ᠵᠣᠴᠢᠨ᠄ ᠠᠷᠤ ᠬᠤᠷᠴᠢᠨ ᠬᠤᠰᠢᠭᠤᠨ ᠤ ᠬᠤᠨᠲᠦ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ ᠴᠧᠨ | ᠴᠢᠩ ᠰᠢ | ᠰᠣᠷᠪᠤᠯᠵᠢᠯᠠᠭᠴᠢ᠄ ᠬᠤᠷᠳᠣᠨᠬᠦᠦ᠂ ᠦᠯᠵᠡᠶᠢᠬᠡᠰᠢᠭ | | | | | ᠰᠣᠷᠪᠣᠯᠵᠢᠯᠠᠭᠴᠢ᠄ ᠰᠠᠶᠢᠨ ᠪᠠᠶᠢᠵᠠᠭᠠᠨ᠎ᠠ ᠦᠦ︖ ᠣᠳᠣ ᠪᠢᠳᠡ ᠬᠤᠨᠲᠤ ᠪᠠᠯᠭᠠᠰᠤ ᠶᠢᠨ ᠭᠠᠴᠠᠭ᠎ᠠ | ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ | ᠲᠤᠬᠠᠢ ᠬᠤᠨᠲᠤ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ ᠴᠢᠩ ᠰᠢ ᠭᠤᠸᠠᠢ ᠶᠢ ᠰᠣᠷᠪᠣᠯᠵᠢᠯᠠᠬᠤ ᠪᠠᠷ | ᠪᠤᠯᠤᠯ᠎ᠠ᠂ ᠵᠠ ᠲᠠ ᠰᠠᠶᠢᠨ ᠪᠠᠶᠢᠨ᠎ᠠ ᠦᠦ︖ | ᠴᠧᠨ ᠴᠢᠩ ᠰᠢ ᠱᠦᠵᠢ᠄ ᠰᠠᠶᠢᠨ ᠪᠠᠶᠢᠨ᠎ᠠ ᠦᠦ︖ | ᠰᠣᠷᠪᠣᠯᠵᠢᠯᠠᠭᠴᠢ᠄ ᠬᠤᠨᠲᠤ ᠪᠠᠯᠭᠠᠰᠤ ᠪᠣᠯ ᠠᠷᠪᠠᠨ ᠭᠠᠴᠠᠭ᠎ᠠ ᠨᠢᠭᠡ ᠨᠡᠶᠢᠭᠡᠮ ᠲᠣᠭᠤᠷᠢᠭ ᠲᠠᠢ᠂ ᠡᠨᠡ | ᠵᠢᠯ ᠤᠨ ᠨᠠᠢᠮᠠᠨ ᠰᠠᠷ᠎ᠠ ᠶᠢᠨ ᠰᠡᠭᠦᠯᠴᠢ ᠠᠴᠠ ᠰᠣᠩᠭᠤᠭᠤᠯᠢ ᠶᠢᠨ ᠠᠵᠢᠯ ᠤᠨ ᠪᠡᠯᠡᠳᠬᠡᠯ ᠠᠵᠢᠯ ᠢ ᠬᠢᠵᠦ ᠡᠬᠢᠯᠡᠭᠰᠡᠨ | ᠂ ᠲᠡᠭᠡᠭᠡᠳ ᠠᠵᠢᠯ ᠢᠶᠠᠨ ᠦᠷᠨᠢᠭᠦᠯᠬᠦ ᠳᠤ ᠠᠪᠤᠭᠰᠠᠨ ᠠᠷᠭ᠎ᠠ ᠠᠪᠴᠠᠯ ᠤᠨ ᠲᠤᠬᠠᠢ ᠲᠠ ᠶᠠᠷᠢᠨ᠎ᠠ ᠦᠦ︖ | ᠴᠧᠨ ᠴᠢᠩ ᠰᠢ ᠱᠦᠵᠢ᠄ ᠮᠠᠨ ᠤ ᠪᠣᠳᠠᠲᠠᠢ ᠬᠡᠷᠡᠭᠵᠢᠭᠦᠯᠦᠭᠰᠡᠨ ᠠᠷᠭ᠎ᠠ ᠠᠪᠴᠠᠯ ᠪᠣᠯ᠄ ᠨᠢᠭᠡ ᠳᠤ᠂ | ᠨᠠᠮ ᠤᠨ ᠪᠦᠬᠦ ᠲᠠᠯ᠎ᠠ ᠶᠢᠨ ᠣᠳᠣᠷᠢᠳᠣᠯᠭ᠎ᠠ ᠶᠢ ᠪᠠᠷᠢᠮᠲᠠᠯᠠᠨ ᠴᠢᠩᠭᠠᠳᠬᠠᠵᠤ᠂ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠠᠢ᠃ ᠬᠤᠨᠲᠣ ᠪᠠᠯᠭᠠᠰᠤ ᠨᠢ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠪᠠᠯᠭᠠᠰᠤᠨ ᠤ ᠨᠠᠮ ᠤᠨ ᠬᠤᠷᠢᠶ᠎ᠡ | ᠤᠷᠢᠳ ᠬᠤᠵᠢᠳ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠬᠤᠶᠠᠷ ᠤᠳᠠᠭ᠎ᠠ ᠲᠤᠰᠬᠠᠢ | ᠰᠡᠳᠦᠪ ᠢᠶᠠᠷ ᠬᠤᠷᠠᠯᠳᠤᠭᠤᠯᠵᠤ᠂ ᠳᠠᠭᠠᠭᠠᠴᠢᠯᠠᠨ ᠬᠤᠯᠪᠤᠭᠠᠯᠠᠭᠰᠠᠨ ᠬᠤᠰᠢᠭᠤᠨ ᠳᠡᠰ ᠤᠨ ᠣᠳᠣᠷᠢᠳᠤᠯᠭ᠎ᠠ ᠪᠠᠷ | ᠳᠣᠭᠤᠶᠢᠯᠠᠩ ᠤᠨ ᠳᠠᠷᠤᠭ᠎ᠠ ᠪᠣᠯᠭᠠᠭᠰᠠᠨ ᠬᠤᠨᠲᠤ ᠪᠠᠯᠭᠠᠰᠤ ᠶᠢᠨ ᠭᠠᠴᠠᠭ᠎ᠠ ᠨᠡᠶᠢᠭᠡᠮ ᠲᠣᠭᠤᠷᠢᠭ ᠤᠨ ︽ᠬᠤᠶᠠᠷ | ᠵᠦᠪᠯᠡᠯ︾ ᠤᠨ ᠬᠤᠭᠤᠴᠠᠭ᠎ᠠ ᠰᠣᠯᠢᠬᠤ ᠵᠢᠴᠢ ᠰᠣᠩᠭᠤᠭᠤᠯᠢ ᠠᠴᠠ ᠡᠮᠦᠨᠡᠬᠢ ᠬᠤᠭᠤᠴᠠᠭᠠᠨ ᠤ ᠲᠣᠰᠬᠠᠢ ᠮᠦᠷᠲᠡᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠣᠳᠣᠷᠢᠳᠬᠤ ᠳᠣᠭᠤᠶᠢᠯᠠᠩ ᠢ ᠪᠠᠶᠢᠭᠤᠯᠵᠣ᠂ ᠪᠦᠬᠦ | ᠪᠠᠯᠭᠠᠰᠤ ᠪᠠᠷ ᠢᠶᠠᠨ ᠵᠡᠭᠦᠨ ᠪᠠᠷᠠᠭᠤᠨ ᠬᠤᠶᠠᠷ ᠲᠤᠭᠤᠷᠢᠭ ᠬᠤᠪᠢᠶᠠᠵᠤ᠂ ᠲᠣᠭᠤᠷᠢᠭ ᠪᠦᠷᠢ ᠳᠤ ᠬᠤᠰᠢᠭᠤ | ᠪᠠᠯᠭᠠᠰᠤ ᠶᠢᠨ ᠳᠡᠰ ᠤᠨ ᠳᠠᠭᠠᠭᠠᠴᠢᠯᠠᠭᠰᠠᠨ ᠣᠳᠣᠷᠢᠳᠣᠯᠭ᠎ᠠ᠂ ᠬᠤᠰᠢᠭᠤᠨ ᠤ ᠠᠵᠢᠯᠯᠠᠬᠤ ᠳᠤᠭᠤᠶᠢᠯᠠᠩ᠂ ᠭᠠᠴᠠᠭ᠎ᠠ | ᠳᠠᠭᠠᠭᠠᠴᠢᠯᠠᠭᠰᠠᠨ ᠣᠳᠣᠷᠢᠳᠤᠯᠭ᠎ᠠ᠂ ᠪᠠᠯᠭᠠᠰᠤ ᠶᠢᠨ ᠠᠵᠢᠯᠯᠠᠬᠤ ᠳᠣᠭᠤᠶᠢᠯᠠᠩ ᠲᠣᠬᠢᠷᠠᠭᠤᠯᠵᠤ᠂ ᠵᠢᠭᠰᠠᠭᠠᠨ | ᠪᠠᠶᠢᠴᠠᠭᠠᠵᠤ ᠴᠡᠭᠴᠡᠯᠡᠬᠦ ᠠᠵᠢᠯ ᠢ ᠪᠦᠬᠦ ᠲᠠᠯ᠎ᠠ ᠪᠠᠷ ᠦᠷᠨᠢᠭᠦᠯᠵᠡᠢ᠃ ᠪᠠᠯᠭᠠᠰᠤᠨ ᠠᠴᠠ ᠭᠠᠴᠠᠭ᠎ᠠ᠂ ᠨᠡᠶᠢᠭᠡᠮ | ᠲᠣᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠤᠨ ᠬᠤᠷᠠᠯ | ᠬᠤᠷᠠᠯᠳᠤᠭᠤᠯᠵᠤ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ | ᠰᠣᠯᠢᠬᠤ ᠳᠤ ᠨᠠᠮ ᠤᠨ ᠣᠳᠣᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠵᠢᠯ ᠤᠨ ᠲᠦᠰᠦᠯ ᠢ | ᠳᠠᠮᠵᠢᠭᠤᠯᠤᠨ ᠲᠠᠷᠬᠠᠭᠠᠵᠤ᠂ ᠡᠯ᠎ᠡ ᠱᠠᠲᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠴᠣᠭᠴᠠ ᠶᠢᠨ | ᠬᠠᠷᠢᠭᠤᠴᠯᠠᠭ᠎ᠠ ᠶᠢ ᠪᠤᠳᠠᠲᠠᠶᠢᠵᠢᠭᠤᠯᠵᠣ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠣᠳᠣᠷᠢᠳᠣᠯᠭ᠎ᠠ ᠶᠢᠨ ᠪᠣᠭᠤᠮᠲᠠ | ᠰᠠᠬᠢᠬᠤ ᠦᠢᠯᠡᠳᠦᠯ ᠢ ᠴᠢᠩᠭᠠᠳᠬᠠᠵᠤ᠂ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠡᠮᠦᠨᠡᠬᠢ | ᠬᠤᠭᠤᠴᠠᠭᠠᠨ ᠤ ᠪᠠᠶᠢᠴᠠᠭᠠᠯᠲᠠ᠂ ᠵᠢᠱᠢᠭᠳᠡᠭᠴᠢ ᠶᠢ ᠨᠦᠭᠡᠴᠡᠯᠡᠬᠦ᠂ ᠴᠡᠭᠴᠡᠯᠡᠨ ᠬᠤᠪᠢᠷᠠᠭᠤᠯᠬᠤ ᠵᠡᠷᠭᠡ ᠲᠠᠯ᠎ᠠ ᠶᠢᠨ | ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠠᠵᠢᠯ ᠤᠨ ᠭᠤᠣᠯᠯᠠᠬᠤ ᠡᠷᠬᠡ ᠶᠢ ᠪᠠᠲᠤ ᠡᠵᠡᠮᠰᠢᠵᠦ᠂ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠵᠦᠪ ᠴᠢᠭᠯᠡᠯ ᠢ ᠦᠨᠡᠨᠬᠦ ᠪᠠᠲᠤᠯᠠᠵᠠᠢ᠃ ᠬᠤᠶᠠᠷ ᠲᠤ᠂ | ᠣᠯᠣᠰ ᠲᠥᠷᠦ ᠶᠢᠨ ᠪᠠᠷᠢᠮᠵᠢᠶ᠎ᠡ ᠶᠢ ᠳᠣᠪᠣᠶᠢᠯᠭᠠᠵᠤ᠂ ᠪᠠᠶᠢᠳᠠᠯ ᠢ ᠣᠶᠢᠯᠠᠭᠠᠵᠤ ᠮᠦᠷᠳᠡᠨ ᠪᠠᠶᠢᠴᠠᠭᠠᠬᠤ ᠠᠵᠢᠯ ᠢ | ᠪᠦᠬᠦ ᠲᠠᠯ᠎ᠠ ᠪᠠᠷ ᠰᠠᠶᠢᠲᠤᠷ ᠬᠢᠪᠡ᠃ ᠬᠤᠨᠲᠤ ᠪᠠᠯᠭᠠᠰᠤ ᠨᠢ ᠣᠯᠣᠰ ᠲᠥᠷᠦ ᠶᠢᠨ ᠪᠠᠷᠢᠮᠵᠢᠶ᠎ᠡ ᠶᠢ ᠲᠡᠷᠢᠭᠦᠨ | ᠪᠠᠶᠢᠷᠢᠨ ᠳᠤ ᠲᠠᠯᠪᠢᠵᠤ᠂ ᠣᠳᠣᠷᠢᠳᠣᠯᠭ᠎ᠠ ᠳᠠᠭᠠᠭᠤᠯᠵᠣ᠂ ᠪᠦᠬᠦ ᠭᠠᠴᠠᠭ᠎ᠠ ᠲᠣᠰᠬᠤᠨ ᠤ ᠶᠠᠪᠤᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠭᠠᠴᠠᠭ᠎ᠠ ᠳᠠᠭᠠᠭᠠᠴᠢᠯᠠᠭᠰᠠᠨ ᠣᠳᠣᠷᠢᠳᠣᠯᠭ᠎ᠠ ᠠᠴᠠ ᠲᠡᠷᠢᠭᠦᠯᠡᠨ ᠪᠠᠯᠭᠠᠰᠤᠨ ᠤ ᠲᠤᠰᠬᠠᠢ | ᠠᠵᠢᠯᠯᠠᠬᠤ ᠳᠣᠭᠤᠶᠢᠯᠠᠩ ᠢ ᠵᠣᠬᠢᠶᠠᠨ ᠪᠠᠶᠢᠭᠤᠯᠵᠤ᠂ ᠨᠠᠮ ᠤᠨ ᠭᠡᠰᠢᠭᠦᠨ ᠭᠠᠴᠠᠭᠠᠨ ᠤ ᠠᠷᠠᠳ ᠤᠨ ᠲᠦᠯᠦᠭᠡᠯᠡᠭᠴᠢ | ᠲᠠᠢ ᠨᠢᠭᠡ ᠤᠳᠠᠭ᠎ᠠ ᠰᠡᠳᠬᠢᠯ ᠤᠨ ᠦᠭᠡ ᠪᠠᠨ ᠶᠠᠷᠢᠯᠴᠠᠵᠤ᠂ 265 ᠡᠷᠦᠬᠡ ᠳᠤ ᠬᠦᠷᠴᠦ ᠰᠣᠷᠪᠣᠯᠵᠢᠯᠠᠵᠤ᠂ | ᠨᠠᠮ ᠤᠨ ᠭᠡᠰᠢᠭᠦᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠣᠯᠠᠨ ᠠᠷᠭ᠎ᠠ ᠵᠠᠮ ᠢᠶᠠᠷ ᠰᠣᠨᠣᠰᠪᠠ᠃ ᠬᠠᠤᠯᠢ | ᠴᠠᠭᠠᠵᠠ ᠲᠣᠮᠢᠯᠠᠭᠰᠠᠨ ᠰᠠᠯᠪᠤᠷᠢ ᠬᠤᠯᠪᠤᠭᠠᠯᠠᠨ ᠭᠠᠴᠠᠭᠠᠨ ᠤ ᠭᠠᠵᠠᠷ ᠲᠠᠷᠢᠶ᠎ᠠ᠂ ᠨᠣᠲᠤᠭ ᠪᠡᠯᠴᠢᠭᠡᠷ᠂ ᠭᠡᠷ᠎ᠡ ᠪᠢᠴᠢᠭ | ᠵᠡᠷᠭᠡ ᠡᠯ᠎ᠡ ᠲᠥᠷᠦᠯ ᠤᠨ ᠵᠦᠷᠢᠴᠡᠯ ᠵᠢᠭᠤᠷᠠᠯᠳᠤᠭᠠᠨ ᠢ 39 ᠤᠳᠠᠭ᠎ᠠ ᠰᠢᠢᠳᠪᠦᠷᠢᠯᠡᠵᠦ᠂ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠣᠷᠣᠭᠰᠢᠲᠠᠢ ᠶᠠᠪᠤᠭᠳᠠᠬᠤ ᠳᠤ ᠠᠮᠣᠷ ᠲᠣᠭᠲᠠᠭᠤᠨ ᠨᠡᠶᠢᠭᠡᠮ ᠤᠨ ᠣᠷᠴᠢᠨ ᠢ ᠬᠠᠩᠭᠠᠪᠠ᠃ | ᠵᠢᠷᠭᠤᠭᠠᠨ ᠪᠠᠶᠢᠷᠢ ᠬᠡᠰᠡᠭ ᠲᠠᠢ ᠬᠠᠷᠢᠴᠠᠭᠤᠯᠣᠨ ᠪᠠᠨᠯᠳᠬᠡᠯ ᠰᠣᠩᠭᠤᠭᠤᠯᠢ ᠶᠢᠨ ᠬᠦᠮᠦᠰ ᠢ ᠨᠢᠭᠡᠳ ᠨᠢᠭᠡ ᠪᠠᠷ | ᠭᠦᠨᠵᠡᠭᠡᠢ ᠪᠠᠶᠢᠴᠠᠭᠠᠵᠤ᠂ ᠬᠠᠤᠯᠢ ᠳᠦᠷᠢᠮ ᠤᠨ ᠪᠣᠭᠤᠮᠲᠠ ᠶᠢ ᠴᠢᠩᠭ᠎ᠠ ᠠᠳᠬᠤᠵᠤ᠂ ᠰᠢᠯᠢᠨ ᠰᠣᠩᠭᠤᠬᠤ ᠶᠢ | ᠴᠢᠬᠤᠯᠠᠴᠢᠯᠠᠵᠤ᠂ ︽ᠳᠦᠷᠪᠡᠨ ᠣᠬᠠᠮᠰᠠᠷ︾ ᠢ ᠪᠠᠲᠤ ᠪᠣᠢ ᠪᠣᠯᠭᠠᠵᠤ᠂ ᠣᠬᠠᠮᠰᠠᠷ ᠠᠴᠠ ᠪᠠᠨ ︽ᠳᠦᠷᠪᠡᠨ | ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠬᠦᠮᠦᠰ ᠢ ᠭᠠᠴᠠᠭ᠎ᠠ ᠨᠡᠶᠢᠭᠡᠮ ᠲᠣᠭᠤᠷᠢᠭ ᠤᠨ ︽ | ᠬᠤᠶᠠᠷ ᠵᠦᠪᠯᠡᠯ︾ ᠤᠨ ᠣᠳᠣᠷᠢᠳᠬᠤ ᠪᠠᠭ ᠲᠤ ᠣᠷᠣᠭᠤᠯᠣᠨ᠎ᠠ᠃ ᠵᠢᠱᠢᠭᠳᠡᠭᠰᠡᠳ ᠤᠨ ᠬᠢᠷᠢ ᠬᠡᠮ ᠤᠨ ᠬᠢᠨᠠᠨ | ᠪᠠᠶᠢᠴᠠᠭᠠᠯᠲᠠ ᠶᠢ ᠴᠢᠩᠳᠠᠯᠠᠵᠤ᠂ ᠭᠠᠴᠠᠭ᠎ᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠣᠳᠣᠷᠢᠳᠬᠤ ᠪᠠᠭ ᠪᠣᠯᠣᠨ ᠪᠦᠷᠢᠯᠳᠦᠭᠦᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ︽ᠬᠤᠶᠠᠷ ᠪᠠᠲᠤᠯᠠᠨ | ᠨᠢᠭᠡ ᠰᠤᠩᠭᠤᠬᠤ ᠠᠷᠭ᠎ᠠ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠯᠭᠠᠰᠤᠨ ᠤ ᠨᠠᠮ ᠤᠨ ᠪᠠᠶᠢᠭᠤᠯᠤᠯᠲᠠ ᠶᠢᠨ | ᠠᠯᠪᠠᠨ ᠭᠡᠷ᠂ ᠬᠠᠤᠯᠢ ᠴᠠᠭᠠᠵᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠠᠷᠠᠳ ᠤᠨ ᠶᠠᠪᠣᠳᠠᠯ᠂ ᠮᠠᠯ ᠠᠵᠤ | ᠠᠬᠤᠢ ᠵᠡᠷᠭᠡ ᠣᠯᠠᠨ ᠰᠠᠯᠠᠭ᠎ᠠ ᠮᠦᠴᠢᠷ ᠬᠠᠮᠲᠤᠷᠠᠨ᠂ ᠭᠠᠴᠠᠭ᠎ᠠ ᠨᠡᠶᠢᠭᠡᠮ ᠲᠣᠭᠤᠷᠢᠭ ᠤᠨ ︽ᠬᠤᠶᠠᠷ ᠵᠦᠪᠯᠡᠯ︾ | ᠤᠨ ᠣᠳᠣᠷᠢᠳᠬᠤ ᠪᠠᠭ ᠤᠨ ᠪᠦᠷᠢᠯᠳᠦᠭᠦᠨ ᠤ ᠨᠡᠷ᠎ᠡ᠂ ᠵᠢᠱᠢᠭᠳᠡᠭᠴᠢ ᠶᠢᠨ ᠣᠪᠣᠭ ᠲᠦᠷᠦᠯ ᠤᠨ ᠠᠶᠢᠮᠠᠭ ᠪᠦᠯᠦᠭ | ᠪᠠ ᠬᠠᠷ᠎ᠠ ᠪᠦᠯᠦᠭᠲᠡᠨ ᠬᠠᠷᠬᠢᠰ ᠬᠦᠴᠦᠨ ᠳᠤ ᠬᠤᠯᠪᠣᠭᠳᠠᠭᠰᠠᠨ ᠡᠰᠡᠬᠦ᠂ ᠬᠠᠮᠲᠤ ᠶᠢᠨ ᠡᠳ᠋ ᠬᠦᠷᠦᠩᠭᠡ ᠶᠢ | ᠵᠠᠯᠭᠢᠭᠰᠠᠨ ᠡᠰᠡᠬᠦ ᠵᠡᠷᠭᠡ ᠲᠠᠯ᠎ᠠ ᠪᠠᠷ ᠴᠢᠩᠭ᠎ᠠ ᠬᠢᠨᠠᠨ ᠪᠠᠶᠢᠴᠠᠭᠠᠯᠲᠠ ᠬᠢᠵᠡᠢ᠃ ᠬᠢᠷᠢ ᠲᠡᠩᠴᠡᠬᠦ ᠦᠭᠡᠢ ᠬᠦᠮᠦᠰ ᠢ | ᠭᠠᠴᠠᠭ᠎ᠠ ᠨᠡᠶᠢᠭᠡᠮ ᠲᠣᠭᠤᠷᠢᠭ ᠤᠨ ︽ᠬᠤᠶᠠᠷ ᠵᠦᠪᠯᠡᠯ︾ ᠤᠨ ᠣᠳᠣᠷᠢᠳᠬᠤ ᠪᠠᠭ ᠤᠨ ᠪᠦᠷᠢᠯᠳᠦᠭᠦᠨ ᠳᠤ | ᠣᠷᠤᠭᠤᠯᠬᠤ ᠶᠢ ᠴᠢᠩᠭ᠎ᠠ ᠰᠡᠷᠭᠡᠶᠢᠯᠡᠵᠦ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ | ᠰᠢᠯᠢᠳᠡᠭᠵᠢᠭᠦᠯᠵᠦ᠂ ᠬᠠᠤᠯᠢ ᠶᠣᠰᠤᠭᠠᠷ ᠨᠢᠭᠡ ᠬᠦᠮᠦᠨ ᠡᠭᠦᠷᠭᠡᠯᠡᠬᠦ ᠶᠢ ᠬᠡᠷᠡᠭᠵᠢᠭᠦᠯᠦᠨ᠎ᠡ᠃ ᠭᠤᠷᠪᠠ ᠳᠤ᠂ | ᠤᠬᠠᠭᠤᠯᠵᠤ ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ ᠰᠣᠩᠭᠤᠭᠤᠯᠢ ᠶᠢᠨ ᠰᠠᠶᠢᠨ ᠰᠠᠶᠢᠬᠠᠨ ᠣᠷᠴᠢᠨ | ᠲᠣᠭᠤᠷᠢᠨ ᠢ ᠪᠣᠢ ᠪᠣᠯᠭᠠᠨ᠎ᠠ᠃ ᠨᠢᠭᠡ ᠳᠤ᠂ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ | ᠳᠠᠶᠢᠴᠢᠯᠠᠯᠲᠠ ᠶᠢᠨ ᠬᠤᠷᠠᠯ ᠢ ᠬᠤᠷᠠᠯᠳᠣᠭᠤᠯᠵᠣ᠂ ᠪᠠᠯᠭᠠᠰᠤ ᠭᠠᠴᠠᠭ᠎ᠠ ᠬᠤᠶᠠᠷ ᠱᠠᠲᠣᠨ ᠤ ᠺᠠᠳ᠋ᠷ ᠲᠤ ᠬᠤᠭᠤᠴᠠᠭ᠎ᠠ | ᠰᠣᠯᠢᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠲᠦᠰᠦᠯ ᠢ ᠪᠦᠬᠦ ᠲᠠᠯ᠎ᠠ ᠪᠠᠷ ᠲᠠᠶᠢᠯᠤᠮᠵᠢ ᠬᠢᠪᠡ᠃ | ᠬᠤᠶᠠᠷ ᠲᠤ᠂ ᠬᠤᠰᠢᠭᠤ ᠪᠠᠯᠭᠠᠰᠤ ᠬᠤᠶᠠᠷ ᠱᠠᠲᠣᠨ ᠤ ᠭᠤᠣᠯ ᠣᠳᠣᠷᠢᠳᠣᠯᠭ᠎ᠠ ᠭᠠᠴᠠᠭᠠᠨ ᠳᠤ ᠬᠦᠷᠴᠦ ᠬᠤᠷᠠᠯ | ᠬᠤᠷᠠᠯᠳᠣᠭᠤᠯᠵᠣ᠂ ᠨᠠᠮ ᠤᠨ ᠭᠡᠰᠢᠭᠦᠨ ᠣᠯᠠᠨ ᠲᠦᠮᠡᠨ ᠳᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠠᠷᠠᠯᠲᠠ᠂ | ᠨᠢᠭᠡ ᠬᠦᠮᠦᠨ ᠡᠭᠦᠷᠭᠡᠯᠡᠬᠦ ᠲᠦᠷᠥ ᠶᠢᠨ ᠪᠣᠳᠣᠯᠭ᠎ᠠ ᠶᠢᠨ ᠠᠴᠢ ᠬᠤᠯᠪᠣᠭᠳᠠᠯ ᠢ ᠲᠠᠶᠢᠯᠪᠣᠷᠢᠯᠠᠪᠠ᠃ ᠭᠤᠷᠪᠠ ᠳᠤ᠂ | ᠨᠠᠮ ᠤᠨ ᠭᠡᠰᠢᠭᠦᠨ ᠺᠠᠳ᠋ᠷ ᠡᠷᠦᠬᠡ ᠪᠠᠷ ᠭᠦᠨᠵᠡᠭᠡᠶᠢᠷᠡᠨ ᠣᠬᠠᠭᠤᠯᠣᠨ ᠲᠠᠶᠢᠯᠪᠣᠷᠢᠯᠠᠵᠤ᠂ ᠳᠣᠭᠤᠶᠢᠯᠠᠩ ᠢᠶᠠᠷ ᠨᠢᠭᠡᠴᠡ | ᠪᠣᠯᠭᠠᠨ᠂ ᠰᠠᠭᠤᠳᠠᠯ ᠤᠨ ᠬᠤᠷᠠᠯ ᠬᠤᠷᠠᠯᠳᠣᠭᠤᠯᠵᠣ᠂ ᠲᠥᠷᠦ ᠶᠢᠨ ᠪᠣᠳᠣᠯᠭ᠎ᠠ ᠶᠢᠨ ᠲᠠᠶᠢᠯᠣᠮᠵᠢ ᠬᠢᠵᠦ᠂ | ᠠᠷᠠᠳ ᠤᠨ ᠰᠠᠨᠠᠯ ᠢ ᠬᠤᠷᠢᠶᠠᠪᠠ᠃ ᠳᠥᠷᠪᠡ ᠳᠤ᠂ ᠪᠠᠶᠢᠭᠤᠯᠭ᠎ᠠ ᠶᠢᠨ ᠺᠠᠳ᠋ᠷ᠂ ᠭᠠᠴᠠᠭᠠᠨ ᠳᠤ ᠰᠠᠭᠤᠭ᠎ᠠ ᠠᠵᠢᠯᠯᠠᠬᠤ | ᠠᠩᠭᠢ ᠶᠢ ᠵᠣᠬᠢᠶᠠᠨ ᠪᠠᠶᠢᠭᠤᠯᠵᠤ᠂ ᠡᠷᠦᠬᠡ ᠳᠤ ᠬᠦᠷᠴᠦ ᠰᠣᠷᠪᠣᠯᠵᠢᠯᠠᠵᠤ᠂ ᠲᠥᠷᠦ ᠶᠢᠨ ᠪᠣᠳᠣᠯᠭ᠎ᠠ ᠶᠢᠨ | ᠣᠬᠠᠭᠤᠯᠭ᠎ᠠ ᠶᠢ ᠣᠷᠢᠳᠴᠢᠯᠠᠨ ᠰᠠᠶᠢᠲᠣᠷ ᠬᠢᠵᠦ᠂ ᠭᠤᠷᠪᠠ ᠶᠢ ᠳᠣᠳᠣᠷᠬᠠᠢ ᠶᠠᠷᠢᠬᠤ ᠶᠢ ᠭᠤᠣᠯᠳᠠᠯᠭ᠎ᠠ ᠲᠠᠢ | ᠲᠠᠶᠢᠯᠪᠣᠷᠢᠯᠠᠵᠤ᠂ ᠮᠠᠯᠴᠢᠨ ᠲᠦᠮᠡᠨ ᠳᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠤᠶᠢᠯᠠᠭᠠᠭᠤᠯᠵᠣ᠂ ︽ | ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠶᠢᠨ ᠡᠯ᠎ᠡ ᠵᠦᠢᠯ ᠤᠨ ᠳᠡᠰ ᠳᠠᠷᠠᠭᠠᠯᠠᠯ ᠢ ᠵᠢᠷᠤᠮᠵᠢᠭᠤᠯᠤᠨ | ᠨᠠᠶᠢᠳᠠᠪᠤᠷᠢᠵᠢᠭᠤᠯᠪᠠ᠃ ᠲᠠᠪᠤ ᠳᠤ᠂ ᠭᠠᠴᠠᠭᠠᠨ ᠤ ᠯᠠᠪᠠᠷ ᠢᠶᠠᠷ ᠡᠳᠦᠷ ᠪᠦᠷᠢ ᠲᠥᠷᠦ ᠶᠢᠨ ᠪᠣᠳᠣᠯᠭ᠎ᠠ ᠶᠢᠨ | ᠲᠠᠶᠢᠯᠤᠮᠵᠢ ᠶᠢ ᠨᠡᠪᠲᠡᠷᠡᠭᠦᠯᠵᠦ᠂ ᠸᠢᠴᠠᠲ ᠴᠣᠭᠯᠠᠷᠠᠯ᠂ ᠢᠯᠡ ᠨᠡᠶᠢᠲᠡᠯᠡᠬᠦ ᠲᠠᠪᠴᠠᠩ ᠢᠶᠠᠷ ᠤᠬᠠᠭᠤᠯᠬᠤ᠂ ᠤᠷᠢᠶ᠎ᠠ | ᠯᠣᠽᠤᠩ ᠨᠠᠭᠠᠬᠤ ᠵᠡᠷᠭᠡ ᠡᠯ᠎ᠡ ᠵᠦᠢᠯ ᠤᠨ ᠠᠷᠭ᠎ᠠ ᠠᠪᠴᠠᠯ ᠢᠶᠠᠷ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠣᠬᠠᠭᠤᠯᠤᠨ ᠲᠠᠶᠢᠯᠪᠤᠷᠢᠯᠠᠵᠤ᠂ ᠨᠠᠮ ᠤᠨ ᠭᠡᠰᠢᠭᠦᠨ ᠣᠯᠠᠨ ᠲᠦᠮᠡᠨ ᠤ | ᠦᠵᠡᠯ ᠰᠠᠨᠠᠭ᠎ᠠ ᠶᠢ ᠤᠯᠠᠮ ᠨᠢᠭᠡ ᠠᠯᠬᠤᠮ ᠨᠢᠭᠡᠳᠬᠡᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠯ᠎ᠡ | ᠲᠦᠷᠦᠯ ᠤᠨ ᠠᠵᠢᠯ ᠢᠶᠠᠨ ᠰᠠᠶᠢᠲᠤᠷ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃ | ᠰᠣᠷᠪᠣᠯᠵᠢᠯᠠᠭᠴᠢ᠄ ᠰᠣᠩᠭᠤᠭᠤᠯᠢ ᠶᠢᠨ ᠠᠵᠢᠯ ᠢ ᠶᠠᠪᠤᠭᠳᠠᠭᠤᠯᠬᠤ ᠶᠢᠨ ᠲᠦᠯᠦᠭᠡ ᠪᠠᠰᠠ ᠭᠠᠴᠠᠭ᠎ᠠ | ᠪᠤᠯᠭᠠᠨ ᠤ ᠬᠦᠮᠦᠨ ᠠᠮᠠ ᠶᠢᠨ ᠰᠣᠶᠣᠯ ᠤᠨ ᠬᠢᠷᠢ ᠬᠡᠮᠵᠢᠶ᠎ᠡ᠂ ᠨᠠᠰᠤ ᠵᠢᠯ᠂ ᠴᠢᠨᠠᠷ ᠤᠨ ᠢᠯᠭᠠᠯ ᠵᠡᠷᠭᠡ ᠲᠠᠯ᠎ᠠ ᠪᠠᠷ | ᠪᠠᠶᠢᠳᠠᠯ ᠢ ᠨᠠᠷᠢᠨ ᠣᠶᠢᠯᠠᠭᠠᠭᠰᠠᠨ᠂ ᠡᠨᠡ ᠲᠤᠬᠠᠢ ᠪᠠᠨ ᠶᠠᠷᠢᠨ᠎ᠠ ᠦᠦ︖ | ᠴᠧᠨ ᠴᠢᠩ ᠰᠢ ᠱᠦᠵᠢ᠄ ᠣᠳᠣᠬᠠᠨ ᠳᠤ ᠬᠤᠨᠲᠤ ᠪᠠᠯᠭᠠᠰᠣ ᠨᠡᠶᠢᠲᠡ 56 ᠨᠡᠷ᠎ᠡ ᠭᠠᠴᠠᠭᠠᠨ ᠤ ︽ | ᠬᠤᠶᠠᠷ ᠵᠦᠪᠯᠡᠯ︾ ᠤᠨ ᠭᠡᠰᠢᠭᠦᠨ ᠲᠠᠢ᠂ ᠡᠭᠦᠨ ᠳᠤ ᠨᠢᠭᠡ ᠬᠦᠮᠦᠨ ᠡᠭᠦᠷᠭᠡᠯᠡᠬᠦ ᠶᠢ ᠪᠡᠶᠡᠯᠡᠭᠦᠯᠦᠭᠰᠡᠨ ᠭᠤᠷᠪᠠᠨ | ᠭᠠᠴᠠᠭ᠎ᠠ᠂ ᠰᠣᠯᠢᠪᠴᠠᠭᠤᠯᠤᠨ ᠲᠣᠰᠢᠶᠠᠯ ᠡᠭᠦᠷᠭᠡᠯᠡᠭᠰᠡᠨ ᠭᠡᠰᠢᠭᠦᠨ 2 ᠬᠦᠮᠦᠨ᠂ ᠳᠣᠳᠠᠭᠤ ᠣᠷᠣᠨ ᠲᠤᠭ᠎ᠠ 1 | ᠨᠡᠷ᠎ᠡ ᠪᠠᠶᠢᠨ᠎ᠠ᠃ ︽ᠬᠤᠶᠠᠷ ᠵᠦᠪᠯᠡᠯ︾ ᠤᠨ ᠭᠡᠰᠢᠭᠦᠨ ᠳᠤ ᠡᠮᠡᠭᠲᠡᠢ 10 ᠨᠡᠷ᠎ᠡ᠂ 35 ᠨᠠᠰᠤᠨ ᠠᠴᠠ | ᠳᠣᠷᠣᠭᠰᠢᠬᠢ 9 ᠨᠡᠷ᠎ᠡ᠂ 36 ᠨᠠᠰᠣᠨ ᠠᠴᠠ 50 ᠨᠠᠰᠣᠨ ᠤ ᠬᠤᠭᠤᠷᠤᠨᠳᠤᠬᠢ 42 ᠨᠡᠷ᠎ᠡ᠂ 51 ᠨᠠᠰᠣᠨ ᠠᠴᠠ | 60 ᠨᠠᠰᠣᠨ ᠤ ᠬᠤᠭᠤᠷᠣᠨᠳᠤᠬᠢ 4 ᠨᠡᠷ᠎ᠡ ᠪᠠᠶᠢᠵᠤ᠂ ᠠᠩᠬ᠎ᠠ ᠳᠣᠮᠳᠠᠳᠣ ᠵᠢᠴᠢ ᠪᠠᠭ᠎ᠠ ᠰᠣᠷᠭᠠᠭᠤᠯᠢ ᠶᠢᠨ | ᠰᠣᠷᠣᠯᠭ᠎ᠠ ᠶᠢᠨ ᠬᠡᠮᠵᠢᠶ᠎ᠡ ᠲᠠᠢ 27 ᠨᠡᠷ᠎ᠡ᠂ ᠳᠡᠭᠡᠳᠦ ᠳᠣᠮᠳᠠᠳᠣ ᠵᠢᠴᠢ ᠳᠣᠮᠳᠠᠳᠣ ᠵᠡᠷᠭᠡ ᠶᠢᠨ ᠲᠤᠰᠬᠠᠢ | ᠮᠡᠷᠭᠡᠵᠢᠯ ᠤᠨ ᠰᠣᠷᠣᠯᠭ᠎ᠠ ᠶᠢᠨ ᠬᠡᠮᠵᠢᠶ᠎ᠡ ᠲᠠᠢ 19 ᠨᠡᠷ᠎ᠡ᠂ ᠳᠡᠭᠡᠳᠦ ᠵᠡᠷᠭᠡ ᠶᠢᠨ ᠰᠣᠷᠣᠯᠭ᠎ᠠ ᠶᠢᠨ ᠬᠡᠮᠵᠢᠶ᠎ᠡ ᠲᠠᠢ 7 | ᠨᠡᠷ᠎ᠡ᠂ ᠶᠡᠭᠡ ᠰᠣᠷᠭᠠᠭᠤᠯᠢ ᠶᠢᠨ ᠰᠣᠷᠣᠯᠭ᠎ᠠ ᠶᠢᠨ ᠬᠡᠮᠵᠢᠶ᠎ᠡ ᠲᠠᠢ 3 ᠨᠡᠷ᠎ᠡ ᠪᠠᠶᠢᠨ᠎ᠠ᠃ ᠡᠮᠦᠨᠡᠬᠢ ᠬᠤᠭᠤᠴᠠᠭᠠᠨ ᠤ | ᠪᠠᠶᠢᠳᠠᠯ ᠢ ᠤᠶᠢᠯᠠᠭᠠᠵᠦ᠂ ᠪᠠᠶᠢᠴᠠᠭᠠᠯᠲᠠ ᠪᠠᠷ ᠳᠠᠮᠵᠢᠭᠠᠳ ᠪᠦᠬᠦ ᠪᠠᠯᠭᠠᠰᠤᠨ ᠤ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠢ ᠲᠣᠭᠲᠠᠭᠤᠨ ᠢᠶᠠᠷ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃ | ᠰᠣᠷᠪᠣᠯᠵᠢᠯᠠᠭᠴᠢ᠄ ᠵᠠ ᠲᠡᠭᠡᠪᠡᠯ ᠳᠠᠷᠠᠭᠠᠴᠢ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ | ᠲᠤᠬᠠᠢ ᠲᠠ ᠶᠠᠷᠢᠭᠠᠳ ᠦᠭᠭᠦᠨ᠎ᠡ ᠦᠦ︖ | ᠴᠧᠨ ᠴᠢᠩ ᠰᠢ᠄ ᠳᠠᠷᠠᠭᠠᠴᠢ ᠶᠢᠨ ᠠᠯᠬᠤᠮ ᠳᠤ ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ | ᠨᠢ ᠬᠤᠭᠤᠴᠠᠭ᠎ᠠ ᠰᠣᠯᠢᠬᠤ ᠰᠣᠩᠭᠤᠭᠤᠯᠢ ᠶᠢᠨ ᠱᠠᠭᠠᠷᠳᠠᠯᠭ᠎ᠠ ᠶᠤᠰᠤᠭᠠᠷ ᠡᠯ᠎ᠡ ᠵᠦᠢᠯ ᠤᠨ ᠳᠡᠰ ᠳᠠᠷᠠᠭᠠᠯᠠᠯ ᠪᠣᠯᠣᠨ | ᠠᠯᠬᠤᠮ ᠳᠠᠷᠠᠭ᠎ᠠ ᠶᠢ ᠲᠣᠭᠲᠠᠭᠤᠨ ᠢᠶᠠᠷ ᠠᠬᠢᠭᠤᠯᠵᠤ᠂ ᠡᠯ᠎ᠡ ᠭᠠᠴᠠᠭᠠᠨ ᠤ ᠠᠵᠢᠯᠯᠠᠬᠤ ᠳᠣᠭᠤᠶᠢᠯᠠᠩ ᠤᠨ ᠬᠦᠮᠦᠰ ᠢ | ᠵᠣᠬᠢᠶᠠᠨ ᠪᠠᠶᠢᠭᠤᠯᠵᠤ᠂ ᠡᠷᠦᠬᠡ ᠳᠤ ᠬᠦᠷᠴᠦ ᠰᠣᠷᠪᠣᠯᠵᠢᠯᠠᠨ ᠤᠬᠠᠭᠤᠯᠬᠤ ᠠᠵᠢᠯ ᠢ ᠪᠦᠲᠦᠮᠵᠢᠲᠡᠢ ᠪᠡᠶᠡᠯᠡᠭᠦᠯᠵᠦ᠂ | ᠲᠥᠷᠥ ᠶᠢᠨ ᠪᠣᠳᠣᠯᠭ᠎ᠠ ᠶᠢᠨ ᠣᠬᠠᠭᠤᠯᠭ᠎ᠠ᠂ ᠶᠠᠷᠢᠶ᠎ᠠ ᠬᠡᠯᠡᠯᠴᠡᠭᠡᠨ ᠤ ᠵᠦᠪ ᠵᠢᠯᠤᠭᠤᠳᠣᠯᠭ᠎ᠠ ᠬᠢᠬᠦ ᠵᠡᠷᠭᠡ ᠡᠭᠦᠷᠭᠡ ᠶᠢ | ᠠᠬᠢᠭᠤᠯᠵᠤ᠂ ᠵᠥᠪ ᠲᠠᠯ᠎ᠠ ᠪᠠᠷ ᠬᠦᠲᠦᠯᠦᠨ ᠵᠢᠯᠤᠭᠤᠳᠬᠤ ᠦᠢᠯᠡᠳᠦᠯ ᠢ ᠪᠠᠳᠠᠷᠠᠭᠤᠯᠤᠨ᠎ᠠ᠃ ᠨᠢᠭᠡ ᠳᠤ᠂ | ᠬᠤᠭᠤᠴᠠᠭ᠎ᠠ ᠰᠣᠯᠢᠬᠤ ᠶᠠᠪᠤᠴᠠ ᠳᠤ ᠨᠠᠮ ᠤᠨ ᠠᠵᠢᠯ ᠤᠨ ᠪᠦᠬᠦ ᠲᠠᠯ᠎ᠠ ᠶᠢᠨ ᠪᠦᠷᠬᠦᠴᠡ ᠶᠢ ᠦᠨᠡᠨᠬᠦ ᠪᠠᠲᠤᠯᠠᠨ᠎ᠠ᠃ | ᠦᠨᠳᠦᠰᠦᠨ ᠱᠠᠲᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ | ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠡᠯ᠎ᠡ ᠨᠠᠮ ᠤᠨ ᠡᠭᠦᠷ | ᠬᠤᠭᠤᠴᠠᠭ᠎ᠠ ᠰᠣᠯᠢᠬᠤ ᠵᠣᠬᠢᠶᠠᠨ ᠪᠠᠶᠢᠭᠤᠯᠤᠯᠲᠠ ᠪᠣᠯᠣᠨ ᠵᠢᠱᠢᠭᠳᠡᠭᠴᠢ ᠶᠢᠨ ᠨᠢᠭᠡᠳᠦᠭᠡᠷ ᠡᠭᠡᠯᠵᠢ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠡᠭᠦᠷᠭᠡᠯᠡᠵᠦ᠂ ᠬᠠᠤᠯᠢ ᠲᠤᠭᠲᠠᠭᠠᠯ ᠶᠣᠰᠣᠭᠠᠷ | ᠰᠣᠩᠭᠤᠭᠤᠯᠢ ᠶᠢᠨ ᠠᠵᠢᠯ ᠢ ᠠᠬᠢᠭᠤᠯᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠪᠣᠯᠣᠨ ᠲᠦᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠶᠢᠨ ᠨᠡᠶᠢᠯᠡᠯᠲᠡ ᠶᠢᠨ ᠴᠡᠭ ᠢ ᠣᠨᠣᠪᠴᠢᠲᠠᠢ ᠡᠵᠡᠮᠰᠢᠵᠦ᠂ ᠲᠣᠰ ᠣᠳᠠᠭᠠᠨ ᠤ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ | ᠦᠨᠡᠨᠬᠦ ᠪᠠᠲᠤᠯᠠᠨ᠎ᠠ᠃ ᠨᠠᠮ ᠤᠨ ᠭᠡᠰᠢᠭᠦᠨ ᠢ ᠠᠯᠬᠤᠮ ᠠᠯᠬᠤᠮ ᠢᠶᠠᠷ ᠪᠦᠬᠦ ᠲᠠᠯ᠎ᠠ ᠪᠠᠷ ᠳᠠᠶᠢᠴᠢᠯᠠᠵᠤ᠂ ᠲᠡᠭᠦᠨ ᠢ | ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠭᠤᠣᠯᠯᠠᠭᠴᠢ ᠬᠦᠴᠦᠨ ᠪᠣᠯᠭᠠᠨ᠎ᠠ᠃ ᠬᠤᠶᠠᠷ ᠲᠤ᠂ | ᠰᠣᠩᠭᠤᠭᠤᠯᠢ ᠶᠢ ᠵᠠᠬᠢᠷᠤᠨ ᠡᠵᠡᠮᠳᠡᠬᠦ ᠪᠣᠶᠣ ᠦᠨᠳᠦᠰᠦᠨ ᠱᠠᠲᠤᠨ ᠤ ᠵᠠᠰᠠᠭ ᠤᠨ ᠡᠷᠬᠡ ᠶᠢ ᠡᠵᠡᠮᠳᠡᠬᠦ ᠬᠠᠣᠯᠢ ᠪᠣᠰᠤ | ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠪᠦᠬᠦ | ᠶᠠᠪᠤᠴᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠦᠷᠦᠯ ᠤᠭᠰᠠᠭ᠎ᠠ᠂ ᠣᠪᠣᠭ ᠲᠦᠷᠦᠯ᠂ ᠬᠠᠷ᠎ᠠ | ᠪᠦᠯᠦᠭᠲᠡᠨ ᠬᠠᠷᠬᠢᠰ ᠬᠦᠴᠦᠨ ᠤ ᠬᠦᠴᠦᠷᠬᠡᠭᠯᠡᠯ ᠰᠦᠷᠳᠡᠭᠦᠯᠦᠯ ᠮᠡᠬᠡᠯᠡᠯ᠂ ᠬᠡᠭᠡᠯᠢ ᠬᠠᠭ᠋ᠤᠯᠢ ᠲᠦᠯᠬᠢᠬᠦ᠂ | ᠰᠣᠩᠭᠤᠭᠤᠯᠢ ᠶᠢᠨ ᠪᠢᠯᠧᠲ ᠢ ᠬᠠᠭᠤᠷᠮᠠᠭ ᠢᠶᠠᠷ ᠵᠣᠬᠢᠶᠠᠬᠤ᠂ ᠰᠣᠩᠭᠤᠭᠤᠯᠢ ᠶᠢᠨ ᠪᠢᠯᠧᠲ ᠤᠨ ᠲᠤᠭ᠎ᠠ ᠶᠢ | ᠬᠤᠳᠠᠯ ᠢᠶᠠᠷ ᠮᠡᠳᠡᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠡᠵᠡᠮᠳᠡᠬᠦ᠂ ᠬᠠᠷᠰᠢᠯᠠᠬᠤ ᠵᠡᠷᠭᠡ ᠰᠣᠩᠭᠤᠭᠤᠯᠢ ᠶᠢ | ᠡᠪᠳᠡᠬᠦ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠭᠦᠨ᠎ᠡ᠃ ᠭᠤᠷᠪᠠ ᠳᠤ᠂ ᠰᠣᠩᠭᠤᠭᠤᠯᠢ ᠶᠢᠨ | ᠵᠠᠯᠭᠠᠮᠵᠢ ᠠᠵᠢᠯ ᠢ ᠯᠠᠪᠳᠠᠭᠤᠨ ᠪᠦᠲᠦᠮᠵᠢᠲᠡᠢ ᠰᠠᠶᠢᠲᠤᠷ ᠬᠢᠨ᠎ᠡ᠃ ᠬᠤᠰᠢᠭᠤᠨ ᠤ ᠨᠠᠮ ᠬᠤᠷᠢᠶᠠᠨ ᠤ ᠭᠠᠴᠠᠭ᠎ᠠ | ᠲᠤᠰᠬᠤᠨ ᠨᠡᠶᠢᠭᠡᠮ ᠲᠣᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠲᠤᠬᠠᠢ ᠨᠠᠮ ᠤᠨ | ᠣᠳᠣᠷᠢᠳᠣᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠠᠵᠢᠯ ᠤᠨ ᠲᠦᠰᠦᠯ ᠤᠨ ᠲᠣᠭᠲᠠᠭᠠᠯ ᠶᠣᠰᠣᠭᠠᠷ | ᠬᠤᠭᠤᠴᠠᠭ᠎ᠠ ᠰᠣᠯᠢᠬᠤ ᠶᠠᠪᠣᠴᠠ ᠳᠠᠬᠢ ᠡᠯ᠎ᠡ ᠵᠦᠢᠯ ᠤᠨ ᠠᠵᠢᠯ ᠢ ᠡᠮᠬᠢ ᠵᠢᠷᠦᠮ ᠲᠠᠢ ᠪᠠᠷ ᠲᠦᠯᠬᠢᠨ ᠠᠬᠢᠭᠤᠯᠵᠤ᠂ | ᠬᠤᠭᠤᠴᠠᠭ᠎ᠠ ᠰᠣᠯᠢᠬᠤ ᠰᠣᠩᠭᠤᠭᠤᠯᠢ ᠳᠠᠭᠤᠰᠤᠭᠰᠠᠨ ᠤ ᠳᠠᠷᠠᠭ᠎ᠠ ᠢᠵᠢ ᠪᠦᠷᠢᠳᠦᠭᠦᠯᠬᠦ ᠵᠤᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢ ᠰᠠᠶᠢᠲᠤᠷ ᠬᠢᠵᠦ᠂ ᠲᠣᠰᠢᠶᠠᠯ ᠡᠭᠦᠷᠭᠡᠯᠡᠬᠦ ᠶᠠᠷᠢᠯᠴᠠᠭ᠎ᠠ ᠦᠷᠨᠢᠭᠦᠯᠬᠦ᠂ | ᠠᠵᠢᠯ ᠢᠶᠠᠨ ᠲᠣᠰᠢᠶᠠᠬᠤ ᠪᠠ ᠬᠦᠯᠢᠶᠡᠨ ᠠᠪᠬᠤ ᠠᠵᠢᠯ ᠢ ᠰᠠᠶᠢᠲᠤᠷ ᠬᠢᠵᠦ᠂ ᠳᠠᠩᠰᠠᠯᠠᠭᠤᠯᠤᠨ ᠬᠠᠮᠢᠶᠠᠷᠬᠤ ᠶᠢ | ᠪᠡᠶᠡᠯᠡᠭᠦᠯᠵᠦ᠂ ᠲᠦᠪᠯᠡᠷᠡᠭᠦᠯᠦᠨ ᠡᠭᠡᠯᠵᠢᠯᠡᠨ ᠪᠤᠯᠪᠠᠰᠣᠷᠠᠭᠤᠯᠬᠤ ᠶᠢ ᠦᠷᠨᠢᠭᠦᠯᠬᠦ ᠱᠠᠭᠠᠷᠳᠠᠯᠭ᠎ᠠ ᠶᠤᠰᠤᠭᠠᠷ ᠬᠠᠮᠢᠶ᠎ᠠ | ᠪᠦᠬᠦᠢ ᠵᠠᠯᠭᠠᠮᠵᠢ ᠠᠵᠢᠯ ᠢ ᠲᠣᠬᠢᠲᠠᠢ ᠶᠠᠪᠤᠭᠳᠠᠭᠤᠯᠵᠣ᠂ ᠬᠤᠭᠤᠴᠠᠭ᠎ᠠ ᠰᠣᠯᠢᠬᠤ ᠠᠵᠢᠯ ᠤᠨ ᠵᠢᠱᠢᠭᠰᠡᠨ ᠦᠷ᠎ᠡ | ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ | ᠰᠣᠷᠪᠣᠯᠵᠢᠯᠠᠭᠴᠢ᠄ ᠴᠢᠩ ᠰᠢ ᠱᠦᠵᠢ ᠶᠢᠨ ᠶᠠᠷᠢᠶᠠᠨ ᠠᠴᠠ ᠬᠤᠨᠲᠤ ᠪᠠᠯᠭᠠᠰᠤ ᠶᠢᠨ ᠭᠠᠴᠠᠭ᠎ᠠ ᠨᠡᠶᠢᠭᠡᠮ | ᠲᠣᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠤᠬᠠᠢ | ᠣᠶᠢᠯᠠᠭᠠᠯ᠎ᠠ᠂ ᠲᠠᠨ ᠳᠤ ᠪᠠᠶᠠᠷᠯᠠᠯ᠎ᠠ᠃ | | |