ᠵᠣᠴᠢᠨ᠄ ᠠᠷᠤ ᠬᠤᠷᠴᠢᠨ ᠬᠤᠰᠢᠭᠤᠨ ᠤ ᠬᠠᠨᠰᠦ᠋ᠮ᠎ᠡ ᠰᠣᠮᠣ ᠶᠢᠨ ᠨᠠᠮ ᠤᠨ ᠬᠤᠷᠢᠶᠠᠨ ᠤ ᠱᠦᠵᠢ | ᠵᠠᠩᠴᠣᠪ | ᠰᠣᠷᠪᠣᠯᠵᠢᠯᠠᠭᠴᠢ᠄ ᠬᠤᠷᠳᠣᠨᠬᠦᠦ᠂ ᠦᠯᠵᠡᠶᠢᠬᠡᠰᠢᠭ | | | | | ᠰᠣᠷᠪᠣᠯᠵᠢᠯᠠᠭᠴᠢ᠄ ᠰᠠᠶᠢᠨ ᠪᠠᠶᠢᠵᠠᠭᠠᠨ᠎ᠠ ᠦᠦ︖ ᠣᠳᠣ ᠪᠢᠳᠡ ᠬᠠᠨᠰᠦ᠋ᠮ᠎ᠡ ᠰᠣᠮᠣ ᠶᠢᠨ ᠭᠠᠴᠠᠭᠠᠨ ᠤ ︽ | ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠲᠤᠬᠠᠢ ᠬᠠᠨᠰᠦ᠋ᠮ᠎ᠡ ᠰᠣᠮᠣᠨ ᠤ ᠨᠠᠮ ᠤᠨ | ᠬᠤᠷᠢᠶᠠᠨ ᠤ ᠱᠦᠵᠢ ᠵᠠᠩᠴᠣᠪ ᠭᠤᠸᠠᠢ ᠶᠢ ᠰᠣᠷᠪᠣᠯᠵᠢᠯᠠᠬᠤ ᠪᠠᠷ ᠪᠣᠯᠣᠯ᠎ᠠ᠃ ᠲᠠ ᠰᠠᠶᠢᠨ ᠪᠠᠶᠢᠨ᠎ᠠ ᠦᠦ︖ | ᠵᠠᠩᠴᠣᠪ ᠱᠦᠵᠢ᠄ ᠰᠠᠶᠢᠨ᠂ ᠰᠠᠶᠢᠨ ᠪᠠᠶᠢᠨ᠎ᠠ ᠦᠦ︖ | ᠰᠣᠷᠪᠣᠯᠵᠢᠯᠠᠭᠴᠢ᠄ ᠭᠠᠴᠠᠭᠠᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ | ᠰᠣᠩᠭᠤᠭᠤᠯᠢ ᠠᠴᠠ ᠡᠮᠦᠨᠡᠬᠢ ᠪᠡᠯᠡᠳᠬᠡᠯ ᠠᠵᠢᠯ ᠢᠶᠠᠨ ᠪᠡᠶᠡᠯᠡᠭᠦᠯᠦᠭᠰᠡᠨ ᠲᠤᠬᠠᠢ ᠶᠠᠷᠢᠭᠠᠳ ᠦᠭᠭᠦᠨ᠎ᠡ ᠦᠦ︖ | ᠵᠠᠩᠴᠣᠪ ᠱᠦᠵᠢ᠄ ᠵᠠ ᠲᠡᠭᠡᠶ᠎ᠡ᠃ ᠮᠠᠨ ᠤ ᠬᠠᠨᠰᠦ᠋ᠮ᠎ᠡ ᠰᠣᠮᠣᠨ ᠤ ᠨᠠᠮ ᠤᠨ ᠬᠤᠷᠢᠶ᠎ᠠ ᠨᠢ ᠬᠤᠰᠢᠭᠤᠨ ᠤ | 9 ᠰᠠᠷ᠎ᠠ ᠶᠢᠨ 28 ᠳᠤ ᠪᠣᠯᠣᠭᠰᠠᠨ ᠪᠦᠬᠦ ᠬᠤᠰᠢᠭᠤᠨ ᠤ ᠭᠠᠴᠠᠭᠠᠨ ᠤ ᠬᠤᠶᠠᠷ ᠵᠦᠪᠯᠡᠯ ᠤᠨ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠠᠵᠢᠯ ᠤᠨ ᠳᠠᠶᠢᠴᠢᠯᠠᠯᠲᠠ ᠶᠢᠨ ᠬᠤᠷᠠᠯ ᠤᠨ ᠳᠠᠷᠠᠭ᠎ᠠ 10 ᠰᠠᠷ᠎ᠠ ᠶᠢᠨ 14 ᠤ ᠡᠳᠦᠷ | ᠪᠦᠬᠦ ᠰᠣᠮᠣᠨ ᠤ 7 ᠭᠠᠴᠠᠭᠠᠨ ᠤ ᠨᠢᠭᠡᠳᠦᠭᠡᠷ ᠱᠦᠵᠢ᠂ ᠭᠠᠴᠠᠭᠠᠨ ᠳᠤ ᠰᠠᠭᠤᠭ᠎ᠠ ᠺᠠᠳ᠋ᠷ᠂ ᠭᠠᠴᠠᠭᠠᠨ ᠤ ︽ᠬᠤᠶᠠᠷ | ᠵᠦᠪᠯᠡᠯ︾ ᠤᠨ ᠪᠦᠷᠢᠯᠳᠦᠭᠦᠨ ᠣᠷᠣᠯᠴᠠᠭᠰᠠᠨ ᠳᠠᠶᠢᠴᠢᠯᠠᠯᠲᠠ ᠶᠢᠨ ᠬᠤᠷᠠᠯ ᠢ ᠬᠢᠵᠦ᠂ ᠬᠤᠰᠢᠭᠤᠨ ᠨᠠᠮ ᠤᠨ | ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠵᠤ ᠬᠤᠷᠠᠯᠳᠣᠭᠰᠠᠨ ᠪᠠᠶᠢᠨ᠎ᠠ᠃ ᠲᠡᠭᠡᠪᠡᠯ | ᠰᠣᠩᠭᠤᠭᠤᠯᠢ ᠠᠴᠠ ᠡᠮᠦᠨᠡᠬᠢ ᠬᠤᠭᠤᠴᠠᠭᠠᠨ ᠤ ᠠᠵᠢᠯ ᠢ ᠳᠣᠣᠷᠠᠬᠢ ᠲᠠᠪᠤᠨ ᠲᠠᠯ᠎ᠠ ᠪᠠᠷ ᠬᠢᠭᠰᠡᠨ ᠪᠠᠶᠢᠨ᠎ᠠ᠃ | ᠨᠢᠭᠡ ᠳᠤ᠂ ᠰᠣᠮᠣᠨ ᠤ ᠨᠠᠮ ᠤᠨ ᠬᠤᠷᠢᠶᠠᠨ ᠤ ᠱᠦᠵᠢ ᠪᠠᠷ ᠳᠣᠭᠤᠶᠢᠯᠠᠩ ᠤᠨ ᠳᠠᠷᠤᠭ᠎ᠠ ᠪᠣᠯᠭᠠᠭᠰᠠᠨ | ᠪᠣᠰᠣᠳ ᠪᠠᠭ ᠤᠨ ᠪᠦᠷᠢᠯᠳᠦᠭᠦᠨ ᠢᠶᠠᠷ ᠳᠤᠭᠤᠶᠢᠯᠠᠩ ᠤᠨ ᠳᠡᠳ᠋ ᠳᠠᠷᠤᠭ᠎ᠠ᠂ ᠬᠠᠮᠢᠶ᠎ᠠ ᠪᠦᠬᠦᠢ ᠦᠷᠲᠡᠭᠡ | ᠰᠠᠯᠪᠤᠷᠢ ᠶᠢᠨ ᠬᠠᠷᠢᠭᠤᠴᠠᠯᠭᠠᠲᠠᠨ ᠢᠶᠠᠷ ᠭᠡᠰᠢᠭᠦᠨ ᠪᠣᠯᠭᠠᠭᠰᠠᠨ ᠲᠤᠰᠬᠠᠢ ᠤᠳᠤᠷᠢᠳᠬᠤ ᠳᠤᠭᠤᠶᠢᠯᠠᠩ ᠢ ᠪᠠᠶᠢᠭᠤᠯᠵᠤ | ᠂ ᠭᠠᠴᠠᠭᠠᠨ ᠤ ︽ᠬᠤᠶᠠᠷ ᠵᠦᠪᠯᠡᠯ︾ ᠤᠨ ᠰᠣᠩᠭᠤᠭᠤᠯᠢ ᠶᠢᠨ ᠠᠵᠢᠯ ᠤᠨ ᠠᠮᠵᠢᠯᠲᠠ ᠲᠠᠢ ᠶᠠᠪᠤᠭᠳᠠᠬᠤ ᠳᠤ | ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠲᠠᠯᠪᠢᠭᠰᠠᠨ ᠪᠠᠶᠢᠨ᠎ᠠ᠃ ᠡᠭᠦᠨ ᠤ ᠬᠠᠮᠲᠤ ︽ᠬᠤᠶᠠᠷ ᠵᠦᠪᠯᠡᠯ︾ ᠤᠨ | ᠬᠤᠭᠤᠴᠠᠭ᠎ᠠ ᠰᠣᠯᠢᠬᠤ ᠠᠵᠢᠯ ᠤᠨ ᠳᠣᠮᠳᠠ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠦᠰᠦᠪ ᠢ ᠲᠤᠭᠲᠠᠭᠠᠭᠠᠳ᠂ | ᠬᠤᠭᠤᠴᠠᠭ᠎ᠠ ᠰᠣᠯᠢᠬᠤ ᠠᠵᠢᠯ ᠤᠨ ᠶᠠᠪᠤᠴᠠ ᠳᠤ ᠭᠠᠷᠴᠤ ᠮᠡᠳᠡᠬᠦ ᠠᠰᠠᠭᠤᠳᠠᠯ ᠢ ᠵᠣᠬᠢᠰᠲᠠᠢ ᠰᠢᠢᠳᠪᠦᠷᠢᠯᠡᠬᠦ | ᠠᠵᠢᠯ ᠤᠨ ᠲᠤᠭᠲᠠᠯᠴᠠᠭ᠎ᠠ ᠶᠢ ᠪᠤᠢ ᠪᠤᠯᠭᠠᠭᠰᠠᠨ ᠪᠠᠶᠢᠨ᠎ᠠ᠃ | ᠬᠤᠶᠠᠷ ᠲᠤ᠂ ᠵᠢᠭᠰᠠᠭᠠᠨ ᠪᠠᠶᠢᠴᠠᠭᠠᠵᠤ ᠬᠠᠯᠠᠨ ᠰᠠᠶᠢᠵᠢᠷᠠᠭᠤᠯᠬᠤ ᠶᠢ ᠤᠷᠢᠳᠴᠢᠯᠠᠨ ᠪᠡᠶᠡᠯᠡᠭᠦᠯᠵᠦ᠂ | ᠨᠠᠷᠢᠯᠢᠭ ᠮᠠᠭᠠᠳᠯᠠᠨ ᠲᠤᠭᠲᠠᠭᠠᠬᠤ ᠶᠢ ᠪᠤᠳᠠᠲᠠᠢ ᠳᠤ ᠨᠠᠶᠢᠳᠠᠪᠤᠷᠢᠵᠢᠭᠤᠯᠵᠠᠢ᠃ ᠡᠭᠦᠨ ᠳᠤ ᠡᠩ ᠲᠦᠷᠦᠭᠦᠨ ᠳᠤ ᠪᠢ | ᠰᠣᠮᠣᠨ ᠤ ᠨᠠᠮ ᠤᠨ ᠬᠤᠷᠢᠶᠠᠨ ᠤ ᠱᠦᠵᠢ ᠪᠣᠯᠣᠭᠰᠠᠨ ᠤ ᠬᠤᠪᠢ ᠳᠤ ᠣᠳᠣ ᠶᠢᠨ ᠭᠠᠴᠠᠭᠠᠨ ᠤ ᠨᠠᠮ ᠤᠨ ᠡᠭᠦᠷ ᠤᠨ | ᠱᠦᠵᠢ᠂ ᠭᠠᠴᠠᠭᠠᠨ ᠳᠠᠷᠤᠭ᠎ᠠ ᠲᠠᠢ ᠨᠢᠭᠤᠷᠳᠠᠨ ᠶᠠᠷᠢᠯᠴᠠᠵᠤ᠂ ᠲᠤᠰ ᠤᠳᠠᠭᠠᠨ ᠤ ᠭᠠᠴᠠᠭᠠᠨ ᠵᠦᠪᠯᠡᠯ ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠤᠬᠠᠢ ᠨᠠᠷᠢᠯᠢᠭ ᠤᠬᠠᠭᠤᠯᠵᠤ᠂ ᠭᠠᠴᠠᠭᠠᠨ ᠨᠠᠮ ᠤᠨ | ᠡᠭᠦᠷ ᠤᠨ ᠱᠦᠵᠢ ᠡᠷᠬᠡᠪᠰᠢ ᠭᠠᠴᠠᠭᠠᠨ ᠳᠠᠷᠤᠭ᠎ᠠ ᠶᠢᠨ ᠰᠣᠩᠭᠤᠭᠤᠯᠢ ᠳᠤ ᠣᠷᠣᠯᠴᠠᠵᠤ ᠭᠠᠴᠠᠭᠠᠨ ᠳᠠᠷᠤᠭ᠎ᠠ ᠶᠢᠨ | ᠲᠤᠰᠢᠶᠠᠯ ᠢ ᠡᠭᠦᠷᠭᠡᠯᠡᠬᠦ ᠲᠤᠬᠠᠢ ᠨᠠᠷᠢᠯᠢᠭ ᠤᠬᠠᠭᠤᠯᠵᠠᠢ᠃ ᠳᠠᠷᠠᠭ᠎ᠠ ᠨᠢ ᠭᠠᠴᠠᠭᠠᠨ ᠤ ︽ᠬᠤᠶᠠᠷ ᠵᠦᠪᠯᠡᠯ︾ ᠤᠨ | ᠬᠤᠭᠤᠴᠠᠭ᠎ᠠ ᠰᠣᠯᠢᠬᠤ ᠠᠵᠢᠯ ᠤᠨ ᠲᠤᠬᠠᠢ ᠨᠠᠷᠢᠯᠢᠭ ᠮᠦᠷᠳᠡᠨ ᠪᠠᠶᠢᠴᠠᠭᠠᠯᠲᠠ ᠶᠢ ᠬᠤᠶᠠᠷ ᠤᠳᠠᠭ᠎ᠠ ᠬᠢᠵᠦ᠂ | ᠮᠦᠷᠳᠡᠨ ᠪᠠᠶᠢᠴᠠᠭᠠᠯᠲᠠ ᠶᠢ ᠬᠢᠬᠦ ᠳᠡᠭᠡᠨ ᠠᠬᠠᠮᠠᠳ ᠨᠠᠮ ᠤᠨ ᠭᠡᠰᠢᠭᠦᠨ᠂ ᠮᠠᠯᠴᠢᠨ ᠡᠷᠦᠬᠡ᠂ ᠵᠠᠬᠢᠳᠠᠯ ᠰᠣᠷᠪᠣᠯᠵᠢᠯᠠᠯ | ᠬᠢᠳᠡᠭ ᠡᠷᠦᠬᠡ᠂ ᠲᠡᠭᠡᠪᠡᠯ ᠠᠵᠢᠯ ᠠᠴᠠ ᠪᠠᠨ ᠠᠮᠠᠷᠠᠭᠰᠠᠨ ᠭᠠᠴᠠᠭᠠᠨ ᠤ ᠠᠬᠠᠮᠠᠳ ᠺᠠᠳ᠋ᠷ ᠨᠠᠷ ᠲᠠᠢ ᠠᠭᠤᠯᠵᠠᠵᠤ᠂ | 130 ᠭᠠᠷᠤᠢ ᠬᠦᠮᠦᠨ ᠤᠳᠠᠭ᠎ᠠ ᠲᠠᠢ ᠰᠢᠭᠤᠳ ᠠᠭᠤᠯᠵᠠᠨ ᠠᠰᠠᠭᠤᠨ ᠰᠣᠷᠪᠤᠯᠵᠢᠯᠠᠭᠰᠠᠨ ᠪᠠᠶᠢᠨ᠎ᠠ᠃ | ᠭᠤᠷᠪᠠ ᠳᠤ ᠨᠢ ᠭᠠᠴᠠᠭᠠᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠬᠤᠭᠤᠴᠠᠭᠠᠨ ᠤ | ᠨᠡᠶᠢᠭᠡᠮ ᠤᠨ ᠲᠤᠭᠲᠠᠭᠤᠨ ᠢ ᠬᠠᠮᠠᠭᠠᠯᠠᠬᠤ ᠪᠠ ᠮᠠᠯᠴᠢᠳ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠶᠢᠨ | ᠲᠦᠯᠦᠭᠡ ᠰᠣᠮᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠡᠯ᠎ᠡ ᠭᠠᠴᠠᠭᠠᠨ ᠤ ᠳᠠᠩᠰᠠ ᠶᠢ ᠬᠤᠰᠢᠭᠤᠨ ᠤ | ᠨᠢᠭᠲᠠᠯᠠᠨ ᠪᠣᠳᠣᠭᠴᠢ ᠶᠢᠨ ᠦᠢᠯᠡᠴᠢᠯᠡᠭᠡᠨ ᠤ ᠰᠠᠯᠪᠤᠷᠢ ᠳᠤ ᠨᠠᠶᠢᠳᠠᠵᠤ᠂ ᠭᠠᠴᠠᠭᠠᠨ ᠤ ᠳᠠᠩᠰᠠ ᠶᠢ 10 ᠰᠠᠷ᠎ᠠ ᠶᠢᠨ | 30 ᠠᠴᠠ ᠡᠮᠦᠨ᠎ᠡ ᠪᠦᠭᠦᠳᠡ ᠶᠢ ᠪᠤᠳᠤᠵᠤ ᠳᠠᠭᠤᠰᠬᠠᠭᠰᠠᠨ ᠪᠠᠶᠢᠬᠤ ᠬᠡᠷᠡᠭᠲᠡᠢ᠃ | ᠭᠤᠷᠪᠠᠳᠣᠭᠠᠷ ᠲᠤ᠂ ᠪᠡᠯᠡᠳᠬᠡᠯ ᠴᠢᠳᠠᠪᠤᠷᠢᠲᠠᠨ ᠢ ᠨᠦᠭᠡᠴᠡᠯᠡᠬᠦ ᠠᠵᠢᠯ ᠢ ᠣᠷᠢᠳᠴᠢᠯᠠᠨ ᠪᠡᠶᠡᠯᠡᠭᠦᠯᠵᠦ᠂ | ᠵᠢᠱᠢᠭᠳᠡᠭᠰᠡᠳ ᠢ ᠵᠤᠬᠢᠰᠲᠠᠢ ᠲᠤᠭᠲᠠᠭᠠᠬᠤ ᠶᠢ ᠪᠤᠳᠠᠲᠠᠢ ᠨᠠᠶᠢᠳᠠᠪᠤᠷᠢᠵᠢᠭᠤᠯᠵᠠᠢ᠃ 1. ᠡᠯ᠎ᠡ ᠭᠠᠴᠠᠭᠠᠨ ᠤ ᠪᠡᠯᠡᠳᠬᠡᠯ | ᠺᠠᠳ᠋ᠷ ᠢ ᠭᠠᠴᠠᠭ᠎ᠠ ᠪᠦᠷᠢ ᠲᠠᠪᠤᠨ ᠨᠡᠷ᠎ᠡ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠡᠭᠦᠨ ᠤ ᠲᠤᠬᠠᠢ ᠭᠠᠴᠠᠭ᠎ᠠ | ᠪᠣᠯᠭᠠᠨ ᠳᠤ ᠨᠠᠷᠢᠯᠢᠭ ᠪᠠᠶᠢᠴᠠᠭᠠᠯᠲᠠ ᠬᠢᠵᠡᠢ᠃ ᠢᠭᠬᠢᠭᠡᠳ ᠲᠤᠰ ᠤᠳᠠᠭᠠᠨ ᠤ ᠰᠣᠩᠭᠤᠭᠤᠯᠢ ᠶᠢᠨ ᠵᠢᠱᠢᠭᠳᠡᠭᠰᠡᠳ | ᠪᠠᠲᠤᠯᠠᠭ᠎ᠠ ᠲᠠᠢ ᠰᠣᠶᠣᠯ ᠤᠨ ᠬᠡᠮᠵᠢᠶ᠎ᠡ ᠦᠨᠳᠦᠷ᠂ ᠨᠠᠰᠤ ᠵᠠᠯᠠᠭᠤ᠂ ᠶᠡᠭᠡ ᠰᠣᠷᠭᠠᠭᠤᠯᠢ ᠶᠢᠨ ᠮᠡᠳᠡᠯᠭᠡ ᠲᠠᠢ | ᠭᠤᠴᠢᠨ ᠲᠠᠪᠤᠨ ᠨᠠᠰᠣᠨ ᠠᠴᠠ ᠳᠣᠭᠤᠭᠰᠢ ᠪᠡᠯᠡᠳᠬᠡᠯ ᠵᠢᠱᠢᠭᠳᠡᠭᠴᠢ ᠪᠠᠶᠢᠬᠤ ᠶᠢ ᠡᠯ᠎ᠡ ᠭᠠᠴᠠᠭᠠᠨ ᠳᠤ ᠪᠠᠲᠤᠯᠠᠵᠠᠢ᠃ | 2. ᠭᠠᠴᠠᠭᠠᠨ ᠤ ︽ᠬᠤᠶᠠᠷ ᠵᠦᠪᠯᠡᠯ︾ ᠤᠨ ᠠᠩᠬ᠎ᠠ ᠠᠯᠬᠤᠮ ᠤᠨ ᠵᠢᠱᠢᠭᠳᠡᠭᠰᠡᠳ ᠢ ᠳᠡᠭᠡᠳᠦ ᠱᠠᠲᠤᠨ ᠳᠤ | ᠮᠡᠳᠡᠭᠦᠯᠦᠭᠡᠳ᠂ ᠬᠢᠨᠠᠨ ᠪᠠᠶᠢᠴᠠᠭᠠᠯᠲᠠ ᠬᠢᠯᠭᠡᠵᠦ᠂ ᠭᠠᠴᠠᠭᠠᠨ ᠳᠤ ᠲᠣᠬᠢᠷᠠᠬᠤ ᠬᠦᠮᠦᠨ ᠢ ᠣᠷᠢᠳᠠᠪᠠᠷ ᠰᠣᠩᠭᠤᠨ | ᠲᠤᠭᠲᠠᠭᠠᠵᠠᠢ᠂ ᠳᠡᠭᠡᠭᠰᠢ ᠮᠡᠳᠡᠭᠦᠯᠦᠭᠡᠳ ᠲᠤᠬᠢᠷᠠᠬᠤ ᠦᠭᠡᠢ ᠬᠦᠮᠦᠨ ᠲᠠᠢ ᠨᠢᠭᠤᠷᠳᠠᠨ ᠶᠠᠷᠢᠯᠴᠠᠵᠤ ᠦᠵᠡᠯ | ᠰᠠᠨᠠᠭᠠᠨ ᠤ ᠠᠵᠢᠯ ᠬᠢᠭᠰᠡᠨ ᠪᠠᠶᠢᠨ᠎ᠠ᠃ | ᠳᠥᠷᠪᠡ ᠳᠤ᠂ ᠰᠣᠷᠲᠠᠯ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠶᠢ ᠣᠷᠢᠳᠴᠢᠯᠠᠨ ᠪᠡᠶᠡᠯᠡᠭᠦᠯᠵᠦ | ᠲᠥᠷᠥ ᠶᠢᠨ ᠪᠣᠳᠣᠯᠭ᠎ᠠ ᠶᠢ ᠪᠤᠳᠠᠲᠠᠢ ᠨᠠᠶᠢᠳᠠᠪᠤᠷᠢᠵᠢᠭᠤᠯᠵᠠᠢ᠃ 1. ᠭᠠᠴᠠᠭᠠᠨ ᠤ ᠬᠤᠶᠠᠷ ᠵᠦᠪᠯᠡᠯ ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠶᠠᠳᠠᠭᠤ ᠶᠢ | ᠳᠡᠳᠬᠦᠬᠦ ᠠᠵᠢᠯ᠂ ᠨᠡᠶᠢᠭᠡᠮ ᠤᠨ ᠳᠠᠭᠠᠳᠬᠠᠯ ᠪᠣᠯᠣᠨ ᠬᠤᠷᠰᠢᠭᠰᠠᠨ ᠡᠮᠨᠡᠯᠭᠡ ᠶᠢᠨ ᠵᠤᠭᠤᠰ ᠬᠤᠷᠢᠶᠠᠬᠤ ᠠᠵᠢᠯ ᠲᠠᠢ | ᠣᠶᠠᠯᠳᠣᠭᠤᠯᠵᠣ ᠪᠠᠶᠢᠭᠠᠳ᠂ ᠬᠤᠰᠢᠭᠤᠨ ᠤ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ᠂ ᠭᠠᠴᠠᠭᠠᠨ ᠳᠤ | ᠰᠠᠭᠤᠭ᠎ᠠ ᠺᠠᠳ᠋ᠷ᠂ ᠰᠣᠮᠣᠨ ᠤ ᠺᠠᠳ᠋ᠷ᠂ ᠭᠠᠴᠠᠭᠠᠨ ᠤ ︽ᠬᠤᠶᠠᠷ ᠵᠦᠪᠯᠡᠯ︾ ᠤᠨ ᠺᠠᠳ᠋ᠷ ᠨᠠᠷ ᠨᠡᠶᠢᠲᠡ 1600 | ᠭᠠᠷᠣᠢ ᠮᠠᠯᠴᠢᠨ ᠡᠷᠦᠬᠡ ᠪᠠᠷ ᠣᠷᠣᠵᠣ᠂ ᠲᠤᠰ ᠤᠳᠠᠭᠠᠨ ᠤ ᠭᠠᠴᠠᠭᠠᠨ ᠵᠦᠪᠯᠡᠯ ᠤᠨ ᠰᠣᠩᠭᠤᠭᠤᠯᠢ ᠶᠢᠨ | ᠠᠵᠢᠯ ᠤᠨ ᠲᠣᠬᠠᠢ ᠨᠠᠷᠢᠯᠢᠭ ᠤᠬᠠᠭᠤᠯᠵᠠᠢ᠃ 2. ᠭᠤᠷᠪᠠ ᠶᠢ ᠲᠣᠳᠣᠷᠬᠠᠢ ᠶᠠᠷᠢᠵᠤ ᠥᠭᠬᠦ ᠶᠢ ᠭᠤᠤᠯᠳᠠᠯᠭ᠎ᠠ ᠲᠠᠢ | ᠳᠣᠪᠣᠶᠢᠯᠭᠠᠵᠣ᠂ ᠲᠣᠰ ᠣᠳᠠᠭᠠᠨ ᠤ ᠭᠠᠴᠠᠭᠠᠨ ᠵᠦᠪᠯᠡᠯ ᠤᠨ ᠠᠵᠢᠯ ᠢ ᠨᠠᠷᠢᠯᠢᠭ ᠤᠬᠠᠭᠤᠯᠤᠭᠰᠠᠨ ᠪᠠᠶᠢᠨ᠎ᠠ᠃⑴ | ᠡᠷᠬᠡᠪᠰᠢ ᠭᠠᠴᠠᠭᠠᠨ ᠤ ᠨᠠᠮ ᠤᠨ ᠡᠭᠦᠷ ᠤᠨ ᠱᠦᠵᠢ ᠭᠠᠴᠠᠭᠠᠨ ᠳᠠᠷᠤᠭ᠎ᠠ ᠶᠢᠨ ᠲᠤᠰᠢᠶᠠᠯ ᠢ ᠲᠣᠰᠢᠶᠠᠯ ᠢ | ᠬᠠᠪᠰᠣᠷᠭᠠᠨ ᠬᠠᠷᠢᠭᠤᠴᠠᠬᠤ ᠶᠢ ᠭᠤᠶᠢᠪᠢᠰᠢ ᠦᠭᠡᠢ ᠬᠡᠷᠡᠭᠵᠢᠭᠦᠯᠬᠦ᠃⑵ ᠨᠠᠮ ᠤᠨ ᠭᠡᠰᠢᠭᠦᠨ ᠦᠨᠳᠦᠰᠦᠨ | ᠱᠠᠲᠣᠨ ᠤ ᠵᠠᠰᠠᠯᠲᠠ ᠶᠢᠨ ᠭᠤᠣᠯ ᠬᠦᠴᠦᠨ᠂ ᠨᠠᠮ ᠤᠨ ᠭᠡᠰᠢᠬᠦᠨ ᠣᠷᠢᠳᠠᠪᠠᠷ ᠲᠠᠨᠢᠯᠴᠠᠭᠤᠯᠬᠤ ᠶᠢ ᠲᠤᠳᠤᠷᠬᠠᠢ | ᠶᠠᠷᠢᠵᠤ ᠥᠭᠬᠦ᠃⑶ ᠵᠣᠬᠢᠶᠠᠨ ᠪᠠᠶᠢᠭᠤᠯᠤᠯᠲᠠ ᠶᠢᠨ ᠰᠠᠨᠠᠭ᠎ᠠ ᠪᠠ ᠠᠷᠠᠳ ᠤᠨ ᠰᠠᠨᠠᠯ ᠨᠢᠭᠡᠳᠦᠯᠲᠡᠢ ᠪᠠᠶᠢᠬᠤ ᠶᠢ | ᠳᠣᠳᠣᠷᠬᠠᠢ ᠶᠠᠷᠢᠬᠤ ᠶᠢ ᠵᠣᠷᠢᠵᠠᠢ᠃ ᠡᠨᠡ ᠰᠠᠭᠤᠷᠢᠨ ᠳᠡᠭᠡᠷ᠎ᠡ ᠪᠠᠨ ᠮᠠᠨ ᠤ ᠰᠣᠮᠣᠨ ᠤ ᠬᠢ ᠪᠠᠨ ᠭᠠᠳᠠᠭᠰᠢ | ᠭᠠᠷᠤᠭᠰᠠᠨ ᠶᠠᠪᠤᠭᠤᠯ ᠨᠠᠮ ᠤᠨ ᠭᠡᠰᠢᠭᠦᠨ ᠪᠠ ᠭᠠᠳᠠᠭᠰᠢ ᠭᠠᠷᠴᠦ ᠬᠦᠯᠦᠰᠦᠨ ᠠᠵᠢᠯ ᠬᠢᠵᠦ ᠪᠠᠶᠢᠭ᠎ᠠ ᠬᠦᠮᠦᠰ ᠢ | ᠨᠠᠷᠢᠯᠢᠭ ᠪᠦᠷᠢᠳᠬᠡᠭᠡᠳ᠂ ᠸᠢᠴᠠᠲ ᠲᠠᠪᠴᠠᠩ ᠢᠶᠠᠷ ᠳᠠᠮᠵᠢᠭᠤᠯᠵᠤ ᠪᠠᠶᠢᠭᠠᠳ ᠮᠠᠨ ᠤ ᠦᠷᠭᠡᠨ ᠣᠯᠠᠨ ᠭᠠᠳᠠᠭᠰᠢ | ᠭᠠᠷᠤᠭᠰᠠᠨ ᠨᠠᠮ ᠤᠨ ᠭᠡᠰᠢᠭᠦᠨ ᠪᠠ ᠮᠠᠯᠴᠢᠨ ᠲᠦᠮᠡᠨ ᠳᠡᠭᠡᠨ ᠲᠤᠰ ᠤᠳᠠᠭᠠᠨ ᠤ ᠭᠠᠴᠠᠭᠠᠨ ᠤ ︽ᠬᠤᠶᠠᠷ ᠵᠦᠪᠯᠡᠯ︾ | ᠤᠨ ᠰᠣᠩᠭᠤᠭᠤᠯᠢ ᠳᠤ ᠢᠳᠡᠪᠬᠢᠲᠡᠢ ᠣᠷᠣᠯᠴᠠᠬᠤ ᠶᠢ ᠤᠬᠠᠭᠤᠯᠤᠭᠰᠠᠨ ᠪᠠᠶᠢᠨ᠎ᠠ᠃ | ᠲᠠᠪᠤ ᠳᠤ᠂ ᠮᠦᠷᠲᠡᠨ ᠪᠠᠶᠢᠴᠠᠭᠠᠵᠤ ᠬᠦᠲᠦᠯᠦᠨ ᠵᠢᠯᠤᠭᠤᠳᠬᠤ ᠶᠢ ᠣᠷᠢᠳᠴᠢᠯᠠᠨ ᠪᠡᠶᠡᠯᠡᠭᠦᠯᠵᠦ᠂ | ᠬᠠᠷᠢᠭᠤᠴᠠᠯᠭ᠎ᠠ ᠶᠢ ᠪᠤᠳᠠᠲᠠᠢ ᠳᠤ ᠨᠠᠶᠢᠳᠠᠪᠤᠷᠢᠵᠢᠭᠤᠯᠵᠠᠢ᠃ ᠰᠣᠮᠣᠨ ᠤ ᠨᠠᠮ ᠤᠨ ᠬᠤᠷᠢᠶ᠎ᠠ ᠨᠢ ᠲᠤᠰᠬᠠᠢ ᠱᠠᠭᠠᠷᠳᠠᠨ | ᠪᠠᠶᠢᠴᠠᠭᠠᠬᠤ ᠳᠣᠭᠤᠶᠢᠯᠠᠩ ᠢ ᠪᠠᠶᠢᠭᠤᠯᠤᠭᠠᠳ ᠡᠯ᠎ᠡ ᠭᠠᠴᠠᠭᠠᠨ ᠤ ᠭᠠᠴᠠᠭᠠᠨ ᠤ ︽ᠬᠤᠶᠠᠷ ᠵᠦᠪᠯᠡᠯ︾ ᠤᠨ ᠠᠵᠢᠯ ᠢ | ᠶᠠᠪᠤᠭᠳᠠᠭᠤᠯᠵᠤ ᠪᠠᠶᠢᠭ᠎ᠠ ᠪᠠᠶᠢᠳᠠᠯ ᠳᠤ ᠱᠠᠭᠠᠷᠳᠠᠨ ᠪᠠᠶᠢᠴᠠᠭᠠᠯᠲᠠ ᠬᠢᠵᠦ᠂ ᠭᠠᠴᠠᠭᠠᠨ ᠤ ︽ᠬᠤᠶᠠᠷ ᠵᠦᠪᠯᠡᠯ︾ ᠤᠨ | ᠰᠣᠩᠭᠤᠭᠤᠯᠢ ᠶᠢᠨ ᠡᠷᠴᠢᠮ ᠲᠠᠢ ᠶᠠᠪᠤᠭᠳᠠᠬᠤ ᠪᠡᠯᠡᠳᠬᠡᠯ ᠠᠵᠢᠯ ᠢ ᠬᠡᠷᠬᠢᠨ ᠬᠢᠵᠦ ᠪᠠᠶᠢᠭ᠎ᠠ ᠠᠵᠢᠯ ᠢ ᠨᠢᠭᠡ ᠨᠢᠭᠡ | ᠭᠠᠴᠠᠭ᠎ᠠ ᠪᠠᠷ ᠢᠷᠡᠵᠦ ᠪᠠᠶᠢᠴᠠᠭᠠᠨ᠂ ᠣᠷᠣᠰᠢᠵᠤ ᠪᠠᠶᠢᠭ᠎ᠠ ᠠᠰᠠᠭᠤᠳᠠᠯ ᠳᠤ ᠨᠢ ᠬᠠᠯᠠᠨ ᠰᠠᠶᠢᠵᠢᠷᠠᠭᠤᠯᠤᠯᠲᠠ | ᠬᠢᠭᠰᠡᠨ ᠪᠠᠶᠢᠨ᠎ᠠ᠃ | ᠰᠣᠷᠪᠣᠯᠵᠢᠯᠠᠭᠴᠢ᠄ ᠲᠡᠭᠡᠪᠡᠯ ᠰᠣᠩᠭᠤᠭᠤᠯᠢ ᠶᠢᠨ ᠠᠵᠢᠯ ᠤᠨ ᠳᠠᠷᠠᠭᠠᠴᠢ ᠶᠢᠨ ᠠᠯᠬᠤᠮ ᠤᠨ | ᠠᠵᠢᠯ ᠤᠨ ᠢᠶᠠᠨ ᠲᠤᠬᠠᠢ ᠶᠠᠷᠢᠭᠠᠳ ᠦᠭᠭᠦᠨ᠎ᠡ ᠦᠦ︖ | ᠵᠠᠩᠴᠣᠪ ᠱᠦᠵᠢ᠄ ᠳᠠᠷᠠᠭᠠᠴᠢ ᠶᠢᠨ ᠠᠵᠢᠯ ᠤᠨ ᠳᠣᠮᠳᠠ ᠪᠠᠨ ᠡᠶᠢᠮᠦ ᠬᠡᠳᠦᠨ ᠲᠠᠯ᠎ᠠ ᠶᠢᠨ ᠠᠵᠢᠯ ᠢ | ᠠᠳᠬᠤᠬᠤ ᠪᠠᠷ ᠪᠠᠶᠢᠨ᠎ᠠ᠃ ᠨᠢᠭᠡ ᠳᠤ᠂ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠠᠵᠢᠯ ᠢ ᠠᠯᠬᠤᠮ ᠳᠠᠷᠠᠭ᠎ᠠ ᠲᠠᠢ ᠶᠠᠪᠤᠭᠳᠠᠭᠤᠯᠤᠨ᠎ᠠ᠃ ᠰᠣᠮᠣᠨ ᠤ ᠨᠠᠮ ᠤᠨ ᠬᠤᠷᠢᠶᠠᠨ ᠠᠴᠠ ᠬᠤᠶᠠᠷ ᠤᠳᠠᠭᠠᠨ ᠤ | ᠲᠤᠰᠬᠠᠢ ᠮᠠᠭᠠᠳᠯᠠᠨ ᠶᠠᠷᠢᠯᠴᠠᠬᠤ ᠬᠤᠷᠠᠯ ᠢᠶᠠᠷ ᠳᠠᠮᠵᠢᠭᠤᠯᠤᠭᠠᠳ ᠨᠠᠶᠢᠳᠠᠪᠤᠷᠢᠵᠢᠭᠤᠯᠬᠤ ᠳᠤ ᠠᠮᠠᠷᠬᠠᠨ | ᠭᠠᠴᠠᠭᠠᠨ ᠠᠴᠠ ᠨᠢ ᠡᠬᠢᠯᠡᠵᠦ ᠬᠡᠷᠡᠭᠵᠢᠭᠦᠯᠦᠭᠡᠳ᠂ ᠬᠡᠷᠡᠭᠵᠢᠭᠦᠯᠦᠭᠰᠡᠨ ᠭᠠᠴᠠᠭᠠᠨ ᠤ ᠬᠢ ᠪᠠᠨ ᠦᠯᠢᠭᠡᠷ | ᠵᠢᠱᠢᠶ᠎ᠡ ᠪᠠᠷ ᠳᠠᠷᠠᠭᠠᠴᠢ ᠶᠢᠨ ᠭᠠᠴᠠᠭ᠎ᠠ ᠪᠠᠨ ᠳᠠᠭᠠᠭᠤᠯᠵᠣ᠂ ᠳᠣᠯᠣᠭᠠᠨ ᠭᠠᠴᠠᠭ᠎ᠠ ᠪᠠᠨ ᠠᠯᠬᠤᠮ ᠳᠠᠷᠠᠭ᠎ᠠ ᠲᠠᠢ ᠪᠠᠷ | ᠲᠤᠭᠲᠠᠭᠰᠠᠨ ᠬᠤᠭᠤᠴᠠᠭᠠᠨ ᠳᠤ ᠪᠠᠷᠠᠭᠠᠨ᠎ᠠ᠃ ᠬᠤᠶᠠᠷ ᠲᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠠᠵᠢᠯ ᠤᠨ ᠰᠠᠬᠢᠯᠭ᠎ᠠ ᠪᠠᠲᠤ ᠶᠢ ᠴᠢᠩᠭᠠᠳᠬᠠᠨ᠎ᠠ᠃ ᠪᠢᠳᠡ ᠰᠣᠩᠭᠤᠭᠤᠯᠢ ᠠᠴᠠ ᠡᠮᠦᠨ᠎ᠡ᠂ ᠮᠠᠨ ᠤ | ᠰᠣᠩᠭᠤᠭᠤᠯᠢ ᠶᠢᠨ ᠠᠵᠢᠯ᠂ ᠰᠣᠩᠭᠤᠭᠤᠯᠢ ᠳᠤ ᠣᠷᠣᠯᠴᠠᠬᠤ ᠠᠵᠢᠯᠲᠠᠨ᠂ ᠲᠡᠭᠡᠪᠡᠯ ᠰᠣᠩᠭᠤᠭᠤᠯᠢ ᠳᠤ ᠣᠷᠣᠬᠤ | ᠦᠷᠢᠰᠦᠯᠳᠦᠭᠡᠨ ᠳᠤ ᠣᠷᠣᠯᠴᠠᠬᠤ ᠵᠢᠱᠢᠭᠳᠡᠭᠰᠡᠳ ᠵᠡᠷᠭᠡ ᠬᠠᠮᠢᠶ᠎ᠠ ᠪᠦᠬᠦᠢ ᠬᠦᠮᠦᠰ ᠲᠠᠢ ᠣᠷᠢᠳᠠᠪᠠᠷ ᠨᠢᠭᠡ | ᠨᠢᠭᠡ ᠪᠠᠷ ᠨᠢᠭᠤᠷᠳᠠᠨ ᠶᠠᠷᠢᠯᠴᠠᠭᠠᠳ ᠰᠡᠷᠡᠮᠵᠢᠭᠦᠯᠦᠯ ᠤᠨ ᠣᠬᠠᠭᠤᠯᠭ᠎ᠠ ᠬᠢᠨ᠎ᠡ᠃ ᠢᠩᠭᠢᠭᠰᠡᠨ ᠤ ᠬᠢ ᠪᠠᠨ ᠰᠠᠭᠤᠷᠢᠨ | ᠳᠡᠭᠡᠷ᠎ᠡ ᠰᠣᠩᠭᠤᠭᠤᠯᠢ ᠶᠢᠨ ᠶᠠᠪᠤᠴᠠ ᠳᠤ ᠬᠡᠷᠪᠡ ︽ᠬᠤᠶᠠᠷ ᠵᠦᠪᠯᠡᠯ︾ ᠤᠨ ᠰᠣᠩᠭᠤᠭᠤᠯᠢ ᠶᠢᠨ ᠠᠵᠢᠯ ᠢ | ᠬᠠᠷᠰᠢᠯᠠᠭᠰᠠᠨ᠂ ᠨᠦᠯᠦᠭᠡ ᠲᠠᠢ᠂ ᠬᠠᠤᠯᠢ ᠠᠴᠠ ᠵᠦᠷᠢᠴᠡᠭᠰᠡᠨ᠂ ᠰᠣᠩᠭᠤᠭᠤᠯᠢ ᠶᠢᠨ ᠳᠦᠷᠢᠮ ᠠᠴᠠ ᠵᠦᠷᠢᠴᠡᠭᠰᠡᠨ | ᠡᠲᠡᠭᠡᠳ ᠨᠢᠭᠡ ᠢᠯᠡᠷᠡᠪᠡᠯ ᠨᠢᠭᠡ ᠳᠤ ᠰᠢᠢᠳᠬᠡᠯ ᠦᠵᠡᠭᠦᠯᠵᠦ᠂ ᠰᠣᠩᠭᠤᠭᠤᠯᠢ ᠶᠢᠨ ᠣᠷᠣᠭᠰᠢᠲᠠᠢ ᠶᠠᠪᠤᠭᠳᠠᠬᠤ ᠶᠢ | ᠪᠠᠲᠤᠯᠠᠨ᠎ᠠ᠃ ᠭᠤᠷᠪᠠ ᠳᠤ᠂ ᠰᠣᠷᠲᠠᠯ ᠣᠬᠠᠭᠤᠯᠭ᠎ᠠ ᠶᠢᠨ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠨ᠎ᠠ᠃ | ᠪᠢᠳᠡ ᠡᠯ᠎ᠡ ᠭᠠᠴᠠᠭᠠᠨ ᠤ ᠸᠢᠴᠠᠲ ᠲᠠᠪᠴᠠᠩ ᠬᠤᠯᠪᠤᠭ᠎ᠠ ᠪᠠᠷ ᠳᠠᠮᠵᠢᠭᠤᠯᠵᠤ ᠪᠠᠶᠢᠭᠠᠳ ᠮᠠᠨ ᠤ ᠦᠷᠭᠡᠨ ᠣᠯᠠᠨ | ᠮᠠᠯᠴᠢᠨ ᠲᠦᠮᠡᠨ ᠳᠡᠭᠡᠨ ᠲᠤᠰ ᠤᠳᠠᠭᠠᠨ ᠤ ︽ᠬᠤᠶᠠᠷ ᠵᠦᠪᠯᠡᠯ︾ ᠤᠨ ᠰᠣᠩᠭᠤᠭᠤᠯᠢ ᠶᠢᠨ ᠠᠵᠢᠯ ᠤᠨ ᠲᠤᠬᠠᠢ | ᠤᠯᠠᠮ ᠨᠢᠭᠡ ᠠᠯᠬᠤᠮ ᠤᠬᠠᠭᠤᠯᠵᠤ᠂ ᠭᠠᠴᠠᠭᠠᠨ ᠨᠠᠮ ᠤᠨ ᠡᠭᠦᠷ ᠤᠨ ᠱᠦᠵᠢ ᠶᠢᠨ ᠭᠠᠴᠠᠭᠠᠨ ᠳᠠᠷᠤᠭ᠎ᠠ ᠶᠢᠨ | ᠲᠤᠰᠢᠶᠠᠯ ᠢ ᠬᠠᠪᠰᠤᠷᠭᠠᠨ ᠬᠠᠷᠢᠭᠤᠴᠠᠬᠤ ᠠᠵᠢᠯ ᠤᠨ ᠨᠣᠷᠮ᠎ᠠ ᠶᠢ ᠵᠠᠭᠤᠨ ᠤ ᠵᠠᠭᠤ ᠪᠠᠷ ᠡᠷᠬᠡᠪᠰᠢ ᠪᠡᠶᠡᠯᠡᠭᠦᠯᠦᠨ᠎ᠡ᠃ | ᠳᠥᠷᠪᠡ ᠳᠤ᠂ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠰᠠᠶᠢᠨ | ᠰᠠᠶᠢᠬᠠᠨ ᠣᠷᠴᠢᠨ ᠲᠤᠭᠤᠷᠢᠨ ᠢ ᠪᠦᠷᠢᠯᠳᠦᠭᠦᠯᠦᠨ᠎ᠡ᠃ ᠡᠨᠡ ᠲᠠᠯ᠎ᠠ ᠪᠠᠷ ᠪᠢᠳᠡ ᠣᠳᠣ ᠠᠴᠠ ᠡᠬᠢᠯᠡᠭᠡᠳ ᠡᠯ᠎ᠡ | ᠭᠠᠴᠠᠭᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠨᠢᠭᠡ ᠠᠰᠠᠭᠤᠳᠠᠯ ᠢᠯᠡᠷᠡᠪᠡᠯ ᠨᠢᠭᠡ ᠪᠠᠷ ᠨᠢ ᠰᠢᠢᠳᠪᠦᠷᠢᠯᠡᠵᠦ᠂ | ᠳᠠᠷᠠᠭᠠᠴᠢ ᠶᠢᠨ ᠰᠣᠩᠭᠤᠭᠤᠯᠢ ᠶᠢᠨ ᠶᠠᠪᠤᠴᠠ ᠳᠤ ᠰᠣᠩᠭᠤᠭᠤᠯᠢ ᠶᠢ ᠨᠦᠯᠦᠭᠡᠯᠡᠬᠦ᠂ ᠨᠡᠶᠢᠭᠡᠮ ᠤᠨ ᠲᠤᠭᠲᠠᠭᠤᠨ ᠤ | ᠪᠤᠰᠤ ᠦᠵᠡᠭᠳᠡᠯ ᠭᠠᠷᠬᠤ ᠶᠢ ᠰᠡᠷᠭᠡᠶᠢᠯᠡᠨ᠎ᠡ᠃ ᠣᠳᠣᠬᠠᠨ ᠳᠤ ᠪᠠᠨ ᠪᠢᠳᠡᠨ ᠤ ᠬᠢᠭᠰᠡᠨ ᠡᠮᠦᠨᠡᠬᠢ ᠠᠵᠢᠯ ᠪᠠ | ᠳᠠᠷᠠᠭᠠᠴᠢ ᠶᠢᠨ ᠠᠵᠢᠯ ᠤᠨ ᠢᠶᠠᠨ ᠰᠡᠳᠬᠢᠮᠵᠢ ᠶᠢᠨ ᠲᠤᠭᠤᠷᠢᠨ ᠳᠤ ᠬᠤᠰᠢᠭᠤᠨ ᠨᠠᠮ ᠤᠨ ᠬᠤᠷᠢᠶᠠᠨ ᠤ ᠵᠦᠪ | ᠣᠨᠣᠪᠴᠢᠲᠠᠢ ᠣᠳᠣᠷᠢᠳᠣᠯᠭ᠎ᠠ ᠶᠢᠨ ᠳᠣᠣᠷ᠎ᠠ ᠮᠠᠨ ᠤ ᠬᠠᠨᠰᠦ᠋ᠮ᠎ᠡ ᠰᠣᠮᠣ ᠶᠢᠨ ᠭᠠᠴᠠᠭᠠᠨ ᠤ ︽ᠬᠤᠶᠠᠷ ᠵᠦᠪᠯᠡᠯ︾ | ᠤᠨ ᠬᠤᠭᠤᠴᠠᠭ᠎ᠠ ᠰᠣᠯᠢᠬᠤ ᠰᠣᠩᠭᠤᠭᠤᠯᠢ ᠢᠯᠭᠤᠮ ᠣᠷᠣᠭᠰᠢᠲᠠᠢ ᠶᠠᠪᠤᠭᠳᠠᠵᠤ᠂ ᠭᠤᠷᠪᠠᠨ ᠵᠠᠭᠤᠨ ᠤ ᠵᠠᠭᠤ ᠶᠢ | ᠯᠠᠪᠲᠠᠢ ᠪᠡᠶᠡᠯᠡᠭᠦᠯᠦᠨ᠎ᠡ ᠭᠡᠳᠡᠭ ᠢ ᠪᠢ ᠪᠠᠲᠤ ᠢᠲᠡᠭᠡᠵᠦ ᠪᠠᠶᠢᠨ᠎ᠠ᠃ | ᠰᠣᠷᠪᠤᠯᠵᠢᠯᠠᠭᠴᠢ᠄ ᠰᠠᠶ᠋ᠢ ᠪᠢᠳᠡ ᠬᠠᠨᠰᠦ᠋ᠮ᠎ᠡ ᠰᠣᠮᠣ ᠶᠢᠨ ᠨᠠᠮ ᠤᠨ ᠬᠤᠷᠢᠶᠠᠨ ᠤ ᠵᠠᠩᠴᠣᠪ ᠱᠦᠵᠢ ᠶᠢᠨ | ᠶᠠᠷᠢᠶᠠᠨ ᠠᠴᠠ ᠬᠠᠨᠰᠦ᠋ᠮ᠎ᠡ ᠰᠣᠮᠣᠨ ᠤ ᠭᠠᠴᠠᠭᠠᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠤᠨ ᠲᠤᠬᠠᠢ ᠣᠶᠢᠯᠠᠭᠠᠯ᠎ᠠ᠃ ᠲᠠ ᠪᠦᠬᠦᠨ ᠳᠡᠭᠡᠨ ᠪᠠᠶᠠᠷᠯᠠᠯ᠎ᠠ᠃ | |