ᠠᠷᠤ  ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠶᠢᠨ ᠬᠥᠯ ᠪᠦᠮᠪᠣᠭᠡᠨ ᠠᠩᠭᠢ ᠨᠢ  ︽ᠬᠤᠲᠠ ᠶᠢᠨ ᠲᠠᠷᠤᠭ᠎ᠠ ᠬᠤᠨᠳᠠᠭᠠᠳᠤ︾ ᠣᠷᠤᠯᠳᠤᠭᠠᠨ ᠳᠤ ᠰᠢᠯᠢᠳᠡᠭ ᠠᠮᠵᠢᠯᠲᠠ ᠣᠯᠪᠠ
ᠨᠡᠶᠢᠲᠡᠯᠡᠭᠰᠡᠨ ᠴᠠᠭ᠄
2020/10/27
       2020 ᠣᠨ ᠤ 10 ᠰᠠᠷ᠎ᠠ ᠶᠢᠨ 16— 21 ᠤ ᠡᠳᠦᠷ ᠪᠣᠯᠲᠠᠯ᠎ᠠ ᠤᠯᠠᠭᠠᠨᠬᠠᠳᠠ ᠬᠤᠲᠠ ᠳᠤ ᠶᠠᠪᠤᠭᠳᠠᠭᠰᠠᠨ ᠤᠯᠠᠭᠠᠨᠬᠠᠳᠠ ᠬᠤᠲᠠ ᠶᠢᠨ ᠵᠢᠷᠭᠤᠳᠤᠭᠠᠷ ᠤᠳᠠᠭᠠᠨ ᠤ ︽ᠬᠤᠲᠠ ᠶᠢᠨ ᠲᠠᠷᠤᠭ᠎ᠠ ᠬᠤᠨᠳᠠᠭᠠᠳᠤ︾ ᠰᠤᠷᠭᠠᠭᠤᠯᠢ ᠶᠢᠨ ᠬᠦᠷᠢᠶᠡᠨ ᠤ ᠬᠥᠯ ᠪᠦᠮᠪᠦᠭᠡ ᠶᠢᠨ ᠤᠷᠤᠯᠳᠤᠭᠠᠨ ᠳᠤ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠶᠢᠨ ᠬᠥᠯ ᠪᠦᠮᠪᠣᠭᠡᠨ ᠠᠩᠭᠢ ᠨᠢ ᠬᠤᠷᠴᠠ ᠰᠢᠷᠦᠭᠦᠨ ᠦᠷᠢᠰᠦᠯᠳᠦᠭᠡᠨ ᠢᠶᠠᠷ ᠲᠠᠮᠵᠢᠨ ᠪᠦᠬᠦ ᠬᠤᠲᠠ ᠶᠢᠨ 16 ᠪᠠᠭ ᠬᠥᠯ ᠪᠦᠮᠪᠦᠭᠡᠨ ᠠᠩᠭᠢ ᠶᠢᠨ ᠳᠤᠮᠳᠠ  ᠭᠤᠷᠪᠠᠳᠤᠭᠠᠷ ᠲᠤ ᠣᠷᠤᠭᠰᠠᠨ ᠰᠢᠯᠢᠳᠡᠭ ᠬᠢᠷᠢ ᠪᠦᠲᠦᠮᠵᠢ ᠡᠭᠦᠳᠦᠭᠰᠡᠨ ᠪᠠᠶᠢᠨ᠎ᠠ᠃
       ᠬᠠᠨ ᠠᠭᠤᠯᠠ ᠪᠠᠭ᠎ᠠ ᠰᠤᠷᠭᠠᠭᠤᠯᠢ ᠶᠢᠨ 12 ᠲᠠᠮᠢᠷᠴᠢᠨ᠂ 2 ᠪᠠᠭᠰᠢ ᠶᠢᠨ ᠢᠶᠠᠨ ᠲᠠᠭᠠᠭᠤᠯᠭ᠎ᠠ ᠪᠠᠷ ᠲᠤᠰ ᠤᠷᠤᠯᠳᠤᠭᠠᠨ ᠳᠤ ᠣᠷᠤᠯᠴᠠᠵᠤ᠂ ᠪᠠᠭᠰᠢ ᠶᠢᠨ ᠢᠶᠠᠨ ᠵᠢᠭᠠᠭᠰᠠᠨ ᠠᠷᠭ᠎ᠠ ᠮᠡᠷᠭᠡᠵᠢᠯ ᠤᠨ ᠲᠣᠭᠤᠷᠢᠨ ᠳᠤ ᠲᠠᠮᠢᠷᠴᠢᠳ ᠨᠢᠭᠲᠠ ᠬᠠᠮᠵᠢᠯᠴᠠᠨ᠂ ᠯᠠᠪᠳᠠᠭᠤᠨ ᠲᠤᠭᠳᠠᠭᠤᠨ᠂ ᠪᠦᠯᠬᠦᠮᠳᠡᠨ ᠲᠡᠮᠡᠴᠡᠬᠦ ᠵᠣᠷᠢᠭ ᠰᠠᠨᠠᠭ᠎ᠠ ᠪᠠᠷ ᠣᠷᠤᠯᠳᠤᠭᠠᠨ ᠳᠤ ᠦᠪᠡᠷ ᠦᠪᠡᠷ ᠤᠨ ᠤᠷ᠎ᠠ ᠮᠡᠷᠭᠡᠵᠢᠯ ᠢᠶᠠᠨ ᠭᠦᠢᠴᠡᠳ ᠪᠠᠳᠠᠷᠠᠭᠤᠯᠵᠣ ᠴᠢᠳᠠᠭᠰᠠᠨ ᠪᠠᠶᠢᠨ᠎ᠠ᠃ ᠬᠡᠳᠦᠶᠢᠪᠡᠷ ᠲᠡᠳᠡᠨᠡᠷ ᠤᠨ ᠣᠯᠠᠩᠬᠢ ᠨᠢ ᠠᠩᠬ᠎ᠠ ᠤᠳᠠᠭ᠎ᠠ ᠣᠷᠤᠯᠳᠤᠭᠠᠨ ᠳᠤ ᠣᠷᠤᠯᠴᠠᠵᠤ ᠪᠠᠶᠢᠭ᠎ᠠ ᠰᠢᠨ᠎ᠡ ᠲᠠᠮᠢᠷᠴᠢᠳ ᠪᠣᠯᠪᠠᠴᠤ᠂ ᠲᠡᠳᠡᠨᠡᠷ ᠣᠬᠤᠷᠬᠠᠨ ᠬᠤᠭᠤᠴᠠᠭᠠᠨ ᠤ ᠥᠷᠯᠥᠭᠡ ᠦᠳᠡᠰᠢ ᠶᠢᠨ ᠴᠠᠭ ᠪᠠ ᠭᠠᠷᠠᠭ ᠤᠨ ᠠᠮᠠᠷᠠᠯᠲᠠ ᠳᠤ ᠪᠠᠨ ᠰᠢᠷᠭᠠᠭᠤ ᠬᠠᠲᠠᠭᠤᠵᠢᠯᠲᠠᠢ ᠪᠣᠯᠪᠠᠰᠤᠷᠠᠵᠤ᠂ ᠡᠩ ᠤᠨ ᠴᠠᠭ ᠤᠨ ᠲᠠᠮᠢᠷ ᠤᠨ ᠪᠠᠭᠰᠢ ᠶᠢᠨ ᠵᠢᠭᠠᠨ ᠵᠢᠯᠣᠭᠤᠳᠤᠯᠭ᠎ᠠ ᠶᠢ ᠬᠢᠨᠠᠮᠠᠭᠠᠢ ᠰᠣᠨᠤᠰᠤᠭᠰᠠᠨ ᠠᠴᠠ ᠥᠨᠦᠳᠦᠷ ᠤᠨ ᠦᠨᠳᠦᠷ ᠠᠮᠵᠢᠯᠲᠠ ᠳᠤ ᠬᠦᠷᠦᠭᠰᠡᠨ ᠪᠠᠶᠢᠨ᠎ᠠ᠃    
       ᠰᠤᠷᠤᠭᠴᠢᠢᠳ ᠤᠨ ᠢᠶᠠᠨ ᠰᠤᠷᠤᠯᠭ᠎ᠠ ᠬᠢᠴᠢᠶᠡᠯ ᠢ ᠨᠢ ᠰᠠᠭᠠᠲᠠᠭᠠᠬᠤ ᠦᠭᠡᠢ ᠶᠢᠨ ᠲᠥᠯᠥᠭᠡ ᠬᠥᠯ ᠪᠦᠮᠪᠣᠭᠡᠨ ᠤ ᠵᠢᠭᠠᠨ ᠵᠢᠯᠣᠭᠤᠳᠤᠭᠴᠢ ᠰᠡᠴᠡᠨᠳᠠᠯᠠᠢ ᠪᠠᠭᠰᠢ ᠰᠤᠷᠤᠭᠴᠢᠳ ᠤᠨ ᠠᠮᠠᠷᠠᠯᠲᠠ ᠶᠢᠨ ᠴᠠᠭ ᠢ ᠠᠰᠢᠭᠯᠠᠨ ᠪᠣᠯᠪᠠᠰᠤᠷᠠᠵᠤ᠂ ᠦᠪᠡᠷ ᠤᠨ ᠠᠮᠠᠷᠠᠯᠲᠠ ᠪᠠᠨ ᠦᠷᠡᠭᠳᠡᠭᠦᠯᠦᠨ᠂ ᠰᠤᠷᠤᠭᠴᠢᠳ ᠤᠨ ᠢᠶᠠᠨ ᠬᠥᠯ ᠪᠦᠮᠪᠣᠭᠡᠨ ᠤᠷ᠎ᠠ ᠮᠡᠷᠭᠡᠵᠢᠯ ᠢ ᠲᠡᠭᠡᠭᠰᠢᠯᠡᠭᠦᠯᠤᠨ᠂ ᠣᠷᠤᠯᠳᠤᠭᠠᠨ ᠤ ᠬᠤᠭᠤᠴᠠᠭᠠᠨ ᠳᠤ ᠲᠠᠮᠢᠷᠴᠢᠳ ᠤᠨ ᠢᠶᠠᠨ ᠠᠮᠢᠳᠤᠷᠠᠯ᠂ ᠪᠣᠯᠪᠠᠰᠤᠷᠠᠯ ᠢ ᠰᠠᠶᠢᠬᠠᠨ ᠵᠣᠬᠢᠴᠠᠭᠤᠯᠬᠤ ᠶᠢᠨ ᠬᠠᠮᠲᠤ ᠰᠤᠷᠤᠯᠭ᠎ᠠ ᠬᠢᠴᠢᠶᠡᠯ ᠢ ᠨᠢ ᠲᠠᠪᠳᠠᠭᠤᠯᠬᠤ ᠠᠵᠢᠯ ᠢ ᠶᠡᠷᠦ ᠬᠠᠶᠠᠭᠰᠠᠨ ᠦᠭᠡᠢ᠃
       ᠬᠠᠨ ᠠᠭᠤᠯᠠ ᠪᠠᠭ᠎ᠠ ᠰᠤᠷᠭᠠᠭᠤᠯᠢ ᠨᠢ ᠤᠷᠤᠯᠳᠤᠭᠠᠨ ᠳᠤ ᠣᠷᠤᠯᠴᠠᠭᠰᠠᠨ ᠪᠠᠭᠰᠢ ᠰᠤᠷᠤᠭᠴᠢ ᠪᠠᠨ ᠵᠣᠷᠢᠭᠵᠢᠭᠤᠯᠬᠤ ᠶᠢᠨ ᠲᠥᠯᠥᠭᠡ ᠲᠤᠰᠬᠠᠶᠢᠯᠠᠨ ᠪᠦᠬᠦ ᠪᠠᠭᠰᠢ ᠰᠤᠷᠤᠭᠴᠢ ᠶᠢᠨ ᠡᠮᠣᠨ᠎ᠡ ᠱᠠᠩᠨᠠᠨ ᠬᠦᠬᠢᠭᠦᠯᠬᠦ ᠬᠤᠷᠠᠯ ᠵᠣᠬᠢᠶᠠᠨ ᠪᠠᠶᠢᠭᠤᠯᠵᠣ ᠪᠠᠭᠰᠢ ᠰᠤᠷᠤᠭᠴᠢ ᠪᠠᠨ ᠱᠠᠩᠨᠠᠨ ᠵᠣᠷᠢᠭᠵᠢᠭᠤᠯᠤᠭᠰᠠᠨ ᠪᠦᠭᠡᠳ ᠵᠢᠭᠠᠨ ᠵᠢᠯᠣᠭᠤᠳᠤᠭᠴᠢ ᠪᠠᠭᠰᠢ ᠠᠴᠠ ᠬᠦᠷᠡᠯ ᠬᠤᠨᠳᠠᠭ᠎ᠠ ᠪᠠᠨ ᠰᠤᠷᠭᠠᠭᠤᠯᠢ ᠶᠢᠨ ᠵᠠᠬᠢᠷᠤᠯ ᠤᠨ ᠭᠠᠷ ᠲᠤ ᠭᠠᠷᠳᠠᠭᠤᠯᠤᠭᠰᠠᠨ ᠪᠠᠶᠢᠨ᠎ᠠ᠃     ︵ᠵᠠᠯᠭᠠᠬᠦᠦ︶
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号