ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ ᠰᠣᠳᠤᠯᠵᠣ ᠰᠤᠷᠤᠯᠴᠠᠬᠤ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2020/10/24
       ᠣᠷᠤᠨ ᠨᠤᠲᠤᠭ ᠤᠨ ᠢᠶᠠᠨ ᠤᠨᠴᠠ ᠦᠵᠡᠮᠵᠢ ᠤᠷᠭᠤᠮᠠᠯ ᠢ ᠰᠣᠨᠢᠷᠬᠠᠨ᠂ ᠰᠤᠷᠬᠤ ᠪᠠ ᠲᠣᠭᠤᠷᠢᠬᠤ ᠶᠢ ᠤᠶᠠᠯᠳᠤᠭᠤᠯᠣᠭᠰᠠᠨ᠂ ᠰᠤᠷᠤᠭᠴᠢᠳ ᠤᠨ ᠨᠡᠶᠢᠭᠡᠮ ᠤᠨ ᠬᠠᠷᠢᠭᠤᠴᠠᠯᠭᠠᠲᠤ ᠰᠡᠳᠭᠢᠯᠭᠡ᠂ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠦᠷᠢ ᠶᠢ ᠬᠦᠮᠦᠵᠢᠭᠦᠯᠵᠦ᠂ ᠪᠢᠴᠢᠭ ᠵᠢᠭᠠᠵᠤ ᠬᠦᠮᠦᠨ ᠢ ᠬᠦᠮᠦᠵᠢᠭᠦᠯᠦᠨ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠤ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠵᠦ᠂ ᠰᠤᠷᠭᠠᠭᠤᠯᠢ ᠶᠢᠨ ᠰᠤᠷᠭᠠᠨ ᠬᠦᠮᠦᠵᠢᠯ ᠪᠣᠯᠤᠨ ᠨᠡᠶᠢᠭᠡᠮ ᠤᠨ ᠦᠢᠯᠡᠳᠦᠯᠭᠡ ᠶᠢ ᠬᠠᠷᠢᠯᠴᠠᠨ ᠤᠶᠠᠯᠳᠤᠭᠤᠯᠣᠭᠰᠠᠨ᠂ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠪᠣᠯᠤᠨ ᠵᠠᠯᠠᠭᠤᠴᠤᠳ ᠪᠠᠭᠠᠴᠤᠳ ᠤᠨ ᠬᠦᠳᠡᠯᠭᠡᠭᠡᠨ ᠤ ᠲᠥᠪ ᠬᠠᠮᠵᠢᠯᠴᠠᠨ ᠵᠣᠬᠢᠶᠠᠨ ᠪᠠᠶᠢᠭᠤᠯᠤᠭᠰᠠᠨ ︽ᠦᠵᠡᠰᠭᠦᠯᠡᠩᠳᠦ ᠰᠠᠶᠢᠬᠠᠨ ᠠᠷᠤ ᠬᠤᠷᠴᠢᠨ ᠬᠤᠰᠢᠭᠤ ᠪᠠᠨ ᠤᠯᠠᠮ ᠭᠤᠶᠤ ᠪᠣᠯᠭᠠᠨ ᠪᠦᠲᠦᠭᠡᠨ ᠪᠠᠶᠢᠭᠤᠯᠤᠶ᠎ᠠ︾ ᠭᠡᠬᠦ ᠰᠤᠳᠤᠯᠵᠣ ᠰᠣᠷᠬᠤ ᠠᠵᠢᠯᠯᠠᠭᠠᠨ ᠨᠢ 2020 ᠣᠨ ᠤ 10 ᠰᠠᠷ᠎ᠠ ᠶᠢᠨ 21 ᠤ ᠡᠳᠦᠷ ᠤᠨ ᠥᠷᠯᠥᠭᠡᠨ ᠤ ᠨᠠᠷᠠ ᠶᠢ ᠣᠭᠳᠤᠨ᠂ ᠦᠰᠪᠦᠷᠢ ᠪᠠᠭᠠᠴᠤᠳ ᠤᠨ ᠢᠨᠢᠶᠡᠳᠦ ᠬᠥᠷ ᠪᠢᠯᠬᠠᠭᠰᠠᠨ ᠪᠠᠶᠠᠷ ᠤᠨ ᠮᠥᠰᠢᠶᠡᠲᠦ ᠲᠠᠢ ᠬᠠᠮᠲᠤ᠂ ᠲᠠᠪᠤ ᠶᠢᠨ ᠬᠤᠶᠠᠳᠤᠭᠠᠷ ᠠᠩᠭᠢ ᠶᠢᠨ ᠰᠤᠷᠤᠭᠴᠢ ᠪᠠ ᠲᠠᠪᠤ ᠶᠢᠨ ᠳᠦᠷᠪᠡᠳᠦᠭᠡᠷ ᠠᠩᠭᠢ ᠶᠢᠨ ᠰᠤᠷᠤᠭᠴᠢᠳ ᠵᠢᠴᠢ ᠲᠠᠭᠠᠭᠠᠤᠯᠤᠭᠴᠢ 8 ᠪᠠᠭᠰᠢ᠂ ᠪᠠᠭᠠᠴᠤᠳ ᠤᠨ ᠣᠷᠳᠤᠨ ᠤ 4 ᠪᠠᠭᠰᠢ ᠪᠠᠷ ᠪᠦᠷᠢᠯᠳᠦᠭᠰᠡᠨ ᠪᠠᠭ᠎ᠠ ᠲᠣᠭᠤᠶᠢᠯᠠᠩ ᠨᠢ ᠥᠷᠯᠥᠭᠡᠨ ᠤ 8 ᠴᠠᠭ ᠲᠤ ᠬᠤᠶᠠᠷ ᠠᠶᠠᠨᠴᠢᠳ ᠤᠨ ᠮᠠᠰᠢᠨ ᠲᠡᠷᠭᠡᠨ ᠳᠤ ᠰᠠᠭᠤᠵᠣ ᠠᠯᠲᠠᠨ ᠰᠢᠷᠭᠠᠯ ᠪᠠᠶᠢᠭᠠᠯᠢ ᠶᠢᠨ ᠦᠵᠡᠮᠵᠢ ᠳᠤ ᠰᠣᠭᠲᠤᠭᠤᠷᠠᠨ ᠥᠨᠥᠳᠦᠷ ᠤᠨ ᠠᠵᠠᠲᠠᠶᠢᠬᠠᠨ ᠠᠶᠠᠨ ᠢᠶᠠᠨ ᠡᠬᠢᠯᠡᠭᠦᠯᠦᠭᠰᠡᠨ ᠪᠠᠶᠢᠨ᠎ᠠ᠃
               ᠠᠵᠢᠯᠯᠠᠭᠠᠨ ᠨᠢ ᠬᠠᠮᠤᠭ ᠲᠡᠷᠢᠭᠦᠨ ᠳᠤ ᠰᠢᠨᠵᠢᠯᠡᠭᠡ ᠮᠡᠷᠭᠡᠵᠢᠯ ᠤᠨ ᠣᠷᠳᠤᠨ ᠳᠤ ᠣᠴᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠭ ᠶᠣᠰᠤ ᠶᠢ ᠤᠶᠢᠯᠠᠭᠠᠵᠦ᠂ ᠲᠠᠷᠠᠭ᠎ᠠ ᠨᠢ ᠬᠠᠤᠯᠢ ᠪᠠᠷ ᠵᠠᠰᠠᠬᠤ ᠤᠬᠠᠭᠤᠯᠭ᠎ᠠ ᠬᠦᠮᠦᠵᠢᠯ ᠤᠨ ᠰᠠᠭᠤᠷᠢᠨ ᠭᠠᠵᠠᠷ ᠲᠤ ᠬᠦᠷᠴᠦ᠂ ᠬᠠᠤᠯᠢ ᠶᠢᠨ ᠮᠡᠳᠡᠯᠭᠡ ᠬᠦᠷᠲᠡᠨ᠂ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ᠂ ᠣᠷᠤᠨ ᠨᠣᠲᠤᠭ ᠤᠨ ᠢᠶᠠᠨ ᠬᠦᠭᠵᠢᠯᠲᠡ ᠬᠤᠪᠢᠷᠠᠯᠲᠠ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠦᠢᠯᠠᠭᠠᠨ᠂ ᠣᠷᠤᠨ ᠨᠤᠲᠤᠭ ᠢᠶᠠᠨ ᠪᠦᠲᠦᠭᠡᠨ ᠪᠠᠶᠢᠭᠤᠯᠬᠤ ᠣᠮᠤᠭᠰᠢᠯᠲᠤ ᠰᠡᠳᠭᠢᠯᠭᠡ ᠶᠢ ᠪᠣᠢ ᠪᠣᠯᠭᠠᠨ᠂ ᠬᠠᠤᠯᠢ ᠳᠦᠷᠢᠮ ᠤᠨ ᠤᠶᠢᠯᠠᠭᠠᠯᠲᠠ ᠪᠠᠨ ᠭᠦᠨᠵᠡᠭᠡᠶᠢᠷᠡᠭᠦᠯᠪᠡ᠃ ᠭᠤᠷᠪᠠᠳᠤᠭᠠᠷ ᠲᠤ ᠰᠢᠶᠠᠨ ᠹᠧᠩ ᠰᠢᠶᠠᠩ ᠤᠨ ᠬᠦᠳᠡᠯᠮᠦᠷᠢ ᠦᠢᠯᠡᠳᠦᠯᠭᠡ ᠶᠢᠨ ᠰᠠᠭᠤᠷᠢᠨ ᠭᠠᠵᠠᠷ ᠲᠤ ᠬᠦᠷᠴᠦ᠂ ᠪᠡᠶ᠎ᠡ ᠪᠠᠨ ᠲᠠᠭᠠᠭᠠᠵᠤ ᠦᠳᠡ ᠶᠢᠨ ᠬᠤᠭᠤᠯᠠ ᠪᠡᠯᠡᠳᠭᠡᠬᠦ ᠠᠵᠢᠯᠯᠠᠭᠠᠨ ᠳᠤ ᠣᠷᠤᠯᠴᠠᠭᠠᠳ ᠪᠠᠩᠰᠢ ᠪᠠᠷᠢᠬᠤ᠂ ᠦᠨᠳᠡᠭᠡᠳᠤ ᠪᠣᠭᠤᠷᠰᠤᠭ ᠬᠢᠬᠦ᠂  ᠨᠣᠭᠤᠭ᠎ᠠ ᠬᠠᠭᠤᠷᠬᠤ ᠵᠡᠷᠭᠡ ᠠᠵᠢᠯ ᠢ ᠬᠢᠵᠦ᠂ ᠦᠳᠡ ᠳᠤ ᠦᠪᠡᠷ ᠤᠨ ᠬᠢᠭᠰᠡᠨ ᠬᠤᠭᠤᠯᠠ ᠪᠠᠨ ᠢᠳᠡᠵᠡᠭᠡᠪᠡ᠃ ᠳᠦᠷᠪᠡᠳᠦᠭᠡᠷ ᠲᠤ ᠶᠢᠩ ᠵᠢᠶᠠ ᠲᠠᠷᠢᠶᠠᠯᠠᠩ ᠤᠨ ᠪᠦᠲᠦᠭᠡᠭᠳᠡᠬᠦᠨ ᠤ ᠬᠤᠷᠰᠢᠶᠠᠵᠢᠯ ᠤᠨ ᠱᠦᠭᠦᠷ ᠬᠢᠬᠦ ᠦᠢᠯᠡᠳᠪᠦᠷᠢ ᠶᠢᠨ ᠰᠠᠭᠤᠷᠢᠨ ᠭᠠᠵᠠᠷ ᠲᠤ ᠬᠦᠷᠴᠦ᠂ ᠲᠡᠨᠳᠡᠬᠢ ᠬᠦᠮᠦᠨ ᠠᠷᠠᠳ ᠤᠨ ᠣᠶᠤᠨ ᠰᠠᠨᠠᠭᠠᠨ ᠤ ᠡᠭᠦᠳᠦᠨ ᠪᠦᠲᠦᠭᠡᠯᠲᠡ ᠶᠢ ᠭᠠᠶᠢᠬᠠᠨ ᠪᠢᠰᠢᠷᠡᠭᠰᠡᠨ ᠶᠤᠮ᠃ ᠲᠠᠪᠤᠳᠤᠭᠠᠷ ᠲᠤ ᠣᠷᠤᠨ ᠨᠤᠲᠤᠭ ᠤᠨ ᠳᠦᠷᠪᠡᠨ ᠤᠯᠠᠷᠢᠯ ᠤᠨ ᠤᠷᠭᠤᠮᠠᠯ ᠤᠨ ᠦᠵᠡᠰᠭᠦᠯᠡᠩ ᠤᠨ ᠬᠦᠷᠢᠶᠡᠯᠡᠩ ᠳᠤ ᠬᠦᠷᠴᠦ᠂ ᠬᠤᠪᠤᠷ ᠴᠤᠬᠠᠭ ᠭᠤᠸᠠ ᠨᠤᠭᠤᠭ᠎ᠠ ᠪᠣᠯᠤᠨ ᠤᠷᠭᠤᠮᠠᠯ ᠲᠠᠢ ᠲᠠᠨᠢᠯᠴᠠᠪᠠ᠃ ᠰᠤᠷᠤᠭᠴᠢᠳ ᠤᠨ ᠢᠶᠠᠨ ᠰᠠᠯᠵᠤ ᠶᠠᠳᠠᠭᠰᠠᠨ ᠰᠡᠳᠭᠢᠯᠭᠡ ᠪᠠ ᠠᠮᠢᠳᠣᠷᠠᠯ ᠦᠢᠯᠡᠳᠪᠦᠷᠢᠯᠡᠯ ᠤᠨ ᠣᠯᠠᠨ ᠮᠡᠳᠡᠯᠭᠡ ᠶᠢ ᠲᠡᠭᠡᠭᠡᠵᠦ᠂ ᠦᠳᠡ ᠶᠢᠨ ᠬᠤᠶᠢᠨᠠᠬᠢ 4 ᠴᠠᠭ ᠲᠤ ᠪᠣᠴᠠᠬᠤ ᠠᠶᠠᠨ ᠢᠶᠠᠨ ᠡᠯᠭᠦᠭᠰᠡᠨ ᠶᠤᠮ᠃
       ᠲᠤᠰ ᠠᠵᠢᠯᠯᠠᠭᠠᠨ ᠨᠢ ᠬᠡᠳᠦᠶᠢᠪᠡᠷ ᠤᠬᠤᠷᠬᠠᠨ ᠨᠢᠭᠡ ᠡᠳᠦᠷ ᠤᠨ ᠬᠤᠭᠤᠴᠠᠭ᠎ᠠ ᠪᠠᠶᠢᠭᠰᠠᠨ ᠴᠤ ᠤᠷᠮ᠎ᠠ ᠪᠠᠬ᠎ᠠ ᠶᠢ ᠲᠠᠳᠠᠭᠰᠠᠨ  ᠤᠳᠬ᠎ᠠ ᠠᠭᠤᠯᠭ᠎ᠠ ᠪᠠᠷ ᠪᠠᠶᠠᠯᠢᠭ᠂ ᠦᠷ᠎ᠡ ᠪᠦᠲᠦᠮᠵᠢ ᠲᠠᠢ ᠠᠵᠢᠯᠯᠠᠭᠠᠨ ᠪᠣᠯᠤᠭᠰᠠᠨ ᠶᠤᠮ᠃ ᠪᠠᠭᠰᠢ ᠰᠤᠷᠤᠭᠴᠢ ᠶᠢᠨ ᠬᠠᠷᠠᠭ᠎ᠠ ᠶᠢ ᠲᠡᠯᠡᠵᠦ᠂ ᠮᠡᠳᠡᠯᠭᠡ ᠶᠢ ᠦᠷᠭᠡᠳᠭᠡᠨ᠂ ᠰᠤᠷᠤᠭᠴᠢᠳ ᠤᠨ ᠪᠡᠶ᠎ᠡ ᠪᠠᠨ ᠲᠠᠭᠠᠭᠠᠬᠤ ᠴᠢᠳᠠᠪᠦᠷᠢ᠂ ᠬᠦᠴᠢᠷ ᠢ ᠢᠯᠡᠨ ᠲᠠᠪᠠᠭ᠋ᠤ ᠴᠢᠳᠠᠪᠦᠷᠢ᠂ ᠦᠢᠯᠡᠳᠦᠯᠭᠡ ᠶᠢᠨ ᠳᠤᠮᠳᠠ ᠦᠪᠡᠷ ᠢ ᠪᠠᠨ ᠲᠠᠪᠳᠠᠨ ᠪᠣᠯᠪᠠᠰᠣᠷᠠᠬᠤ ᠴᠢᠳᠠᠪᠦᠷᠢ ᠶᠢ ᠬᠦᠮᠦᠵᠢᠭᠦᠯᠦᠨ᠂ ᠶᠡᠷᠦᠩᠬᠡᠢ ᠬᠡᠪ ᠪᠣᠯᠪᠠᠰᠤᠷᠠᠯ ᠢ ᠲᠡᠭᠡᠭᠰᠢᠯᠡᠭᠦᠯᠦᠭᠰᠡᠨ ᠪᠠᠶᠢᠨ᠎ᠠ᠃  ︵ᠵᠠᠯᠭᠠᠬᠦᠤ︶
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号