ᠪᠠᠭᠰᠢ ᠨᠠᠷ ᠤᠨ ᠭᠠᠳᠠᠭᠰᠢ ᠰᠤᠷᠤᠯᠴᠠᠬᠤ ᠪᠠᠷ ᠶᠠᠪᠤᠭᠰᠠᠨ ᠦᠷ᠎ᠡ ᠪᠦᠲᠦᠮᠵᠢ ᠶᠢ ᠲᠡᠯᠭᠡᠨ᠂ ᠲᠡᠷᠢᠭᠦᠨ ᠤ | ᠵᠢᠭᠠᠨ ᠰᠤᠷᠭᠠᠬᠤ ᠠᠷᠭ᠎ᠠ ᠠᠪᠴᠠᠯ ᠢ ᠰᠤᠷᠤᠯᠴᠠᠨ᠂ ᠰᠤᠷᠭᠠᠭᠤᠯᠢ ᠶᠢᠨ ᠢᠶᠠᠨ ᠬᠢᠴᠢᠶᠡᠯ ᠤᠨ ᠲᠠᠩᠭᠢᠮ ᠤᠨ ᠵᠢᠭᠠᠨ | ᠰᠤᠷᠭᠠᠬᠤ ᠬᠢᠷᠢ ᠲᠥᠪᠰᠢᠨ ᠢ ᠲᠡᠭᠡᠭᠰᠢᠯᠡᠭᠦᠯᠬᠦ ᠶᠢᠨ ᠡᠭᠦᠳᠡᠨ ᠠᠴᠠ ᠠᠷᠤ ᠬᠤᠷᠴᠢᠨ ᠬᠤᠰᠢᠭᠤᠨ ᠤ ᠬᠠᠨ ᠠᠭᠤᠯᠠ | ᠪᠠᠭ᠎ᠠ ᠰᠤᠷᠭᠠᠭᠤᠯᠢ ᠨᠢ ᠭᠠᠳᠠᠭᠰᠢ ᠰᠤᠷᠤᠯᠴᠠᠬᠤ ᠪᠠᠷ ᠶᠠᠪᠤᠭᠰᠠᠨ ᠪᠠᠭᠰᠢ ᠨᠠᠷ ᠤᠨ ᠬᠠᠷᠢᠭᠤ ᠮᠡᠳᠡᠭᠦᠯᠦᠯᠲᠡ ᠬᠢᠬᠦ | ᠠᠵᠢᠯᠯᠠᠭᠠᠨ ᠦᠷᠨᠢᠭᠦᠯᠪᠡ᠃ | | | | | | | ᠬᠠᠨ ᠠᠭᠤᠯᠠ ᠪᠠᠭ᠎ᠠ ᠰᠤᠷᠭᠠᠭᠤᠯᠢ ᠶᠢᠨ ᠭᠤᠸ᠎ᠠ ᠡᠷᠬᠢᠯᠡᠭᠴᠢ ᠪᠣᠯᠤᠨ ᠨᠠᠳᠮᠢᠳ ᠡᠷᠬᠢᠯᠡᠭᠴᠢ | ᠪᠡᠭᠡᠵᠢᠩ ᠤᠨ ᠲᠥᠪ ᠤᠨ ᠦᠨᠳᠦᠰᠦᠲᠡᠨ ᠤ ᠺᠠᠳ᠋ᠷ ᠤᠨ ᠲᠡᠭᠡᠳᠦ ᠰᠤᠷᠭᠠᠭᠤᠯᠢ ᠳᠤ ᠤᠯᠠᠭᠠᠨᠬᠠᠳᠠ ᠬᠤᠲᠠ ᠶᠢᠨ | ᠳᠤᠮᠳᠠᠳᠤ ᠪᠠᠭ᠎ᠠ ᠰᠤᠷᠭᠠᠭᠤᠯᠢ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠᠲᠤ ᠤᠬᠠᠮᠰᠠᠷ ᠢ | ᠪᠠᠬᠢᠵᠢᠭᠦᠯᠬᠦ︾ ᠪᠣᠯᠪᠠᠰᠤᠷᠠᠯ ᠳᠤ ᠣᠷᠤᠯᠴᠠᠵᠤ᠂ ᠭᠤᠸ᠎ᠠ ᠡᠷᠬᠢᠯᠡᠭᠴᠢ ᠠᠴᠠ ︽ᠰᠤᠷᠭᠠᠨ ᠬᠦᠮᠦᠵᠢᠭᠦᠯᠦᠭᠴᠢ | ᠦᠪᠡᠷᠲᠡᠭᠡᠨ ᠵᠠᠪᠠᠯ ᠬᠦᠮᠦᠵᠢᠭᠴᠢ ᠪᠠᠶᠢᠬᠤ ᠬᠡᠷᠡᠭᠲᠡᠢ︾ ᠭᠡᠬᠦ ᠭᠠᠷᠴᠠᠭ ᠢᠶᠠᠷ ︽ᠰᠢᠨ᠎ᠡ ᠡᠷᠢᠨ ᠤ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠲᠤᠬᠠᠶᠢᠯᠠᠭᠰᠠᠨ ᠠᠵᠢᠯ ᠤᠨ ᠠᠷᠪᠠᠨ ᠳᠦᠷᠢᠮᠵᠢᠯ︾ ᠵᠡᠷᠭᠡ ᠲᠡᠭᠡᠳᠦ ᠱᠠᠳᠤᠨ ᠤ | ᠤᠳᠤᠷᠢᠳᠤᠯᠭ᠎ᠠ ᠨᠠᠷ ᠤᠨ ᠶᠠᠷᠢᠶ᠎ᠠ ᠱᠠᠭᠠᠷᠳᠠᠯᠭ᠎ᠠ᠂ ᠬᠠᠯᠠᠮᠵᠢᠯᠠᠯ ᠢ ᠰᠤᠷᠤᠯᠴᠠᠭᠤᠯᠤᠨ᠂ ᠦᠪᠡᠷ ᠤᠨ ᠣᠯᠣᠯᠲᠠ | ᠲᠦᠷᠦᠭᠳᠡᠯ ᠢᠶᠠᠨ ᠬᠤᠪᠢᠶᠠᠯᠴᠠᠭᠰᠠᠨ ᠪᠠᠶᠢᠨ᠎ᠠ᠃ | | | | | | | | | | ︽ᠪᠦᠬᠦ ᠬᠤᠲᠠ ᠶᠢᠨ ᠮᠣᠩᠭᠤᠯ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ | ᠪᠠᠭᠰᠢ ᠶᠢᠨ ᠪᠣᠯᠪᠠᠰᠤᠷᠠᠯ︾ ᠳᠤ ᠲᠤᠰ ᠰᠤᠷᠭᠠᠭᠤᠯᠢ ᠶᠢᠨ ᠲᠣᠭᠠᠨ ᠤ ᠪᠠᠭᠰᠢ ᠪᠤ ᠵᠠᠯᠭᠠᠬᠦᠤ᠂ ᠰᠠᠷᠠᠨᠲᠤᠶᠠᠭ᠎ᠠ᠂ ᠸᠠᠨ | ᠬᠤᠸᠠ᠂ ᠰᠠ᠊ ᠰᠡᠴᠡᠩᠭᠤᠸ᠎ᠠ᠂ ᠰᠠᠷᠠᠨᠴᠢᠮᠡᠭ᠂ ᠸᠠᠩ ᠨᠠᠷᠠᠩᠭᠤᠸ᠎ᠠ᠂ ᠮᠠᠨᠤᠬᠤᠸᠠᠷ ᠵᠡᠷᠭᠡ ᠪᠠᠭᠰᠢ ᠣᠷᠤᠯᠴᠠᠵᠤ᠂ | ᠪᠣᠯᠪᠠᠰᠤᠷᠠᠯ ᠳᠤ ᠰᠠᠷᠠᠨᠲᠤᠶᠠᠭ᠎ᠠ ᠺᠤᠷᠰᠸᠠᠶᠢᠷ ᠤᠨ ᠦᠵᠡᠭᠦᠯᠦᠯᠭᠡ ᠶᠢᠨ ᠬᠢᠴᠢᠶᠡᠯ ᠶᠠᠷᠢᠵᠤ᠂ ᠰᠤᠷᠭᠠᠭᠤᠯᠢ ᠳᠤ ᠪᠠᠨ | ᠪᠣᠴᠠᠨ ᠢᠷᠡᠭᠰᠡᠨ ᠤ ᠲᠠᠷᠠᠭ᠎ᠠ ᠲᠡᠭᠡᠳᠦ ᠣᠨ ᠤ ᠲᠣᠭᠤᠶᠢᠯᠠᠩ ᠨᠢ ᠬᠠᠮᠲᠤ ᠪᠠᠷ ᠬᠢᠴᠢᠶᠡᠯ ᠪᠡᠯᠡᠳᠭᠡᠵᠦ᠂ ᠬᠢᠴᠢᠶᠡᠯ | ᠣᠷᠤᠭᠰᠠᠨ ᠪᠦᠭᠡᠳ ᠲᠤᠤᠷ᠎ᠠ ᠣᠨ ᠤ ᠲᠤᠭᠤᠶᠢᠯᠠᠩ ᠨᠢ ᠮᠠᠨᠤᠬᠤᠸᠠᠷ ᠪᠠᠭᠰᠢ ᠲᠥᠯᠥᠭᠡᠯᠡᠨ ᠪᠣᠯᠪᠠᠰᠤᠷᠠᠯ ᠳᠤ | ᠣᠷᠤᠯᠴᠠᠭᠰᠠᠨ ᠣᠯᠣᠯᠲᠠ ᠲᠦᠷᠦᠭᠳᠡᠯ ᠢᠶᠠᠨ ᠬᠤᠪᠢᠶᠠᠯᠴᠠᠭᠰᠠᠨ ᠪᠠᠶᠢᠨ᠎ᠠ᠃ | ᠲᠤᠰ ᠠᠵᠢᠯᠯᠠᠭᠠᠨ ᠨᠢ ᠪᠠᠭᠰᠢ ᠨᠠᠷ ᠤᠨ ᠵᠢᠭᠠᠨ ᠰᠤᠷᠭᠠᠬᠤ ᠬᠠᠷᠠᠴᠠ ᠶᠢ ᠦᠷᠭᠡᠳᠭᠡᠵᠦ᠂ ᠵᠢᠭᠠᠨ | ᠰᠤᠷᠭᠠᠬᠤ ᠤᠷ᠎ᠠ ᠮᠡᠷᠭᠡᠰᠢᠯ ᠢ ᠲᠡᠭᠡᠭᠰᠢᠯᠡᠭᠦᠯᠦᠨ᠂ ᠬᠢᠴᠢᠶᠡᠯ ᠤᠨ ᠲᠠᠩᠭᠢᠮ ᠤᠨ ᠵᠢᠭᠠᠨ ᠰᠤᠷᠭᠠᠯᠲᠠ ᠶᠢ | ᠰᠢᠯᠢᠳᠡᠭᠵᠢᠭᠦᠯᠬᠦ ᠳᠤ ᠲᠦᠯᠬᠢᠴᠡ ᠦᠢᠯᠡᠳᠦᠯ ᠦᠵᠡᠭᠦᠯᠦᠭᠰᠡᠨ ᠪᠠᠶᠢᠨ᠎ᠠ᠃ ︵ᠵᠠᠯᠭᠠᠬᠦᠦ︶ | |