ᠵᠣᠴᠢᠨ᠄ ᠠᠷᠤ ᠬᠤᠷᠴᠢᠨ ᠬᠤᠰᠢᠭᠤᠨ ᠤ ᠵᠢᠭᠠᠰᠤᠲᠠᠢ ᠪᠠᠯᠭᠠᠰᠤ ᠶᠢᠨ ᠨᠠᠮ ᠤᠨ ᠬᠤᠷᠢᠶ᠎ᠡ ᠶᠢᠨ ᠱᠦᠵᠢ | ᠰᠡᠴᠡᠨ | ᠰᠣᠷᠪᠣᠯᠵᠢᠯᠠᠭᠴᠢ᠄ ᠨᠠᠳᠮᠢᠳᠰᠡᠷᠡᠩ᠂ ᠰᠠᠷᠠᠭᠤᠯ | | | | | ᠰᠣᠷᠪᠤᠯᠵᠢᠯᠠᠭᠴᠢ᠄ ᠰᠠᠶᠢᠨ ᠪᠠᠶᠢᠵᠠᠭᠠᠨ᠎ᠠ ᠤᠤ︖ ᠭᠠᠴᠠᠭᠠᠨ ᠤ ︽ᠬᠤᠶᠠᠷ ᠪᠠᠭ︾ ᠤᠨ ᠬᠤᠭᠤᠴᠠᠭ᠎ᠠ | ᠰᠣᠯᠢᠬᠤ ᠠᠵᠢᠯ ᠤᠨ ᠰᠣᠷᠪᠤᠯᠵᠢᠯᠠᠭ᠎ᠠ ᠦᠷᠭᠦᠯᠵᠢᠯᠡᠵᠦ ᠪᠠᠶᠢᠨ᠎ᠠ᠂ ᠣᠳᠣ ᠪᠢᠳᠡ ᠵᠢᠭᠠᠰᠤᠲᠠᠢ ᠪᠠᠯᠭᠠᠰᠤ ᠶᠢᠨ | ᠨᠠᠮ ᠤᠨ ᠬᠤᠷᠢᠶ᠎ᠠ ᠶᠢᠨ ᠰᠡᠴᠡᠨ ᠱᠦᠵᠢ ᠶᠢ ᠰᠣᠷᠪᠤᠯᠵᠢᠯᠠᠬᠤ ᠪᠠᠷ ᠪᠤᠯᠤᠯ᠎ᠠ᠃ ᠰᠠᠶᠢᠨ ᠪᠠᠶᠢᠨ᠎ᠠ ᠤᠤ︖ | ᠰᠡᠴᠡᠨ ᠱᠦᠵᠢ᠄ ᠰᠠᠶᠢᠨ ᠪᠠᠶᠢᠨ᠎ᠠ᠂ ᠲᠠ ᠰᠠᠶᠢᠨ ᠦᠦ︖ | ᠰᠣᠷᠪᠤᠯᠵᠢᠯᠠᠭᠴᠢ᠄ ᠭᠠᠴᠠᠭᠠᠨ ᠤ ︽ᠬᠤᠶᠠᠷ ᠪᠠᠭ︾ ᠤᠨ ᠬᠤᠭᠤᠴᠠᠭ᠎ᠠ ᠰᠣᠯᠢᠬᠤ ᠠᠵᠢᠯ ᠢ ᠤᠳᠠᠯ | ᠦᠭᠡᠢ ᠦᠷᠨᠢᠭᠦᠯᠬᠦ ᠭᠡᠵᠦ ᠪᠠᠶᠢᠨ᠎ᠠ᠂ ᠲᠡᠭᠡᠪᠡᠯ ᠵᠢᠭᠠᠰᠤᠲᠠᠢ ᠪᠠᠯᠭᠠᠰᠤ ᠶᠢᠨ ᠨᠠᠮ ᠤᠨ ᠬᠤᠷᠢᠶ᠎ᠠ ᠠᠴᠠ ᠡᠨᠡ ᠲᠠᠯ᠎ᠠ ᠪᠠᠷ | ᠶᠠᠮᠠᠷ ᠶᠠᠮᠠᠷ ᠪᠡᠯᠡᠳᠬᠡᠯ ᠠᠵᠢᠯ ᠬᠢᠵᠦ ᠪᠠᠶᠢᠭ᠎ᠠ ᠪᠣᠢ︖ | ᠰᠡᠴᠡᠨ ᠱᠦᠵᠢ᠄ ᠪᠠᠯᠭᠠᠰᠤᠨ ᠤ ᠨᠠᠮ ᠤᠨ ᠬᠤᠷᠢᠶ᠎ᠠ ᠨᠢ ᠭᠠᠴᠠᠭᠠᠨ ᠤ ︽ᠬᠤᠶᠠᠷ ᠪᠠᠭ︾ ᠤᠨ | ᠬᠤᠭᠤᠴᠠᠭ᠎ᠠ ᠰᠣᠯᠢᠬᠤ ᠠᠵᠢᠯ ᠢ ᠲᠥᠪ ᠴᠢᠩᠭ᠎ᠠ ᠣᠯᠣᠰ ᠲᠥᠷᠥ ᠶᠢᠨ ᠡᠭᠦᠷᠭᠡ ᠪᠣᠯᠭᠠᠨ᠂ ᠬᠤᠰᠢᠭᠤᠨ ᠨᠠᠮ ᠤᠨ | ᠬᠤᠷᠢᠶ᠎ᠠ ᠶᠢᠨ ᠭᠠᠴᠠᠭᠠᠨ ᠤ ︽ᠬᠤᠶᠠᠷ ᠪᠠᠭ︾ ᠤᠨ ᠬᠤᠭᠤᠴᠠᠭ᠎ᠠ ᠰᠣᠯᠢᠬᠤ ᠠᠵᠢᠯ ᠤᠨ ᠳᠠᠶᠢᠴᠢᠯᠠᠯᠲᠠ ᠶᠢᠨ ᠶᠡᠭᠡ | ᠬᠤᠷᠠᠯ ᠤᠨ ᠲᠣᠬᠢᠷᠠᠭᠤᠯᠤᠯᠲᠠ ᠶᠤᠰᠤᠭᠠᠷ ᠠᠵᠢᠯ ᠢᠶᠠᠨ ᠨᠢᠭᠡᠳᠦᠯᠲᠡᠢ ᠲᠦᠯᠦᠪᠵᠢᠭᠦᠯᠵᠦ᠂ ᠨᠠᠷᠢᠨ ᠨᠢᠮᠪᠠᠢ | ᠪᠠᠶᠢᠷᠢᠯᠠᠭᠤᠯᠤᠭᠠᠳ ᠪᠠᠶᠢᠨ᠎ᠠ᠃ ᠡᠭᠦᠨ ᠳᠤ ᠶᠠᠭᠤᠨ ᠤ ᠡᠮᠦᠨ᠎ᠡ ᠭᠠᠴᠠᠭᠠᠨ ᠤ ︽ᠬᠤᠶᠠᠷ ᠪᠠᠭ︾ ᠤᠨ ᠬᠤᠭᠤᠴᠠᠭ᠎ᠠ | ᠰᠣᠯᠢᠬᠤ ᠠᠵᠢᠯ ᠤᠨ ᠬᠠᠮᠢᠶ᠎ᠠ ᠪᠦᠬᠦᠢ ᠲᠥᠷᠦ ᠶᠢᠨ ᠪᠣᠳᠣᠯᠭ᠎ᠠ ᠶᠢ ᠣᠶᠢᠯᠠᠭᠠᠵᠤ ᠡᠵᠡᠮᠰᠢᠬᠦ ᠡᠨᠡ ᠠᠵᠢᠯ ᠢ ᠰᠠᠶᠢᠲᠤᠷ | ᠦᠷᠨᠢᠭᠦᠯᠦᠭᠰᠡᠨ ᠪᠠᠶᠢᠨ᠎ᠠ᠃ ᠡᠭᠦᠨ ᠳᠤ ᠶᠠᠭᠤᠨ ᠤ ᠡᠮᠦᠨ᠎ᠡ ᠮᠠᠨ ᠤ ᠤᠳᠤᠷᠢᠳᠬᠤ ᠪᠠᠭ ᠤᠨ ᠪᠦᠷᠢᠯᠳᠦᠭᠦᠨ ᠬᠠᠮᠲᠤ | ᠰᠣᠷᠣᠯᠴᠠᠵᠤ᠂ ᠭᠠᠴᠠᠭᠠᠨ ᠤ ︽ᠬᠤᠶᠠᠷ ᠪᠠᠭ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ | ᠬᠠᠮᠢᠶ᠎ᠠ ᠪᠦᠬᠦᠢ ᠲᠥᠷᠦ ᠶᠢᠨ ᠪᠣᠳᠤᠯᠭ᠎ᠠ ᠶᠢ ᠨᠡᠪᠲᠡᠷᠬᠡᠢ ᠣᠶᠢᠯᠠᠭᠠᠵᠣ ᠡᠵᠡᠮᠰᠢᠭᠦᠯᠵᠡᠢ᠃ ᠳᠠᠷᠠᠭ᠎ᠠ ᠨᠢ᠂ ᠮᠠᠨ ᠤ | ᠪᠦᠬᠦ ᠺᠠᠳ᠋ᠷ ᠠᠵᠢᠯᠲᠠᠨ ᠤ ᠬᠤᠷᠠᠯ ᠢ ᠬᠤᠷᠠᠯᠳᠤᠭᠤᠯᠵᠤ᠂ ᠬᠠᠮᠲᠤ ᠪᠠᠷ ᠢᠶᠠᠨ ᠰᠣᠷᠣᠯᠴᠠᠵᠤ᠂ ᠮᠦᠨ ᠴᠦ ᠡᠨᠡ | ᠲᠥᠷᠦ ᠶᠢᠨ ᠪᠣᠳᠤᠯᠭ᠎ᠠ ᠶᠢᠨ ᠲᠤᠬᠠᠢ ᠪᠦᠷ ᠲᠣᠳᠣᠷᠬᠠᠢ ᠣᠶᠢᠯᠠᠭᠠᠯᠲᠠ ᠲᠠᠢ ᠪᠣᠯᠵᠠᠢ᠃ ᠡᠭᠦᠨ ᠤ ᠳᠠᠷᠠᠭ᠎ᠠ ᠳᠤ ᠨᠢ᠂ | ᠮᠠᠨ ᠤ ᠭᠠᠴᠠᠭ᠎ᠠ ᠳᠠᠭᠠᠭᠠᠵᠤ ᠪᠠᠶᠢᠭ᠎ᠠ ᠣᠳᠣᠷᠢᠳᠣᠯᠭ᠎ᠠ ᠬᠢᠭᠡᠳ ᠠᠵᠢᠯᠯᠠᠬᠤ ᠳᠤᠭᠤᠶᠢᠯᠠᠩ ᠤᠨ ᠬᠢᠨ ᠭᠠᠴᠠᠭᠠᠨ ᠳᠤ | ᠬᠦᠷᠴᠦ᠂ ᠭᠠᠴᠠᠭᠠᠨ ᠤ ︽ᠬᠤᠶᠠᠷ ᠪᠠᠭ︾ ᠤᠨ ᠪᠦᠷᠢᠯᠳᠦᠭᠦᠨ ᠢ ᠴᠤᠭᠯᠠᠭᠤᠯᠵᠤ᠂ ᠮᠦᠨ ᠴᠦ ᠬᠤᠷᠠᠯ ᠬᠢᠵᠦ᠂ | ᠬᠠᠮᠲᠤ ᠪᠠᠷ ᠢᠶᠠᠨ ᠰᠣᠷᠣᠯᠴᠠᠵᠤ᠂ ᠡᠳᠡᠭᠡᠷ ᠲᠥᠷᠦ ᠶᠢᠨ ᠪᠣᠳᠤᠯᠭ᠎ᠠ ᠶᠢ ᠡᠵᠡᠮᠰᠢᠪᠡ᠃ ᠲᠡᠭᠡᠪᠡᠯ ᠪᠠᠰᠠ ᠭᠠᠴᠠᠭᠠᠨ ᠤ | ᠨᠠᠮ ᠤᠨ ᠭᠡᠰᠢᠭᠦᠨ᠂ ᠠᠷᠪᠠᠨ ᠡᠷᠦᠬᠡ ᠶᠢᠨ ᠲᠦᠯᠦᠭᠡᠯᠡᠭᠴᠢ ᠶᠢ ᠴᠤᠭᠯᠠᠭᠤᠯᠵᠤ᠂ ᠡᠳᠡᠭᠡᠷ ᠬᠦᠮᠦᠰ ᠲᠤ ᠮᠦᠨ ᠴᠦ | ᠲᠥᠷᠦ ᠶᠢᠨ ᠪᠣᠳᠤᠯᠭ᠎ᠠ ᠶᠢᠨ ᠲᠤᠬᠠᠢ ᠲᠠᠶᠢᠯᠤᠮᠵᠢ ᠬᠢᠵᠦ᠂ ᠲᠥᠷᠥ ᠶᠢᠨ ᠪᠣᠳᠤᠯᠭ᠎ᠠ ᠶᠢ ᠣᠶᠢᠯᠠᠭᠠᠭᠤᠯᠵᠤ | ᠡᠵᠡᠮᠰᠢᠭᠦᠯᠦᠭᠰᠡᠨ ᠪᠠᠶᠢᠨ᠎ᠠ᠃ ᠬᠤᠶᠠᠷ ᠲᠤ᠂ ᠤᠬᠠᠭᠤᠯᠭ᠎ᠠ ᠶᠢᠨ ᠠᠵᠢᠯ ᠢ ᠰᠠᠶᠢᠲᠤᠷ ᠠᠳᠬᠤᠵᠠᠢ᠃ ᠠᠳᠡ | ᠶᠠᠭᠤᠨ ᠤ ᠡᠮᠦᠨ᠎ᠡ ᠭᠠᠴᠠᠭᠠᠨ ᠤ ᠨᠠᠮ ᠤᠨ ᠭᠡᠰᠢᠭᠦᠨ᠂ ᠠᠷᠪᠠᠨ ᠡᠷᠦᠬᠡ ᠶᠢᠨ ᠲᠦᠯᠦᠭᠡᠯᠡᠭᠴᠢ ᠪᠠᠷ ᠢᠶᠠᠨ | ᠳᠠᠮᠵᠢᠭᠤᠯᠵᠤ ᠪᠠᠶᠢᠭᠠᠳ ᠦᠷᠭᠡᠨ ᠣᠯᠠᠨ ᠮᠠᠯᠴᠢᠨ ᠲᠦᠮᠡᠨ ᠳᠤ ᠡᠷᠦᠭᠡ ᠪᠤᠯᠭᠠᠨ ᠳᠤ᠂ ᠬᠦᠮᠦᠨ ᠪᠣᠯᠭᠠᠨ ᠳᠤ ᠡᠨᠡ | ᠣᠳᠠᠭᠠᠨ ᠤ ᠰᠣᠩᠭᠤᠭᠤᠯᠢ ᠶᠢᠨ ᠠᠵᠢᠯ ᠤᠨ ᠲᠤᠬᠠᠢ ᠲᠥᠷᠦ ᠶᠢᠨ ᠪᠣᠳᠤᠯᠭ᠎ᠠ ᠶᠢ ᠨᠠᠷᠢᠯᠢᠭ ᠣᠶᠢᠯᠠᠭᠠᠭᠤᠯᠵᠤ | ᠤᠬᠠᠭᠤᠯᠵᠠᠢ᠃ ᠳᠠᠷᠠᠭ᠎ᠠ ᠳᠤ ᠨᠢ᠂ ᠮᠠᠨ ᠤ ᠪᠠᠯᠭᠠᠰᠤᠨ ᠤ ᠡᠯ᠎ᠡ ᠲᠥᠷᠥᠯ ᠤᠨ ᠠᠵᠢᠯ ᠲᠠᠢ ᠪᠠᠨ ᠤᠶᠠᠯᠳᠤᠭᠤᠯᠵᠤ | ᠪᠠᠶᠢᠭᠠᠳ᠂ ᠵᠢᠱᠢᠶᠡᠯᠡᠪᠡᠯ ᠣᠳᠣ ᠶᠢᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ᠂ ︽ᠬᠤᠶᠠᠷ ᠰᠦᠢᠳᠬᠡᠯ︾ ᠢ | ᠬᠤᠷᠢᠶᠠᠬᠤ ᠵᠡᠷᠭᠡ ᠡᠳᠡᠭᠡᠷ ᠠᠵᠢᠯ ᠤᠳ ᠲᠠᠢ ᠲᠣᠬᠢᠶᠠᠯᠳᠤᠭᠤᠯᠵᠤ᠂ ᠡᠷᠦᠬᠡ ᠳᠤ ᠣᠷᠣᠬᠤ ᠪᠠᠷ ᠳᠠᠮᠵᠢᠵᠤ ᠪᠠᠶᠢᠭᠠᠳ | ᠮᠠᠯᠴᠢᠨ ᠲᠦᠮᠡᠨ ᠤ ᠡᠷᠦᠬᠡ ᠪᠣᠯᠭᠠᠨ ᠳᠤ ᠡᠳᠡᠭᠡᠷ ᠲᠥᠷᠦ ᠶᠢᠨ ᠪᠣᠳᠤᠯᠭ᠎ᠠ ᠶᠢ ᠲᠠᠶᠢᠯᠪᠤᠷᠢᠯᠠᠨ ᠤᠬᠠᠭᠤᠯᠤᠭᠰᠠᠨ | ᠪᠠᠶᠢᠨ᠎ᠠ᠃ ᠭᠤᠷᠪᠠᠳᠤᠭᠠᠷ ᠲᠤ ᠨᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠸᠢᠴᠠᠲ ᠬᠤᠯᠪᠣᠭᠠᠨ ᠳᠡᠭᠡᠷ᠎ᠡ | ᠤᠬᠠᠭᠤᠯᠬᠤ ᠭᠡᠬᠦ ᠮᠡᠲᠦ ᠶᠢᠨ ᠠᠷᠭ᠎ᠠ ᠬᠡᠯᠪᠡᠷᠢ ᠶᠢ ᠠᠪᠴᠤ ᠪᠠᠶᠢᠭᠠᠳ ᠤᠬᠠᠭᠤᠯᠭ᠎ᠠ ᠶᠢᠨ ᠠᠵᠢᠯ ᠢ ᠡᠷᠴᠢᠮᠲᠡᠢ | ᠰᠠᠶᠢᠬᠠᠨ ᠶᠠᠪᠤᠭᠳᠠᠭᠤᠯᠤᠭᠰᠠᠨ ᠪᠠᠶᠢᠨ᠎ᠠ᠃ | ᠰᠣᠷᠪᠣᠯᠵᠢᠯᠠᠭᠴᠢ᠄ ᠡᠨᠡ ᠠᠵᠢᠯ ᠤᠨ ᠳᠣᠮᠳᠠ ᠭᠤᠷᠪᠠᠨ ᠵᠠᠭᠤᠨ ᠤ ᠵᠠᠭᠤ ᠶᠢᠨ ᠬᠠᠷᠠᠯᠲᠠ ᠶᠢ | ᠪᠡᠶᠡᠯᠡᠭᠦᠯᠬᠦ ᠶᠢ ᠱᠠᠭᠠᠷᠳᠠᠵᠤ ᠪᠠᠶᠢᠨ᠎ᠠ᠂ ᠲᠡᠭᠡᠪᠡᠯ ᠵᠢᠭᠠᠰᠤᠲᠠᠢ ᠪᠠᠯᠭᠠᠰᠤ ᠨᠢ ᠡᠨᠡ ᠲᠤᠬᠠᠢ ᠶᠠᠮᠠᠷ ᠠᠷᠭ᠎ᠠ ᠠᠪᠴᠠᠯ | ᠠᠪᠴᠤ ᠪᠠᠶᠢᠭ᠎ᠠ ᠪᠣᠢ︖ | ᠰᠡᠴᠡᠨ ᠱᠦᠵᠢ᠄ ᠡᠨᠡ ᠭᠤᠷᠪᠠᠨ ᠵᠠᠭᠤᠨ ᠤ ᠵᠠᠭᠤ ᠶᠢᠨ ᠬᠠᠷᠠᠯᠲᠠ ᠶᠢ ᠪᠡᠶᠡᠯᠡᠭᠦᠯᠦᠨ᠎ᠡ ᠭᠡᠳᠡᠭ ᠪᠣᠯ ᠨᠢᠭᠡ | ᠨᠢ ᠪᠣᠯ ᠭᠠᠴᠠᠭᠠᠨ ᠤ ᠨᠠᠮ ᠤᠨ ᠡᠭᠦᠷ ᠤᠨ ᠱᠦᠵᠢ ᠬᠢᠭᠡᠳ ᠭᠠᠴᠠᠭᠠᠨ ᠳᠠᠷᠤᠭ᠎ᠠ ᠶᠢᠨ ᠲᠤᠰᠢᠶᠠᠯ ᠢ ᠨᠢᠭᠡ ᠬᠦᠮᠦᠨ | ᠡᠭᠦᠷᠭᠡᠯᠡᠬᠦ᠂ ᠬᠤᠶᠠᠳᠤᠭᠠᠷ ᠲᠤ ᠨᠢ ᠭᠠᠴᠠᠭᠠᠨ ᠤ ︽ᠬᠤᠶᠠᠷ ᠪᠠᠭ︾ ᠤᠨ ᠪᠦᠷᠢᠯᠳᠦᠭᠦᠨ ᠳᠤ ᠶᠡᠭᠡ | ᠰᠣᠷᠭᠠᠭᠤᠯᠢ ᠶᠢᠨ ᠰᠣᠷᠣᠯᠭ᠎ᠠ ᠶᠢᠨ ᠨᠠᠮᠲᠠᠷ ᠲᠠᠢ ᠬᠦᠮᠦᠨ ᠢ ᠪᠠᠲᠤᠯᠠᠬᠤ᠂ ᠭᠤᠷᠪᠠᠳᠤᠭᠠᠷ ᠲᠤ ᠨᠢ ᠰᠣᠩᠭᠤᠭᠤᠯᠢ ᠶᠢ | ᠨᠢᠭᠡ ᠯᠡ ᠤᠳᠠᠭ᠎ᠠ ᠳᠤ ᠠᠮᠵᠢᠯᠲᠠ ᠲᠠᠢ ᠪᠡᠶᠡᠯᠡᠭᠦᠯᠬᠦ ᠡᠨᠡ ᠭᠤᠷᠪᠠ ᠶᠢ ᠬᠡᠯᠡᠵᠦ ᠪᠠᠶᠢᠨ᠎ᠠ᠃ ᠲᠡᠭᠡᠪᠡᠯ ᠣᠳᠣ ᠡᠳᠡᠭᠡᠷ | ᠠᠵᠢᠯ ᠢ ᠪᠡᠶᠡᠯᠡᠭᠦᠯᠬᠦ ᠳᠤ ᠪᠢᠳᠡ ᠶᠠᠭᠤᠨ ᠤ ᠡᠮᠦᠨ᠎ᠡ ᠮᠠᠯᠴᠢᠨ ᠲᠠᠷᠢᠶᠠᠴᠢᠳ ᠲᠤ ᠤᠬᠠᠭᠤᠯᠭ᠎ᠠ ᠶᠢᠨ ᠠᠵᠢᠯ ᠢ | ᠰᠠᠶᠢᠲᠤᠷ ᠬᠢᠭᠰᠡᠨ ᠪᠠᠶᠢᠨ᠎ᠠ᠂ ᠡᠨᠡ ᠤᠳᠠᠭᠠᠨ ᠤ ᠰᠤᠩᠭᠤᠭᠤᠯᠢ ᠨᠢ ᠦᠩᠭᠡᠷᠡᠭᠰᠡᠨ ᠤ ᠰᠤᠩᠭᠤᠭᠤᠯᠢ ᠲᠠᠢ ᠣᠨᠳᠣᠣ | ᠲᠠᠯ᠎ᠠ ᠲᠠᠢ᠂ ᠣᠨᠳᠣᠣ ᠠᠭᠤᠯᠭ᠎ᠠ ᠲᠠᠢ᠂ ᠨᠢᠭᠡ ᠯᠡ ᠬᠦᠮᠦᠨ ᠢᠶᠠᠷ ᠡᠭᠦᠷᠭᠡᠯᠡᠭᠦᠯᠬᠦ ᠤᠴᠢᠷ ᠠᠴᠠ ᠭᠠᠴᠠᠭᠠᠨ | ᠳᠠᠷᠤᠭ᠎ᠠ ᠶᠢᠨ ᠲᠤᠰᠢᠶᠠᠯ ᠳᠤ ᠭᠠᠷᠬᠤ ᠬᠦᠮᠦᠨ ᠵᠠᠪᠠᠯ ᠨᠠᠮ ᠤᠨ ᠭᠡᠰᠢᠭᠦᠨ ᠪᠠᠶᠢᠬᠤ ᠬᠡᠷᠡᠭᠲᠡᠢ᠂ ᠡᠭᠦᠨ ᠢ ᠣᠯᠠᠨ | ᠲᠦᠮᠡᠨ ᠳᠤ ᠬᠦᠮᠳ ᠪᠣᠯᠭᠠᠨ ᠳᠤ ᠣᠶᠢᠯᠠᠭᠠᠭᠤᠯᠬᠤ ᠨᠢ ᠬᠠᠮᠤᠭ ᠴᠢᠬᠤᠯᠠ᠃ ᠬᠤᠶᠠᠳᠤᠭᠠᠷ ᠲᠤ ᠨᠢ ᠪᠣᠯ ᠨᠢᠭᠡ | ᠬᠦᠮᠦᠨ ᠡᠭᠦᠷᠭᠡᠯᠡᠬᠦ ᠵᠢᠱᠢᠭᠳᠡᠭᠰᠡᠳ ᠢ ᠲᠤᠭᠲᠠᠭᠠᠬᠤ ᠨᠢ ᠮᠦᠨ ᠴᠦ ᠴᠢᠬᠤᠯᠠ ᠶᠠᠪᠤᠳᠠᠯ ᠮᠦᠨ᠂ ᠲᠡᠭᠡᠬᠦᠯᠡᠷ | ᠵᠢᠱᠢᠭᠳᠡᠭᠰᠡᠳ ᠤᠨ ᠡᠯ᠎ᠡ ᠲᠠᠯ᠎ᠠ ᠶᠢᠨ ᠨᠦᠬᠦᠴᠡᠯ ᠨᠢ ᠱᠠᠭᠠᠷᠳᠠᠯᠭ᠎ᠠ ᠳᠤ ᠨᠡᠶᠢᠴᠡᠬᠦ ᠡᠶᠢᠮᠦ ᠬᠦᠮᠦᠨ ᠢ ᠰᠣᠩᠭᠤᠨ᠎ᠠ᠃ | ᠡᠭᠦᠨ ᠢ ᠪᠢᠳᠡ ᠮᠦᠨ ᠴᠦ ᠨᠠᠮ ᠤᠨ ᠭᠡᠰᠢᠭᠦᠨ᠂ ᠠᠷᠪᠠᠨ ᠡᠷᠦᠬᠡ ᠶᠢᠨ ᠲᠦᠯᠦᠭᠡᠯᠡᠭᠴᠢ ᠶᠢᠨ ᠬᠤᠷᠠᠯ ᠢ | ᠬᠤᠷᠠᠯᠳᠤᠭᠤᠯᠵᠤ᠂ ᠣᠯᠠᠨ ᠠᠴᠠ ᠰᠠᠨᠠᠯ ᠢ ᠨᠢ ᠠᠰᠠᠭᠤᠵᠤ᠂ ᠡᠭᠦᠨ ᠠᠴᠠ ᠪᠠᠨ ᠭᠠᠳᠠᠨ᠎ᠠ ᠮᠦᠨ ᠠᠩᠬᠠᠨ ᠤ ᠬᠡᠯᠡᠵᠦ | ᠪᠠᠶᠢᠭᠰᠠᠨ ᠰᠢᠭ᠋ ᠢᠶᠠᠷ ᠪᠠᠯᠭᠠᠰᠤᠨ ᠤ ᠡᠯ᠎ᠡ ᠲᠦᠷᠥᠯ ᠤᠨ ᠠᠵᠢᠯ ᠢᠶᠠᠨ ᠦᠷᠨᠢᠭᠦᠯᠬᠦ ᠳᠣᠮᠳᠠ ᠡᠷᠦᠬᠡ ᠪᠠᠷ ᠣᠷᠣᠵᠣ | ᠣᠯᠠᠨ ᠲᠦᠮᠡᠨ ᠠᠴᠠ ᠰᠠᠨᠠᠯ ᠬᠤᠷᠢᠶᠠᠵᠤ᠂ ᠵᠢᠱᠢᠭᠳᠡᠭᠰᠡᠳ ᠢ ᠣᠳᠣ ᠲᠣᠭᠲᠠᠭᠠᠭᠠᠳ ᠪᠠᠶᠢᠨ᠎ᠠ᠃ ᠢᠩᠬᠢᠪᠡᠯ | ᠭᠤᠷᠪᠠᠳᠤᠭᠠᠷ ᠲᠤ ᠨᠢ ᠭᠠᠴᠠᠭᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠮᠦᠷᠳᠡᠨ ᠪᠠᠶᠢᠴᠠᠭᠠᠵᠤ ᠪᠠᠶᠢᠨ᠎ᠠ᠃ | ᠭᠠᠴᠭᠠᠠᠨ ᠳᠤ ᠣᠷᠣᠰᠢᠵᠤ ᠪᠠᠶᠢᠭ᠎ᠠ ᠵᠠᠬᠢᠳᠠᠯ ᠰᠣᠷᠪᠣᠯᠵᠢᠯᠠᠯ᠂ ᠵᠦᠷᠢᠴᠡᠯ ᠮᠦᠷᠭᠦᠯᠳᠦᠭᠡᠨ ᠪᠣᠶᠣ ᠭᠠᠴᠠᠭᠠᠨ ᠤ | ᠰᠣᠩᠭᠤᠭᠤᠯᠢ ᠶᠢᠨ ᠦᠶ᠎ᠡ ᠳᠤ ᠭᠠᠷᠴᠦ ᠮᠡᠳᠡᠬᠦ ᠨᠦᠯᠦᠭᠡᠯᠡᠵᠦ ᠮᠡᠳᠡᠬᠦ ᠶᠠᠪᠤᠳᠠᠯ ᠪᠣᠯᠭᠠᠨ ᠢ ᠣᠷᠢᠳᠠᠪᠠᠷ ᠮᠦᠷᠳᠡᠨ | ᠪᠠᠶᠢᠴᠠᠭᠠᠵᠤ ᠢᠯᠡᠷᠡᠭᠦᠯᠵᠦ ᠪᠠᠶᠢᠨ᠎ᠠ᠂ ᠮᠦᠷᠳᠡᠨ ᠪᠠᠶᠢᠴᠠᠭᠠᠵᠤ ᠢᠯᠡᠷᠡᠭᠦᠯᠦᠭᠰᠡᠨ ᠤ ᠬᠢ ᠪᠠᠨ ᠳᠠᠷᠠᠭ᠎ᠠ | ᠣᠳᠣ ᠪᠠᠷ ᠢᠶᠠᠨ ᠭᠠᠷ ᠣᠷᠣᠵᠣ ᠪᠠᠶᠢᠭᠠᠳ ᠡᠳᠡᠭᠡᠷ ᠠᠰᠠᠭᠤᠳᠠᠯ ᠢ ᠪᠦᠬᠦᠨ ᠢ ᠰᠣᠩᠭᠤᠭᠤᠯᠢ ᠠᠴᠠ ᠡᠮᠦᠨ᠎ᠡ | ᠰᠢᠢᠳᠪᠦᠷᠢᠯᠡᠵᠦ ᠳᠠᠭᠤᠰᠬᠠᠨ᠎ᠠ᠂ ᠢᠩᠭᠢᠪᠡᠯ ᠰᠣᠩᠭᠤᠭᠤᠯᠢ ᠶᠢᠨ ᠬᠡᠪ ᠤᠨ ᠶᠤᠰᠤᠭᠠᠷ ᠶᠠᠪᠤᠭᠳᠠᠬᠤ ᠶᠢ ᠪᠠᠲᠤᠯᠠᠬᠤ ᠳᠤ | ᠠᠰᠢᠭᠲᠠᠢ᠃ ᠳᠦᠷᠪᠡᠳᠦᠭᠡᠷ ᠲᠤ ᠨᠢ ᠭᠠᠴᠠᠭᠠᠨ ᠳᠤ ᠬᠡᠷᠡᠭᠯᠡᠬᠦ ᠡᠳᠡᠭᠡᠷ ᠺᠠᠳ᠋ᠷ ᠢ ᠮᠦᠨ ᠳᠡᠭᠡᠷ᠎ᠡ ᠱᠠᠲᠣᠨ ᠤ | ᠲᠤᠬᠢᠷᠠᠭᠤᠯᠭ᠎ᠠ ᠶᠤᠰᠤᠭᠠᠷ ᠭᠠᠴᠠᠭᠠᠨ ᠤ ︽ᠬᠤᠶᠠᠷ ᠪᠠᠭ︾ ᠤᠨ ᠪᠦᠷᠢᠯᠳᠦᠭᠦᠨ ᠳᠤ ᠣᠷᠣᠬᠤ ᠶᠢ ᠪᠠᠲᠤᠯᠠᠨ᠎ᠠ᠃ | ᠭᠠᠴᠠᠭᠠᠨ ᠤ ︽ᠬᠤᠶᠠᠷ ᠪᠠᠭ︾ ᠤᠨ ᠪᠦᠷᠢᠯᠳᠦᠭᠦᠨ ᠳᠤ ᠪᠠᠰᠠ ᠣᠯᠠᠨ ᠨᠦᠬᠦᠴᠡᠯ ᠪᠠᠶᠢᠨ᠎ᠠ᠂ ᠵᠢᠱᠢᠶᠡᠯᠡᠪᠡᠯ | ᠨᠠᠰᠣᠨ ᠤ ᠬᠢᠵᠠᠭᠠᠷᠯᠠᠯ᠂ ᠴᠢᠨᠠᠷ ᠤᠨ ᠢᠯᠭᠠᠯ᠂ ᠰᠣᠷᠣᠯᠭ᠎ᠠ ᠶᠢᠨ ᠨᠠᠮᠲᠠᠷ ᠤᠨ ᠭᠡᠬᠦ ᠮᠡᠲᠦ ᠶᠢᠨ ᠬᠢᠵᠠᠭᠠᠷᠯᠠᠯ ᠪᠠᠶᠢᠨ᠎ᠠ᠂ | ᠲᠡᠭᠡᠪᠡᠯ ᠣᠳᠣ ᠡᠳᠡᠭᠡᠷ ᠺᠠᠳ᠋ᠷ ᠢ ︽ᠬᠤᠶᠠᠷ ᠪᠠᠭ︾ ᠤᠨ ᠪᠦᠷᠢᠯᠳᠦᠭᠦᠨ ᠪᠣᠯᠭᠠᠭᠰᠠᠨ ᠤ ᠳᠠᠷᠠᠭ᠎ᠠ ᠡᠳᠡᠭᠡᠷ | ᠨᠦᠬᠦᠴᠡᠯ ᠢ ᠪᠦᠷ ᠪᠦᠷᠢᠯᠳᠦᠭᠦᠯᠴᠢᠬᠡᠨᠡ᠂ ᠵᠢᠱᠢᠶᠡᠯᠡᠪᠡᠯ ᠶᠡᠭᠡ ᠰᠣᠷᠭᠠᠭᠤᠯᠢ ᠶᠢᠨ ᠰᠣᠷᠣᠯᠭ᠎ᠠ ᠶᠢᠨ ᠨᠠᠮᠲᠠᠷ ᠲᠠᠢ᠂ | ᠭᠤᠴᠢᠨ ᠲᠠᠪᠤᠨ ᠨᠠᠰᠤᠨ ᠠᠴᠠ ᠳᠣᠷᠣᠭᠰᠢ ᠪᠣᠶᠣ ᠭᠠᠴᠠᠭᠠᠨ ᠤ ᠨᠠᠮ ᠤᠨ ᠭᠡᠰᠢᠭᠦᠨ ᠤ ᠬᠠᠷᠢᠴᠠᠯ ᠵᠡᠷᠭᠡ ᠶᠢ | ᠡᠭᠦᠨ ᠢᠶᠠᠷ ᠳᠠᠮᠵᠢᠭᠠᠳ ᠪᠡᠶᠡᠯᠡᠭᠦᠯᠵᠦ ᠪᠤᠯᠣᠨ᠎ᠠ᠃ | ᠰᠣᠷᠪᠣᠯᠵᠢᠯᠠᠭᠴᠢ᠄ ᠰᠢᠨ᠎ᠡ ᠨᠢᠭᠡᠨ ᠡᠭᠡᠯᠵᠢ ᠶᠢᠨ ᠭᠠᠴᠠᠭᠠᠨ ᠤ ︽ᠬᠤᠶᠠᠷ ᠪᠠᠭ︾ ᠤᠨ ᠬᠤᠭᠤᠴᠠᠭ᠎ᠠ | ᠰᠣᠯᠢᠬᠤ ᠠᠵᠢᠯ ᠤᠨ ᠴᠢᠨᠠᠷ ᠴᠢᠨᠰᠠᠭ᠎ᠠ ᠶᠢ ᠪᠠᠲᠤᠯᠠᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭ᠎ᠠ | ᠪᠣᠢ︖ | ᠰᠡᠴᠡᠨ ᠱᠦᠵᠢ᠄ ᠨᠢᠭᠡᠳᠦᠭᠡᠷ ᠲᠤ᠂ ᠭᠠᠴᠠᠭᠠᠨ ᠤ ︽ᠬᠤᠶᠠᠷ ᠪᠠᠭ︾ ᠤᠨ ᠰᠣᠩᠭᠤᠭᠤᠯᠢ ᠶᠢᠨ ᠠᠵᠢᠯ ᠤᠨ | ᠪᠦᠬᠦᠶᠢᠯᠡ ᠶᠠᠪᠤᠴᠠ ᠳᠣᠮᠳᠠ ᠨᠠᠮ ᠤᠨ ᠵᠣᠬᠢᠶᠠᠨ ᠪᠠᠶᠢᠭᠤᠯᠤᠯᠲᠠ ᠶᠢᠨ ᠣᠳᠣᠷᠢᠳᠣᠯᠭ᠎ᠠ ᠶᠢ ᠪᠦᠬᠦ ᠲᠠᠯ᠎ᠠ ᠪᠠᠷ | ᠪᠠᠷᠢᠮᠲᠠᠯᠠᠬᠤ ᠶᠢ ᠪᠡᠶᠡᠯᠡᠭᠦᠯᠦᠨ᠎ᠡ᠃ ᠡᠭᠦᠨ ᠤ ᠳᠣᠲᠤᠷ᠎ᠠ ᠣᠯᠠᠨ ᠵᠦᠢᠯ ᠤᠨ ᠱᠠᠭᠠᠷᠳᠠᠯᠭ᠎ᠠ ᠪᠠᠶᠢᠳᠠᠭ᠂ ᠵᠢᠱᠢᠶᠡᠯᠡᠪᠡᠯ | ᠰᠣᠩᠭᠤᠭᠤᠯᠢ ᠶᠢᠨ ᠺᠣᠮᠢᠰ ᠤᠨ ᠡᠷᠬᠢᠯᠡᠭᠴᠢ ᠶᠢ ᠵᠠᠪᠠᠯ ᠨᠠᠮ ᠤᠨ ᠭᠡᠰᠢᠭᠦᠨ ᠢᠶᠠᠷ ᠡᠭᠦᠷᠭᠡᠯᠡᠭᠦᠯᠬᠦ᠂ ᠭᠠᠴᠠᠭᠠᠨ ᠤ | ᠵᠦᠪᠯᠡᠯ ᠤᠨ ᠬᠡᠰᠢᠭᠦᠨ ᠤ ᠨᠠᠮ ᠤᠨ ᠭᠡᠰᠢᠭᠦᠨ ᠤ ᠬᠠᠷᠢᠴᠠᠯ ᠵᠡᠷᠭᠡ ᠡᠳᠡᠭᠡᠷ ᠲᠠᠯ᠎ᠠ ᠳᠤ ᠪᠦᠷ ᠨᠠᠮ ᠤᠨ ᠵᠣᠬᠢᠶᠠᠨ | ᠪᠠᠶᠢᠭᠤᠯᠤᠯᠲᠠ ᠶᠢᠨ ᠣᠳᠣᠷᠢᠳᠣᠯᠭ᠎ᠠ ᠶᠢ ᠴᠢᠩᠭ᠎ᠠ ᠪᠠᠷᠢᠮᠲᠠᠯᠠᠨ᠎ᠠ᠃ ᠬᠤᠶᠠᠳᠤᠭᠠᠷ ᠲᠤ᠂ ᠭᠤᠷᠪᠠᠨ ᠵᠠᠭᠤᠨ ᠤ | ᠵᠠᠭᠤ ᠶᠢᠨ ᠬᠠᠷᠠᠯᠲᠠ ᠶᠢ ᠪᠡᠶᠡᠯᠡᠭᠦᠯᠬᠦ ᠶᠢ ᠭᠤᠶᠢᠪᠢᠰᠢ ᠦᠭᠡᠢ ᠪᠡᠶᠡᠯᠡᠭᠦᠯᠦᠨ᠎ᠡ᠃ ᠭᠤᠷᠪᠠᠳᠤᠭᠠᠷ ᠲᠤ᠂ ᠭᠠᠴᠠᠭᠠᠨ ᠤ | ︽ᠬᠤᠶᠠᠷ ᠪᠠᠭ︾ ᠤᠨ ᠰᠣᠩᠭᠤᠭᠤᠯᠢ ᠶᠢᠨ ᠪᠦᠬᠦ ᠶᠠᠪᠤᠴᠠ ᠳᠣᠮᠳᠠ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠢ | ᠴᠢᠩᠭ᠎ᠠ ᠠᠳᠬᠤᠨ᠎ᠠ᠃ ᠪᠢᠳᠡ ᠬᠡᠳᠦ ᠤᠳᠠᠭᠠᠨ ᠤ ᠬᠤᠷᠠᠯ ᠳᠡᠭᠡᠷ᠎ᠡ ᠰᠡᠷᠡᠮᠵᠢ ᠶᠢᠨ ᠬᠦᠮᠦᠵᠢᠯ ᠬᠢᠵᠦ᠂ ᠲᠤᠰᠬᠠᠢ | ᠰᠠᠬᠢᠯᠭ᠎ᠠ ᠪᠠᠲᠤ ᠶᠢ ᠴᠢᠩᠭᠠᠳᠬᠠᠬᠤ ᠲᠤᠬᠠᠢ ᠹᠢᠯᠢᠮ ᠢ ᠣᠯᠠᠨ ᠳᠤ ᠦᠵᠡᠭᠦᠯᠵᠦ᠂ ᠡᠨᠡ ᠲᠤᠬᠠᠢ ᠪᠠᠰᠠ ᠨᠡᠶᠢᠭᠡᠮ | ᠳᠡᠭᠡᠷ᠎ᠡ ᠤᠬᠠᠭᠤᠯᠵᠤ᠂ ᠡᠨᠡ ᠲᠠᠯ᠎ᠠ ᠪᠠᠷ ᠴᠢᠩᠭᠠᠳᠬᠠᠵᠠᠢ᠃ ᠣᠳᠣ ᠦᠨᠳᠦᠰᠦᠨ ᠳᠡᠭᠡᠨ ᠪᠣᠯ ᠡᠶᠢᠮᠦ ᠠᠷᠭ᠎ᠠ | ᠬᠡᠮᠵᠢᠶ᠎ᠡ ᠠᠪᠴᠠᠢ᠃ | ᠰᠣᠷᠪᠣᠯᠵᠢᠯᠠᠭᠴᠢ᠄ ᠵᠠ ᠡᠨᠡ ᠤᠳᠠᠭᠠᠨ ᠤ ᠠᠵᠢᠯ ᠤᠨ ᠲᠤᠬᠠᠢ ᠲᠣᠳᠣᠷᠬᠠᠢ ᠣᠶᠢᠯᠠᠭᠠᠯᠲᠠ ᠲᠠᠢ ᠪᠤᠯᠣᠯ᠎ᠠ᠂ | ᠨᠠᠷᠢᠨ ᠲᠠᠶᠢᠯᠤᠮᠵᠢ ᠬᠢᠭᠰᠡᠨ ᠲᠠᠨ ᠳᠤ ᠪᠠᠶᠠᠷᠯᠠᠯ᠎ᠠ᠃ | |