ᠠᠷᠤ ᠵᠠᠰᠠᠭ ᠥᠰᠥᠭ ﹇2020﹈ 80 ᠳ᠋ᠤᠭᠠᠷ ᠲᠣᠭᠠᠲᠤ | | 2021 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠰᠠᠨᠠᠭᠤᠯᠭ᠎ᠠ ᠶᠢᠨ ᠲᠦᠷᠦᠯ ᠵᠦᠢᠯ ᠢ ᠡᠯᠰᠡᠨ ᠴᠣᠭᠯᠠᠭᠤᠯᠬᠤ ᠲᠤᠬᠠᠶ | ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ | | ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ | ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠤᠨ ᠠᠷᠠᠳᠴᠢᠯᠠᠬᠤ ᠪᠠ ᠰᠢᠨᠵᠢᠯᠡᠬᠦ ᠤᠬᠠᠭᠠᠨᠴᠢᠯᠠᠬᠤ | ᠬᠢᠷᠢ ᠲᠥᠪᠰᠢᠨ ᠢ ᠴᠢᠨᠠᠭᠰᠢᠳᠠ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠳᠤ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠵᠦ᠂ ᠪᠣᠳᠠᠲᠤ ᠶᠠᠪᠤᠳᠠᠯ ᠤᠨ ᠲᠥᠷᠥᠯ | ᠵᠦᠢᠯ ᠢᠶᠠᠷ ᠣᠯᠠᠨ ᠲᠦᠮᠡᠨ ᠳᠤ ᠪᠣᠲᠠᠲᠠᠢ ᠠᠵᠢᠯ ᠬᠢᠵᠦ᠂ ᠠᠰᠢᠭ ᠲᠤᠰᠠ ᠣᠯᠭᠤᠬᠤ ᠵᠣᠷᠢᠯᠲᠠ ᠶᠢ ᠨᠡᠩ ᠰᠠᠶᠢᠨ | ᠢᠯᠡᠷᠡᠭᠦᠯᠬᠦ ᠶᠢᠨ ᠲᠥᠯᠥᠭᠡ᠂ ︽ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠡᠯᠰᠡᠨ ᠴᠤᠭᠯᠠᠭᠤᠯᠬᠤ ᠲᠦᠷ | ᠬᠡᠷᠡᠭᠵᠢᠭᠦᠯᠬᠦ ᠠᠷᠭ᠎ᠠ︾ ︵ᠠᠷᠤ ᠵᠠᠰᠠᠭ ᠲᠠᠷᠬᠠᠭᠠᠭᠰᠠᠨ ﹇2018﹈ 118 ᠳ᠋ᠤᠭᠠᠷ ᠲᠣᠭᠠᠲᠤ︶ ᠶᠢᠨ | ᠱᠠᠭᠠᠷᠳᠠᠯᠭ᠎ᠠ ᠶᠢ ᠦᠨᠳᠦᠰᠦᠯᠡᠨ᠂ ᠠᠷᠤ ᠬᠤᠷᠴᠢᠨ ᠬᠤᠰᠢᠭᠤᠨ ᠤ ᠬᠤᠰᠢᠭᠤ᠂ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ︶ ᠬᠤᠶᠠᠷ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠢᠶᠠᠷ ᠪᠠᠲᠤᠯᠠᠨ ᠲᠣᠭᠲᠠᠭᠠᠬᠤ ᠲᠦᠷᠢᠮ ᠤᠨ | ᠲᠤᠷᠰᠢᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠨᠡᠶᠢᠭᠡᠮ ᠤᠨ ᠡᠯ᠎ᠡ ᠡᠲᠡᠭᠡᠳ ᠠᠴᠠ | 2021 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ | ᠲᠥᠷᠥᠯ ᠵᠦᠢᠯ ᠢᠯᠡ ᠪᠠᠷ ᠡᠯᠰᠡᠨ ᠴᠣᠭᠯᠠᠭᠤᠯᠬᠤ ᠪᠠᠷ ᠲᠣᠭᠲᠠᠪᠠ᠃ ᠣᠳᠣ ᠬᠤᠯᠪᠣᠭᠳᠠᠯ ᠪᠦᠬᠦᠢ ᠵᠦᠢᠯᠡᠰ ᠢ | ᠵᠠᠷᠯᠠᠶ᠎ᠠ᠄ | ᠨᠢᠭᠡ᠂ ᠡᠯᠰᠡᠨ ᠴᠣᠭᠯᠠᠭᠤᠯᠬᠤ ᠡᠳᠦᠷ ᠬᠤᠭᠤᠴᠠᠭ᠎ᠠ | ᠵᠠᠷᠯᠠᠨ ᠮᠡᠳᠡᠭᠳᠡᠭᠰᠡᠨ ᠡᠳᠦᠷ ᠠᠴᠠ ᠡᠬᠢᠯᠡᠨ 2020 ᠣᠨ ᠤ 12 ᠰᠠᠷ᠎ᠠ ᠶᠢᠨ 25 ᠤ ᠡᠳᠦᠷ ᠤᠨ | ᠦᠳᠡ ᠶᠢᠨ ᠬᠤᠶᠢᠨᠠᠬᠢ 17 ᠴᠠᠭ ᠪᠣᠯᠲᠠᠯ᠎ᠠ᠃ | ᠬᠤᠶᠠᠷ᠂ ᠡᠯᠰᠡᠨ ᠴᠣᠭᠯᠠᠭᠤᠯᠬᠤ ᠠᠷᠭ᠎ᠠ ᠬᠡᠯᠪᠡᠷᠢ | ᠨᠢᠭᠡ ᠳᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠭᠤᠯᠭ᠎ᠠ ᠶᠢ ᠬᠤᠷᠢᠶᠠᠨ ᠴᠣᠭᠯᠠᠭᠤᠯᠣᠨ᠎ᠠ︔ | ᠬᠤᠶᠠᠷ ᠲᠤ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠬᠤᠰᠢᠭᠤᠨ ᠤ ᠰᠢᠭᠤᠳ ᠬᠠᠷᠢᠶ᠎ᠠ ᠵᠢᠴᠢ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠷᠢᠶ᠎ᠠ ᠡᠯ᠎ᠡ ᠨᠢᠭᠡᠴᠢ ᠶᠢᠨ ᠰᠠᠨᠠᠭᠤᠯᠭ᠎ᠠ ︵ᠡᠯ᠎ᠡ ᠰᠤᠮᠤ ᠰᠢᠶᠠᠩ | ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠣᠰ ᠬᠠᠷᠢᠶ᠎ᠠ | ᠣᠷᠣᠨ ᠤ ᠪᠠᠨ ᠬᠤᠰᠢᠭᠤᠨ ᠲᠠᠰ ᠠᠴᠠ ᠳᠡᠭᠡᠭᠰᠢᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠬᠠᠮᠲᠤ ᠪᠠᠷ ᠶᠠᠷᠢᠯᠴᠠᠭᠠᠳ ᠴᠣᠭᠯᠠᠭᠤᠯᠣᠭᠰᠠᠨ ᠰᠠᠨᠠᠭᠤᠯᠭ᠎ᠠ ᠶᠢᠨ | ᠲᠦᠷᠦᠯ ᠵᠦᠢᠯ ᠢ ᠶᠠᠷᠢᠯᠴᠠᠨ ᠪᠠᠲᠤᠯᠠᠭᠰᠠᠨ ᠤ ᠳᠠᠷᠠᠭ᠎ᠠ ᠨᠢᠭᠡᠳᠦᠯᠲᠡᠶ ᠳᠡᠭᠡᠭᠰᠢ ᠮᠡᠳᠡᠭᠦᠯᠦᠨ᠎ᠡ︶ ᠶᠢ ᠬᠤᠷᠢᠶᠠᠨ | ᠴᠤᠭᠯᠠᠭᠤᠯᠤᠨ᠎ᠠ᠃ | ᠭᠤᠷᠪᠠ᠂ ᠡᠯᠰᠡᠨ ᠴᠣᠭᠯᠠᠭᠤᠯᠬᠤ ᠠᠭᠤᠯᠭ᠎ᠠ ᠪᠣᠯᠣᠨ ᠬᠡᠪᠴᠢᠶ᠎ᠡ | ᠥᠷᠭᠡᠨ ᠣᠯᠠᠨ ᠠᠷᠠᠳ ᠲᠦᠮᠡᠨ ᠤ ︽ᠠᠵᠤ ᠠᠮᠢᠳᠣᠷᠠᠯ ᠤᠨ ᠦᠨᠳᠦᠰᠦᠨ ᠬᠡᠷᠡᠭᠴᠡᠭᠡ᠂ ᠠᠮᠣᠷ ᠵᠢᠷᠭᠠᠯᠲᠠᠢ | ᠠᠵᠤ ᠲᠦᠷᠦᠭᠦ︾ ᠪᠠᠷ ᠭᠤᠣᠯᠳᠠᠯᠭ᠎ᠠ ᠪᠣᠯᠭᠠᠵᠤ᠂ ︽ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ | ᠬᠦᠷᠲᠡᠭᠡᠬᠦ᠂ ᠠᠷᠠᠳ ᠲᠤ ᠠᠰᠢᠭᠲᠠᠶ ᠪᠠᠶᠢᠬᠤ︾ ᠵᠠᠷᠴᠢᠮ ᠶᠣᠰᠣᠭᠠᠷ᠂ ᠤᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ᠨᠢᠭᠡ ᠪᠦᠯᠦᠭ ᠲᠦᠷᠦᠯ ᠵᠦᠢᠯ ᠢ ᠴᠢᠷᠮᠠᠶᠢᠨ ᠳᠣᠬᠢᠷᠠᠭᠤᠯᠤᠨ᠎ᠠ᠃ | ᠲᠤᠬᠠᠶᠢᠯᠠᠪᠠᠯ᠄ ᠠᠵᠢᠯ ᠣᠯᠭᠤᠯᠲᠠ ᠶᠢᠨ ᠪᠣᠯᠪᠠᠰᠤᠷᠠᠭᠤᠯᠤᠯ᠂ ᠰᠤᠷᠭᠠᠨ ᠬᠥᠮᠦᠵᠢᠯ ᠤᠨ ᠦᠢᠯᠡᠰ᠂ ᠡᠷᠡᠭᠦᠯ | ᠬᠠᠮᠠᠭᠠᠯᠠᠯ ᠡᠮᠴᠢᠯᠡᠭᠡ᠂ ᠨᠡᠶᠢᠭᠡᠮ ᠤᠨ ᠪᠠᠲᠤᠯᠠᠭ᠎ᠠ᠂ ᠣᠷᠴᠢᠨ ᠲᠣᠭᠤᠷᠢᠨ ᠢ ᠴᠡᠭᠴᠡᠯᠡᠬᠦ᠂ ᠣᠷᠣᠨ ᠰᠠᠭᠤᠴᠠ ᠶᠢᠨ | ᠪᠠᠲᠣᠯᠠᠭ᠎ᠠ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠰᠣᠶᠣᠯ ᠤᠨ ᠪᠠᠶᠢᠭᠤᠯᠤᠯᠲᠠ᠂ ᠨᠠᠰᠤᠲᠠᠨ ᠢ ᠠᠰᠠᠷᠠᠬᠤ | ᠦᠢᠯᠡᠴᠢᠯᠡᠭᠡᠨ᠂ ᠠᠮᠤᠷ ᠲᠦᠪᠰᠢᠨ ᠤ ᠪᠠᠲᠤᠯᠠᠭ᠎ᠠ᠂ ᠬᠤᠲᠠ ᠶᠢᠨ ᠬᠠᠮᠢᠶᠠᠷᠤᠯᠲᠠ᠂ ᠶᠠᠳᠠᠭᠤ ᠬᠦᠴᠢᠷᠳᠡᠯᠲᠡᠶ ᠶᠢ | ᠲᠡᠳᠬᠦᠨ ᠲᠤᠰᠠᠯᠠᠬᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢ ᠪᠠᠭᠲᠠᠨ᠎ᠠ᠃ | ᠳᠥᠷᠪᠡ᠂ ᠡᠯᠰᠡᠨ ᠴᠣᠭᠯᠠᠭᠤᠯᠬᠤ ᠱᠠᠭᠠᠷᠳᠠᠯᠭ᠎ᠠ | 1. ᠲᠥᠷᠥᠯ ᠵᠦᠢᠯ ᠢ ᠰᠠᠨᠠᠭᠤᠯᠬᠤ ᠳᠤ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠦᠷᠢᠯᠳᠦᠭᠦᠯᠬᠦ ᠬᠡᠷᠡᠭᠲᠡᠶ᠂ | ᠶᠡᠷᠦᠩᠬᠡᠢ ᠳᠤ ᠪᠠᠨ ᠲᠥᠷᠥᠯ ᠵᠦᠢᠯ ᠤᠨ ᠨᠡᠷᠡᠶᠢᠳᠦᠯ᠂ ᠲᠥᠷᠥᠯ ᠵᠦᠢᠯ ᠤᠨ ᠠᠬᠤᠶ ᠪᠠᠶᠢᠳᠠᠯ᠂ ᠲᠥᠷᠥᠯ ᠵᠦᠢᠯ ᠤᠨ | ᠠᠭᠤᠯᠭ᠎ᠠ᠂ ᠬᠡᠷᠡᠭᠵᠢᠭᠦᠯᠬᠦ ᠭᠤᠤᠯ ᠴᠣᠭᠴᠠ᠂ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠵᠢᠴᠢ ᠪᠠᠯᠠ | ᠮᠥᠩᠭᠦ ᠶᠢᠨ ᠢᠷᠡᠯᠲᠡ᠂ ᠪᠣᠯᠤᠮᠵᠢᠲᠤ ᠵᠠᠳᠠᠯᠤᠯᠲᠠ ᠶᠢᠨ ᠮᠠᠲ᠋ᠧᠷᠢᠶᠠᠯ ᠵᠢᠴᠢ ᠪᠤᠰᠤᠳ ᠬᠠᠩᠭᠠᠬᠤ ᠴᠢᠬᠤᠯᠠᠲᠠᠶ | ᠠᠭᠤᠯᠭ᠎ᠠ ᠶᠢ ᠪᠠᠭᠲᠠᠭᠠᠬᠤ ᠴᠢᠬᠤᠯᠠᠲᠠᠢ᠂ ᠣᠨᠴᠠᠭᠠᠢ ᠪᠠᠶᠢᠳᠠᠯ ᠢ ᠳᠥᠭᠦᠮᠴᠢᠯᠡᠨ ᠰᠢᠢᠳᠪᠦᠷᠢᠯᠡᠵᠦ ᠪᠣᠯᠤᠨ᠎ᠠ᠃ | 2. ᠲᠥᠷᠥᠯ ᠵᠦᠢᠯ ᠢ ᠪᠠᠶᠢᠷᠢᠯᠠᠭᠤᠯᠬᠤ ᠳᠤ᠂ ᠲᠥᠯᠥᠭᠡᠯᠡᠬᠦ ᠴᠢᠨᠠᠷ᠂ ᠪᠦᠬᠦ ᠲᠠᠯ᠎ᠠ ᠶᠢᠨ ᠴᠢᠨᠠᠷ ᠵᠢᠴᠢ | ᠬᠠᠮᠤᠷᠬᠤ ᠬᠡᠪᠴᠢᠶ᠎ᠡ ᠪᠠ ᠠᠰᠢᠭ ᠬᠦᠷᠲᠡᠬᠦ ᠬᠡᠪᠴᠢᠶ᠎ᠡ ᠨᠢ ᠥᠷᠭᠡᠨ ᠪᠠᠶᠢᠬᠤ ᠣᠨᠴᠠᠯᠢᠭ ᠢ ᠪᠦᠷᠢᠯᠳᠦᠭᠦᠯᠬᠦ | ᠬᠡᠷᠡᠭᠲᠠᠢ᠃ | 3. ᠪᠡᠯᠡ ᠮᠥᠩᠭᠦ ᠶᠢ ᠲᠣᠬᠢᠷᠠᠭᠤᠯᠬᠤ ᠳᠤ᠂ ᠪᠣᠯᠤᠮᠵᠢᠲᠤ ᠴᠢᠨᠠᠷ ᠢ ᠪᠦᠷᠢᠯᠳᠦᠭᠦᠯᠬᠦ ᠬᠡᠷᠡᠭᠲᠡᠶ᠂ ᠮᠠᠨ ᠤ | ᠬᠤᠰᠢᠭᠤᠨ ᠤ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠡᠳ᠋ ᠤᠨ | ᠬᠦᠴᠦᠨ ᠢᠶᠠᠨ ᠲᠥᠪᠯᠡᠷᠡᠭᠦᠯᠦᠨ ᠠᠰᠢᠭᠲᠠᠢ ᠶᠠᠪᠤᠳᠠᠯ ᠬᠢᠵᠦ᠂ ᠪᠣᠳᠠᠲᠤ ᠶᠠᠪᠤᠳᠠᠯ ᠬᠢᠬᠦ ᠬᠡᠷᠡᠭᠲᠡᠢ᠃ | 4. ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠲᠠᠯ᠎ᠠ ᠪᠠᠷ᠂ ᠡᠵᠡᠮᠳᠡᠵᠦ ᠪᠣᠯᠬᠤᠶᠢᠴᠠ ᠴᠢᠨᠠᠷ ᠢ | ᠪᠦᠷᠢᠯᠳᠦᠭᠦᠯᠵᠦ᠂ ᠶᠡᠷᠦᠩᠬᠡᠢ ᠳᠤ ᠪᠠᠨ ᠲᠤᠬᠠᠢ ᠶᠢᠨ ᠵᠢᠯ ᠳᠤ ᠪᠡᠶᠡᠯᠡᠭᠦᠯᠬᠦ ᠪᠤᠶᠤ ᠱᠠᠲᠤ ᠦᠶᠡᠴᠢ ᠴᠢᠨᠠᠷᠲᠠᠢ ᠦᠷ᠎ᠡ | ᠪᠦᠲᠦᠮᠵᠢ ᠣᠯᠬᠤ ᠬᠡᠷᠡᠭᠲᠡᠢ᠃ | 5. ᠪᠡᠯᠡ ᠣᠷᠣᠭᠤᠯᠤᠯᠲᠠ ᠶᠢᠨ ᠬᠡᠪᠴᠢᠶ᠎ᠡ ᠶᠢᠨ ᠲᠠᠯ᠎ᠠ ᠪᠠᠷ᠂ ᠳᠥᠷᠢᠮᠵᠢᠭᠰᠡᠨ ᠴᠢᠨᠠᠷ ᠢ ᠪᠦᠷᠢᠯᠳᠦᠭᠦᠯᠬᠦ | ᠬᠡᠷᠡᠭᠲᠡᠶ᠂ ᠰᠠᠨᠠᠭᠤᠯᠭ᠎ᠠ ᠶᠢᠨ ᠲᠥᠷᠥᠯ ᠵᠦᠢᠯ ᠨᠢ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢ | ᠦᠨᠳᠦᠰᠦᠯᠡᠨ᠂ ᠵᠡᠷᠴᠢᠮ ᠳᠡᠭᠡᠷ᠎ᠡ ᠪᠠᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ 500 | ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠪᠠᠶᠢᠬᠤ ᠪᠠᠷ ᠱᠠᠭᠠᠷᠳᠠᠬᠤ ᠬᠡᠷᠡᠭᠲᠡᠢ᠃ | ᠲᠠᠪᠤ᠂ ᠲᠠᠭᠯᠠᠨ ᠮᠡᠳᠡᠭᠦᠯᠬᠦ ᠱᠠᠭᠠᠷᠳᠠᠯᠭ᠎ᠠ ᠵᠢᠴᠢ ᠬᠠᠷᠢᠯᠴᠠᠬᠤ ᠠᠷᠭ᠎ᠠ ᠮᠠᠶ᠋ᠢᠭ | 1. ︽2021 ᠣᠨ ᠤ ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠤ ᠠᠷᠠᠳ ᠤᠨ | ᠠᠮᠢᠳᠤᠷᠠᠯ ᠤᠨ ᠪᠣᠳᠠᠲᠣ ᠶᠠᠪᠣᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠡᠯᠰᠡᠨ ᠴᠤᠭᠯᠠᠭᠤᠯᠬᠤ ᠬᠦᠰᠦᠨᠦᠭᠲᠦ︾ | ᠶᠢᠨ ᠱᠠᠭᠠᠷᠳᠠᠯᠭ᠎ᠠ ᠶᠣᠰᠣᠭᠠᠷ ᠵᠢᠷᠤᠮᠵᠢᠭᠤᠯᠤᠨ ᠲᠠᠭᠯᠠᠵᠤ᠂ ᠬᠦᠰᠦᠨᠦᠭᠲᠦ ᠲᠠᠢ ᠬᠠᠮᠲᠤ ᠪᠣᠯᠤᠮᠵᠢᠲᠤ | ᠵᠠᠳᠠᠯᠤᠯᠲᠠ ᠶᠢᠨ ᠮᠠᠲ᠋ᠧᠷᠢᠶᠠᠯ ᠢ ᠳᠠᠭᠠᠯᠳᠤᠭᠤᠯᠤᠨ ᠮᠡᠳᠡᠭᠦᠯᠬᠦ ᠬᠡᠷᠡᠭᠲᠡᠶ᠃ ︵ᠡᠯᠰᠡᠨ ᠴᠣᠭᠯᠠᠭᠤᠯᠬᠤ | ᠬᠦᠰᠦᠨᠦᠭᠲᠦ ᠶᠢ ᠠᠷᠤ ᠬᠤᠷᠴᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠢᠮᠧᠯ ᠠᠴᠠ | ᠪᠠᠭᠤᠯᠭᠠᠵᠤ ᠪᠣᠯᠤᠨ᠎ᠠ᠂ ᠢᠮᠧᠯ ᠤᠨ ᠨᠣᠮᠧᠷ᠄ aqmsxm@163. com᠂ ᠨᠢᠭᠤᠴᠠ ᠨᠣᠮᠧᠷ᠄ | 7232995︶ | 2. ᠪᠢᠴᠢᠭ ᠮᠠᠲ᠋ᠧᠷᠢᠶᠠᠯ᠂ ᠡᠯᠧᠺᠲᠷᠣᠨ ᠰᠢᠤᠳᠠᠨ ᠤ ᠵᠦᠢᠯ ᠵᠡᠷᠭᠡ ᠬᠡᠯᠪᠡᠷᠢ ᠪᠠᠷ ᠠᠷᠤ ᠬᠤᠷᠴᠢᠨ | ᠬᠤᠰᠢᠭᠤᠨ ᠤ ᠬᠤᠰᠢᠭᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠬᠤᠶᠠᠷ ᠱᠠᠲᠤᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠢᠯᠧᠲ ᠢᠶᠠᠷ ᠪᠠᠲᠤᠯᠠᠨ ᠲᠣᠭᠲᠠᠭᠠᠬᠤ ᠲᠦᠷᠢᠮ ᠤᠨ ᠲᠤᠷᠰᠢᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠲᠤ ᠰᠠᠨᠠᠯ ᠰᠠᠨᠠᠭᠤᠯᠭ᠎ᠠ ᠳᠤᠷᠠᠳᠴᠤ ᠪᠣᠯᠣᠨ᠎ᠠ᠃ ᠪᠢᠴᠢᠭ ᠤᠨ ᠮᠡᠳᠡᠭᠦᠯᠦᠯᠲᠡ ᠪᠠᠨ | ᠠᠷᠤ ᠬᠤᠷᠴᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ 306 ᠲᠠᠰᠤᠭ ᠲᠤ | ᠬᠦᠷᠭᠡᠲᠦᠭᠡᠢ᠂ ᠠᠰᠠᠭᠤᠨ ᠯᠠᠪᠯᠠᠬᠤ ᠤᠲᠠᠰᠤ᠄ 7232572᠂ ᠹᠠᠺᠰ᠄ 7232993᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | | | ᠳᠠᠭᠠᠯᠳᠤᠭᠤᠯᠤᠯ᠄ 2021 ᠣᠨ ᠤ ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠤ ᠠᠷᠠᠳ ᠤᠨ | ᠠᠮᠢᠳᠤᠷᠠᠯ ᠤᠨ ᠪᠣᠳᠠᠲᠣ ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠡᠯᠰᠡᠨ ᠴᠣᠭᠯᠠᠭᠤᠯᠬᠤ ᠬᠦᠰᠦᠨᠦᠭᠲᠦ | ︵ᠠᠳᠡ ᠳᠥᠭᠦᠮᠴᠢᠯᠡᠪᠡ︶ | | ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2020 ᠣᠨ ᠤ 11 ᠰᠠᠷ᠎ᠠ ᠶᠢᠨ 25 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |