᠡᠵᠦ᠂ ᠬᠤᠰᠢᠭᠤ ᠰᠣᠮᠣ ᠬᠤᠶᠠᠷ ᠱᠠᠲᠤᠨ ᠤ ᠶᠠᠪᠤᠳᠠᠯ ᠤᠴᠢᠷ ᠢ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠠᠵᠢᠯᠲᠠᠳ ᠤᠨ ᠬᠤᠤᠰᠯᠠᠨ ᠲᠡᠳᠬᠦᠬᠦ ᠵᠢᠭᠠᠨ ᠵᠢᠯᠤᠭᠤᠳᠴᠣ ᠬᠠᠷᠢᠯᠴᠠᠬᠤ ᠬᠢᠭᠡᠳ ᠲᠤᠰᠠᠯᠠᠮᠵᠢ ᠭᠤᠶᠤᠬᠤ ᠳᠠᠭᠠᠯ ᠲᠤᠭᠲᠠᠴᠠ ᠶᠢ ᠪᠠᠶᠢᠭᠤᠯᠤᠨ᠎ᠠ᠃ ᠰᠣᠮᠣ ᠰᠢᠶᠠᠩ ᠪᠠᠯᠭᠠᠰᠤ᠂ ᠵᠡᠭᠡᠯᠢ ᠭᠤᠳᠣᠮᠵᠢ ᠬᠢᠭᠡᠳ ᠭᠠᠴᠠᠭ᠎ᠠ ᠲᠤᠰᠬᠤᠨ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠪᠦᠬᠦ ᠬᠤᠰᠢᠭᠤᠨ ᠤ ︽ᠡᠷᠬᠡ ᠶᠢ ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠳᠤ ᠣᠷᠣᠭᠤᠯᠵᠣ᠂ ᠡᠵᠡᠩᠨᠡᠯᠲᠡ ᠶᠢᠨ ᠣᠷᠴᠢᠨ ᠢ ᠲᠤᠰᠬᠠᠢ ᠲᠦᠷᠦᠯ ᠢᠶᠠᠷ ᠰᠢᠮᠳᠠᠭᠤᠯᠤᠨ ᠪᠠᠶᠢᠴᠠᠭᠠᠵᠤ᠂ ᠪᠠᠶᠢᠴᠠᠭᠠᠨ ᠱᠠᠭᠠᠷᠳᠠᠵᠤ ᠰᠢᠢᠳᠪᠦᠷᠢᠯᠡᠬᠦ ᠪᠣᠯᠣᠨ ᠬᠢᠨᠠᠨ ᠰᠢᠯᠭᠠᠵᠤ ᠦᠨᠡᠯᠡᠬᠦ ᠭᠤᠤᠯᠳᠠᠯᠭ᠎ᠠ ᠶᠢ ᠣᠨ ᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠤ ᠣᠷᠣᠭᠤᠯᠵᠣ᠂ ᠠᠵᠢᠯ ᠤᠨ ᠠᠬᠢᠴᠠ ᠪᠤᠯᠤᠨ ᠦᠷ᠎ᠡ ᠪᠦᠲᠦᠮᠵᠢ ᠶᠢ ᠲᠤᠭᠲᠠᠮᠠᠯ ᠬᠤᠭᠤᠴᠠᠭ᠎ᠠ ᠲᠠᠢ ᠵᠠᠷᠯᠠᠨ ᠨᠡᠶᠢᠲᠡᠯᠡᠵᠦ᠂ ᠨᠡᠶᠢᠭᠡᠮ ᠳᠤ ᠢᠯᠡ ᠪᠣᠯᠭᠠᠨ᠎ᠠ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号