ᠵᠣᠴᠢᠨ᠄ ᠠᠷᠤ ᠬᠤᠷᠴᠢᠨ ᠬᠤᠰᠢᠭᠤᠨ ᠤ ᠰᠠᠶᠢᠬᠠᠨᠲᠠᠯ᠎ᠠ ᠰᠣᠮᠣ ᠶᠢᠨ ᠨᠠᠮ ᠤᠨ ᠬᠤᠷᠢᠶᠠᠨ ᠤ ᠱᠦᠵᠢ | ᠡᠷᠳᠡᠮᠲᠦ | ᠰᠣᠷᠪᠤᠯᠵᠢᠯᠠᠭᠴᠢ᠄ ᠨᠠᠳᠮᠢᠳᠰᠡᠷᠡᠩ᠂ ᠰᠠᠷᠠᠭᠤᠯ | | | | | ᠰᠣᠷᠪᠣᠯᠵᠢᠯᠠᠭᠴᠢ᠄ ᠰᠠᠶᠢᠨ ᠪᠠᠶᠢᠵᠠᠭᠠᠨ᠎ᠠ ᠤᠤ︖ ᠭᠠᠴᠠᠭᠠᠨ ᠤ ︽ᠬᠤᠶᠠᠷ ᠪᠠᠭ︾ ᠤᠨ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠠᠵᠢᠯ ᠤᠨ ᠲᠤᠰᠬᠠᠢ ᠰᠣᠷᠪᠣᠯᠵᠢᠯᠠᠭ᠎ᠠ ᠳᠠᠭᠠᠨ ᠪᠢᠳᠡ ᠰᠠᠶᠢᠬᠠᠨᠲᠠᠯ᠎ᠠ ᠰᠣᠮᠣ ᠶᠢᠨ | ᠨᠠᠮ ᠤᠨ ᠬᠤᠷᠢᠶᠠᠨ ᠤ ᠡᠷᠳᠡᠮᠲᠦ ᠱᠦᠵᠢ ᠶᠢ ᠤᠷᠢᠯ᠎ᠠ᠂ ᠰᠠᠶᠢᠨ ᠪᠠᠶᠢᠨ᠎ᠠ ᠤᠤ︖ | ᠡᠷᠳᠡᠮᠲᠦ ᠱᠦᠵᠢ᠄ ᠲᠠ ᠰᠠᠶᠢᠨ ᠤᠤ︖ | ᠰᠣᠷᠪᠤᠯᠵᠢᠯᠠᠭᠴᠢ᠄ ᠡᠨᠡ ᠵᠢᠯ ᠤᠨ 11 ᠰᠠᠷ᠎ᠠ ᠠᠴᠠ ᠳᠠᠷᠠᠭ᠎ᠠ ᠵᠢᠯ ᠤᠨ 3 ᠰᠠᠷ᠎ᠠ ᠪᠣᠯᠲᠠᠯ᠎ᠠ ᠭᠠᠴᠠᠭᠠᠨ ᠤ | ︽ᠬᠤᠶᠠᠷ ᠪᠠᠭ︾ ᠤᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠶᠠᠪᠤᠭᠳᠠᠬᠤ ᠪᠣᠯᠣᠨ᠎ᠠ᠂ ᠲᠡᠭᠡᠪᠡᠯ ᠡᠨᠡ | ᠵᠢᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠨᠢ ᠳᠡᠭᠡᠷ᠎ᠡ ᠵᠢᠯ ᠤᠨ ᠬᠢ ᠲᠠᠯ ᠬᠠᠷᠢᠴᠠᠭᠤᠯᠪᠠᠯ ᠶᠠᠮᠠᠷ | ᠣᠨᠴᠠᠭᠠᠢ ᠱᠠᠭᠠᠷᠳᠠᠯᠭ᠎ᠠ ᠪᠠᠶᠢᠳᠠᠭ ᠪᠣᠢ︖ | ᠡᠷᠳᠡᠮᠲᠦ ᠱᠦᠵᠢ᠄ ᠨᠠᠮ ᠤᠨ ᠳᠦᠷᠢᠮ᠂ ᠨᠠᠮ ᠤᠨ ᠬᠦᠳᠡᠭᠡ ᠲᠤᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠠᠵᠢᠯᠯᠠᠬᠤ ᠳᠦᠷᠢᠮ ᠪᠠ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠤᠭᠲᠠᠭᠠᠯ ᠢ | ᠦᠨᠳᠦᠰᠦᠯᠡᠪᠡᠯ ᠲᠤᠰ ᠤᠳᠠᠭᠠᠨ ᠤ ᠰᠣᠩᠭᠤᠭᠤᠯᠢ ᠶᠢᠨ ᠠᠵᠢᠯ ᠳᠤ ᠲᠤᠤᠷᠠᠬᠢ ᠮᠡᠳᠦ ᠬᠡᠳᠦᠨ ᠲᠠᠯ᠎ᠠ ᠶᠢᠨ | ᠬᠤᠪᠢᠷᠠᠯᠲᠠ ᠲᠠᠢ᠃ ᠨᠢᠭᠡᠳᠦᠭᠡᠷ ᠲᠤ᠂ ᠨᠠᠮ ᠤᠨ ᠡᠭᠦᠷ ᠤᠨ ᠱᠦᠵᠢ᠂ ᠭᠠᠴᠠᠭᠠᠨ ᠤ ᠵᠦᠪᠯᠡᠯ ᠤᠨ ᠡᠷᠬᠢᠯᠡᠭᠴᠢ ᠶᠢᠨ | ᠲᠤᠰᠢᠶᠠᠯ ᠢ ᠡᠷᠬᠡᠪᠰᠢ ᠨᠢᠭᠡ ᠬᠦᠮᠦᠨ ᠬᠠᠷᠢᠭᠤᠴᠠᠨ᠎ᠠ᠃ ᠬᠤᠶᠠᠷ ᠲᠤ᠂ ᠲᠤᠰᠢᠶᠠᠯ ᠬᠠᠷᠢᠭᠤᠴᠠᠬᠤ ᠬᠤᠭᠤᠴᠠᠭ᠎ᠠ | ᠤᠭ ᠤᠨ ᠭᠤᠷᠪᠠᠨ ᠵᠢᠯ ᠪᠠᠶᠢᠭᠰᠠᠨ ᠠᠴᠠ ᠪᠠᠨ ᠣᠳᠣ ᠲᠠᠪᠤᠨ ᠵᠢᠯ ᠪᠣᠯᠵᠠᠢ᠃ ᠭᠤᠷᠪᠠ ᠳᠤ᠂ ︽ᠬᠤᠶᠠᠷ ᠪᠠᠭ︾ | ᠤᠨ ᠪᠦᠷᠢᠯᠳᠦᠭᠦᠨ ᠳᠤ ᠶᠡᠭᠡ ᠬᠡᠮᠵᠢᠶᠡᠨ ᠤ ᠲᠣᠳᠣᠷᠬᠠᠢ ᠱᠠᠭᠠᠷᠳᠠᠯᠭ᠎ᠠ ᠳᠣᠷᠠᠳᠣᠭᠰᠠᠨ ᠪᠠᠶᠢᠨ᠎ᠠ᠂ ᠡᠭᠦᠨ ᠳᠤ ᠣᠯᠣᠰ | ᠲᠦᠷᠥ ᠶᠢᠨ ᠱᠠᠭᠠᠷᠳᠠᠯᠭ᠎ᠠ᠂ ᠣᠯᠠᠨ ᠲᠦᠮᠡᠨ ᠳᠤ ᠦᠢᠯᠡᠴᠢᠯᠡᠬᠦ ᠤᠬᠠᠮᠰᠠᠷ ᠤᠨ ᠲᠠᠯ᠎ᠠ ᠶᠢᠨ ᠱᠠᠭᠠᠷᠳᠠᠯᠭ᠎ᠠ᠂ ᠣᠯᠠᠨ | ᠲᠦᠮᠡᠨ ᠳᠤ ᠦᠢᠯᠡᠴᠢᠯᠡᠬᠦ ᠴᠢᠳᠠᠪᠤᠷᠢ ᠶᠢᠨ ᠲᠠᠯ᠎ᠠ ᠶᠢᠨ ᠱᠠᠭᠠᠷᠳᠠᠯᠭ᠎ᠠ᠂ ᠪᠡᠶ᠎ᠡ ᠮᠠᠬᠠᠪᠤᠳ ᠤᠨ ᠱᠠᠭᠠᠷᠳᠠᠯᠭ᠎ᠠ | ᠵᠡᠷᠭᠡ ᠳᠤ ᠲᠤᠳᠤᠷᠬᠠᠢ ᠠᠭᠤᠯᠭ᠎ᠠ ᠭᠠᠷᠭᠠᠪᠠ᠃ ᠡᠭᠦᠨ ᠳᠤ ᠣᠨᠴᠠᠭᠠᠶᠢᠯᠠᠨ ᠳᠤᠷᠠᠳᠤᠭᠤᠰᠢᠲᠠᠢ ᠨᠢ ᠨᠢᠭᠡ ᠨᠡᠷ᠎ᠡ | ᠣᠶᠣᠲᠠᠨ ᠢ ᠵᠠᠪᠠᠯ ᠣᠷᠣᠭᠤᠯᠵᠣ ᠠᠪᠴᠢᠷᠠᠬᠤ ᠬᠡᠷᠡᠭᠲᠡᠢ᠂ ᠡᠭᠦᠨ ᠢᠶᠠᠷ ᠪᠠᠷᠠᠬᠤ ᠦᠭᠡᠢ 11 ᠲᠦᠷᠦᠯ ᠤᠨ ᠬᠠᠤᠯᠢ | ᠰᠠᠬᠢᠯᠭ᠎ᠠ ᠶᠢ ᠵᠦᠷᠢᠴᠡᠭᠰᠡᠨ ᠬᠦᠮᠦᠰ ᠢ ᠣᠷᠣᠭᠤᠯᠵᠣ ᠪᠣᠯᠬᠤ ᠦᠭᠡᠢ᠂ ᠡᠭᠦᠨ ᠢ ᠲᠤᠳᠤᠷᠬᠠᠢ ᠲᠣᠭᠲᠠᠭᠠᠭᠰᠠᠨ | ᠪᠠᠶᠢᠨ᠎ᠠ᠃ ᠳᠦᠷᠪᠡᠳᠦᠭᠡᠷ ᠲᠤ᠂ ︽ᠬᠤᠶᠠᠷ ᠪᠠᠭ︾ ᠤᠨ ᠪᠦᠷᠢᠯᠳᠦᠭᠦᠨ ᠤ ᠬᠢᠷᠢ ᠭᠡᠮ ᠢ ᠬᠢᠨᠠᠨ ᠪᠠᠶᠢᠴᠠᠭᠠᠬᠤ | ᠰᠠᠯᠠᠭ᠎ᠠ ᠮᠦᠴᠢᠷ ᠨᠢ ᠤᠤᠯ ᠠᠴᠠ ᠪᠠᠨ ᠣᠯᠠᠨ ᠪᠣᠯᠵᠠᠢ᠂ ᠣᠣᠯ ᠳᠠᠭᠠᠨ 12 ᠰᠠᠯᠠᠭ᠎ᠠ ᠮᠦᠴᠢᠷ ᠪᠠᠶᠢᠭᠰᠠᠨ ᠢᠶᠠᠨ | ᠣᠳᠣ 16 ᠰᠠᠯᠠᠭ᠎ᠠ ᠮᠦᠴᠢᠷ ᠪᠤᠯᠵᠠᠢ᠃ ᠲᠠᠪᠤᠳᠤᠭᠠᠷ ᠲᠤ᠂ ᠭᠠᠴᠠᠭᠠᠨ ᠤ ᠵᠦᠪᠯᠡᠯ ᠤᠨ ᠪᠦᠷᠢᠯᠳᠦᠭᠦᠨ ᠨᠠᠷ ᠤᠨ | ᠳᠣᠲᠤᠷ᠎ᠠ ᠨᠠᠮ ᠤᠨ ᠭᠡᠰᠢᠭᠦᠨ ᠤ ᠡᠵᠡᠯᠡᠬᠦ ᠬᠠᠷᠢᠴᠠᠯ ᠢ ᠵᠠᠭᠤᠨ ᠤ ᠲᠠᠪᠢ ᠠᠴᠠ ᠳᠡᠭᠡᠭᠰᠢ ᠪᠠᠶᠢᠯᠭᠠᠬᠤ ᠬᠡᠷᠡᠭᠲᠡᠢ ᠭᠡᠵᠦ | ᠲᠣᠳᠤᠷᠬᠠᠢ ᠲᠤᠭᠲᠠᠭᠠᠭᠰᠠᠨ ᠪᠠᠶᠢᠨ᠎ᠠ᠃ | ᠰᠣᠷᠪᠤᠯᠵᠢᠯᠠᠭᠴᠢ᠄ ᠡᠨᠡ ᠤᠳᠠᠭᠠᠨ ᠤ ᠬᠤᠭᠤᠴᠠᠭ᠎ᠠ ᠰᠣᠯᠢᠬᠤ ᠠᠵᠢᠯ ᠤᠨ ᠳᠣᠮᠳᠠ ᠨᠠᠮ ᠤᠨ ᠡᠭᠦᠷ ᠤᠨ | ᠱᠦᠵᠢ ᠪᠣᠯᠣᠨ ᠭᠠᠴᠠᠭᠠᠨ ᠤ ᠵᠦᠪᠯᠡᠯ ᠤᠨ ᠡᠷᠬᠢᠯᠡᠭᠴᠢ ᠶᠢᠨ ᠲᠤᠰᠢᠶᠠᠯ ᠢ ᠨᠢᠭᠡ ᠬᠦᠮᠦᠨ ᠬᠠᠷᠢᠭᠤᠴᠠᠬᠤ ᠶᠢ ᠪᠦᠬᠦ | ᠲᠠᠯ᠎ᠠ ᠪᠠᠷ ᠪᠡᠶᠡᠯᠡᠭᠦᠯᠬᠦ ᠬᠡᠷᠡᠭᠲᠡᠢ ᠭᠡᠵᠦ ᠪᠠᠶᠢᠨ᠎ᠠ᠂ ᠲᠡᠭᠡᠪᠡᠯ ᠡᠨᠡ ᠨᠢ ᠶᠠᠮᠠᠷ ᠠᠴᠢ ᠬᠤᠯᠪᠤᠭᠳᠠᠯ ᠲᠠᠢ ᠪᠣᠢ︖ | ᠡᠷᠳᠡᠮᠲᠦ ᠱᠦᠵᠢ᠄ ᠡᠭᠦᠨ ᠤ ᠠᠴᠢ ᠬᠤᠯᠪᠤᠭᠳᠠᠯ ᠢ ᠬᠡᠯᠡᠪᠡᠯ ᠡᠩ ᠲᠡᠷᠢᠭᠦᠨ ᠳᠤ ᠨᠠᠮ ᠤᠨ | ᠣᠳᠣᠷᠢᠳᠣᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠲᠠᠯ᠎ᠠ ᠪᠠᠷ ᠠᠰᠢᠭᠲᠠᠢ᠃ ᠬᠤᠶᠠᠷ ᠲᠤ᠂ ᠭᠠᠴᠭᠠᠠᠨ ᠤ ︽ | ᠬᠤᠶᠠᠷ ᠪᠠᠭ︾ ᠤᠨ ᠪᠦᠷᠢᠯᠳᠦᠭᠦᠨ ᠤ ᠬᠤᠭᠤᠷᠤᠨᠳᠤᠬᠢ ᠪᠦᠯᠬᠦᠮᠳᠡᠯ ᠢ ᠠᠬᠢᠭᠤᠯᠬᠤ ᠲᠠᠯ᠎ᠠ ᠪᠠᠷ ᠠᠰᠢᠭᠲᠠᠢ᠃ | ᠭᠤᠷᠪᠠ ᠳᠤ᠂ ᠭᠠᠴᠠᠭᠠᠨ ᠤ ︽ᠬᠤᠶᠠᠷ ᠪᠠᠭ︾ ᠤᠨ ᠠᠵᠢᠯ ᠤᠨ ᠬᠢᠷᠢ ᠪᠦᠲᠦᠮᠵᠢ ᠶᠢ ᠳᠡᠭᠡᠭᠰᠢᠯᠡᠭᠦᠯᠬᠦ ᠳᠤ | ᠠᠰᠢᠭᠲᠠᠢ᠃ ᠳᠥᠷᠪᠡ ᠳᠤ᠂ ᠭᠠᠴᠠᠭᠠᠨ ᠤ ︽ᠬᠤᠶᠠᠷ ᠪᠠᠭ︾ ᠤᠨ ᠪᠦᠷᠢᠯᠳᠦᠭᠦᠨ ᠤ ᠦᠰᠦᠯᠲᠡ ᠪᠤᠶᠢᠵᠢᠯᠲᠠ ᠳᠤ | ᠠᠰᠢᠭᠲᠠᠢ᠃ ᠡᠭᠦᠨ ᠳᠤ ᠮᠠᠨ ᠤ ᠶᠡᠭᠡ ᠰᠣᠷᠭᠠᠭᠤᠯᠢ ᠶᠢᠨ ᠣᠶᠣᠲᠠᠨ ᠢ ᠠᠪᠴᠤ ᠣᠷᠣᠵᠣ ᠢᠷᠡᠨ᠎ᠡ᠂ ᠡᠳᠡᠨ ᠢ | ᠣᠳᠣᠷᠢᠳᠣᠨ ᠳᠠᠭᠠᠭᠤᠯᠵᠣ ᠪᠠᠶᠢᠭᠠᠳ ᠣᠯᠠᠨ ᠲᠦᠮᠡᠨ ᠳᠤ ᠦᠢᠯᠡᠴᠢᠯᠡᠭᠦᠯᠦᠨ᠎ᠡ᠂ ᠡᠨᠡ ᠨᠢ ᠨᠦᠬᠦᠳ ᠨᠠᠷ ᠤᠨ | ᠦᠰᠦᠯᠲᠡ ᠪᠣᠶᠢᠵᠢᠯᠲᠠ ᠳᠤ ᠠᠰᠢᠭᠲᠠᠢ᠃ | ᠰᠣᠷᠪᠣᠯᠵᠢᠯᠠᠭᠴᠢ᠄ ᠡᠨᠡ ᠣᠳᠠᠭᠠᠨ ᠤ ᠬᠤᠭᠤᠴᠠᠭ᠎ᠠ ᠰᠣᠯᠢᠬᠤ ᠠᠵᠢᠯ ᠤᠨ ᠳᠣᠮᠳᠠ ᠭᠤᠷᠪᠠᠨ ᠵᠠᠭᠤᠨ ᠤ | ᠵᠠᠭᠤ ᠶᠢᠨ ᠬᠠᠷᠠᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠪᠠᠶᠢᠨ᠎ᠠ᠂ ᠲᠡᠭᠡᠪᠡᠯ ᠡᠨᠡ ᠨᠢ ᠶᠠᠮᠠᠷ ᠭᠤᠷᠪᠠᠨ ᠲᠠᠯ᠎ᠠ ᠶᠢ | ᠵᠢᠭᠠᠵᠤ ᠪᠠᠶᠢᠭ᠎ᠠ ᠪᠣᠢ︖ ᠡᠨᠡ ᠲᠤᠬᠠᠢ ᠰᠠᠶᠢᠬᠠᠨᠲᠠᠯ᠎ᠠ ᠰᠣᠮᠣ ᠶᠠᠮᠠᠷ ᠪᠤᠳᠠᠲᠠᠢ ᠠᠵᠢᠯᠯᠠᠭ᠎ᠠ ᠠᠪᠴᠤ ᠪᠠᠶᠢᠬᠤ | ᠪᠤᠢ︖ | ᠡᠷᠳᠡᠮᠲᠦ ᠱᠦᠵᠢ᠄ ᠨᠢᠭᠡᠳᠦᠭᠡᠷ ᠲᠤ᠂ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠤ | ᠵᠦᠪᠯᠡᠯ ᠤᠨ ᠡᠷᠬᠢᠯᠡᠭᠴᠢ ᠶᠢᠨ ᠲᠤᠰᠢᠶᠠᠯ ᠢ ᠨᠢᠭᠡ ᠬᠦᠮᠦᠨ ᠬᠠᠷᠢᠭᠤᠴᠠᠬᠤ ᠶᠢ ᠵᠠᠭᠤᠨ ᠤ ᠵᠠᠭᠤ ᠪᠠᠷ ᠪᠡᠶᠡᠯᠡᠭᠦᠯᠦᠨ᠎ᠡ᠃ | ᠬᠤᠶᠠᠷ ᠲᠤ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠵᠢᠱᠢᠭᠰᠡᠨ ᠵᠢᠱᠢᠭᠳᠡᠭᠴᠢ ᠶᠢ ᠵᠠᠭᠤᠨ ᠤ ᠵᠠᠭᠤ ᠪᠠᠷ | ᠰᠣᠩᠭᠤᠵᠣ ᠭᠠᠷᠭᠠᠨ᠎ᠠ᠃ ᠭᠤᠷᠪᠠ ᠳᠤ᠂ ᠡᠨᠡ ᠤᠳᠠᠭᠠᠨ ᠤ ᠰᠣᠩᠭᠤᠭᠤᠯᠢ ᠶᠢ ᠨᠢᠭᠡ ᠯᠡ ᠤᠳᠠᠭ᠎ᠠ ᠳᠤ ᠵᠠᠭᠤᠨ ᠤ | ᠵᠠᠭᠤ ᠪᠠᠷ ᠪᠡᠶᠡᠯᠡᠭᠦᠯᠦᠨ᠎ᠡ᠃ ᠲᠡᠭᠡᠪᠡᠯ ᠡᠨᠡ ᠬᠦ ᠭᠤᠷᠪᠠᠨ ᠵᠠᠭᠤᠨ ᠤ ᠵᠠᠭᠤ ᠶᠢᠨ ᠬᠠᠷᠠᠯᠲᠠ ᠶᠢ ᠪᠡᠶᠡᠯᠡᠭᠦᠯᠬᠦ ᠶᠢᠨ | ᠲᠦᠯᠦᠭᠡ ᠮᠠᠨ ᠤ ᠰᠣᠮᠣ ᠳᠣᠣᠷᠠᠬᠢ ᠲᠠᠪᠤᠨ ᠲᠠᠯ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠡᠢ᠃ ᠨᠢᠭᠡᠳᠦᠭᠡᠷ ᠲᠤ᠂ | ᠰᠠᠶᠢᠨ ᠰᠠᠶᠢᠬᠠᠨ ᠰᠣᠩᠭᠤᠭᠤᠯᠢ ᠶᠢᠨ ᠠᠭᠤᠷ ᠠᠮᠢᠰᠬᠤᠯ ᠢ ᠪᠣᠢ ᠪᠣᠯᠭᠠᠵᠠᠢ᠃ ᠮᠠᠨ ᠤ ᠰᠠᠶᠢᠬᠠᠨᠲᠠᠯ᠎ᠠ ᠰᠣᠮᠣ ᠨᠢ | ᠣᠣᠯ ᠠᠴᠠ ᠪᠠᠨ ᠠᠪᠤᠭᠠᠳ ᠰᠣᠩᠭᠤᠭᠤᠯᠢ ᠶᠢᠨ ᠠᠭᠤᠷ ᠠᠮᠢᠰᠬᠤᠯ ᠤᠷᠴᠢᠨ ᠰᠠᠶᠢᠨ ᠪᠠᠶᠢᠳᠠᠭ᠂ ᠭᠡᠪᠡᠴᠦ | ᠣᠷᠴᠢᠮ ᠤᠨ ᠬᠤᠶᠠᠷ ᠵᠢᠯ ᠠᠴᠠ ᠪᠠᠰᠠ ᠨᠢᠭᠡ ᠪᠦᠯᠦᠭ ᠪᠠᠶᠢᠳᠠᠯ ᠢᠯᠡᠷᠡᠵᠦ ᠪᠠᠶᠢᠨ᠎ᠠ᠂ ᠡᠨᠡ ᠪᠠᠶᠢᠳᠠᠯ ᠳᠤ | ᠴᠢᠭᠯᠡᠭᠦᠯᠦᠭᠡᠳ ᠪᠢᠳᠡ ᠮᠠᠯᠴᠢᠳ ᠤᠨ ᠬᠤᠭᠤᠷᠤᠨᠳᠤᠬᠢ ᠵᠦᠷᠢᠴᠡᠯ ᠵᠢᠭᠤᠷᠠᠭᠠᠨ ᠢ ᠡᠬᠢᠯᠡᠵᠦ ᠰᠢᠢᠳᠪᠦᠷᠢᠯᠡᠵᠡᠢ᠂ ᠡᠨᠡ | ᠠᠵᠢᠯ ᠢ ᠪᠢᠳᠡ ᠡᠨᠡ ᠵᠢᠯ ᠤᠨ ᠨᠠᠢᠮᠠᠨ ᠰᠠᠷ᠎ᠠ ᠠᠴᠠ ᠡᠬᠢᠯᠡᠵᠦ ᠭᠠᠷ ᠣᠷᠣᠵᠣ ᠰᠢᠢᠳᠪᠦᠷᠢᠯᠡᠭᠰᠡᠨ ᠪᠠᠶᠢᠨ᠎ᠠ᠃ | ᠬᠤᠶᠠᠳᠤᠭᠠᠷ ᠲᠤ᠂ ᠪᠢᠳᠡ ᠡᠨᠡ ᠠᠵᠢᠯ ᠢᠶᠠᠨ ᠨᠠᠷᠢᠯᠢᠭ ᠲᠦᠰᠦᠪᠯᠡᠵᠦ ᠨᠢᠮᠪᠠᠢ ᠪᠠᠶᠢᠷᠢᠯᠠᠭᠤᠯᠤᠯᠲᠠ ᠬᠢᠵᠡᠢ᠃ | ᠵᠤᠬᠢᠶᠠᠨ ᠪᠠᠶᠢᠭᠤᠯᠤᠯᠲᠠ ᠶᠢᠨ ᠲᠠᠯ᠎ᠠ ᠪᠠᠷ᠂ ᠲᠦᠰᠦᠪ ᠲᠦᠯᠦᠪᠯᠡᠭᠡ ᠶᠢᠨ ᠲᠠᠯ᠎ᠠ ᠪᠠᠷ᠂ ᠪᠠᠰᠠ ᠪᠠᠴᠢᠮ ᠠᠷᠭᠠᠴᠠᠬᠤ | ᠲᠦᠰᠦᠪ ᠭᠠᠷᠭᠠᠬᠤ ᠡᠨᠡ ᠲᠠᠯ᠎ᠠ ᠪᠠᠷ ᠨᠠᠷᠢᠯᠢᠭ ᠪᠠᠶᠢᠷᠢᠯᠠᠭᠤᠯᠵᠤ᠂ ᠣᠨᠴᠠᠭᠠᠶᠢᠯᠠᠨ ᠡᠨᠡ ᠤᠳᠠᠭᠠᠨ ᠤ ᠰᠣᠩᠭᠤᠭᠤᠯᠢ | ᠳᠣᠮᠳᠠ ᠣᠨᠴᠠᠭᠠᠢ ᠭᠠᠷᠴᠤ ᠮᠡᠳᠡᠬᠦ ᠠᠰᠠᠭᠤᠳᠠᠯ ᠢ ᠣᠷᠢᠳᠠᠪᠠᠷ ᠲᠦᠰᠦᠪᠯᠡᠵᠦ᠂ ᠠᠷᠭ᠎ᠠ ᠬᠡᠮᠵᠢᠶ᠎ᠡ ᠠᠪᠴᠤ ᠪᠠᠶᠢᠨ᠎ᠠ᠃ | ᠭᠤᠷᠪᠠᠳᠤᠭᠠᠷ ᠲᠤ᠂ ᠪᠢᠳᠡ ᠤᠬᠠᠭᠤᠯᠭ᠎ᠠ ᠶᠢᠨ ᠠᠵᠢᠯ ᠢ ᠴᠢᠩᠭᠠᠳᠬᠠᠵᠠᠢ᠃ ᠭᠤᠤᠯ ᠨᠢ ᠮᠠᠯᠴᠢᠨ ᠲᠦᠮᠡᠨ ᠳᠤ | ᠥᠭᠭᠦᠭᠰᠡᠨ ᠨᠢᠭᠡ ᠬᠤᠪᠢ ᠵᠠᠬᠢᠳᠠᠯ᠂ ᠲᠡᠭᠡᠪᠡᠯ ᠭᠠᠴᠠᠭᠠᠨ ᠤ ᠨᠡᠪᠲᠡᠷᠡᠭᠦᠯᠭᠡ᠂ ᠵᠢᠷᠭᠢᠶ᠎ᠡ ᠰᠦᠯᠵᠢᠶ᠎ᠡ ᠪᠠᠷ | ᠳᠠᠮᠵᠢᠭᠤᠯᠵᠤ ᠨᠠᠮ ᠤᠨ ᠲᠥᠷᠦ ᠶᠢᠨ ᠪᠣᠳᠤᠯᠭ᠎ᠠ ᠶᠢ ᠰᠠᠶᠢᠲᠤᠷ ᠤᠬᠠᠭᠤᠯᠵᠠᠢ᠃ ᠳᠥᠷᠪᠡ ᠳᠤ᠂ ᠪᠠᠶᠢᠴᠠᠭᠠᠨ | ᠰᠣᠳᠣᠯᠣᠯᠲᠠ ᠶᠢᠨ ᠠᠵᠢᠯ ᠢ ᠨᠠᠷᠢᠯᠢᠭ ᠬᠢᠵᠡᠢ᠃ ᠪᠢᠳᠡ ᠲᠤᠰᠬᠠᠢ ᠳᠤᠭᠤᠶᠢᠯᠠᠩ ᠢ ᠪᠠᠶᠢᠭᠤᠯᠵᠤ᠂ ᠭᠠᠴᠠᠭ᠎ᠠ | ᠳᠠᠷᠠᠭᠠᠯᠠᠨ ᠶᠠᠪᠤᠵᠤ᠂ ᠡᠯ᠎ᠡ ᠭᠠᠴᠠᠭᠠᠨ ᠤ ᠨᠠᠮ ᠤᠨ ᠭᠡᠰᠢᠭᠦᠨ᠂ ᠦᠷᠭᠡᠨ ᠣᠯᠠᠨ ᠮᠠᠯᠴᠢᠨ ᠲᠦᠮᠡᠨ᠂ ᠣᠨᠴᠠᠭᠠᠶᠢᠯᠠᠨ | ᠡᠷᠦᠬᠡ ᠶᠢᠨ ᠲᠦᠯᠦᠭᠡᠯᠡᠭᠴᠢ᠂ ᠠᠬᠠᠮᠠᠳ ᠺᠠᠳ᠋ᠷ ᠨᠠᠮ ᠤᠨ ᠭᠡᠰᠢᠭᠦᠳ ᠠᠴᠠ ᠦᠷᠭᠡᠨ ᠳᠡᠯᠭᠡᠷ ᠰᠠᠨᠠᠯ ᠬᠤᠷᠢᠶᠠᠨ | ᠰᠣᠨᠣᠰᠴᠠᠢ᠂ ᠢᠩᠭᠢᠭᠡᠳ ᠨᠡᠶᠢᠲᠡ 112 ᠬᠦᠮᠦᠰ ᠲᠠᠢ ᠠᠭᠤᠯᠵᠠᠨ ᠶᠠᠷᠢᠯᠴᠠᠵᠤ᠂ ᠲᠠᠪᠢ ᠰᠢᠬᠠᠮ ᠨᠡᠷ᠎ᠡ ᠪᠡᠯᠡᠳᠬᠡᠯ | ᠺᠠᠳ᠋ᠷ ᠢ ᠪᠡᠯᠡᠳᠬᠡᠵᠦ ᠲᠠᠯᠪᠢᠵᠠᠢ᠃ ᠲᠠᠪᠤᠳᠤᠭᠠᠷ ᠲᠤ᠂ ᠭᠠᠴᠠᠭᠠᠨ ᠤ ᠡᠳ᠋ ᠤᠨ ᠶᠠᠪᠤᠳᠠᠯ ᠢ ᠲᠠᠰᠤᠯᠤᠨ ᠪᠤᠳᠤᠬᠤ | ᠶᠠᠪᠤᠳᠠᠯ ᠢ ᠲᠦᠷᠭᠡᠨ ᠳᠠᠭᠤᠰᠬᠠᠵᠤ᠂ ᠳᠠᠷᠠᠭᠠᠴᠢ ᠶᠢᠨ ᠰᠣᠩᠭᠤᠭᠤᠯᠢ ᠶᠢᠨ ᠠᠵᠢᠯ ᠳᠤ ᠳᠠᠩᠰᠠᠨ ᠤ ᠲᠠᠯ᠎ᠠ ᠪᠠᠷ | ᠰᠡᠭᠦᠯ ᠦᠯᠡᠳᠡᠭᠡᠬᠦ ᠦᠭᠡᠢ ᠪᠠᠶᠢᠬᠤ ᠶᠢ ᠪᠠᠲᠤᠯᠠᠵᠤ ᠴᠢᠳᠠᠭᠰᠠᠨ ᠪᠠᠶᠢᠨ᠎ᠠ᠃ | ᠰᠣᠷᠪᠣᠯᠵᠢᠯᠠᠭᠴᠢ᠄ ᠲᠡᠭᠡᠪᠡᠯ ᠡᠨᠡ ᠤᠳᠠᠭᠠᠨ ᠤ ᠬᠤᠭᠤᠴᠠᠭ᠎ᠠ ᠰᠣᠯᠢᠬᠤ ᠠᠵᠢᠯ ᠤᠨ ᠳᠣᠮᠳᠠ ᠰᠠᠬᠢᠯᠭ᠎ᠠ | ᠪᠠᠲᠤ ᠶᠢᠨ ᠲᠠᠯ᠎ᠠ ᠪᠠᠷ ᠶᠠᠮᠠᠷ ᠣᠨᠴᠠᠭᠠᠢ ᠱᠠᠭᠠᠷᠳᠠᠯᠭ᠎ᠠ ᠪᠠᠶᠢᠳᠠᠭ ᠪᠣᠢ︖ | ᠡᠷᠳᠡᠮᠲᠦ ᠱᠦᠵᠢ᠄ ᠡᠨᠡ ᠲᠠᠯ᠎ᠠ ᠪᠠᠷ ᠭᠤᠤᠯ ᠨᠢ ᠭᠤᠷᠪᠠᠨ ᠲᠠᠯ᠎ᠠ ᠶᠢᠨ ᠱᠠᠭᠠᠷᠳᠠᠯᠭ᠎ᠠ ᠪᠠᠶᠢᠨ᠎ᠠ᠃ | ᠨᠢᠭᠡ ᠳᠤ᠂ ᠣᠯᠣᠰ ᠲᠥᠷᠦ ᠶᠢᠨ ᠲᠠᠯ᠎ᠠ ᠶᠢᠨ ᠱᠠᠭᠠᠷᠳᠠᠯᠭ᠎ᠠ᠂ ᠡᠨᠡ ᠱᠠᠭᠠᠷᠳᠠᠯᠭ᠎ᠠ ᠶᠢ ᠮᠠᠨ ᠤ ᠨᠠᠮ ᠤᠨ ᠭᠡᠰᠢᠭᠦᠨ | ᠺᠠᠳ᠋ᠷᠴᠣᠳ ᠲᠤ ᠲᠠᠯᠪᠢᠵᠤ ᠪᠠᠶᠢᠨ᠎ᠠ᠃ ᠭᠤᠣᠯ ᠨᠢ ᠪᠢᠳᠡ ᠡᠨᠡ ᠰᠣᠩᠭᠤᠭᠤᠯᠢ ᠶᠢᠨ ᠠᠵᠢᠯ ᠤᠨ ᠳᠣᠮᠳᠠ ᠣᠯᠣᠰ | ᠲᠥᠷᠦ ᠶᠢᠨ ᠲᠠᠯ᠎ᠠ ᠪᠠᠷ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠣᠯᠣᠰ ᠲᠦᠷᠥ ᠶᠢᠨ ᠳᠦᠷᠢᠮ ᠭᠤᠷᠢᠮ ᠢ | ᠣᠶᠢᠯᠠᠭᠠᠬᠤ ᠬᠡᠷᠡᠭᠲᠡᠢ᠂ ᠡᠨᠡ ᠲᠠᠯ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠦᠨ᠎ᠡ᠂ ᠬᠠᠷᠢᠨ ᠶᠠᠮᠠᠷ ᠨᠢᠭᠡ ᠬᠦᠮᠦᠨ ᠤ | ᠰᠠᠨᠠᠭᠠᠴᠢᠯᠠᠭ᠎ᠠ ᠪᠠᠷ ᠣᠴᠢᠵᠤ ᠡᠨᠡ ᠰᠣᠩᠭᠤᠭᠤᠯᠢ ᠶᠢ ᠣᠳᠣᠷᠢᠳᠣᠨ ᠳᠠᠭᠠᠭᠭᠤᠯᠵᠣ ᠪᠣᠯᠬᠤ ᠦᠭᠡᠢ᠃ ᠬᠤᠶᠠᠷ ᠲᠤ᠂ | ᠰᠣᠩᠭᠤᠭᠤᠯᠢ ᠶᠢᠨ ᠠᠵᠢᠯ ᠤᠨ ᠳᠣᠮᠳᠠ᠂ ᠰᠣᠩᠭᠤᠭᠤᠯᠢ ᠶᠢᠨ ᠪᠢᠯᠧᠲ ᠥᠭᠬᠦ ᠳᠣᠮᠳᠠ ᠰᠣᠩᠭᠤᠭᠤᠯᠢ ᠶᠢᠨ | ᠪᠢᠯᠧᠲ ᠢ ᠬᠠᠭ᠋ᠤᠤᠯᠢᠳᠠᠬᠤ ᠵᠡᠷᠭᠡ ᠬᠠᠤᠯᠢ ᠪᠣᠰᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠬᠦᠨ᠎ᠡ᠃ ᠡᠨᠡ ᠨᠢ | ᠭᠤᠤᠯ ᠨᠢ ᠮᠠᠨ ᠤ ᠦᠷᠭᠡᠨ ᠣᠯᠠᠨ ᠮᠠᠯᠴᠢᠨ ᠲᠦᠮᠡᠨ ᠳᠤ ᠵᠣᠷᠢᠭᠤᠯᠵᠤ ᠬᠡᠯᠡᠵᠦ ᠪᠠᠶᠢᠭ᠎ᠠ ᠶᠠᠪᠤᠳᠠᠯ ᠪᠤᠯᠤᠨ᠎ᠠ᠂ | ᠠᠷᠠᠳ ᠲᠦᠮᠡᠨ ᠰᠣᠩᠭᠤᠭᠤᠯᠢ ᠶᠢᠨ ᠡᠷᠬᠡ ᠮᠡᠳᠡᠯ ᠢᠶᠠᠨ ᠡᠷᠬᠡᠪᠰᠢ ᠵᠦᠪ ᠢᠶᠠᠷ ᠬᠡᠷᠡᠭᠯᠡᠬᠦ ᠬᠡᠷᠡᠭᠲᠡᠢ᠃ ᠭᠤᠷᠪᠠ ᠳᠤ᠂ | ᠬᠠᠷ᠎ᠠ ᠪᠦᠯᠦᠭᠲᠡᠨ ᠬᠠᠷᠬᠢᠰ ᠬᠦᠴᠦᠨ ᠳᠤ ᠬᠦᠴᠦᠲᠡᠢ ᠴᠣᠬᠢᠯᠲᠠ ᠥᠭᠭᠦᠨ᠎ᠡ᠃ ᠡᠨᠡ ᠲᠠᠯ᠎ᠠ ᠪᠠᠷ ᠴᠢᠩᠭᠠᠳᠬᠠᠰᠠᠨ | ᠨᠢ ᠴᠦᠭᠡᠩᠬᠢ ᠲᠣᠭᠠᠨ ᠤ ᠥᠭᠡᠷ᠎ᠡ ᠰᠠᠨᠠᠭ᠎ᠠ ᠲᠠᠢ᠂ ᠰᠣᠩᠭᠤᠭᠤᠯᠢ ᠶᠢᠨ ᠠᠵᠢᠯᠯᠠᠭ᠎ᠠ ᠶᠢ ᠡᠪᠳᠡᠬᠦ ᠵᠣᠷᠢᠯᠭ᠎ᠠ ᠲᠠᠢ | ᠬᠦᠮᠦᠨ ᠳᠤ ᠴᠢᠭᠯᠡᠭᠦᠯᠵᠦ ᠬᠡᠯᠡᠵᠦ ᠪᠠᠶᠢᠨ᠎ᠠ᠃ ᠭᠤᠤᠯᠳᠠᠭᠤ ᠡᠶᠢᠮᠦ ᠭᠤᠷᠪᠠᠨ ᠲᠠᠯ᠎ᠠ ᠶᠢᠨ ᠱᠠᠭᠠᠷᠳᠠᠯᠭ᠎ᠠ ᠲᠠᠢ᠃ | ᠰᠣᠷᠪᠤᠯᠵᠢᠯᠠᠭᠴᠢ᠄ ᠵᠠ ᠭᠠᠴᠠᠭᠠᠨ ᠤ ︽ᠬᠤᠶᠠᠷ ᠪᠠᠭ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠠᠵᠢᠯ ᠤᠨ ᠲᠤᠬᠠᠢ ᠨᠠᠷᠢᠨ ᠲᠠᠶᠢᠯᠪᠤᠷᠢ ᠬᠢᠭᠰᠡᠨ ᠲᠠᠨ ᠳᠤ ᠪᠠᠶᠠᠷᠯᠠᠯ᠎ᠠ᠃ | ᠡᠷᠳᠡᠮᠲᠦ ᠱᠦᠵᠢ᠄ ᠪᠠᠶᠠᠷᠯᠠᠯ᠎ᠠ᠃ | |