ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠣᠬᠢᠶᠠᠯ ᠨᠡᠢᠮᠠᠨ ᠮᠤᠵᠢ ᠣᠷᠤᠨ ᠤ ︽ᠪᠢ ᠡᠬᠡ ᠣᠷᠤᠨ ᠲᠠᠢ ᠪᠠᠨ︾ ᠰᠤᠷᠤᠭᠴᠢᠳ ᠤᠨ ᠵᠤᠬᠢᠶᠠᠨ ᠪᠢᠴᠢᠯᠭᠡ ᠶᠢᠨ ᠤᠷᠤᠯᠳᠤᠭᠠᠨ ᠳᠤ ᠲᠡᠷᠢᠭᠦᠨ ᠲᠡᠳ᠋ ᠲᠤ ᠲᠣᠳᠤᠷᠠᠪᠠ
ᠨᠡᠶᠢᠲᠡᠯᠡᠭᠰᠡᠨ ᠴᠠᠭ᠄
2020/10/20
       2020 ᠣᠨ ᠤ 4 ᠳ᠋ᠦ᠋ᠭᠡᠷ ᠰᠠᠷ᠎ᠠ ᠶᠢᠨ 15 ᠠᠴᠠ 7 ᠳ᠋ᠤᠭᠠᠷ ᠰᠠᠷ᠎ᠠ ᠶᠢᠨ 15 ᠪᠣᠯᠲᠠᠯ᠎ᠠ ᠶᠠᠪᠤᠭᠳᠠᠭᠰᠠᠨ ᠨᠠᠢᠮᠠᠨ ᠮᠤᠵᠢ ᠣᠷᠤᠨ ᠤ ᠠᠩᠬᠠᠳᠤᠭᠠᠷ ᠤᠳᠠᠭᠠᠨ ᠤ ︽ᠪᠢ ᠡᠬᠡ ᠣᠷᠤᠨ ᠲᠠᠢ ᠪᠠᠨ︾ ᠰᠤᠷᠤᠭᠴᠢᠳ ᠤᠨ ᠮᠣᠩᠭᠤᠯ ᠬᠡᠯᠡᠨ ᠤ ᠵᠣᠬᠢᠶᠠᠨ ᠪᠢᠴᠢᠯᠭᠡ ᠶᠢᠨ ᠤᠷᠤᠯᠳᠤᠭᠠᠨ ᠳᠤ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠶᠢᠨ ᠭᠤᠷᠪᠠᠨ ᠰᠤᠷᠤᠭᠴᠢ ᠶᠢᠨ ᠵᠣᠬᠢᠶᠠᠯ ᠪᠠᠭ᠎ᠠ ᠰᠤᠷᠭᠠᠭᠤᠯᠢ ᠶᠢᠨ ᠲᠣᠭᠤᠶᠢᠯᠠᠩ ᠳᠤ ᠪᠠᠨ ᠲᠡᠷᠢᠭᠦᠨ᠂ ᠲᠡᠳ᠋᠂ ᠰᠢᠯᠢᠳᠡᠭ ᠲᠡᠰ ᠲᠤ ᠲᠤᠳᠤᠷᠠᠵᠦ ᠲᠤᠰ ᠲᠤᠰ ᠱᠠᠩᠨᠠᠯ ᠬᠦᠷᠲᠡᠭᠰᠡᠨ ᠪᠠᠶᠢᠨ᠎ᠠ᠃ ᠲᠤᠰ ᠤᠷᠤᠯᠳᠤᠭᠠᠨ ᠳᠤ 2000 ᠭᠠᠷᠤᠢ ᠵᠣᠬᠢᠶᠠᠯ ᠡᠯᠰᠡᠵᠦ᠂ ᠬᠢᠨᠠᠭᠴᠢᠳ ᠤᠨ ᠡᠷᠬᠡ ᠲᠡᠭᠰᠢ᠂ ᠲᠥᠪ ᠭᠤᠣᠯᠴᠢ᠂ ᠨᠠᠷᠢᠨ ᠬᠢᠨᠠᠮᠠᠭᠠᠢ ᠬᠢᠨᠠᠯᠲᠠ ᠪᠠᠷ ᠲᠠᠮᠵᠢᠨ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠶᠢᠨ ᠲᠠᠪᠤᠳᠤᠭᠠᠷ ᠣᠨ ᠤ ᠭᠤᠷᠪᠠᠳᠤᠭᠠᠷ ᠠᠩᠭᠢ ᠶᠢᠨ ᠸᠠᠩ ᠡᠷᠬᠡᠰ ᠤᠨ ︽ᠬᠠᠭᠳᠠ ᠨᠣᠭᠤᠭᠠᠷᠠᠭᠰᠠᠨ ᠬᠠᠩᠰᠢᠨ ᠤ ᠡᠳᠦᠷ︾ ᠭᠡᠰᠡᠨ ᠵᠣᠬᠢᠶᠠᠯ ᠨᠢ ᠲᠡᠷᠢᠭᠦᠨ ᠳᠤ ᠲᠣᠳᠤᠷᠠᠵᠤ᠂ ᠵᠢᠷᠭᠤᠳᠤᠭᠠᠷ ᠣᠨ ᠤ ᠨᠢᠭᠡᠳᠦᠭᠡᠷ ᠠᠩᠭᠢ ᠶᠢᠨ ᠰᠤᠷᠤᠭᠴᠢ ᠠᠮᠢᠨ ᠤ ︽ᠡᠪᠦᠭᠡᠨ ᠬᠠᠶᠢᠯᠠᠰᠤᠨ ᠤ ᠦᠴᠢᠯ︾ ᠭᠡᠬᠦ ᠵᠣᠬᠢᠶᠠᠯ ᠨᠢ ᠬᠤᠶᠠᠳᠤᠭᠠᠷ ᠲᠡᠰ ᠲᠤ ᠲᠣᠳᠤᠷᠠᠵᠤ᠂ ᠵᠢᠷᠭᠤᠳᠤᠭᠠᠷ ᠣᠨ ᠤ ᠨᠢᠭᠡᠳᠦᠭᠡᠷ ᠠᠩᠭᠢ ᠶᠢᠨ ᠨᠠᠷᠮᠠᠢ ᠶᠢᠨ ︽ᠠᠯᠲᠠᠨ ᠨᠠᠮᠤᠷ ᠤᠨ ᠨᠠᠪᠴᠢ ᠪᠣᠶᠤ ᠠᠪᠤᠷᠭᠤ ᠭᠦᠷᠪᠡᠯ ᠤᠨ ᠶᠢᠷᠲᠢᠨᠴᠦ︾ ᠭᠡᠬᠦ ᠵᠣᠬᠢᠶᠠᠯ ᠨᠢ ᠰᠢᠯᠢᠳᠡᠭ ᠲᠡᠰ ᠲᠤ ᠲᠣᠳᠤᠷᠠᠨ ᠲᠤᠰ ᠲᠤᠰ ᠱᠠᠩᠨᠠᠯ ᠬᠦᠷᠲᠡᠭᠰᠡᠨ ᠪᠦᠭᠡᠳ ᠮᠣᠩᠭᠤᠯ ᠬᠡᠯᠡᠨ ᠤ ᠪᠠᠭᠰᠢ ᠣᠳᠤᠩᠭᠤᠸ᠎ᠠ ᠪᠣᠯᠤᠨ ᠮᠥᠩᠭᠦᠨᠴᠡᠴᠡᠭ ︽ᠰᠢᠯᠢᠳᠡᠭ ᠵᠢᠯᠣᠭᠤᠳᠤᠭᠴᠢ ᠪᠠᠭᠰᠢ︾ ᠶᠢᠨ ᠱᠠᠩᠨᠠᠯ ᠬᠦᠷᠲᠡᠭᠰᠡᠨ ᠪᠠᠶᠢᠨ᠎ᠠ᠃
       ᠬᠠᠨ ᠠᠭᠤᠯᠠ ᠪᠠᠭ᠎ᠠ ᠰᠤᠷᠭᠠᠭᠤᠯᠢ ᠱᠠᠩᠨᠠᠯ ᠭᠠᠷᠳᠠᠭᠤᠯᠬᠤ ᠶᠤᠰᠤᠯᠠᠯ ᠶᠠᠪᠤᠭᠤᠯᠵᠤ᠂ ᠰᠤᠷᠭᠠᠭᠤᠯᠢ ᠶᠢᠨ ᠵᠠᠬᠢᠷᠤᠯ ᠪᠦᠷᠢᠨ ᠪᠠᠭᠰᠢ ᠠᠴᠠ ᠱᠠᠩᠨᠠᠯ ᠭᠠᠷᠳᠠᠭᠤᠯᠤᠭᠰᠠᠨ ᠪᠠᠶᠢᠨ᠎ᠠ᠃ ᠲᠡᠳ᠋ ᠵᠠᠬᠢᠷᠤᠯ ᠬᠠᠢ ᠢᠤᠢ ᠪᠠᠭᠰᠢ ᠠᠴᠠ ᠱᠠᠩᠨᠠᠯ ᠭᠠᠷᠳᠠᠭᠰᠠᠨ ᠪᠠᠭᠰᠢ ᠰᠤᠷᠤᠭᠴᠢᠳ ᠲᠤ ᠪᠠᠨ ᠪᠠᠶᠠᠷ ᠬᠦᠷᠭᠡᠵᠦ ᠵᠣᠷᠢᠭᠵᠢᠭᠤᠯᠬᠤ ᠶᠢᠨ ᠬᠠᠮᠲᠤ ᠪᠦᠬᠦ ᠪᠠᠭᠰᠢ ᠰᠤᠷᠤᠭᠴᠢᠳ ᠢ ᠱᠠᠩᠨᠠᠯ ᠭᠠᠷᠳᠠᠭᠰᠠᠨ ᠪᠠᠭᠰᠢ ᠰᠤᠷᠤᠭᠴᠢ ᠠᠴᠠ ᠲᠠᠭᠠᠵᠤ ᠰᠣᠷᠤᠯᠴᠠᠨ᠂ ᠢᠯᠡᠭᠦᠬᠡᠨ ᠨᠤᠮ ᠤᠩᠰᠢᠵᠦ᠂ ᠣᠶᠤᠨ ᠲᠠᠷᠢᠬᠢ ᠪᠠᠨ ᠰᠡᠷᠭᠡᠭᠵᠢᠭᠦᠯᠵᠦ᠂ ᠬᠢᠴᠢᠶᠡᠯ ᠰᠤᠷᠤᠯᠭ᠎ᠠ ᠳᠤ ᠪᠠᠨ ᠴᠢᠷᠮᠠᠶᠢᠨ᠂ ᠡᠬᠡ ᠣᠷᠤᠨ ᠤ ᠪᠠᠨ ᠬᠦᠭᠵᠢᠯ ᠲᠠᠪᠰᠢᠯᠲᠠ ᠳᠤ ᠬᠤᠪᠢ ᠨᠡᠮᠡᠷᠢ ᠪᠠᠨ ᠦᠵᠡᠭᠦᠯᠦᠭᠡᠷᠡᠢ ᠭᠡᠰᠡᠨ ᠪᠠᠶᠢᠨ᠎ᠠ᠃
       ᠲᠣᠰ ᠤᠷᠤᠯᠳᠤᠭᠠᠨ ᠢ ᠨᠠᠢᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠬᠤ ᠲᠣᠭᠤᠶᠢᠯᠠᠩ ᠤᠨ ᠠᠯᠪᠠᠨ ᠭᠡᠷ᠂ ᠦᠪᠦᠷ ᠮᠣᠩᠭᠤᠯ ᠤᠨ ᠰᠣᠷᠭᠠᠨ ᠬᠦᠮᠦᠵᠢᠯ ᠤᠨ ᠲᠢᠩᠭᠢᠮ᠂ ᠦᠪᠦᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠦᠪᠦᠷ ᠮᠣᠩᠭᠤᠯ ᠤᠨ ᠷᠠᠳᠢᠤ᠋ ᠲᠧᠯᠸᠢᠰ ᠬᠤᠷᠢᠶ᠎ᠠ ᠭᠤᠣᠯᠯᠠᠨ ᠡᠷᠬᠢᠯᠡᠵᠦ᠂ ᠣᠷᠳᠤᠰ ᠬᠤᠲᠠ ᠶᠢᠨ ︽ᠲᠢᠶᠠᠨ ᠲᠠᠢ ᠸᠠᠨ ᠰᠢᠨ︾ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠤᠭᠤᠯᠤᠭᠰᠠᠨ ᠺᠣᠮᠫᠠᠨᠢ ᠲᠠᠭᠠᠭᠠᠴᠢᠯᠠᠨ ᠡᠷᠬᠢᠯᠡᠭᠰᠡᠨ ᠪᠠᠶᠢᠨ᠎ᠠ᠃  ︵ᠵᠠᠯᠭᠠᠬᠦᠤ︶
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号