ᠲᠦᠷᠦ ᠵᠠᠰᠠᠭ ᠤᠨ ᠢᠳᠡᠭᠡᠯᠲᠡᠨ ᠲᠦᠮᠡᠨ ᠤᠯᠠᠨ ᠤ ᠵᠢᠳᠬᠦᠯᠲᠡᠨ
ᠨᠡᠶᠢᠲᠡᠯᠡᠭᠰᠡᠨ ᠴᠠᠭ᠄
2020/11/25
                   — ᠠᠷᠦ ᠬᠤᠷᠴᠢᠨ ᠬᠤᠰᠢᠭᠤᠨ ᠤ ᠪᠠᠯᠴᠢᠷᠤᠳ ᠰᠤᠮᠤ ᠶᠢᠨ ᠪᠠᠷᠠᠭᠤᠨᠨᠠᠭᠤᠷ                    ᠭᠠᠴᠠᠭᠠᠨ ᠳᠤ ᠰᠠᠭᠤᠭ᠎ᠠ ᠨᠢᠭᠡᠳᠦᠬᠡᠷ ᠱᠦᠵᠢ ᠲᠡᠭᠦᠰ ᠪᠠᠭᠰᠢ ᠶᠢ ᠲᠡᠮᠳᠡᠭᠯᠡᠪᠡ                ᠨᠢᠭᠡᠳᠦᠬᠡᠷ ᠱᠦᠵᠢ ᠭᠡᠳᠡᠭ ᠢ ᠶᠡᠷᠦᠩᠬᠡᠢ ᠤᠳᠬ᠎ᠠ ᠠᠴᠠ ᠨᠢ ᠬᠡᠯᠡᠪᠡᠯ ︽ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ︾ ᠲᠠᠶᠢᠯᠠᠯᠳᠤᠭᠠᠨ ᠤ ᠦᠨᠳᠦᠰᠤᠨ ᠱᠠᠳᠤᠨ ᠳᠤ ᠰᠠᠭᠤᠭ᠎ᠠ᠂ ᠨᠢᠬᠡᠳᠦᠬᠡᠷ ᠹᠷᠤᠨᠲ ᠲᠤ ᠲᠤᠮᠢᠯᠠᠬᠳᠠᠨ ᠠᠵᠢᠯᠯᠠᠭ᠎ᠠ ᠤᠯᠠᠨ ᠲᠦᠮᠡᠨ ᠤ ᠲᠤᠮᠲᠠ ᠬᠦᠨᠵᠡᠭᠡᠶᠢᠷᠡᠨ ᠤᠯᠠᠨ ᠲᠦᠮᠡᠨ ᠤ ᠠᠰᠢᠭ ᠲᠤᠰᠠ ᠶᠢ ᠲᠡᠷᠢᠬᠦᠨ ᠪᠠᠶᠢᠷᠢᠨ ᠳᠤ ᠲᠠᠯᠪᠢᠵᠤ᠂ ᠶᠠᠳᠠᠭᠤ ᠬᠦᠴᠢᠷᠲᠡᠢ ᠤᠯᠠᠨ ᠲᠦᠮᠡᠨ ᠢ ᠶᠠᠳᠠᠭᠤ ᠠᠴᠠ ᠠᠩᠭᠢᠵᠢᠷᠠᠭᠤᠯᠤᠨ ᠪᠠᠶᠠᠵᠢᠨ ᠴᠢᠨᠡᠭᠡᠯᠢᠭᠵᠢᠬᠦᠯᠬᠦ ᠡᠬᠦᠷᠭᠡ ᠬᠠᠷᠢᠭᠤᠴᠠᠯᠭ᠎ᠠ ᠶᠢ ᠭᠦᠢᠴᠡᠳᠭᠡᠵᠦ ᠪᠦᠬᠦᠢ ᠪᠠᠶᠢᠭᠤᠯᠭ᠎ᠠ ᠨᠢᠭᠡᠴᠡ ᠶᠢᠨ ᠰᠢᠯᠢᠳᠡᠭ ᠺᠠᠳ᠋ᠷᠴᠣᠳ ᠪᠤᠯᠤᠨ᠎ᠠ᠃ ᠨᠢᠬᠡᠳᠦᠭᠡᠷ ᠱᠦᠵᠢ ᠲᠤᠮᠢᠯᠠᠬᠤ ᠪᠤᠯ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠲᠠ ᠶᠢ ᠴᠢᠩᠭᠠᠳᠬᠠᠨ᠂ ᠺᠠᠳ᠋ᠷ ᠢ ᠲᠠᠪᠲᠠᠨ ᠪᠤᠯᠪᠠᠰᠤᠷᠠᠭᠤᠯᠬᠤ᠂ ᠤᠯᠠᠨ ᠲᠦᠮᠡᠨ ᠳᠤ ᠦᠢᠯᠡᠴᠢᠯᠡᠭᠦᠯᠬᠦ ᠪᠦᠲᠦᠮᠵᠢᠳᠡᠢ ᠠᠷᠭ᠎ᠠ ᠪᠤᠯᠤᠨ᠎ᠠ᠃ ᠮᠦᠨᠴᠦ ᠬᠦᠳᠡᠭᠡ ᠲᠤᠰᠬᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠲᠦᠷᠭᠡᠳᠬᠡᠬᠦ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠶᠢᠨ ᠵᠤᠬᠢᠶᠠᠨ ᠪᠠᠶᠢᠭᠤᠯᠤᠯᠲᠠ ᠶᠢᠨ ᠬᠦᠴᠦᠷᠭᠡᠭ ᠪᠠᠲᠤᠯᠠᠭ᠎ᠠ᠃ ᠶᠠᠭ ᠡᠶᠢᠮᠦ ᠠᠴᠠ ᠲᠡᠳᠡᠨ ᠤ ᠡᠭᠦᠷᠭᠡ ᠬᠦᠨᠳᠦ ᠮᠦᠷᠲᠡᠭᠡᠨ ᠲᠤᠰ ᠨᠡᠷᠡᠶᠢᠳᠦᠯ ᠤᠨ ᠠᠷᠦ ᠳᠠᠬᠢ ᠠᠭᠤᠯᠬᠤᠨ ᠬᠢᠭᠡᠳ ᠠᠴᠢ ᠬᠤᠯᠪᠤᠭᠳᠠᠯ ᠶᠡᠭᠡ᠃ ᠨᠢᠬᠡᠳᠦᠭᠡᠷ ᠱᠦᠵᠢ ᠲᠤᠮᠢᠯᠠᠬᠤ ᠶᠢᠨ ᠠᠴᠢ ᠲᠤᠰᠠ ᠶᠢ ᠲᠤᠷᠠᠳᠪᠠᠯ᠄ ᠡᠩ ᠲᠡᠷᠢᠬᠦᠨ ᠳᠤ ᠨᠢᠭᠡᠳᠦᠭᠡᠷ ᠱᠦᠵᠢ ᠪᠠᠷ ᠲᠤᠮᠢᠯᠠᠬᠳᠠᠬᠰᠠᠳ ᠪᠤᠯ ᠪᠠᠶᠢᠭᠤᠯᠭ᠎ᠠ ᠨᠢᠭᠡᠴᠡ ᠶᠢᠨ ᠢᠶᠠᠨ ᠰᠢᠯᠢᠳᠡᠭ ᠺᠠᠳ᠋ᠷ᠂ ᠤᠯᠤᠰ ᠲᠦᠷᠦ ᠶᠢᠨ ᠤᠬᠠᠮᠰᠠᠷ ᠦᠨᠳᠦᠷ᠂ ᠰᠤᠶᠤᠯ ᠪᠤᠯᠪᠠᠰᠤᠷᠠᠯ ᠲᠠᠢ᠂ ᠠᠵᠢᠯᠯᠠᠬᠤ ᠴᠢᠳᠠᠪᠤᠷᠢ ᠰᠠᠶᠢᠨ ᠪᠤᠯᠬᠤᠷ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠳᠤ ᠲᠤᠰᠠᠲᠠᠢ᠃ ᠲᠠᠷᠠᠭᠠᠯᠠᠪᠠᠯ᠂ ᠤᠨᠤᠴᠠᠲᠠᠢ ᠪᠠᠷ  ᠶᠠᠳᠠᠭᠤ ᠶᠢ ᠲᠡᠳᠬᠦᠬᠦ ᠳᠤ ᠶᠡᠷᠦᠩᠬᠡᠢ ᠬᠠᠷᠢᠭᠤᠴᠠᠯᠭ᠎ᠠ ᠡᠬᠦᠷᠭᠡᠯᠡᠵᠦ᠂ ᠤᠯᠤᠰ ᠤᠨ ᠲᠦᠷᠦ ᠶᠢᠨ ᠪᠤᠳᠣᠯᠭ᠎ᠠ ᠶᠢ ᠤᠯᠠᠨ ᠲᠦᠮᠡᠨ ᠳᠤ ᠦᠨᠡᠨ ᠮᠦᠨ ᠢᠶᠠᠷ ᠨᠢ ᠬᠦᠷᠭᠡᠨ᠂ ᠬᠤᠪᠢ ᠪᠡᠶ᠎ᠡ ᠪᠠ ᠪᠠᠶᠢᠭᠤᠯᠭ᠎ᠠ ᠶᠢᠨ ᠲᠠᠪᠠᠭᠤᠯᠢᠭ ᠲᠤ ᠪᠠᠨ ᠲᠦᠰᠢᠵᠦ᠂ ᠲᠤᠬᠠᠢ ᠶᠢᠨ ᠠᠶᠢᠯ ᠭᠠᠴᠠᠭ᠎ᠠ ᠳᠤ ᠬᠦᠭᠵᠢᠯᠳᠡ ᠶᠢᠨ ᠰᠢᠨ᠎ᠡ ᠵᠠᠮ ᠢ ᠡᠷᠢᠨ ᠦᠭᠴᠦ᠂ ᠲᠦᠷᠦᠯ ᠵᠦᠢᠯ᠂ ᠮᠡᠷᠭᠡᠵᠢᠯ᠂ ᠪᠡᠯᠡ ᠮᠦᠩᠬᠦ ᠶᠢ ᠲᠠᠲᠠᠨ᠂ ᠭᠠᠵᠠᠷ ᠤᠷᠤᠨ ᠤ ᠬᠢᠨᠢ ᠪᠠᠶᠢᠳᠠᠯ ᠳᠤ ᠵᠤᠬᠢᠴᠠᠭᠤᠯᠤᠨ᠂ ᠮᠠᠯᠴᠢᠨ ᠲᠠᠷᠢᠶᠠᠴᠢᠳ ᠢ ᠲᠠᠶᠢᠴᠢᠯᠠᠨ ᠪᠠᠶᠠᠵᠢᠯ ᠤᠨ ᠵᠠᠮ ᠳᠤ  ᠬᠦᠳᠦᠯᠦᠨ ᠤᠷᠤᠭᠤᠯᠬᠤ ᠳᠤ ᠵᠠᠩᠭᠢᠯᠠᠭ᠎ᠠ ᠶᠢᠨ ᠦᠢᠯᠡᠳᠦᠯ ᠦᠵᠡᠬᠦᠯᠬᠦ ᠪᠤᠯᠤᠨ᠎ᠠ᠃        ᠠᠷᠦ ᠬᠤᠷᠴᠢᠨ ᠬᠤᠰᠢᠭᠤᠨ ᠤ ᠪᠠᠯᠴᠢᠷᠤᠳ ᠰᠤᠮᠤ ᠶᠢᠨ ᠪᠠᠷᠠᠭᠤᠨᠨᠠᠭᠤᠷ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ — ᠴᠢᠪᠠᠭ᠎ᠠ ᠲᠠᠪᠤᠳᠤᠭᠠᠷ ᠲᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠲᠡᠭᠦᠰ ᠪᠠᠭᠰᠢ ᠪᠤᠯ ᠶᠠᠭ ᠡᠳᠡᠭᠡᠷ ᠬᠦᠮᠦᠰ ᠤᠨ ᠲᠤᠳᠤᠷᠠᠬᠢ ᠨᠢᠭᠡ ᠵᠢᠱᠢᠶ᠎ᠡ ᠪᠤᠯᠬᠤ ᠪᠦᠬᠡᠳ 2017 ᠣᠨ ᠤ 11 ᠰᠠᠷ᠎ᠠ ᠠᠴᠠ ᠪᠠᠯᠴᠢᠷᠤᠳ ᠰᠤᠮᠤ ᠶᠢᠨ ᠪᠠᠷᠠᠭᠤᠨᠨᠠᠭᠤᠷ ᠭᠠᠴᠠᠭ᠎ᠠ ᠳᠤ ᠨᠢᠭᠡᠳᠦᠭᠡᠷ ᠱᠦᠵᠢ ᠪᠠᠷ ᠲᠤᠮᠢᠯᠠᠬᠳᠠᠭᠰᠠᠨ ᠲᠠᠷᠤᠢ ᠳᠤ ᠪᠠᠨ ᠭᠠᠴᠠᠭᠠᠨ ᠳᠤ ᠤᠴᠢᠵᠤ ᠰᠠᠭᠤᠭᠠᠳ ᠤᠳᠤ ᠨᠢᠭᠡᠨᠲᠡ ᠭᠤᠷᠪᠠᠨ ᠵᠢᠯ ᠪᠤᠯᠤᠬᠰᠠᠨ ᠪᠠᠶᠢᠨ᠎ᠠ᠃        ᠪᠠᠭᠰᠢ ᠬᠦᠮᠦᠨ ᠪᠤᠯᠤᠭᠠᠳ ᠲᠡᠷᠡ ᠬᠡᠬᠦ ᠤᠤ᠂ ᠲᠡᠭᠡᠭᠡᠳ ᠴᠦ ᠬᠡᠯᠡᠨ ᠤ ᠪᠠᠭᠰᠢ ᠮᠦᠷᠲᠡᠭᠡᠨ ᠤᠨᠴᠠᠭᠠᠢ ᠨᠠᠷᠢᠯᠢᠭ᠂ ᠬᠢᠨᠠᠭᠤᠷ ᠨᠢᠮᠪᠠᠢ ᠭᠡᠳᠡᠭ ᠨᠢ ᠨᠢᠭᠡᠳᠦᠬᠡᠷ ᠱᠦᠵᠢ ᠶᠢᠨ ᠠᠵᠢᠯ ᠢ ᠶᠠᠭ ᠬᠢ ᠬᠡᠮᠡᠷ ᠯᠡ ᠬᠦᠮᠦᠨ ᠳ᠋ᠠ ᠭᠡᠵᠦ ᠰᠤᠷᠪᠤᠯᠵᠢᠯᠠᠭ᠎ᠠ ᠡᠬᠢᠯᠡᠮᠡᠭᠴᠡ ᠮᠠᠨ ᠳᠤ ᠪᠤᠳᠤᠭᠳᠠᠵᠤ ᠪᠠᠶᠢᠬᠰᠠᠨ ᠮᠠᠨᠢ ᠶᠠᠭᠠᠬᠢᠬᠤ ᠠᠷᠭ᠎ᠠ ᠦᠬᠡᠢ ᠤᠨᠤᠵᠤ᠂ ᠲᠠᠭᠠᠭᠠᠭᠰᠠᠨ ᠭᠠᠴᠠᠭ᠎ᠠ ᠶᠢᠨ ᠢᠶᠠᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠵᠢᠴᠢ ᠡᠯ᠎ᠡ‌‍ᠲ᠋ᠠᠯ᠎ᠠ ᠶᠢᠨ ᠪᠠᠶᠢᠳᠠᠯ ᠢ ᠠᠯᠠᠭᠠᠨ ᠵᠢᠷᠤᠭᠠᠰᠤ ᠪᠠᠨ ᠰᠢᠭ᠋ ᠲᠤᠳᠤᠷᠬᠠᠢ᠂ ᠡᠷᠡᠮᠪᠠ ᠲᠠᠷᠠᠭ᠎ᠠ ᠲᠠᠢ᠂ ᠡᠮᠬᠢ ᠴᠡᠭᠴᠡ  ᠲᠠᠢ᠂ ᠲᠤᠭ᠎ᠠ ᠪᠠᠷᠢᠮᠲᠠ ᠪᠦᠬᠦᠢ ᠤᠷᠤᠰᠤᠮ᠎ᠠ ᠶᠠᠷᠢᠶ᠎ᠠ ᠬᠢᠭᠡᠳ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠠᠴᠠ ᠦᠭᠰᠦᠭᠦᠯᠦᠭᠡᠳ ᠡᠷᠦᠬᠡ ᠪᠦᠷᠢ ᠶᠢᠨ ᠤᠷᠤᠯᠭ᠎ᠠ ᠵᠠᠷᠤᠯᠭ᠎ᠠ᠂ ᠬᠦᠮᠦᠨ ᠠᠮᠠ᠂ ᠬᠦᠳᠡᠯᠮᠦᠷᠢ ᠬᠦᠴᠦ᠂ ᠡᠷᠦᠬᠡ ᠪᠦᠷᠢ  ᠶᠢᠨ ᠲᠠᠩᠰᠠ ᠺᠠᠷᠲ ᠤᠨ ᠲᠡᠮᠳᠡᠭᠯᠡᠯ ᠪᠦᠷᠢ ᠠᠴᠠ ᠨᠢ ᠰᠠᠶᠢᠬᠠᠨ ᠬᠠᠷᠢᠭᠤᠯᠲᠠ ᠤᠯᠬᠤ ᠪᠦᠬᠡᠳ ᠤᠨᠴᠠᠭᠠᠶᠢᠯᠠᠨ 2018 ᠤᠨ ᠠᠴᠠ 2020 ᠪᠤᠯᠲᠠᠯᠠᠬᠢ ᠬᠤᠭᠤᠴᠠᠭᠠᠨ ᠳᠤ ᠪᠠᠷᠠᠭᠤᠨᠨᠠᠭᠤᠷ ᠭᠠᠴᠠᠭ᠎ᠠ ᠶᠢᠨ ︽ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ︾ ᠨᠢ ᠭᠤᠷᠪᠠᠨ ᠵᠢᠯ ᠲᠠᠷᠠᠭᠠᠯᠠᠨ ᠰᠤᠮᠤᠨ ᠳᠤ ᠪᠠᠨ ᠲᠡᠷᠢᠬᠦᠯᠡᠭᠰᠡᠨ ᠪᠠ ᠭᠠᠴᠠᠭᠠᠨ ᠤ ᠡᠯ᠎ᠡ ᠲᠠᠯ᠎ᠠ ᠶᠢᠨ ᠠᠵᠢᠯ ᠨᠢ ᠴᠤ ᠭᠤᠷᠪᠠᠨ ᠵᠢᠯ ᠲᠠᠷᠠᠭᠠᠯᠠᠨ ᠲᠡᠷᠢᠬᠦᠯᠡᠭᠰᠡᠨ ᠪᠤᠲᠠᠳᠤ ᠪᠦᠳᠦᠮᠵᠢ ᠪᠦᠷᠢᠨ ᠨᠤᠳᠠᠯᠠᠭᠠᠳ ᠪᠠᠶᠢᠭ᠎ᠠ ᠠᠵᠠᠢ᠃
               ᠲᠡᠭᠡᠪᠡᠯ ᠪᠢᠳᠡ ᠶᠠᠭᠤᠨ ᠤ ᠤᠷᠢᠳ ︽ᠬᠤᠶᠠᠷ ᠲᠤ ᠵᠣᠪᠠᠭ᠋ᠤ ᠦᠬᠡᠢ︾᠂ ︽ ᠭᠤᠷᠪᠠᠨ ᠵᠦᠢᠯ ᠳᠤ ᠪᠠᠳᠤᠯᠠᠭ᠎ᠠ ᠲᠠᠢ︾ ᠪᠠᠶᠢᠬᠤ ᠶᠢᠨ ᠪᠠᠷᠢᠮᠵᠢᠶ᠎ᠠ ᠶᠢ ᠦᠨᠡᠨᠬᠦ ᠪᠡᠶᠡᠯᠡᠬᠦᠯᠦᠭᠰᠡᠨ ᠢ ᠨᠢ ᠦᠵᠡᠰᠦᠬᠡᠢ᠃        2017 ᠣᠨ ᠠᠴᠠ ᠤᠯᠤᠰ ᠤᠨ ᠬᠦᠳᠡᠯᠦᠩᠭᠦᠢ ᠬᠠᠮᠢᠶᠠᠷᠤᠯᠲᠠ ᠶᠢᠨ ᠠᠵᠢᠯ ᠡᠬᠢᠯᠡᠭᠰᠡᠨ ᠪᠠᠶᠢᠨ᠎ᠠ᠃ ︽ᠬᠦᠳᠡᠯᠦᠩᠭᠦᠢ ᠬᠠᠮᠢᠶᠠᠷᠤᠯᠲᠠ︾ ᠭᠡᠳᠡᠭ ᠨᠢ ᠰᠠᠭᠤᠭᠠᠯᠢ ᠠᠷᠠᠳ ᠤᠨ ᠤᠷᠤᠯᠭ᠎ᠠ ᠵᠠᠷᠤᠯᠭ᠎ᠠ ᠶᠢ ᠪᠤᠳᠤᠵᠤ᠂ ᠬᠦᠮᠦᠨ ᠪᠦᠷᠢ ᠶᠢᠨ ᠲᠡᠭᠰᠢᠳᠬᠡᠯ ᠤᠷᠤᠯᠭ᠎ᠠ 2952 ᠲᠦᠭᠦᠷᠢᠭ ᠠᠴᠠ ᠲᠤᠷᠤᠭᠰᠢ᠂ ︽ᠬᠤᠶᠠᠷ ᠲᠤ ᠵᠣᠪᠠᠭ᠋ᠤ ᠦᠬᠡᠢ︾᠂ ︽ᠭᠤᠷᠪᠠᠨ ᠵᠦᠢᠯ ᠳᠤ ᠪᠠᠳᠤᠯᠠᠭ᠎ᠠ ᠲᠠᠢ︾ ᠪᠠᠶᠢᠬᠤ ᠲᠠᠪᠤᠨ ᠭᠤᠣᠯ ᠵᠠᠷᠴᠢᠮ ᠢᠶᠠᠷ ᠪᠠᠷᠢᠮᠵᠢᠶ᠎ᠠ ᠪᠤᠯᠭᠠᠵᠤ᠂ ᠶᠠᠳᠠᠭᠤ ᠬᠦᠴᠢᠷᠲᠡᠢ ᠡᠷᠦᠬᠡ ᠶᠢ ᠲᠠᠬᠢᠵᠤ ᠬᠢᠨᠠᠵᠤ ᠲᠤᠳᠤᠯᠠᠬᠤ ᠶᠢ ᠬᠡᠯᠡᠵᠦ ᠪᠠᠶᠢᠨ᠎ᠠ᠃ ᠪᠠᠷᠠᠭᠤᠨᠨᠠᠭᠤᠷ ᠭᠠᠴᠠᠭ᠎ᠠ ᠨᠢ ᠶᠠᠳᠤ᠂ ᠨᠠᠭᠤᠷ᠂ ᠰᠠᠷᠠᠭᠤᠯᠲᠠᠯ᠎ᠠ ᠬᠡᠬᠦ ᠭᠤᠷᠪᠠᠨ ᠪᠠᠶᠢᠭᠠᠯᠢ ᠲᠤᠭᠤᠶᠢᠯᠠᠩ ᠪᠦᠬᠦᠢ ᠴᠤᠯ ᠮᠠᠯᠵᠢᠬᠤ ᠭᠠᠴᠠᠭ᠎ᠠ ᠪᠠᠶᠢᠵᠤ  ᠂ 176 ᠰᠠᠭᠤᠭᠠᠯᠢ ᠡᠷᠦᠬᠡ᠂ 521 ᠬᠦᠮᠦᠨ ᠠᠮᠠ ᠲᠠᠢ᠃ ᠲᠠᠩᠰᠠᠯᠠᠬᠳᠠᠭᠰᠠᠨ 69 ᠶᠠᠳᠠᠭᠤ ᠬᠦᠴᠢᠷᠲᠡᠢ ᠡᠷᠦᠬᠡ  ᠶᠢᠨ 207 ᠬᠦᠮᠦᠨ ᠠᠮᠠ ᠪᠠᠶᠢᠵᠤ᠂ ᠣᠳᠣ 21 ᠡᠷᠦᠬᠡ ᠨᠢ ᠲᠤᠭᠲᠠᠭᠤᠨ ᠢᠶᠠᠷ ᠶᠠᠳᠠᠭᠤ ᠠᠴᠠ ᠠᠩᠭᠢᠵᠢᠷᠠᠵᠤ᠂ 46 ᠡᠷᠦᠬᠡ ᠨᠢ ᠡᠩ ᠤᠨ ᠪᠠᠶᠢᠳᠠᠯ ᠢᠶᠠᠷ ᠶᠠᠳᠠᠭᠤ ᠠᠴᠠ ᠠᠩᠭᠢᠵᠢᠷᠠᠵᠠᠢ᠃ ᠶᠠᠳᠠᠭᠤ ᠠᠴᠠ ᠠᠩᠭᠢᠵᠢᠷᠠᠬᠤ ᠳᠤ ᠬᠦᠮᠦᠨ ᠪᠦᠷᠢ ᠶᠢᠨ ᠲᠡᠭᠰᠢᠳᠭᠡᠯ ᠤᠷᠤᠯᠭ᠎ᠠ ᠨᠢ 4000 ᠲᠦᠬᠦᠷᠢᠭ ᠠᠴᠠ ᠲᠡᠭᠡᠭᠰᠢ ᠬᠦᠷᠦᠭᠰᠡᠨ ᠪᠠᠶᠢᠬᠤ ᠬᠡᠷᠡᠭᠲᠡᠢ᠃ ᠤᠳᠤᠬᠠᠨ ᠳᠤ 2ᠡᠷᠦᠬᠡ ᠨᠢ ᠬᠡᠳᠦᠶᠢᠪᠡᠷ ᠠᠩᠭᠢᠵᠢᠷᠠᠭᠠᠳᠤᠢ ᠴᠤ ᠤᠯᠤᠰ ᠤᠨ ᠶᠠᠳᠠᠭᠤ ᠠᠴᠠ ᠠᠩᠭᠢᠵᠢᠷᠠᠬᠤ ᠪᠠᠷᠢᠮᠵᠢᠶ᠎ᠠ ᠳᠤ ᠨᠢᠬᠡᠨᠲᠡ ᠬᠦᠷᠴᠢᠬᠡᠳ ᠪᠠᠶᠢᠭ᠎ᠠ ᠶᠤᠮ ᠪᠠᠶᠢᠨ᠎ᠠ᠃        ᠲᠡᠭᠡᠪᠡᠯ ︽ᠬᠤᠶᠠᠷ ᠲᠤ ᠭᠠᠴᠢᠭᠳᠠᠬᠤ ᠦᠬᠡᠢ︾ ᠭᠡᠳᠡᠭ ᠨᠢ ᠢᠳᠡᠵᠦ ᠡᠮᠦᠰᠬᠦ ᠳᠤ ᠪᠠᠨ ᠭᠠᠴᠢᠭᠳᠠᠬᠤ ᠦᠬᠡᠢ ᠶᠢ ᠬᠡᠯᠡᠵᠦ ᠪᠠᠶᠢᠨ᠎ᠠ᠂ ᠢᠳᠡᠬᠦ ᠳᠤ ᠪᠠᠨ ᠭᠠᠴᠢᠭᠳᠠᠬᠤ ᠦᠬᠡᠢ ᠳᠤ ᠵᠦᠪᠬᠡᠨ ᠬᠤᠭᠤᠯᠠ ᠬᠦᠨᠡᠰᠦ ᠶᠢ ᠵᠢᠭᠠᠵᠤ ᠪᠠᠶᠢᠭ᠎ᠠ ᠪᠢᠰᠢ ᠤᠤᠭᠤᠬᠤ ᠤᠰᠤ ᠶᠢ ᠴᠤ ᠪᠠᠭᠳᠠᠭᠠᠵᠤ ᠪᠠᠶᠢᠨ᠎ᠠ᠃ ᠤᠤᠭᠤᠬᠤ ᠤᠰᠤᠨ ᠤ ᠪᠠᠷᠢᠮᠵᠢᠶ᠎ᠠ ᠳᠤ ᠪᠠᠰᠠ ᠭᠤᠷᠪᠠᠨ ᠪᠠᠷᠢᠮᠵᠢᠶ᠎ᠠ ᠲᠠᠢ᠂ ᠨᠢᠬᠡ ᠳᠤ ᠪᠤᠬᠢᠷᠳᠤᠯ ᠦᠬᠡᠢ ᠪᠠᠶᠢᠬᠤ᠄ ᠮᠠᠭᠤᠬᠠᠢ ᠡᠪ ᠦᠬᠡᠢ ᠦᠨᠦᠷ ᠠᠮᠲᠠ ᠮᠡᠳᠡᠭᠳᠡᠬᠦ ᠦᠬᠡᠢ᠂ ᠨᠢᠳᠤᠨ ᠳᠤ ᠦᠵᠡᠭᠳᠡᠬᠦ ᠬᠤᠭ᠂ ᠪᠤᠷᠵᠠᠩ ᠦᠬᠡᠢ ᠪᠠᠶᠢᠬᠤ᠃ ᠬᠤᠶᠠᠷ ᠲᠤ ᠲᠥᠭᠦᠮ ᠪᠠᠶᠢᠬᠤ᠄ 20 ᠮᠧᠲᠷ ᠠᠴᠠ ᠭᠦᠨ ᠬᠤᠳᠳᠤᠭ ᠪᠠᠶᠢᠬᠤ᠂ ᠤᠰᠤ ᠠᠪᠤᠭᠠᠳ ᠢᠷᠡᠬᠦ ᠳᠤ 800 ᠮᠧᠲᠷ ᠤᠨ ᠬᠤᠯᠠ ᠠᠴᠠ ᠤᠰᠤ ᠵᠦᠬᠡᠭᠡᠬᠦ ᠦᠬᠡᠢ᠂ 20 ᠮᠢᠨᠦ᠋ᠲ ᠤᠨ ᠲᠤᠳᠤᠷ᠎ᠠ ᠤᠰᠤ ᠪᠠᠨ ᠠᠪᠴᠢᠷᠠᠭᠰᠠᠨ ᠪᠠᠶᠢᠬᠤ᠂ ᠭᠤᠷᠪᠠ ᠳᠤ ᠤᠰᠤ ᠬᠠᠩᠭᠠᠮᠵᠢᠲᠠᠢ ᠪᠠᠶᠢᠬᠤ᠄ ᠵᠢᠯ ᠤᠨ ᠲᠦᠷᠪᠡᠨ ᠤᠯᠠᠷᠢᠯ ᠳᠤ ᠤᠰᠤ ᠲᠤᠲᠠᠬᠤ ᠦᠬᠡᠢ᠂ ᠬᠦᠮᠦᠨ ᠪᠦᠷᠢ ᠨᠢᠭᠡ ᠡᠳᠦᠷ  ᠲᠤ 20 ᠯᠢᠲᠷ ᠤᠰᠤ ᠣᠯᠵᠤ ᠤᠤᠭᠤᠬᠤ᠃        ᠡᠬᠦᠨ ᠳᠤ ᠨᠢᠬᠡ ᠤᠨᠴᠠᠭᠠᠢ ᠵᠢᠱᠢᠶ᠎ᠡ ᠲᠤᠷᠠᠳᠪᠠᠯ᠂ ᠨᠢᠭᠡᠳᠦᠭᠡᠷ ᠱᠦᠵᠢ ᠪᠤᠯᠤᠬᠰᠠᠨ ᠲᠡᠭᠦᠰ ᠪᠠᠭᠰᠢ ᠠᠵᠢᠯᠯᠠᠬᠤ ᠲᠤᠭᠤᠶᠢᠯᠠᠩ ᠤᠨ ᠬᠠᠮᠲᠤ ᠠᠵᠢᠯᠯᠠᠬᠴᠢ ᠹᠦ᠋ ᠴᠢᠤᠸᠠᠨ ᠪᠠᠭᠰᠢ ᠲᠠᠢ ᠬᠤᠶᠠᠭᠤᠯᠠ ᠲᠤᠰ ᠭᠠᠴᠠᠭ᠎ᠠ ᠶᠢ ᠲᠠᠭᠠᠭᠠᠬᠰᠠᠨ ᠨᠢᠭᠡᠴᠡ ᠪᠤᠯᠬᠤ ︽ᠴᠢᠪᠠᠭ᠎ᠠ ᠲᠠᠪᠤᠳᠤᠭᠠᠷ ᠲᠤᠮᠳᠠᠳᠤ ᠰᠤᠷᠭᠠᠭᠤᠯᠢ︾ ᠲᠠᠢ ᠪᠠᠨ ᠬᠠᠮᠵᠢᠯᠴᠠᠨ᠂ ᠲᠤᠤᠷ᠎ᠠ ᠪᠠᠲᠤᠯᠠᠭᠠᠲᠤ ᠡᠷᠦᠬᠡ ᠳ᠋ᠦᠢᠴᠢᠨᠫᠧᠷᠯᠠᠢ ᠶᠢ 1500 ᠲᠦᠬᠦᠷᠢᠭ ᠢᠶᠠᠷ ᠲᠤᠰᠠᠯᠠᠵᠤ ᠮᠠᠰᠢᠨ ᠬᠤᠳᠳᠤᠭ ᠴᠤᠬᠢᠨ ᠦᠭᠴᠦ᠂ ᠠᠶᠢᠯ ᠠᠴᠠ ᠤᠰᠤ ᠵᠦᠬᠡᠬᠡᠨ ᠢᠳᠡᠵᠦ ᠪᠠᠶᠢᠬᠰᠠᠨ ᠲᠡᠦᠬᠡ ᠶᠢ ᠨᠢ ᠡᠴᠦᠰᠯᠡᠬᠦᠯᠦᠭᠰᠡᠨ ᠢ ᠰᠤᠨᠤᠰᠤᠭᠠᠳ ᠰᠤᠷᠪᠤᠯᠵᠢᠯᠠᠬᠴᠢ ᠳᠤ᠂ ᠠᠵᠢᠯᠯᠠᠬᠤ ᠠᠩᠬᠢ ᠶᠢᠨ ᠬᠢᠨ ᠤ ᠲᠦᠷᠢᠶᠡᠰᠦᠯᠡᠨ ᠰᠠᠭᠤᠵᠤ ᠪᠠᠶᠢᠭ᠎ᠠ ᠠᠶᠢᠯ  ᠤᠨ ᠭᠡᠷ ᠨᠢ ᠨᠠᠭᠤᠷ ᠤᠨ ᠬᠦᠪᠡᠭᠡᠨ ᠳᠤ ᠪᠠᠶᠢᠷᠢᠰᠢᠵᠤ᠂ ᠬᠤᠳᠳᠤᠭ ᠤᠨ ᠤᠰᠤ ᠨᠢ ᠰᠢᠷ᠎ᠠ ᠨᠤᠭᠤᠭᠠᠨ ᠢᠶᠠᠷ ᠡᠷᠬᠢᠵᠦ ᠰᠢᠪᠠᠷ ᠰᠢᠷᠤᠢ ᠶᠡᠭᠡ ᠲᠠᠢ ᠪᠤᠯᠬᠤᠷ ᠲᠡᠳᠡ ᠠᠷᠭ᠎ᠠ ᠪᠤᠰᠤ ᠤᠤᠭᠤᠬᠤ ᠤᠰᠤ ᠪᠠᠨ ᠬᠠᠷᠢᠨ ᠭᠠᠴᠠᠭᠠᠨ ᠠᠴᠠ ᠵᠦᠬᠡᠬᠡᠵᠦ ᠢᠳᠡᠵᠦ ᠪᠠᠶᠢᠭ᠎ᠠ ᠨᠢ ᠨᠢᠭᠡ ᠬᠠᠷᠢᠴᠠᠭᠤᠯᠤᠯ ᠪᠤᠯᠵᠤ ᠪᠤᠳᠤᠭᠳᠠᠯ᠎ᠠ᠃ ᠰᠤᠷᠪᠤᠯᠵᠢᠯᠠᠭ᠎ᠠ ᠶᠢᠨ ᠲᠤᠬᠠᠢ ᠶᠢᠨ ᠡᠳᠦᠷ ᠪᠠᠰᠠ ᠲᠡᠭᠦᠰ ᠪᠠᠭᠰᠢ ᠬᠤᠶᠠᠷ ᠶᠠᠳᠠᠭᠤ ᠬᠦᠴᠢᠷᠲᠡᠢ ᠡᠷᠦᠬᠡ ᠶᠢᠨ ᠢᠶᠠᠨ ᠤᠰᠤᠨ ᠰᠠᠪᠠ ᠶᠢ ᠰᠢᠨ᠎ᠡ ᠪᠠᠷ ᠰᠤᠯᠢᠵᠤ ᠦᠭᠬᠦ ᠶᠢᠨ ᠲᠠᠭᠠᠤ ᠤᠤᠭᠤᠬᠤ ᠤᠰᠤ ᠪᠠᠨ ᠴᠡᠪᠡᠷ ᠰᠠᠪᠠᠨ ᠳᠤ ᠬᠢᠬᠦ ᠬᠡᠷᠡᠭᠲᠡᠢ ᠶᠢ ᠤᠬᠠᠭᠤᠯᠵᠤ ᠪᠠᠶᠢᠬᠤ  ᠲᠠᠢ ᠶᠠᠭ ᠲᠠᠭᠠᠷᠠᠵᠤ ᠪᠢᠯᠡ᠃        ︽ᠭᠤᠷᠪᠠᠨ ᠵᠦᠢᠯ ᠳᠤ ᠪᠠᠳᠤᠯᠠᠭ᠎ᠠ ᠲᠠᠢ︾ ᠶᠢᠨ ᠨᠢᠬᠡ ᠳᠤ᠂ ᠰᠤᠷᠭᠠᠨ ᠬᠦᠮᠦᠵᠢᠯ ᠬᠦᠷᠲᠡᠬᠦ ᠪᠠᠳᠤᠯᠠᠭ᠎ᠠ  ᠲᠠᠢ ᠪᠠᠶᠢᠬᠤ — ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠵᠦ ᠪᠠᠶᠢᠭ᠎ᠠ ᠬᠡᠦᠬᠡᠳ ᠲᠡᠭᠦᠦᠨᠠᠷ ᠵᠤᠭᠤᠰ ᠮᠦᠩᠬᠦ ᠲᠤᠳᠠᠭᠰᠠᠨ ᠠᠴᠠ ᠰᠢᠯᠲᠠᠭᠠᠯᠠᠬᠳᠠᠨ ᠰᠤᠷᠤᠯᠭ᠎ᠠ ᠲᠤᠷᠭᠤᠨ ᠵᠤᠬᠰᠤᠭᠰᠠᠨ ᠦᠵᠡᠭᠳᠡᠯ ᠦᠬᠡᠢ ᠪᠦᠭᠡᠳ ᠰᠤᠷᠭᠠᠭᠤᠯᠢ ᠳᠤ ᠪᠠᠶᠢᠭ᠎ᠠ ᠰᠤᠷᠤᠭᠴᠢ ᠨᠢᠭᠡᠪᠦᠷᠢ ᠳᠤ ᠤᠯᠤᠰ ᠤᠨ ᠲᠦᠷᠦ ᠶᠢᠨ ᠪᠤᠳᠣᠯᠭ᠎ᠠ ᠶᠢᠨ ᠲᠠᠭᠠᠤ ᠡᠯ᠎ᠡ ᠵᠦᠢᠯ ᠤᠨ ᠲᠤᠰᠠᠯᠠᠮᠵᠢ ᠨᠦᠬᠦᠪᠦᠷᠢ ᠶᠢ ᠲᠤᠭᠲᠠᠭᠰᠠᠨ ᠴᠠᠭ ᠲᠤ ᠨᠢ ᠬᠦᠷᠲᠡᠭᠡᠭᠰᠡᠨ ᠪᠠᠶᠢᠬᠤ ᠶᠢ ᠪᠠᠲᠤᠯᠠᠵᠠᠢ᠃        ᠶᠠᠳᠠᠭᠤ ᠬᠦᠴᠢᠷᠲᠡᠢ ᠡᠷᠦᠬᠡ ᠶᠢᠨ ᠶᠡᠭᠡ ᠲᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠰᠤᠷᠤᠯᠴᠠᠵᠤ ᠪᠠᠶᠢᠭ᠎ᠠ ᠬᠠᠢ ᠮᠸᠢ᠂ ᠲᠤᠷᠤᠨ᠎ᠠ᠂ ᠢᠯᠴᠢ᠂ ᠤᠷᠠᠯᠢᠭ᠂ ᠰᠤᠷᠭᠤᠭᠴᠡᠴᠡᠭ᠂ ᠰᠤᠳᠦᠪᠢᠯᠢᠭ ᠵᠡᠷᠭᠡ ᠤᠶᠤᠳᠠᠳ ᠲᠤ ᠵᠢᠯ ᠪᠦᠷᠢ ᠶᠢᠨ ᠲᠦᠮᠡᠨ ᠲᠦᠬᠦᠷᠢᠭ ᠤᠨ ᠰᠤᠷᠤᠯᠭ᠎ᠠ ᠶᠢᠨ ᠲᠡᠳᠭᠦᠮᠵᠢ ᠶᠢ ᠲᠤᠭ᠎ᠠ ᠶᠤᠰᠤᠭᠠᠷ ᠤᠯᠭᠤᠵᠤ᠂ ᠪᠠᠰᠠ ᠭᠤᠷᠪᠠᠨ ᠰᠤᠷᠤᠭᠴᠢ ᠳᠤ ᠲᠤᠰᠪᠤᠷᠢ 5000 ᠲᠦᠭᠦᠷᠢᠭ ᠤᠨ ᠲᠤᠰᠠᠯᠠᠮᠵᠢ᠂ ᠬᠤᠶᠠᠷ ᠰᠤᠷᠤᠭᠴᠢ ᠳᠤ ᠬᠦᠮᠦᠨ ᠪᠦᠷᠢ ᠳᠤ 1500 ᠲᠦᠬᠦᠷᠢᠭ ᠤᠨ ᠲᠤᠰᠠᠯᠠᠮᠵᠢ ᠬᠦᠷᠳᠡᠭᠡᠭᠰᠡᠨ ᠪᠠᠶᠢᠨ᠎ᠠ᠃             ᠭᠠᠴᠠᠭᠠᠨ ᠤ ᠨᠠᠮ ᠤᠨ ᠡᠭᠦᠷ ᠤᠨ ᠱᠦᠵᠢ ᠬᠡᠰᠢᠭ ᠨᠦᠬᠦᠷ ᠤᠨ ᠲᠠᠨᠢᠯᠴᠠᠭᠤᠯᠤᠬᠰᠠᠨ ᠢᠶᠠᠷ  ᠄       —  ᠮᠠᠨ ᠤ ᠭᠠᠴᠠᠭ᠎ᠠ ᠨᠢ ︽ᠨᠤᠲᠤᠭ ᠤᠨ ᠬᠠᠯᠠᠮᠵᠢ︾ ᠰᠠᠭᠤᠷᠢ ᠮᠦᠩᠬᠦᠨ ᠤ ᠨᠡᠶᠢᠭᠡᠮᠯᠢᠭ ᠪᠠᠶᠢᠭᠤᠯᠤᠨ᠂ ᠱᠠᠩᠨᠠᠯ ᠤᠨ ᠮᠦᠩᠬᠦ ᠤᠯᠭᠤᠬᠤ ᠪᠠ ᠰᠤᠷᠭᠠᠭᠤᠯᠢ ᠳᠤ ᠶᠠᠪᠤᠵᠤ ᠢᠷᠡᠬᠦ ᠵᠠᠮ ᠤᠨ ᠵᠠᠷᠤᠳᠠᠯ ᠢ ᠨᠢ ᠰᠢᠢᠳᠪᠦᠷᠢᠯᠡᠨ ᠦᠭᠬᠦ ᠠᠷᠭ᠎ᠠ ᠪᠠᠷ ᠶᠠᠳᠠᠭᠤ ᠬᠦᠴᠢᠷᠲᠡᠢ ᠡᠷᠦᠬᠡ ᠶᠢᠨ ᠰᠤᠷᠤᠭᠴᠢ ᠶᠢ ᠲᠡᠮᠵᠢᠵᠦ ᠪᠠᠶᠢᠨ᠎ᠠ᠃ ᠡᠬᠦᠨ ᠤ ᠲᠠᠭᠠᠤ ᠪᠢᠳᠡ ᠪᠠᠰᠠ ᠨᠡᠶᠢᠬᠡᠮ ᠨᠡᠶᠢᠳᠡ ᠶᠢᠨ ᠬᠠᠶᠢᠷ᠎ᠠ ᠬᠠᠯᠠᠮᠵᠢ ᠶᠢᠨ ᠠᠵᠢᠯᠯᠠᠭᠠᠨ ᠢᠶᠠᠷ ᠶᠠᠳᠠᠭᠤ ᠬᠦᠴᠢᠷᠲᠡᠢ ᠡᠷᠦᠬᠡ ᠶᠢᠨ ᠰᠤᠷᠤᠭᠴᠢᠳ ᠲᠤ ᠲᠤᠰᠠᠯᠠᠮᠵᠢ ᠦᠵᠡᠬᠦᠯᠵᠦ ᠢᠷᠡᠵᠡᠢ᠃   ᠮᠠᠨ ᠤ ᠪᠠᠷᠠᠭᠤᠨᠨᠠᠭᠤᠷ ᠭᠠᠴᠠᠭᠠᠨ ᠳᠤ ᠰᠠᠭᠤᠭ᠎ᠠ ᠠᠵᠢᠯᠯᠠᠬᠤ ᠲᠤᠭᠤᠶᠢᠯᠠᠩ ᠤᠨ ᠨᠢᠭᠡᠳᠦᠭᠡᠷ ᠱᠦᠵᠢ ᠲᠡᠭᠦᠰ ᠪᠠᠭᠰᠢ ︽ᠨᠤᠲᠤᠭ ᠤᠨ ᠬᠠᠯᠠᠮᠵᠢ︾ ᠰᠠᠭᠤᠷᠢ ᠮᠦᠩᠬᠦᠨ ᠤ ᠨᠡᠶᠢᠭᠡᠮᠯᠢᠭ ᠵᠢᠴᠢ ᠬᠦᠳᠡᠯᠭᠡᠭᠡᠨ‌ᠠᠵᠢᠯᠯᠠᠭᠠᠨ ᠳᠤ ᠪᠡᠶ᠎ᠡ ᠪᠠᠷ ᠢᠶᠠᠨ ᠲᠡᠷᠢᠬᠦᠯᠡᠨ ᠵᠤᠭᠤᠰ ᠮᠦᠩᠬᠦ ᠬᠠᠨᠳᠢᠪᠯᠠᠵᠤ ᠢᠷᠡᠭᠰᠡᠨ ᠪᠦᠭᠡᠳ 2018 ᠤᠨ ᠤ ᠭᠠᠴᠠᠭᠠᠨ ᠤ ᠰᠢᠨ᠎ᠡ ᠵᠢᠯ ᠢ ᠤᠭᠲᠤᠬᠤ ᠦᠳᠡᠰᠢᠯᠡᠭᠡ ᠶᠢᠨ ᠱᠠᠩᠨᠠᠯ ᠤᠨ ᠪᠤᠳᠠᠰ ᠢ 2000 ᠲᠦᠬᠦᠷᠢᠭ ᠭᠠᠷᠭᠠᠵᠤ ᠠᠪᠴᠤ ᠦᠭᠬᠦᠭᠰᠡᠨ ᠪᠠᠶᠢᠳᠠᠭ᠃ ᠲᠡᠷᠡ ᠪᠠᠰᠠ‌ᠤᠯᠤᠰ ᠤᠨ ᠲᠦᠷᠦᠯ ᠵᠦᠢᠯ ᠢ ᠭᠤᠣᠯᠴᠢ ᠪᠠᠷ ᠣᠯᠭᠤᠬᠤ᠂ ᠶᠠᠳᠠᠭᠤ ᠬᠦᠴᠢᠷᠲᠡᠢ ᠡᠷᠦᠬᠡ ᠶᠢᠨ ᠠᠳᠠᠯ ᠠᠮᠢᠳᠤᠷᠠᠯ ᠳᠤ ᠨᠢ ᠦᠷᠬᠦᠯᠵᠢ ᠵᠦᠪᠯᠡᠯᠭᠡ ᠦᠭᠬᠦ᠂ ᠬᠤᠪᠴᠠᠰᠤ ᠬᠤᠨᠠᠷ᠂ ᠱᠠᠬᠠᠢ ᠭᠤᠲᠤᠯ᠂ ᠤᠰᠤᠨ ᠭᠤᠲᠤᠯ᠂ ᠠᠮᠢᠳᠤᠷᠠᠯ ᠤᠨ ᠬᠡᠷᠡᠭᠰᠡᠯ ᠵᠡᠷᠭᠡ ᠡᠳ᠋ ᠪᠣᠳᠠᠰ ᠢᠶᠠᠷ ᠦᠷᠬᠦᠯᠵᠢ ᠶᠢᠨ ᠴᠢᠨᠠᠷᠲᠠᠢ ᠲᠡᠮᠵᠢᠵᠦ ᠢᠷᠡᠪᠠ᠃ ᠤᠨᠴᠠᠭᠠᠶᠢᠯᠠᠨ ᠶᠠᠳᠠᠭᠤ ᠬᠦᠴᠢᠷᠲᠡᠢ ᠡᠷᠦᠬᠡ ᠶᠢᠨ ᠬᠤᠷᠤᠳ᠂ ᠴᠠᠭ᠎ᠠ᠂ ᠰᠢᠷ᠎ᠠ ᠲᠤᠰᠤ᠂ ᠬᠠᠭᠤᠷᠤᠭᠰᠠᠨ ᠠᠮᠤ᠂ ᠲᠠᠬᠢᠶ᠎ᠠ᠂ ᠲᠠᠬᠢᠶᠠᠨ ᠦᠨᠳᠡᠭᠡ᠂ ᠬᠤᠨᠢ᠂ ᠦᠬᠡᠷ᠂ ᠭᠠᠭ᠋ᠠᠢ ᠶᠢᠨ ᠮᠢᠬ᠎ᠠ ᠵᠡᠷᠭᠡ ᠨᠤᠲᠤᠭ ᠤᠨ ᠭᠠᠷᠤᠯᠲᠠ ᠶᠢ ᠴᠢᠪᠠᠭ᠎ᠠ ᠪᠠᠯᠭᠠᠰᠤᠨ ᠳᠤ ᠦᠨ᠎ᠡ ᠲᠦᠯᠦᠪᠦᠷᠢ ᠦᠬᠡᠢ ᠪᠠᠷ ᠲᠡᠭᠡᠭᠡᠨ ᠠᠪᠠᠴᠢᠵᠤ ᠬᠤᠳᠠᠯᠳᠤᠨ ᠦᠭᠬᠦᠭᠡᠳ᠂ ᠡᠳᠦᠷ ᠲᠤᠳᠤᠮ ᠤᠨ ᠭᠠᠷ ᠦᠵᠦᠭᠦᠷ ᠤᠨ ᠠᠮᠢᠳᠤᠷᠠᠯ ᠤᠨ ᠵᠠᠷᠤᠳᠠᠯ ᠢ ᠨᠢ ᠰᠢᠢᠳᠪᠦᠷᠢᠯᠡᠨ ᠦᠭᠴᠦ᠂ ᠭᠠᠷᠠᠭ ᠲᠤᠳᠤᠮ᠂ ᠰᠠᠷ᠎ᠠ ᠪᠦᠷᠢ ᠳᠤ ᠤᠷᠤᠯᠭ᠎ᠠ ᠲᠠᠢ ᠪᠤᠯᠭᠠᠵᠤ ᠪᠤᠢ᠃ ᠠᠵᠢᠯᠯᠠᠬᠤ ᠲᠤᠭᠤᠶᠢᠯᠠᠩ ᠤᠨ ᠬᠢᠨ ᠮᠦᠨ ︽ᠴᠢᠪᠠᠭ᠎ᠠ ᠲᠠᠪᠤᠳᠤᠭᠠᠷ ᠲᠤᠮᠳᠠᠳᠤ ᠰᠤᠷᠭᠠᠭᠤᠯᠢ︾ ᠲᠠᠢ ᠪᠠᠨ ᠬᠠᠷᠢᠴᠠᠵᠤ᠂ ᠰᠤᠷᠤᠯᠭ᠎ᠠ ᠲᠤᠷᠭᠤᠨ ᠵᠤᠬᠰᠤᠮᠠᠷ  ᠪᠠᠶᠢᠬᠰᠠᠨ ᠰᠤᠷᠤᠭᠴᠢ ᠠᠪᠤᠷᠭᠤ ᠶᠢ 4000 ᠮᠢᠩᠭ᠎ᠠ ᠢᠯᠡᠭᠦᠦ ᠲᠦᠬᠦᠷᠢᠭ ᠵᠤᠭᠤᠰ ᠪᠠ ᠬᠤᠪᠴᠠᠰᠤ ᠬᠤᠨᠠᠷ᠂ ᠤᠷᠤ ᠲᠡᠪᠢᠰᠭᠡᠷ ᠢᠶᠠᠷ ᠲᠡᠮᠵᠢᠨ᠂ ᠰᠤᠷᠭᠠᠭᠤᠯᠢ ᠶᠢᠨ ᠬᠦᠷᠢᠶᠡᠨ ᠳᠤ ᠨᠢ ᠪᠤᠴᠠᠭᠠᠨ ᠰᠤᠷᠤᠯᠭ᠎ᠠ ᠶᠢ ᠨᠢ ᠦᠷᠬᠦᠯᠵᠢᠯᠡᠬᠦᠯᠦᠭᠰᠡᠨ︔ ᠮᠦᠨ ᠰᠤᠷᠤᠯᠭ᠎ᠠ ᠲᠤᠷᠭᠤᠨ ᠵᠤᠬᠰᠤᠬᠤ ᠶᠢᠨ ᠢᠷᠮᠡᠭ ᠲᠡᠭᠡᠷ᠎ᠡ ᠬᠦᠷᠦᠬᠡᠳ ᠪᠠᠶᠢᠬᠰᠠᠨ ᠰᠤᠷᠤᠭᠴᠢ ᠤᠷᠠᠯᠢᠭ ᠢ 1500 ᠲᠦᠬᠦᠷᠢᠭ ᠢᠶᠠᠷ ᠲᠡᠮᠵᠢᠭᠰᠡᠨ︔ ᠴᠢᠪᠠᠭ᠎ᠠ ᠲᠠᠪᠤᠳᠤᠭᠠᠷ ᠲᠤᠮᠳᠠᠳᠤ ᠰᠤᠷᠭᠠᠭᠤᠯᠢ ᠶᠢᠨ ᠪᠠᠭᠰᠢ ᠨᠠᠷ ᠤᠨ ᠰᠠᠶᠢᠨ ᠲᠤᠷ᠎ᠠ ᠠᠴᠠ ᠪᠠᠨ ᠬᠠᠨᠳᠢᠪᠯᠠᠬᠰᠠᠨ ᠲᠤᠯᠤᠭᠠᠨ ᠮᠢᠩᠭ᠎ᠠ ᠭᠠᠷᠤᠢ ᠲᠦᠭᠦᠷᠢᠭ ᠤᠨ ᠡᠳ᠋ ᠪᠤᠳᠠᠰ ᠢ ᠶᠠᠳᠠᠭᠤ ᠬᠦᠴᠢᠷᠲᠡᠢ ᠡᠷᠦᠬᠡ ᠳᠤ ᠬᠤᠪᠢᠶᠠᠨ ᠦᠭᠬᠦᠭᠰᠡᠨ︔ ᠬᠠᠪᠤᠷ ᠤᠨ ᠲᠠᠷᠢᠶᠠᠯᠠᠭ᠎ᠠ ᠪᠠ ᠵᠢᠯ ᠰᠢᠨ᠎ᠡ ᠶᠢᠨ ᠦᠶ᠎ᠡ ᠶᠢ ᠲᠤᠬᠢᠶᠠᠯᠳᠤᠭᠤᠯᠤᠨ᠂ ᠶᠠᠳᠠᠭᠤ ᠬᠦᠴᠢᠷᠲᠡᠢ ᠡᠷᠦᠬᠡ ᠶᠢ ᠪᠤᠯᠭᠤᠭᠠᠨ ᠲᠤᠬᠤᠨᠢᠭᠤᠯᠬᠤ ᠠᠵᠢᠯᠯᠠᠭᠠᠨ ᠦᠷᠨᠢᠬᠦᠯᠵᠦ᠂ ᠮᠠᠯ ᠤᠨ ᠪᠤᠷᠳᠤᠭ᠎ᠠ᠂ ᠲᠠᠷᠢᠶᠠᠨ ᠡᠮ᠂ ᠠᠮᠤ ᠲᠤᠰᠤ ᠵᠡᠷᠬᠡ ᠦᠢᠯᠡᠳᠪᠦᠷᠢᠯᠡᠯ ᠠᠮᠢᠳᠤᠷᠠᠯ ᠤᠨ ᠴᠢᠬᠤᠯᠠ ᠵᠦᠢᠯᠡᠰ ᠢ 3 ᠲᠦᠮᠡ ᠰᠢᠬᠠᠮ ᠲᠦᠬᠦᠷᠢᠭ ᠤᠨ ᠬᠦᠷᠭᠡᠵᠦ ᠦᠭᠬᠦᠭᠰᠡᠨ ᠵᠡᠷᠭᠡ ᠤᠯᠠᠨ ᠤᠯᠠᠨ ᠪᠤᠳᠠᠳᠠᠢ ᠠᠵᠢᠯ ᠬᠢᠵᠦ ᠲᠤᠰᠠᠯᠠᠵᠤ ᠢᠷᠡᠭᠰᠡᠨ ᠪᠠᠶᠢᠨ᠎ᠠ᠃        ᠬᠤᠶᠠᠷ ᠲᠤ᠂ ᠡᠪᠡᠳᠴᠢᠨ ᠢᠶᠠᠨ ᠡᠮᠨᠡᠬᠦᠯᠬᠦ ᠳᠤ ᠪᠠᠲᠤᠯᠠᠭ᠎ᠠ ᠲᠠᠢ ᠪᠤᠯᠤᠭᠰᠠᠨ ᠪᠠᠶᠢᠨ᠎ᠠ᠃        ᠲᠤᠰ ᠭᠠᠴᠠᠭᠠᠨ ᠤ ᠶᠠᠳᠠᠭᠤ ᠬᠦᠴᠢᠷᠲᠡᠢ ᠬᠦᠮᠦᠨ ᠠᠮᠠ ᠪᠦᠬᠦᠨ ᠢᠶᠠᠷ ᠢᠶᠠᠨ ᠬᠤᠰᠢᠭᠤᠨ ᠡᠳ᠋ ᠤᠨ ᠵᠠᠰᠠᠭ ᠤᠨ ᠲᠤᠰᠠᠯᠠᠮᠵᠢ ᠲᠠᠢ ᠪᠠᠷ ᠬᠤᠷᠰᠢᠬᠰᠠᠨ ᠡᠮᠨᠡᠯᠭᠡ ᠶᠢᠨ ᠲᠠᠭᠠᠳᠬᠠᠯ ᠳᠤ ᠤᠷᠤᠵᠤ᠂ ᠬᠡᠷᠪᠡ ᠶᠠᠳᠠᠭᠤ ᠬᠦᠴᠢᠷᠲᠡᠢ ᠡᠷᠦᠬᠡ ᠶᠢᠨ ᠬᠦᠮᠦᠨ ᠡᠮᠨᠡᠯᠭᠡ ᠳᠤ ᠰᠠᠭᠤᠵᠤ ᠡᠮᠴᠢᠯᠡᠭᠦᠯᠪᠡᠯ ︽ᠤᠷᠢᠳᠠᠪᠡᠷ ᠡᠮᠴᠢᠯᠡᠨ ᠲᠠᠷᠠᠭ᠎ᠠ ᠨᠢ ᠰᠦᠢᠳᠭᠡᠯ ᠲᠤᠰᠢᠶᠠᠯᠭᠠᠬᠤ︾᠂ ︽ᠨᠢᠬᠡᠯᠡ ᠴᠤᠩᠬᠤᠨ ᠳᠤ ᠲᠠᠩᠰᠠ ᠴᠠᠶᠢᠷᠠᠭᠤᠯᠬᠤ︾ ᠵᠢᠴᠢ ᠴᠢᠰᠤᠨ ᠲᠠᠷᠤᠯᠲᠠ ᠦᠨᠳᠦᠷ᠂ ᠰᠢᠬᠢᠷ ᠰᠢᠵᠢᠩ ᠡᠪᠡᠳᠴᠢᠨ ᠲᠠᠢ᠂ ᠠᠭᠤᠰᠬᠢᠨ ᠰᠦᠷᠢᠶ᠎ᠡ᠂ ᠮᠡᠳᠡᠷᠡᠯ ᠤᠨ ᠬᠦᠨᠳᠦ ᠡᠮᠵᠡᠭ ᠲᠠᠢ ᠡᠪᠡᠳᠴᠢᠳᠡᠨ ᠢ ᠪᠤᠯ ︽ᠭᠡᠷ᠎ᠡ ᠲᠤᠭᠲᠠᠨ ᠦᠢᠯᠡᠴᠢᠯᠡᠬᠦ︾ ᠦᠢᠯᠡᠴᠢᠯᠡᠭᠡᠨ ᠢᠶᠠᠷ ᠬᠠᠷᠠᠮᠵᠢ ᠦᠬᠡᠢ ᠡᠮᠴᠢᠯᠡᠬᠦᠯᠵᠦ ᠪᠠᠶᠢᠭ᠎ᠠ ᠶᠤᠮ ᠪᠠᠶᠢᠨ᠎ᠠ᠃        ᠭᠤᠷᠪᠠ ᠳᠤ᠂ ᠤᠷᠤᠨ ᠰᠠᠭᠤᠴᠠ ᠨᠢ ᠠᠶᠤᠯᠬᠦᠢ ᠶᠢᠨ ᠪᠠᠲᠤᠯᠠᠭ᠎ᠠ ᠲᠠᠢ ᠪᠤᠯᠵᠠᠢ᠃ ᠶᠠᠳᠠᠭᠤ ᠬᠦᠴᠢᠷᠲᠡᠢ ᠡᠷᠦᠬᠡ ᠳᠤ ᠠᠶᠤᠯ ᠲᠠᠢ ᠭᠡᠷ ᠪᠠᠶᠢᠰᠢᠩ ᠢᠶᠠᠨ ᠵᠠᠰᠠᠨ ᠦᠬᠡᠷᠡᠴᠢᠯᠡᠬᠦ ᠳᠤ 3 ᠲᠦᠮᠡᠨ ᠲᠦᠬᠦᠷᠢᠭ᠂ ᠡᠩ ᠤᠨ ᠡᠷᠦᠬᠡ ᠳᠤ 2 ᠲᠦᠮᠡ 6 ᠮᠢᠩᠭᠠᠨ ᠲᠦᠭᠦᠷᠢᠭ ᠤᠨ ᠨᠦᠬᠦᠪᠦᠷᠢ ᠶᠢ ᠲᠤᠭ᠎ᠠ ᠶᠤᠰᠤᠭᠠᠷ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠲᠡᠢ ᠡᠷᠦᠬᠡ ᠨᠢᠭᠡᠪᠦᠷᠢ ᠪᠦᠷ ᠲᠤᠭᠤᠰᠬ᠎ᠠ ᠱᠦᠢᠨᠢ ᠶᠢᠨ ᠪᠦᠲᠦᠴᠡ ᠪᠤᠶᠤ ᠲᠤᠭᠤᠰᠬ᠎ᠠ ᠮᠤᠲᠤᠨ ᠪᠦᠲᠦᠴᠡ ᠲᠠᠢ ᠠᠶᠤᠯᠬᠦᠢ ᠭᠡᠷ ᠪᠠᠶᠢᠰᠢᠩ ᠳᠤ ᠰᠠᠭᠤᠬᠤ ᠪᠤᠯᠤᠬᠰᠠᠨ ᠪᠦᠭᠡᠳ ᠬᠦᠮᠦᠨ ᠨᠢᠭᠡᠴᠢ ᠳᠤ ᠤᠨᠤᠭᠳᠠᠬᠤ ᠭᠡᠷ ᠪᠠᠶᠢᠰᠢᠩ ᠤᠨ ᠲᠠᠯᠠᠪᠠᠢ ᠵᠢᠴᠢ ᠭᠡᠷ ᠤᠨ ᠶᠠᠰᠤ ᠴᠢᠨᠠᠷ ᠪᠦᠷ ᠤᠯᠤᠰ ᠤᠨ ᠨᠢᠭᠡᠳᠦᠯᠲᠡᠢ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃        ᠲᠠᠷᠠᠭᠠᠯᠠᠪᠠᠯ᠂ ︽ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠳᠤᠯᠬᠤ ᠠᠵᠢᠯ ᠤᠨ ᠲᠦᠷᠦ ᠶᠢᠨ ᠪᠤᠳᠤᠯᠭ᠎ᠠ︾ ᠶᠢ ᠤᠨᠤᠪᠴᠢᠲᠠᠢ ᠮᠦᠷᠲᠡᠭᠡᠨ ᠪᠤᠳᠠᠳᠠᠢ ᠨᠠᠶᠢᠳᠠᠪᠤᠷᠢᠵᠢᠭᠤᠯᠤᠬᠰᠠᠨ ᠪᠠᠶᠢᠨ᠎ᠠ᠃        ᠡᠬᠦᠨ ᠳᠤ ︽ᠰᠤᠩᠭᠤᠯᠲᠠ ᠶᠢᠨ ᠬᠡᠯᠪᠡᠷᠢ︾ ᠶᠢᠨ ᠤᠨᠴᠠᠯᠢᠬᠲᠤ ᠮᠠᠯ ᠲᠡᠵᠢᠬᠡᠪᠦᠷᠢ ᠶᠢᠨ ᠲᠦᠷᠦᠯ ᠵᠦᠢᠯ ᠢᠶᠠᠷ᠂ 2017 ᠤᠨ ᠤ 12 ᠰᠠᠷ᠎ᠠ ᠳᠤ 33 ᠶᠠᠳᠠᠭᠤ ᠬᠦᠴᠢᠷᠲᠡᠢ ᠡᠷᠦᠬᠡ ᠶᠢᠨ 86 ᠬᠦᠮᠦᠨ‌ᠠᠮᠠ ᠪᠦᠷᠢ ᠳᠤ ᠨᠡᠶᠢᠲᠡ 86 ᠡᠬᠡ ᠮᠠᠯ ᠤᠯᠭᠤᠵᠤ᠂ 2018 ᠤᠨ ᠤ 1 ᠰᠠᠷ᠎ᠠ ᠳᠤ 9 ᠶᠠᠳᠠᠭᠤ ᠬᠦᠴᠢᠷᠲᠡᠢ ᠡᠷᠦᠬᠡ ᠶᠢᠨ 23 ᠬᠦᠮᠦᠨ ᠠᠮᠠ ᠳᠤ ᠨᠡᠶᠢᠲᠡ 230 ᠬᠤᠨᠢ ᠶᠢ ᠮᠦᠨ ᠲᠦᠷᠦ ᠶᠢᠨ ᠪᠤᠳᠤᠯᠭ᠎ᠠ ᠶᠢᠨ ᠲᠠᠭᠠᠤ ᠨᠠᠶᠢᠳᠠᠪᠤᠷᠢᠵᠢᠭᠤᠯᠤᠬᠰᠠᠨ ᠪᠦᠭᠡᠳ 2019 ᠤᠨ ᠤ 5 ᠰᠠᠷ᠎ᠠ ᠳᠤ  ᠪᠤᠰᠤᠳ 17 ᠶᠠᠳᠠᠭᠤ ᠬᠦᠴᠢᠷᠲᠡᠢ ᠡᠷᠦᠬᠡ ᠶᠢᠨ 49 ᠬᠦᠮᠦᠨ ᠠᠮᠠ ᠳᠤ 343 ᠬᠤᠨᠢ ᠶᠢ ᠬᠤᠪᠢᠶᠠᠵᠤ ᠤᠯᠭᠤᠬᠰᠠᠨ ᠢᠶᠠᠷ ᠡᠨᠡ ᠭᠤᠷᠪᠠᠨ ᠤᠳᠠᠭᠠᠨ ᠤ ᠨᠠᠶᠢᠳᠠᠪᠤᠷᠢᠵᠢᠭᠤᠯᠤᠯᠲᠠ ᠶᠢᠨ ᠬᠤᠨᠢ ᠮᠠᠯ ᠢ ᠭᠠᠴᠠᠭ᠎ᠠ ᠶᠢ ᠲᠠᠭᠠᠭᠠᠴᠢᠯᠠᠨ ᠲᠡᠳᠬᠦᠵᠦ ᠪᠠᠶᠢᠭ᠎ᠠ ᠴᠢᠪᠠᠭ᠎ᠠ ᠲᠠᠪᠤᠳᠤᠭᠠᠷ ᠲᠤᠮᠳᠠᠳᠤ ᠰᠤᠷᠭᠠᠭᠤᠯᠢ ᠠᠴᠠ ᠲᠡᠭᠡᠳᠦ ᠱᠠᠲᠤ ᠲᠠᠢ ᠬᠠᠷᠢᠴᠠᠵᠤ ᠨᠠᠶᠢᠳᠠᠪᠤᠷᠢᠵᠢᠭᠤᠯᠤᠬᠰᠠᠨ 25 ᠲᠦᠮᠡᠨ ᠲᠦᠭᠦᠷᠢᠭ ᠤᠨ 20 ᠦᠨᠢᠶ᠎ᠡ ᠲᠠᠢ ᠨᠡᠶᠢᠯᠡᠬᠦᠯᠦᠨ ᠪᠤᠳᠤᠪᠠᠯ 2017 ᠣᠨ ᠠᠴᠠ ᠨᠠᠭᠠᠰᠢ ᠪᠠᠷᠠᠭᠤᠨᠨᠠᠭᠤᠷ ᠭᠠᠴᠠᠭᠠᠨ ᠤ 55 ᠶᠠᠳᠠᠭᠤ ᠬᠦᠴᠢᠷᠲᠡᠢ ᠡᠷᠦᠬᠡ ᠳᠤ ᠨᠡᠶᠢᠲᠡ 106 ᠦᠨᠢᠶ᠎ᠡ 598 ᠬᠤᠨᠢ ᠶᠢ ᠲᠦᠷᠦᠯ ᠵᠦᠢᠯ ᠢᠶᠠᠷ ᠤᠯᠭᠤᠵᠤ᠂ ᠣᠳᠤ ᠡᠬᠡ ᠲᠤᠭ᠎ᠠ ᠪᠦᠷᠢᠨ᠂ ᠲᠥᠯ ᠤᠨ ᠤᠨᠳᠤᠷᠣᠯᠲᠠ ᠪᠠ ᠤᠷᠤᠯᠭ᠎ᠠ ᠡᠬᠦᠳᠦᠯᠲᠡ ᠲᠤᠩ ᠰᠠᠶᠢᠨ ᠪᠠᠶᠢᠨ᠎ᠠ᠃ ᠡᠭᠦᠨ ᠠᠴᠠ ᠭᠠᠳᠠᠨ᠎ᠠ ᠪᠠᠰᠠ ᠭᠤᠷᠪᠠᠨ ᠵᠢᠯ ᠤᠨ ᠲᠠᠷᠠᠭ᠎ᠠ ᠭᠠᠴᠠᠭᠠᠨ ᠤ ᠬᠠᠮᠲᠤ ᠶᠢᠨ ᠠᠵᠤ ᠠᠬᠤᠶᠢᠯᠠᠯ ᠤᠨ ᠤᠷᠤᠯᠭ᠎ᠠ ᠪᠤᠯᠬᠤ 25 ᠲᠦᠮᠡᠨ ᠲᠦᠭᠦᠷᠢᠭ ᠤᠨ ︽ᠴᠦᠬᠡᠨ ᠲᠤᠭᠠᠲᠤ ᠦᠨᠳᠦᠰᠦᠲᠡᠨ ᠤ ᠤᠷᠤᠨ ᠤ ᠬᠦᠭᠵᠢᠭᠦᠯᠦᠯᠲᠡ ᠶᠢᠨ ᠲᠤᠰᠬᠠᠢ ᠪᠡᠯᠡ ᠮᠦᠩᠬᠦ︾ ᠶᠢ ᠤᠷᠤᠭᠤᠯᠤᠨ ᠠᠪᠴᠢᠷᠠᠵᠤ᠂ ᠴᠠᠭᠠᠨᠪᠠᠷᠰ᠂ ᠪᠤᠶᠠᠨᠪᠦ᠋ᠬᠡ ᠵᠡᠷᠭᠡ ᠲᠠᠪᠤᠨ ᠶᠠᠳᠠᠭᠤ ᠬᠦᠴᠢᠷᠲᠡᠢ ᠡᠷᠦᠬᠡ ᠳᠤ ᠨᠡᠶᠢᠲᠡ 20 ᠦᠨᠢᠶ᠎ᠡ ᠬᠤᠪᠢᠶᠠᠨ ᠦᠭᠴᠦ ᠲᠡᠮᠵᠢᠭᠰᠡᠨ ᠪᠠ ᠭᠤᠷᠪᠠᠨ ᠵᠢᠯ ᠤᠨ ᠲᠠᠷᠠᠭ᠎ᠠ ᠡᠬᠡ ᠪᠡᠯᠡ ᠶᠢ ᠪᠤᠴᠠᠭᠠᠨ ᠠᠪᠤᠭᠠᠳ ᠭᠠᠴᠠᠭᠠᠨ ᠤ ᠤᠷᠤᠯᠭ᠎ᠠ ᠳᠤ ᠤᠷᠤᠭᠤᠯᠤᠨ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠶᠢᠯᠠᠯ ᠤᠨ ᠤᠷᠤᠯᠭ᠎ᠠ ᠶᠢ 2 ᠲᠦᠮᠡ ᠪᠠᠶᠢᠬᠰᠠᠨ ᠠᠴᠠ 27 ᠲᠦᠮᠡ ᠭᠠᠷᠤᠢ ᠪᠤᠯᠭᠠᠬᠤ ᠨᠦᠬᠦᠴᠡᠯ ᠰᠠᠭᠤᠷᠢ ᠶᠢ ᠲᠠᠯᠪᠢᠬᠰᠠᠨ ᠪᠠᠶᠢᠨ᠎ᠠ᠃        ︽ᠪᠡᠭᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠲᠤᠰᠠᠯᠠᠮᠵᠢ︾ ᠪᠠ ︽ᠲᠦᠷ ᠴᠠᠭ ᠤᠨ ᠲᠤᠰᠠᠯᠠᠮᠵᠢ︾ ᠵᠡᠷᠭᠡ ᠶᠢ ᠠᠰᠢᠬᠯᠠᠨ᠂ ᠡᠪᠡᠳᠴᠢᠨ ᠵᠤᠪᠠᠯᠠᠩ ᠳᠤ ᠤᠷᠢᠶᠠᠭᠳᠠᠭᠰᠠᠨ ᠡᠷᠳᠡᠨᠢᠪᠦ᠋ᠬᠡ ︵ᠪᠠᠭ᠎ᠠ︶᠂ ᠲᠤᠬᠲᠠᠬᠤ᠂ ᠦᠷᠭᠡᠨᠪᠠᠶᠠᠷ ᠵᠡᠷᠭᠡ 7 ᠡᠷᠦᠬᠡ ᠳᠤ ᠨᠡᠶᠢᠲᠡ ᠲᠦᠮᠡ ᠨᠢᠬᠡ ᠮᠢᠩᠭᠠᠨ ᠲᠦᠬᠦᠷᠢᠭ ᠤᠯᠭᠤᠵᠤ᠂ ᠰᠤᠷᠤᠯᠭ᠎ᠠ ᠶᠢᠨ ᠵᠠᠷᠤᠳᠠᠯ ᠪᠤᠶᠤ ᠡᠮᠨᠡᠯᠬᠡ ᠶᠢᠨ ᠵᠠᠷᠤᠳᠠᠯ ᠬᠦᠨᠳᠦᠷᠦᠭᠰᠡᠨ ᠤᠷᠠᠨ᠎ᠠ᠂ ᠰᠡᠷᠡᠩᠪᠠᠯᠵᠢ ᠵᠡᠷᠭᠡ 15 ᠶᠠᠳᠠᠭᠤ ᠬᠦᠴᠢᠷᠲᠡᠢ ᠡᠷᠦᠬᠡ ᠳᠤ ᠨᠡᠶᠢᠲᠡ 12600 ᠲᠦᠭᠦᠷᠢᠭ ᠢ ᠬᠤᠪᠢᠶᠠᠨ ᠤᠯᠭᠤᠬᠰᠠᠨ ᠪᠠᠶᠢᠵᠠᠢ᠃        ᠪᠠᠰᠠ ︽ᠪᠠᠭ᠎ᠠ ᠲᠤᠭᠠᠨ ᠤ ᠢᠳᠡᠭᠡᠮᠵᠢᠲᠦ ᠵᠢᠭᠡᠯᠡᠯᠬᠡ︾ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠪᠠᠷᠢᠴᠠᠭ᠎ᠠ ᠦᠬᠡᠢ᠂ ᠪᠠᠲᠤᠯᠠᠭᠠᠨ ᠤ ᠬᠦᠮᠦᠨ ᠡᠷᠢᠬᠦ ᠦᠬᠡᠢ ᠪᠠᠷ ᠮᠠᠯ ᠲᠠᠷᠢᠶᠠᠯᠠᠩ ᠤᠨ ᠦᠢᠯᠡᠳᠪᠦᠷᠢᠯᠡᠯ ᠳᠤ ᠪᠠᠨ ᠠᠰᠢᠬᠯᠠᠬᠤ ᠪᠠᠷ ᠵᠢᠭᠡᠯᠡᠭᠰᠡᠨ 14 ᠡᠷᠦᠬᠡ ᠶᠢᠨ 43 ᠲᠦᠮᠡᠨ ᠲᠦᠭᠦᠷᠢᠭ ᠤᠨ ᠬᠦᠯᠦᠰᠦᠨ ᠵᠤᠭᠤᠰ 13106 ᠲᠦᠬᠦᠷᠢᠭ 79 ᠮᠦᠩᠬᠦ ᠶᠢ 2019 ᠤᠨ ᠤ ᠵᠢᠯ ᠤᠨ ᠡᠴᠦᠰ ᠲᠤ ᠤᠯᠤᠰ ᠨᠡᠶᠢᠲᠡ ᠠᠴᠠ ᠤᠷᠤᠯᠠᠨ ᠲᠠᠰᠤᠯᠵᠤ ᠪᠤᠳᠤᠵᠤ ᠦᠭᠬᠦᠭᠡᠳ ᠠᠷᠠᠳ ᠤᠯᠠᠨ ᠳᠤ ᠠᠰᠢᠭ ᠬᠦᠷᠲᠡᠭᠡᠵᠡᠢ᠃        ᠶᠠᠳᠠᠭᠤ ᠬᠦᠴᠢᠷᠲᠡᠢ ᠡᠷᠦᠬᠡ ᠶᠢᠨ ᠬᠦᠳᠡᠯᠮᠦᠷᠢ ᠬᠦᠴᠦ ᠶᠢ ᠠᠵᠢᠯ ᠣᠯᠭᠤᠯᠲᠠ ᠪᠠᠷ ᠲᠡᠮᠵᠢᠵᠦ᠂ ᠤᠷᠢᠳ ᠬᠤᠵᠢᠳ ᠶᠠᠳᠠᠭᠤ ᠬᠦᠴᠢᠷᠲᠡᠢ ᠡᠷᠦᠬᠡ ᠶᠢᠨ 17 ᠬᠦᠮᠦᠨ ᠠᠮᠠ ᠳᠤ ︽ᠤᠢ ᠰᠢᠭᠤᠢ ᠬᠠᠮᠠᠭᠠᠯᠠᠬᠴᠢ︾᠂ ︽ᠴᠡᠪᠡᠷᠯᠡᠭᠴᠢ︾ ᠶᠢᠨ ᠠᠵᠢᠯ ᠤᠨ ᠪᠠᠶᠢᠷᠢ ᠲᠤᠬᠢᠷᠠᠭᠤᠯᠵᠤ᠂ ᠬᠦᠳᠡᠯᠮᠦᠷᠢ ᠶᠢᠨ ᠬᠦᠯᠦᠰᠦ ᠤᠯᠭᠤᠮᠵᠢ ᠶᠢ ᠨᠢ ᠲᠡᠭᠡᠭᠰᠢᠯᠡᠬᠦᠯᠵᠡᠢ᠃
       ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠤᠯᠭᠤᠬᠤ ᠪᠤᠯ ᠶᠠᠳᠠᠭᠤ ᠬᠦᠴᠢᠷᠲᠡᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠬᠤ᠂ ᠡᠩ ᠤᠨ ᠡᠷᠦᠬᠡ ᠶᠢ ᠶᠠᠳᠠᠭᠤᠷᠠᠯ ᠠᠴᠠ ᠰᠡᠷᠬᠡᠶᠢᠯᠡᠬᠦ ᠪᠠᠰᠠ ᠨᠢᠭᠡ ᠠᠷᠭ᠎ᠠ ᠠᠪᠴᠠᠯ ᠪᠤᠯᠤᠨ᠎ᠠ᠃ 2017ᠣᠨ ᠤ ᠰᠡᠭᠦᠯᠴᠢ ᠪᠠᠷ ᠪᠠᠷᠠᠭᠤᠨᠨᠠᠭᠤᠷ ᠭᠠᠴᠠᠭᠠᠨ ᠳᠤ ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠬᠰᠠᠨ ᠡᠷᠦᠬᠡ 9 ᠪᠠᠶᠢᠭᠰᠠᠨ ᠪᠤᠯ ᠣᠳᠤ 84 ᠡᠷᠦᠬᠡ ᠶᠢᠨ 160 ᠬᠦᠮᠦᠨ ᠠᠮᠠ ᠲᠤᠤᠷ᠎ᠠ ᠪᠠᠲᠤᠯᠠᠭ᠎ᠠ ᠶᠢᠨ ᠨᠦᠬᠦᠪᠦᠷᠢ ᠬᠦᠷᠲᠡᠬᠦ ᠪᠣᠯᠵᠠᠢ᠃ ᠡᠭᠦᠨ ᠤ ᠲᠤᠳᠣᠷ᠎ᠠ 33 ᠶᠠᠳᠠᠭᠤ ᠬᠦᠴᠢᠷᠲᠡᠢ ᠡᠷᠦᠬᠡ ᠶᠢᠨ 88 ᠬᠦᠮᠦᠨ ᠠᠮᠠ ᠶᠢ ᠤᠷᠤᠭᠤᠯᠤᠬᠰᠠᠨ ᠪᠠᠶᠢᠨ᠎ᠠ᠃        ᠰᠢ ᠶᠢᠨ ᠫᠢᠩ ᠶᠡᠷᠦᠩᠬᠡᠢ ᠱᠦᠵᠢ ᠠᠴᠠ ︽ᠶᠠᠳᠠᠭᠤ ᠠᠴᠠ ᠠᠩᠭᠢᠵᠢᠷᠠᠭᠤᠯᠬᠤ︾ ᠳᠤ ᠶᠠᠳᠠᠭᠤ ᠬᠦᠴᠢᠷᠳᠡᠯᠲᠡᠢ ᠤᠯᠠᠨ ᠲᠦᠮᠡᠨ ᠢ ᠠᠵᠤ ᠠᠬᠤᠢ ᠠᠮᠢᠳᠤᠷᠠᠯ ᠦᠢᠯᠡᠰ ᠤᠨ ᠲᠠᠯ᠎ᠠ ᠪᠠᠷ ᠲᠡᠳᠬᠦᠬᠦ ᠶᠢᠨ ᠬᠠᠮᠲᠤ ︽ᠵᠣᠷᠢᠭ ᠢ ᠨᠢ ᠬᠦᠪᠴᠢᠯᠡᠬᠦ ᠬᠢᠭᠡᠳ ᠤᠶᠤᠨ ᠢ ᠨᠢ ᠲᠡᠳᠬᠦᠬᠦ︾ ᠬᠡᠷᠡᠭᠲᠡᠢ ᠬᠡᠵᠦ ᠵᠢᠭᠠᠪᠤᠷᠢᠯᠠᠬᠰᠠᠨᠴᠢᠯᠠᠨ᠂ ᠭᠠᠴᠠᠭᠠᠨ ᠳᠤ ᠰᠠᠭᠤᠭ᠎ᠠ ᠠᠵᠢᠯᠯᠠᠬᠤ ᠲᠤᠭᠤᠶᠢᠯᠠᠩ ᠪᠠ ᠭᠠᠴᠠᠭᠠᠨ ᠤ ᠺᠠᠳ᠋ᠷᠴᠤᠳ ᠮᠠᠯᠴᠢᠳ ᠢᠶᠠᠨ ︽ᠬᠦᠯᠢᠶᠡᠬᠦ᠂ ᠲᠦᠰᠢᠬᠦ᠂ ᠠᠪᠬᠤ︾ ᠶᠢ ᠯᠡ ᠪᠤᠳᠤᠳᠠᠭ ᠠᠯᠵᠠᠭᠤ ᠵᠠᠯᠬᠠᠭᠤ ᠨᠠᠵᠠᠭᠠᠢ ᠤᠪᠤᠷ ᠰᠤᠷᠲᠠᠯ ᠢ ᠦᠭᠡᠷᠡᠴᠢᠯᠡᠬᠦ ᠪᠠᠷ ᠲᠤᠳᠤᠭᠠᠲᠣ ᠬᠦᠳᠡᠯᠭᠡᠬᠦ ᠬᠦᠴᠦᠨ ᠢ ᠨᠢ ᠲᠠᠶᠢᠴᠢᠯᠠᠬᠤ᠂ ᠮᠡᠷᠭᠡᠵᠢᠯ ᠰᠤᠷᠭᠠᠬᠤ᠂ ᠰᠤᠶᠤᠯ ᠮᠡᠳᠡᠯᠬᠡ ᠶᠢ ᠨᠢ ᠲᠡᠭᠡᠭᠰᠢᠯᠡᠬᠦᠯᠬᠦ ᠵᠡᠷᠭᠡ ᠠᠷᠭ᠎ᠠ ᠬᠡᠮᠵᠢᠶ᠎ᠡ ᠠᠪᠴᠤ ᠢᠷᠡᠭᠰᠡᠨ ᠢᠶᠠᠷ ᠠᠵᠢᠯᠴᠢ ᠠᠷᠪᠢᠴᠢ᠂ ᠪᠤᠯᠪᠠᠰᠤᠨ ᠰᠤᠷᠲᠠᠯ ᠲᠠᠢ᠂ ᠦᠪᠡᠷ ᠤᠨ ᠬᠦᠳᠡᠯᠮᠦᠷᠢ ᠪᠠᠷ ᠢᠶᠠᠨ ᠪᠠᠶᠠᠵᠢᠬᠤ ᠨᠢ ᠦᠩᠬᠡ ᠬᠡᠷᠡᠯᠲᠡᠢ ᠬᠡᠬᠦ ᠤᠶᠢᠯᠠᠭᠠᠬᠳᠠᠬᠤᠨ ᠢ ᠦᠷᠭᠡᠨ ᠤᠯᠠᠨ ᠮᠠᠯᠴᠢᠳ ᠤᠨ ᠰᠡᠳᠬᠢᠯ ᠳᠤ ᠨᠡᠪᠴᠢᠬᠦᠯᠵᠦ ᠴᠢᠳᠠᠭᠰᠠᠨ ᠪᠠᠶᠢᠨ᠎ᠠ᠃        ︽ᠬᠠᠯᠠᠮᠵᠢ ᠶᠢᠨ ᠦᠷᠦᠭᠡ︾ ᠪᠤᠯ ᠠᠷᠦ ᠬᠤᠷᠴᠢᠨ ᠬᠤᠰᠢᠭᠤᠨ ᠤ ᠪᠤᠰᠤᠳ ᠭᠠᠵᠠᠷ ᠠᠴᠠ ᠣᠨᠴᠠᠯᠢᠭᠳᠠᠬᠤ ᠶᠠᠳᠠᠭᠤ ᠶᠢ ᠲᠡᠳᠬᠦᠬᠦ ᠠᠵᠢᠯ ᠤᠨ ᠨᠢᠭᠡ ᠬᠢᠯᠠᠰ ᠴᠡᠭ ᠪᠤᠯᠤᠨ᠎ᠠ᠃        ᠬᠤᠪᠢ ᠲᠡᠮᠳᠡᠭᠯᠡᠵᠦ ᠪᠠᠷᠢᠮᠵᠢᠶᠠᠯᠠᠬᠤ ᠠᠷᠭ᠎ᠠ ᠪᠠᠷ ᠲᠤᠬᠠᠶᠢᠯᠠᠪᠠᠯ᠄ ᠭᠡᠷ ᠰᠠᠭᠤᠴᠠ᠂ ᠤᠷᠴᠢᠨ ᠲᠤᠭᠤᠷᠢᠨ᠂ ᠬᠤᠪᠢ ᠬᠦᠮᠦᠨ ᠤ ᠠᠷᠢᠭᠤᠨ ᠴᠡᠪᠡᠷ ᠪᠠᠶᠢᠬᠤ ᠶᠢ ᠡᠷᠬᠢᠮᠯᠡᠨ᠂ ᠭᠡᠷ ᠪᠦᠯᠢ ᠶᠢᠨ ᠪᠤᠯᠪᠠᠰᠤᠨ ᠰᠣᠷᠲᠠᠯ ᠲᠠᠢ ᠪᠠᠶᠢᠵᠤ᠂ ᠭᠠᠴᠠᠭᠠᠨ ᠤ ᠠᠵᠢᠯ ᠳᠤ ᠢᠳᠡᠪᠬᠢᠲᠡᠢ ᠬᠠᠮᠵᠢᠯᠴᠠᠨ᠂ ᠭᠠᠴᠠᠭᠠᠨ ᠤ ᠵᠢᠯᠤᠭᠤᠳᠣᠯᠭ᠎ᠠ ᠪᠠᠷ ᠠᠵᠢᠯ ᠬᠦᠳᠡᠯᠮᠦᠷᠢ ᠳᠤ ᠢᠳᠡᠪᠬᠢᠲᠡᠢ ᠤᠷᠤᠯᠴᠠᠭᠰᠠᠳ ᠲᠤ ᠬᠠᠷᠠᠭᠠᠯᠵᠠᠬᠰᠠᠨ ᠬᠤᠷᠠᠮᠳᠤᠯ ᠬᠤᠪᠢ ᠪᠠᠷ ᠨᠢ ᠦᠵᠡᠵᠦ᠂ ︽ᠬᠠᠯᠠᠮᠵᠢ ᠶᠢᠨ ᠦᠷᠦᠭᠡ︾ ᠠᠴᠠ ᠪᠠᠨ ᠵᠤᠬᠢᠬᠤ ᠡᠳ᠋ ᠪᠤᠳᠠᠰ ᠢᠶᠠᠷ ᠱᠠᠩᠨᠠᠵᠤ ᠬᠦᠬᠢᠬᠦᠯᠦᠨ᠂ ᠬᠦᠳᠡᠯᠮᠦᠷᠢ ᠶᠢᠨ ᠦᠨ᠎ᠡ ᠦᠷᠳᠡᠭ ᠢ ᠮᠡᠳᠡᠷᠡᠬᠦᠯᠬᠦ ᠪᠠᠰᠠ ᠨᠢᠬᠡ ᠵᠦᠢᠯ ᠤᠨ ᠶᠠᠳᠠᠭᠤ ᠠᠴᠠ ᠠᠩᠭᠢᠵᠢᠷᠠᠭᠤᠯᠬᠤ ᠠᠷᠭ᠎ᠠ ᠠᠪᠴᠠᠯ ᠪᠠᠶᠢᠭ᠎ᠠ ᠶᠤᠮ᠃
       ᠰᠤᠷᠪᠤᠯᠵᠢᠯᠠᠭ᠎ᠠ ᠶᠢᠨ ᠰᠢᠪᠲᠤᠷᠭᠠᠨ ᠳᠤ᠂ ᠲᠡᠭᠦᠰ ᠪᠠᠭᠰᠢ ᠪᠠᠰᠠ ᠶᠠᠳᠠᠭᠤ ᠬᠦᠴᠢᠷᠲᠡᠢ ᠡᠷᠦᠬᠡ ᠶᠢᠨ ᠶᠠᠳᠠᠭᠤᠷᠠᠭᠰᠠᠨ ᠰᠢᠯᠲᠠᠭᠠᠨ ᠤ ᠲᠤᠬᠠᠢ ᠵᠠᠳᠠᠯᠤᠨ᠂ ᠶᠠᠳᠠᠭᠤ ᠠᠴᠠ  ᠠᠩᠭᠢᠵᠢᠷᠠᠨ‌ᠤᠷᠤᠯᠭ᠎ᠠ ᠪᠠᠨ ᠨᠡᠮᠡᠭᠳᠡᠬᠦᠯᠬᠦ ᠳᠤ ︽ᠶᠠᠭᠤᠨ ᠤ ᠤᠷᠢᠳ ᠶᠠᠷᠢᠶᠠᠨ ᠦᠬᠡᠢ ᠤᠯᠤᠰ ᠤᠨ ᠲᠡᠳᠬᠦᠮᠵᠢ ᠬᠠᠮᠤᠭ ᠴᠢᠬᠤᠯᠠ᠂ ᠲᠠᠷᠠᠭ᠎ᠠ ᠨᠢ ᠭᠠᠴᠠᠭ᠎ᠠ ᠲᠤᠰᠬᠤᠨ ᠳᠤ ᠨᠡᠶᠢᠲᠡ ᠶᠢᠨ ᠠᠵᠤ ᠠᠬᠤᠢ ᠪᠠᠶᠢᠬᠤ ᠬᠡᠷᠡᠭᠲᠡᠢ᠂ ᠬᠦᠳᠡᠯᠮᠦᠷᠢ ᠬᠦᠴᠦ᠂ ᠪᠡᠯᠡ ᠮᠦᠩᠬᠦ ᠶᠢᠨ ᠲᠦᠪᠯᠡᠷᠡᠩᠬᠦᠢ ᠠᠰᠢᠬᠯᠠᠯᠲᠠ ᠶᠢ ᠴᠢᠩᠭᠠᠳᠬᠠᠬᠤ᠂ ᠪᠤᠰᠤᠳ ᠭᠠᠵᠠᠷ ᠤᠷᠤᠨ ᠤ ᠲᠠᠪᠰᠢᠩᠭᠤᠢ ᠲᠤᠷᠰᠢᠯᠭ᠎ᠠ ᠵᠢᠱᠢᠶ᠎ᠡ  ᠠᠴᠠ ᠰᠤᠷᠤᠯᠴᠠᠬᠤ᠂ ᠮᠠᠯᠴᠢᠳ ᠠᠮᠢᠳᠤᠷᠠᠯ ᠦᠢᠯᠡᠳᠪᠦᠷᠢᠯᠡᠯ ᠳᠤ ᠪᠠᠨ‌‍ᠲ᠋ᠦ᠋ᠯᠦᠪᠯᠡᠭᠡ ᠲᠠᠢ ᠨᠠᠷᠢᠨ ᠲᠤᠭᠠᠴᠠᠭ᠎ᠠ ᠬᠢᠵᠦ ᠳᠠᠩᠰᠠ ᠪᠤᠳᠤᠵᠤ ᠰᠤᠷᠬᠤ ᠬᠡᠷᠡᠭᠲᠡᠢ︾ ᠬᠡᠮᠡᠨ ᠰᠠᠨᠠᠭᠠᠰᠢᠷᠠᠭ᠎ᠠ ᠨᠢ 2018 ᠤᠨ ᠳᠤ ᠠᠷᠦ ᠬᠤᠷᠴᠢᠨ ᠬᠤᠰᠢᠭᠤᠨ ᠤ ︽ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ︾ ᠠᠵᠢᠯ ᠤᠨ ᠵᠢᠷᠭᠤᠭᠠᠨ ᠬᠠᠮᠤᠭ ᠰᠠᠶᠢᠨ ᠢ ᠰᠣᠩᠭᠤᠨ ᠰᠢᠯᠭᠠᠷᠠᠭᠤᠯᠬᠤ ᠠᠵᠢᠯᠯᠠᠭ᠎ᠠ ᠲᠤᠮᠲᠠ ᠭᠠᠴᠠᠭ᠎ᠠ ᠲᠤᠰᠬᠤᠨ ᠳᠤ ᠰᠠᠭᠤᠭ᠎ᠠ ᠬᠠᠮᠤᠭ ᠤᠨ ᠰᠠᠶᠢᠨ ᠨᠢᠭᠡᠳᠦᠬᠡᠷ ᠱᠦᠵᠢ᠂ 2018 ᠤᠨ ᠤ ︽ᠶᠠᠳᠠᠭᠤ ᠠᠴᠠ ᠠᠩᠬᠢᠵᠢᠷᠠᠭᠤᠯᠬᠤ ᠪᠡᠷᠬᠡ ᠳᠠᠪᠠᠭ᠋ᠤ︾ ᠠᠵᠢᠯ ‍ᠤᠨ‌‍ᠲ᠋ᠡᠷᠢᠬᠦᠨ ᠤ ᠬᠤᠪᠢ ᠬᠦᠮᠦᠨ᠂ 2019 ᠤᠨ ᠳᠤ ᠠᠷᠦ ᠬᠤᠷᠴᠢᠨ ᠬᠤᠰᠢᠭᠤᠨ ᠤ ᠰᠢᠯᠢᠳᠡᠭ ᠨᠠᠮ ᠤᠨ ᠬᠡᠰᠢᠬᠦᠨ᠂ ︽ᠶᠠᠳᠠᠭᠤ ᠠᠴᠠ ᠠᠩᠭᠢᠵᠢᠷᠠᠭᠤᠯᠬᠤ︾ ᠪᠤᠭᠤᠮᠲᠠ ᠰᠢᠪᠲᠤᠯᠬᠤ ᠰᠢᠯᠢᠳᠡᠭ ᠬᠠᠷᠢᠭᠤᠴᠠᠯᠭᠠᠲᠠᠨ ᠵᠡᠷᠭᠡ ᠬᠤᠰᠢᠭᠤ᠂ ᠰᠤᠮᠤ ᠵᠢᠴᠢ ᠪᠠᠷᠠᠭᠤᠨᠨᠠᠭᠤᠷ ᠭᠠᠴᠠᠭᠠᠨ ᠤ ︽ᠠᠯᠪᠠᠨ ᠲᠦᠷᠦ ᠶᠢᠨ ᠢᠳᠡᠭᠡᠯᠲᠡᠨ ᠠᠷᠠᠳ ᠤᠯᠠᠨ ᠤ ᠵᠢᠳᠬᠦᠯᠲᠡᠨ︾ ᠭᠡᠳᠡᠭ ᠨᠡᠷ᠎ᠡ ᠳᠤ ᠪᠠᠨ‌ᠠᠷᠭ᠎ᠠ ᠦᠬᠡᠢ ᠨᠡᠶᠢᠴᠡᠨ᠎ᠡ ᠭᠡᠵᠦ ᠮᠠᠨ ᠳᠤ ᠪᠤᠳᠤᠭᠳᠠᠭᠤᠯᠵᠤ ᠪᠠᠶᠢᠯ᠎ᠠ᠃
                                            ︵ ᠤᠷᠠᠨᠲ᠋ᠠᠨ᠎ᠠ  ᠂ ᠤᠶᠤᠨᠬᠡᠷᠡᠯ  ᠂ ᠬᠤᠩᠭᠤᠷ  ︶
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号