ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠲᠤᠬᠠᠢ ᠲᠤᠰᠬᠠᠢ ᠰᠣᠷᠪᠤᠯᠵᠢᠯᠠᠭ᠎ᠠ ︵ᠲᠠᠪᠤ︶
ᠨᠡᠶᠢᠲᠡᠯᠡᠭᠰᠡᠨ ᠴᠠᠭ᠄
2020/11/21
       ᠵᠣᠴᠢᠨ᠄ ᠠᠷᠤ ᠬᠤᠷᠴᠢᠨ ᠬᠤᠰᠢᠭᠤᠨ ᠤ ᠪᠠᠯᠴᠢᠷᠤᠳ ᠰᠣᠮᠣ ᠶᠢᠨ ᠨᠠᠮ ᠤᠨ ᠬᠤᠷᠢᠶᠠᠨ ᠤ ᠱᠦᠵᠢ ᠯᠠᠢ ᠵᠠᠠ        ᠰᠣᠷᠪᠣᠯᠵᠢᠯᠠᠭᠴᠢ᠄ ᠬᠤᠷᠳᠣᠨᠬᠦᠦ᠂ ᠦᠯᠵᠡᠶᠢᠬᠡᠰᠢᠭ
       ᠰᠣᠷᠪᠣᠯᠵᠢᠯᠠᠭᠴᠢ᠄ ᠰᠠᠶᠢᠨ ᠪᠠᠶᠢᠵᠠᠭᠠᠨ᠎ᠠ ᠦᠦ︖ ᠣᠳᠣ ᠪᠢᠳᠡ ᠪᠠᠯᠴᠢᠷᠣᠳ ᠰᠣᠮᠣᠨ ᠤ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠤᠬᠠᠢ ᠣᠶᠢᠯᠠᠭᠠᠬᠤ ᠪᠠᠷ ᠪᠠᠯᠴᠢᠷᠣᠳ ᠰᠣᠮᠣᠨ ᠤ ᠨᠠᠮ ᠤᠨ ᠬᠤᠷᠢᠶᠠᠨ ᠤ ᠱᠦᠵᠢ ᠯᠠᠢ ᠵᠠᠠ ᠭᠤᠸᠠᠢ ᠶᠢ ᠰᠣᠷᠪᠣᠯᠵᠢᠯᠠᠬᠤ ᠪᠠᠷ ᠪᠤᠯᠤᠯ᠎ᠠ᠃ ᠲᠠ ᠰᠠᠶᠢᠨ ᠪᠠᠶᠢᠨ᠎ᠠ ᠦᠦ︖        ᠯᠠᠢ ᠵᠠᠡ ᠱᠦᠵᠢ᠄ ᠵᠠ ᠰᠠᠶᠢᠨ ᠪᠠᠶᠢᠨ᠎ᠠ ᠦᠦ︖        ᠰᠣᠷᠪᠣᠯᠵᠢᠯᠠᠭᠴᠢ᠄ ᠲᠠ ᠪᠠᠯᠴᠢᠷᠣᠳ ᠰᠣᠮᠣᠨ ᠤ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠰᠣᠩᠭᠤᠭᠤᠯᠢ ᠶᠢᠨ ᠠᠵᠢᠯ ᠳᠤ ᠨᠠᠮ ᠤᠨ ᠣᠳᠣᠷᠢᠳᠣᠯᠭ᠎ᠠ ᠶᠢ ᠴᠢᠩᠭᠠᠳᠬᠠᠬᠤ  ᠲᠠᠯ᠎ᠠ  ᠪᠠᠷ  ᠶᠠᠷᠢᠭᠠᠳ  ᠦᠭᠭᠦᠨ᠎ᠡ  ᠦᠦ︖        ᠯᠠᠢ ᠵᠠᠡ ᠱᠦᠵᠢ᠄ ᠵᠠ ᠲᠡᠭᠡᠶ᠎ᠡ᠂ ᠮᠠᠨ ᠤ ᠪᠠᠯᠴᠢᠷᠣᠳ ᠰᠣᠮᠣ ᠪᠣᠯ 17 ᠭᠠᠴᠠᠭ᠎ᠠ ᠲᠤᠰᠬᠤᠨ ᠲᠠᠢ᠂ 48 ᠳᠣᠭᠤᠶᠢᠯᠠᠩ ᠲᠠᠢ᠂7200 ᠡᠷᠦᠬᠡ᠂ 16000 ᠬᠦᠮᠦᠨ ᠠᠮᠠ ᠲᠠᠢ ᠰᠣᠮᠣ ᠪᠣᠯᠤᠨ᠎ᠠ᠃ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠡᠬᠢᠯᠡᠭᠰᠡᠨ ᠤ ᠳᠠᠷᠠᠭ᠎ᠠ ᠮᠠᠨ ᠤ ᠪᠠᠯᠴᠢᠷᠤᠳ ᠰᠣᠮᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ᠂ ᠠᠷᠠᠳ ᠤᠨ ᠠᠷᠠᠳᠴᠢᠯᠠᠯ ᠢᠶᠠᠨ ᠪᠠᠳᠠᠷᠠᠭᠤᠯᠬᠤ ᠡᠨᠡ ᠬᠦ ᠬᠤᠶᠠᠷ ᠲᠠᠯ᠎ᠠ ᠪᠠᠷ ᠳᠣᠣᠷᠠᠬᠢ ᠮᠡᠲᠦ ᠠᠵᠢᠯ ᠢ ᠬᠢᠵᠡᠢ᠃ ᠨᠢᠭᠡᠳᠦᠭᠡᠷ ᠲᠤ ᠨᠢ᠂ ᠨᠠᠮ ᠤᠨ ᠣᠳᠣᠷᠢᠳᠤᠯᠭ᠎ᠠ ᠶᠢ ᠴᠢᠩᠭᠠᠳᠬᠠᠬᠤ ᠲᠠᠯ᠎ᠠ ᠪᠠᠷ ᠬᠠᠮᠤᠭ ᠲᠦᠷᠦᠭᠦᠨ ᠳᠤ ᠵᠤᠬᠢᠶᠠᠨ ᠪᠠᠶᠢᠭᠤᠯᠤᠯᠲᠠ ᠶᠢᠨ ᠣᠳᠣᠷᠢᠳᠤᠯᠭ᠎ᠠ ᠶᠢ ᠴᠢᠩᠭᠠᠳᠬᠠᠬᠤ ᠡᠨᠡ ᠠᠵᠢᠯ ᠢ ᠬᠢᠵᠡᠢ᠃ ᠡᠨᠡ ᠲᠠᠯ᠎ᠠ ᠪᠠᠷ ᠭᠤᠤᠯᠳᠠᠭᠤ ᠰᠣᠮᠣᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠣᠳᠣᠷᠢᠳᠬᠤ ᠳᠤᠭᠤᠶᠢᠯᠠᠩ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠳᠤᠤᠷ᠎ᠠ ᠠᠵᠢᠯ ᠢᠶᠠᠨ ᠦᠷᠨᠢᠭᠦᠯᠬᠦ ᠪᠠᠭ ᠢ ᠪᠠᠶᠢᠭᠤᠯᠵᠠᠢ᠃ ᠢᠩᠭᠬᠢᠬᠡᠳ ᠮᠠᠨ ᠤ ᠠᠵᠢᠯᠯᠠᠬᠤ ᠳᠤᠭᠤᠶᠢᠯᠠᠩ ᠤᠨ ᠣᠳᠣᠷᠢᠳᠤᠯᠭ᠎ᠠ ᠶᠢᠨ ᠳᠣᠣᠷ᠎ᠠ ᠲᠦᠰᠦᠪ ᠲᠦᠯᠦᠪᠯᠡᠭᠡ ᠪᠠᠨ ᠲᠤᠭᠲᠠᠭᠠᠵᠤ᠂ ᠭᠠᠴᠠᠭ᠎ᠠ ᠱᠠᠲᠤᠨ ᠤ ᠬᠤᠭᠤᠴᠠᠭ᠎ᠠ ᠰᠣᠯᠢᠬᠤ ᠠᠵᠢᠯ ᠢ ᠱᠠᠯᠠᠪᠳᠠᠨ ᠬᠢᠬᠦ ᠶᠢ ᠱᠠᠭᠠᠷᠳᠠᠵᠠᠢ᠃ ᠳᠠᠷᠠᠭ᠎ᠠ ᠳᠤ ᠨᠢ ᠪᠠᠭ ᠤᠨ ᠨᠦᠬᠦᠳ ᠤᠨ ᠬᠠᠷᠢᠭᠤᠴᠠᠯᠭ᠎ᠠ ᠶᠢ ᠴᠢᠩᠭᠠᠳᠬᠠᠬᠤ ᠲᠠᠯ᠎ᠠ ᠪᠠᠷ ᠱᠠᠭᠠᠷᠳᠠᠭᠰᠠᠨ ᠪᠠᠶᠢᠨ᠎ᠠ᠃ ᠬᠤᠶᠠᠳᠤᠭᠠᠷ ᠲᠤ ᠨᠢ ᠤᠬᠠᠭᠤᠯᠬᠤ ᠠᠵᠢᠯ ᠢ ᠱᠠᠯᠠᠪᠳᠠᠨ ᠬᠢᠵᠡᠢ᠃ ᠤᠴᠢᠷ ᠨᠢ ᠡᠨᠡ ᠤᠳᠠᠭᠠᠨ ᠤ ᠰᠣᠩᠭᠤᠭᠤᠯᠢ ᠶᠢᠨ ᠠᠵᠢᠯ ᠣᠣᠯ ᠤᠨ ᠬᠢ ᠲᠠᠢ ᠪᠠᠨ ᠠᠳᠠᠯᠢ ᠦᠭᠡᠢ᠂ ᠬᠤᠪᠢᠷᠠᠯᠲᠠ ᠭᠠᠷᠤᠭᠰᠠᠨ ᠪᠠᠶᠢᠨ᠎ᠠ᠃ ᠣᠨᠴᠠᠭᠠᠶᠢᠯᠠᠨ ᠳᠠᠷᠠᠭᠠᠴᠢ ᠶᠢᠨ ᠬᠤᠭᠤᠴᠠᠭᠠᠨ ᠳᠤ ᠲᠠᠪᠤᠨ ᠵᠢᠯ ᠪᠣᠯᠬᠤ᠂ ᠱᠦᠵᠢ ᠪᠣᠯᠣᠨ ᠡᠷᠬᠢᠯᠡᠭᠴᠢ ᠶᠢ ᠨᠢᠭᠡ ᠯᠡ ᠬᠦᠮᠦᠨ ᠬᠢᠬᠦ ᠵᠡᠷᠭᠡ ᠲᠠᠯ᠎ᠠ ᠪᠠᠷ ᠣᠯᠠᠨ ᠬᠤᠪᠢᠷᠠᠯᠲᠠ ᠬᠤᠪᠢᠷᠠᠯᠲᠠ ᠭᠠᠷᠤᠭᠰᠠᠨ ᠣᠴᠢᠷ ᠠᠴᠠ ᠣᠯᠠᠨ ᠲᠦᠮᠡᠨ ᠤ ᠳᠣᠮᠳᠠ ᠤᠬᠠᠭᠤᠯᠭ᠎ᠠ ᠬᠢᠬᠦ ᠴᠢᠬᠤᠯᠠ ᠱᠠᠭᠠᠷᠳᠠᠯᠭ᠎ᠠ ᠲᠠᠢ ᠪᠣᠯᠣᠭᠰᠠᠨ ᠪᠠᠶᠢᠨ᠎ᠠ᠃ ᠡᠨᠡ ᠲᠠᠯ᠎ᠠ ᠪᠠᠷ ᠪᠢᠳᠡ ᠡᠩ ᠲᠡᠷᠢᠭᠦᠨ ᠳᠤ ᠣᠯᠠᠨ ᠳᠤ ᠲᠠᠶᠢᠯᠪᠤᠷᠢᠯᠠᠨ᠂ ᠣᠬᠠᠭᠤᠯᠭ᠎ᠠ ᠶᠢᠨ ᠠᠵᠢᠯ ᠢ ᠱᠠᠯᠠᠪᠳᠠᠨ ᠬᠢᠵᠡᠢ᠃ ᠭᠤᠷᠪᠠᠳᠤᠭᠠᠷ ᠲᠤ ᠨᠢ ᠵᠢᠱᠢᠭᠳᠡᠭᠰᠡᠳ ᠤᠨ ᠬᠡᠪᠴᠢᠶ᠎ᠡ ᠶᠢ ᠲᠤᠭᠲᠠᠭᠠᠬᠤ ᠲᠠᠯ᠎ᠠ ᠪᠠᠷ ᠪᠠᠷᠢᠮᠵᠢᠶ᠎ᠡ ᠶᠢ ᠴᠢᠩᠭ᠎ᠠ ᠱᠠᠭᠠᠷᠳᠠᠵᠤ᠂ ᠵᠢᠱᠢᠭᠳᠡᠭᠴᠢ ᠶᠢ ᠰᠣᠩᠭᠤᠬᠤ ᠪᠤᠭᠤᠮᠳᠠ ᠶᠢ ᠬᠢᠨᠠᠨ ᠪᠠᠶᠢᠴᠠᠭᠠᠬᠤ ᠲᠠᠯ᠎ᠠ ᠶᠢ ᠴᠢᠬᠤᠯᠠᠴᠢᠯᠠᠵᠠᠢ᠃ ᠳᠥᠷᠪᠡᠳᠦᠭᠡᠷ ᠲᠤ ᠨᠢ ᠮᠠᠨ ᠤ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭᠠᠳᠬᠠᠬᠤ ᠲᠠᠯ᠎ᠠ ᠪᠠᠷ ᠱᠠᠭᠠᠷᠳᠠᠭᠰᠠᠨ ᠪᠠᠶᠢᠨ᠎ᠠ᠃ ᠭᠤᠤᠯᠳᠠᠭᠤ ᠬᠤᠭᠤᠴᠠᠭ᠎ᠠ ᠰᠣᠯᠢᠬᠤ ᠠᠵᠢᠯ ᠳᠡᠭᠡᠷ᠎ᠡ ᠬᠡᠬᠡᠯᠢ ᠬᠠᠭ᠋ᠤᠤᠯᠢ ᠲᠦᠯᠬᠢᠵᠦ ᠰᠤᠩᠭᠤᠬᠤ ᠪᠤᠶᠤ ᠡᠰᠡᠬᠦᠯ᠎ᠡ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠳᠠᠭᠠᠬᠤ ᠦᠭᠡᠢ ᠪᠠᠷ ᠵᠠᠷᠴᠢᠮ ᠢ ᠵᠦᠷᠢᠴᠡᠬᠦ ᠵᠡᠷᠭᠡ ᠶᠢ ᠰᠢᠢᠳᠬᠡᠬᠦ ᠲᠤᠬᠠᠢ ᠰᠠᠬᠢᠯᠭ᠎ᠠ ᠪᠠᠲᠤ ᠶᠢ ᠡᠯ᠎ᠡ ᠱᠠᠲᠤ ᠪᠠᠷ ᠳᠠᠮᠵᠢᠨ ᠴᠢᠩᠭᠠᠳᠬᠠᠵᠠᠢ᠃        ᠰᠣᠷᠪᠣᠯᠵᠢᠯᠠᠭᠴᠢ᠄ ᠣᠯᠠᠨ ᠲᠦᠮᠡᠨ ᠤ ᠦᠪᠡᠷ ᠤᠨ ᠡᠵᠡᠨ ᠰᠠᠭᠤᠵᠤ ᠡᠷᠬᠡ ᠮᠡᠳᠡᠬᠦ᠂ ᠲᠡᠭᠡᠪᠡᠯ ᠰᠣᠩᠭᠤᠭᠤᠯᠢ ᠶᠢ ᠡᠷᠬᠡ ᠲᠡᠭᠰᠢ ᠶᠠᠪᠤᠭᠳᠠᠭᠤᠯᠬᠤ ᠲᠤᠬᠠᠢ ᠠᠵᠢᠯ ᠢᠶᠠᠨ ᠬᠡᠷᠬᠢᠨ ᠦᠷᠨᠢᠭᠦᠯᠬᠦ ᠪᠠᠷ ᠪᠠᠶᠢᠨ᠎ᠠ ᠪᠣᠢ︖        ᠯᠠᠢ ᠵᠠᠡ ᠱᠦᠵᠢ᠄ ᠠᠷᠠᠳ ᠤᠨ ᠠᠷᠠᠳᠴᠢᠯᠠᠯ ᠢᠶᠠᠨ ᠪᠠᠳᠠᠷᠠᠭᠤᠯᠬᠤ ᠲᠠᠯ᠎ᠠ ᠪᠠᠷ ᠭᠤᠷᠪᠠᠨ ᠲᠠᠯ᠎ᠠ ᠶᠢᠨ ᠠᠵᠢᠯ ᠬᠢᠵᠡᠢ᠃ ᠨᠢᠭᠡᠳᠦᠭᠡᠷ ᠲᠤ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠣᠯᠠᠨ ᠲᠦᠮᠡᠨ ᠤ ᠰᠠᠨᠠᠭᠠᠴᠢᠯᠠᠵᠤ ᠪᠠᠶᠢᠭ᠎ᠠ ᠦᠪᠡᠷ ᠤᠨ ᠳᠤᠷ᠎ᠠ ᠠᠴᠠ ᠪᠠᠨ ᠴᠣᠬᠤᠮ ᠬᠡᠨ ᠢ ᠰᠣᠩᠭᠤᠵᠤ᠂ ᠬᠡᠨ ᠢ ᠭᠠᠷᠭᠠᠬᠤ᠂ ᠬᠡᠨ ᠢ ᠬᠡᠷᠡᠭᠯᠡᠬᠦ ᠲᠤᠬᠠᠢ ᠭᠦᠨᠵᠡᠭᠡᠢ ᠣᠶᠢᠯᠠᠭᠠᠭᠤᠯᠵᠠᠢ᠃ ᠬᠤᠶᠠᠳᠣᠭᠠᠷ ᠲᠤ᠂ ᠣᠯᠠᠨ ᠲᠦᠮᠡᠨ ᠤ ᠡᠷᠬᠡ ᠶᠢ ᠪᠠᠳᠠᠷᠠᠭᠤᠯᠬᠤ ᠲᠠᠯ᠎ᠠ ᠪᠠᠷ ᠣᠯᠠᠨ ᠲᠦᠮᠡᠨ ᠦᠪᠡᠷ ᠢᠶᠠᠨ ᠵᠢᠱᠢᠭᠳᠡᠭᠴᠢ ᠪᠠᠨ ᠰᠣᠩᠭᠤᠨ᠎ᠠ᠃ ᠡᠨᠡ ᠲᠠᠯ᠎ᠠ ᠪᠠᠷ ᠪᠢᠳᠡ ᠭᠠᠴᠠᠭᠠᠨ ᠤ ᠠᠵᠢᠯᠯᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠡᠷᠦᠬᠡ ᠪᠤᠯᠭᠠᠨ ᠳᠤ ᠬᠦᠷᠴᠦ ᠮᠠᠨ ᠤ ᠣᠯᠠᠨ ᠲᠦᠮᠡᠨ ᠦᠪᠡᠷ ᠤᠨ ᠰᠠᠶᠢᠨ ᠳᠤᠷ᠎ᠠ ᠠᠴᠠ ᠪᠠᠨ ᠵᠢᠱᠢᠭᠳᠡᠭᠴᠢ ᠪᠠᠨ ᠰᠣᠩᠭᠤᠵᠤ ᠭᠠᠷᠭᠠᠵᠤ᠂ ᠢᠩᠭᠢᠭᠰᠡᠨ ᠤ ᠳᠠᠷᠠᠭ᠎ᠠ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠪᠠᠨ ᠳᠡᠭᠡᠳᠦ ᠱᠠᠲᠤᠨ ᠤ ᠪᠠᠷᠢᠮᠵᠢᠶ᠎ᠡ ᠶᠢ ᠦᠵᠡᠵᠦ ᠪᠠᠶᠢᠭᠠᠳ ᠬᠢᠨᠠᠨ ᠲᠤᠭᠲᠠᠭᠠᠬᠤ ᠶᠢ ᠪᠠᠷᠢᠮᠲᠠᠯᠠᠵᠠᠢ᠃ ᠭᠤᠷᠪᠠᠳᠤᠭᠠᠷ ᠲᠤ᠂ ᠵᠢᠱᠢᠭᠳᠡᠭᠴᠢ ᠦᠪᠡᠷ ᠤᠨ ᠰᠠᠶᠢᠨ ᠳᠤᠷ᠎ᠠ ᠠᠴᠠ ᠡᠷᠡᠮᠡᠯᠵᠡᠯᠡᠬᠦ ᠶᠢ ᠱᠠᠭᠠᠷᠳᠠᠵᠠᠢ᠃ ᠡᠶᠢᠮᠦ ᠭᠤᠷᠪᠠᠨ ᠲᠠᠯ᠎ᠠ ᠪᠠᠷ ᠠᠵᠢᠯ ᠢᠶᠠᠨ ᠦᠷᠨᠢᠭᠦᠯᠵᠡᠢ᠃        ᠰᠣᠷᠪᠣᠯᠵᠢᠯᠠᠭᠴᠢ᠄ ᠰᠠᠶ᠋ᠢ ᠪᠢᠳᠡ ᠪᠠᠯᠴᠢᠷᠣᠳ ᠰᠣᠮᠣᠨ ᠤ ᠨᠠᠮ ᠤᠨ ᠬᠤᠷᠢᠶᠠᠨ ᠤ ᠱᠦᠵᠢ ᠯᠠᠢ ᠵᠠᠡ ᠭᠤᠸᠠᠢ ᠶᠢᠨ ᠶᠠᠷᠢᠶᠠᠨ ᠠᠴᠠ ᠪᠠᠯᠴᠢᠷᠣᠳ ᠰᠣᠮᠣᠨ ᠤ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠤᠬᠠᠢ ᠣᠶᠢᠯᠠᠭᠠᠯ᠎ᠠ᠂ ᠲᠠᠨ ᠳᠤ ᠪᠠᠶᠠᠷᠯᠠᠯ᠎ᠠ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号