| | ᠰᠤᠷᠭᠠᠭᠤᠯᠢ ᠪᠣᠯ ᠵᠠᠯᠠᠭᠤᠴᠤᠳ ᠪᠠᠭᠠᠴᠤᠳ ᠤᠨ ᠤᠯᠤᠰ ᠢᠶᠠᠨ ᠬᠠᠶᠢᠷᠠᠯᠠᠬᠤ ᠬᠦᠮᠦᠵᠢᠯ᠂ | ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠢ ᠴᠢᠩᠭᠠᠳᠬᠠᠬᠤ ᠴᠢᠬᠤᠯᠠ ᠰᠠᠭᠤᠷᠢᠨ ᠭᠠᠵᠠᠷ ᠪᠣᠯᠬᠤ ᠶᠤᠮ᠃ | ᠤᠯᠤᠰ ᠢᠶᠠᠨ ᠬᠠᠶᠢᠷᠠᠯᠠᠬᠤ ᠬᠦᠮᠦᠵᠢᠯ᠂ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠢ ᠡᠳᠦᠷ ᠲᠣᠳᠤᠮ ᠤᠨ | ᠵᠢᠭᠠᠨ ᠰᠤᠷᠭᠠᠯᠲᠠ ᠳᠤ ᠠᠭᠤᠰᠬᠠᠨ᠂ ᠪᠠᠶᠠᠯᠢᠭ ᠰᠠᠶᠢᠬᠠᠨ ᠤᠷᠠᠨ ᠵᠢᠷᠤᠭ ᠤᠨ ᠰᠡᠳᠭᠢᠮᠵᠢ ᠶᠢ ᠪᠣᠢ ᠪᠤᠯᠭᠠᠬᠤ ᠪᠠᠷ | ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ 2020 ᠣᠨ ᠤ 11 ᠰᠠᠷ᠎ᠠ ᠶᠢᠨ 23 ᠤ | ᠡᠳᠦᠷ ︽ᠡᠯ᠎ᠡ ᠦᠨᠳᠦᠰᠦᠲᠡᠨ ᠤ ᠠᠷᠠᠳ ᠲᠦᠮᠡᠨ ᠨᠢᠭᠡᠨ ᠪᠦᠯᠢ ᠮᠡᠲᠦ ᠬᠠᠯᠠᠭᠤᠨ ᠢᠶᠠᠷ ᠬᠠᠪᠰᠣᠷᠣᠯᠴᠠᠨ᠂ ᠵᠣᠯ | ᠵᠢᠷᠭᠠᠯ ᠢ ᠬᠠᠮᠲᠤ ᠪᠠᠷ ᠡᠳ᠋ᠯᠡᠶ᠎ᠡ︾ ᠭᠡᠬᠦ ᠭᠤᠣᠯ ᠰᠡᠳᠦᠪᠲᠦ ᠤᠷᠠᠨ ᠵᠢᠷᠤᠭ ᠤᠨ ᠤᠷᠤᠯᠳᠤᠭᠠᠨ ᠶᠠᠪᠤᠭᠳᠠᠭᠤᠯᠪᠠ᠃ | | | | | | | | | | | | | | | | | ᠣᠷᠤᠯᠳᠤᠭᠠᠨ ᠳᠤ ᠪᠦᠬᠦ ᠰᠣᠷᠣᠭᠴᠢᠳ ᠣᠷᠤᠯᠴᠠᠵᠤ ᠠᠩᠭᠢ ᠪᠦᠷᠢ ᠠᠴᠠ 3 ᠰᠤᠷᠤᠭᠴᠢ ᠶᠢ | ᠰᠢᠯᠭᠠᠷᠠᠭᠤᠯᠤᠨ᠂ 30 ᠠᠩᠭᠢ ᠨᠢᠭᠡᠴᠢ ᠶᠢᠨ 90 ᠰᠤᠷᠤᠭᠴᠢ ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ | ᠲᠤᠰᠬᠠᠢ ᠰᠡᠳᠦᠪᠲᠦ ᠤᠷᠤᠯᠳᠤᠭᠠᠨ ᠳᠤ ᠣᠷᠤᠯᠴᠠᠭᠰᠠᠨ ᠪᠠᠶᠢᠨ᠎ᠠ᠃ ᠨᠢᠭᠡᠳᠦᠭᠡᠷ ᠣᠨ ︽ᠮᠢᠨᠤ ᠤᠯᠠᠭᠠᠨ ᠪᠥᠴᠡ︾ | ᠂ ᠬᠤᠶᠠᠳᠤᠭᠠᠷ ᠣᠨ ︽ᠤᠯᠠᠭᠠᠨ ᠲᠤᠭ ᠨᠠᠮᠢᠷᠠᠨ᠎ᠠ︾᠂ ᠭᠤᠷᠪᠠᠳᠤᠭᠠᠷ ᠣᠨ ︽ᠭᠤᠶᠤ ᠰᠠᠶᠢᠬᠠᠨ | ᠰᠤᠷᠭᠠᠭᠤᠯᠢ ᠶᠢᠨ ᠬᠦᠷᠢᠶ᠎ᠡ︾᠂ ᠳᠦᠷᠪᠡᠳᠦᠭᠡᠷ ᠣᠨ ︽ᠠᠯᠲᠠᠨ ᠰᠢᠷᠭᠠᠯ ᠨᠠᠮᠤᠷ ᠤᠨ ᠦᠵᠡᠮᠵᠢ︾᠂ ᠲᠠᠪᠤᠳᠤᠭᠠᠷ | ᠣᠨ ︽ᠦᠨᠳᠦᠰᠦᠲᠡᠨ ᠪᠦᠬᠦᠨ ᠡᠯᠢᠭᠡᠰᠡᠭ ᠳᠣᠳᠤᠨᠤ︾᠂ ᠵᠢᠷᠭᠤᠳᠤᠭᠠᠷ ᠣᠨ ︽ᠡᠶ᠎ᠡ ᠵᠣᠬᠢᠴᠠᠯᠲᠤ ᠡᠬᠡ ᠤᠯᠤᠰ︾ | ᠭᠡᠬᠦ ᠲᠤᠰᠬᠠᠢ ᠰᠡᠳᠦᠪ ᠢᠶᠠᠷ ᠲᠤᠬᠠᠢ ᠶᠢᠨ ᠲᠠᠯᠠᠪᠠᠢ ᠳᠤ ᠵᠢᠷᠤᠵᠣ᠂ 16 ᠬᠤᠪᠢ ᠶᠢᠨ ᠴᠠᠭᠠᠰᠤᠨ ᠲᠡᠭᠡᠷ᠎ᠡ᠂ | ᠬᠡᠣᠬᠡᠳ ᠤᠨ ᠵᠢᠷᠤᠭ᠂ ᠱᠤᠭ ᠵᠢᠷᠤᠭ᠂ ᠵᠢᠷᠤᠭᠠᠰᠤᠨ ᠵᠢᠷᠤᠭ ᠵᠡᠷᠭᠡ ᠬᠡᠯᠪᠡᠷᠢ ᠪᠠᠷ ᠪᠦᠲᠦᠴᠡ ᠲᠤᠬᠢᠷᠠᠮᠵᠢᠲᠠᠢ᠂ | ᠥᠩᠭᠡ ᠪᠣᠳᠤᠭ ᠵᠣᠬᠢᠴᠠᠩᠭᠤᠢ᠂ ᠦᠪᠡᠷᠮᠢᠴᠡ ᠨᠥᠯᠥᠭᠡᠯᠡᠬᠦ ᠬᠦᠴᠦᠨ ᠲᠠᠢ 12 ︽ᠰᠣᠳᠤᠨ ᠵᠢᠷᠤᠭᠴᠢᠨ︾᠂ 12 | ︽ᠭᠠᠷᠮᠠᠭᠠᠢ ᠵᠢᠷᠤᠭᠴᠢᠨ︾᠂ 36 ︽ᠰᠢᠯᠢᠳᠡᠭ ᠵᠢᠷᠤᠭᠴᠢᠨ︾ ᠢ ᠰᠢᠯᠭᠠᠷᠠᠭᠤᠯᠤᠨ ᠱᠠᠩᠨᠠᠭᠰᠠᠨ ᠪᠠᠶᠢᠨ᠎ᠠ᠃ ᠮᠥᠨ | ᠡᠳᠡᠭᠡᠷ ᠪᠦᠲᠦᠭᠡᠯ ᠢ ᠰᠤᠷᠭᠠᠭᠤᠯᠢ ᠶᠢᠨ ᠲᠠᠮᠢᠷ ᠤᠨ ᠣᠷᠳᠤᠨ ᠳᠤ ᠲᠡᠯᠭᠡᠨ ᠦᠵᠡᠭᠦᠯᠬᠦ ᠪᠠᠷ ᠪᠠᠶᠢᠨ᠎ᠠ᠃ | | | | | | | | | | | ᠲᠤᠰ ᠤᠷᠤᠯᠳᠤᠭᠠᠨ ᠨᠢ ᠰᠤᠷᠤᠭᠴᠢᠳ ᠤᠨ ᠶᠡᠷᠦᠩᠬᠡᠢ ᠬᠡᠪ ᠪᠣᠯᠪᠠᠰᠤᠷᠠᠯ ᠢ ᠲᠡᠭᠡᠭᠰᠢᠯᠡᠭᠦᠯᠦᠨ᠂ | ᠰᠤᠷᠭᠠᠭᠤᠯᠢ ᠶᠢᠨ ᠬᠦᠷᠢᠶᠡᠨ ᠤ ᠰᠤᠶᠤᠯ ᠤᠷᠠᠯᠢᠭ ᠤᠨ ᠰᠣᠳᠤᠨ ᠠᠭᠤᠷ ᠠᠮᠢᠰᠬᠤᠯ ᠢ ᠪᠣᠢ ᠪᠤᠯᠭᠠᠨ᠂ ᠤᠯᠤᠰ ᠢᠶᠠᠨ | ᠬᠠᠶᠢᠷᠠᠯᠠᠬᠤ ᠬᠦᠮᠦᠵᠢᠯ᠂ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠢ ᠰᠤᠷᠤᠭᠴᠢᠳ ᠤᠨ ᠰᠡᠳᠭᠢᠯ ᠤᠨ | ᠭᠦᠨ ᠳᠤ ᠲᠡᠯᠭᠡᠵᠦ᠂ ᠭᠠᠷ ᠭᠠᠷ ᠢᠶᠠᠨ ᠬᠤᠯᠪᠤᠯᠴᠠᠨ ᠬᠠᠮᠲᠤ ᠪᠠᠷ ᠲᠠᠪᠰᠢᠬᠤ ᠰᠠᠶᠢᠨ ᠰᠠᠶᠢᠬᠠᠨ ᠢ ᠥᠩᠭᠡ | ᠪᠣᠳᠤᠭ ᠢᠶᠠᠷ ᠵᠢᠷᠤᠭᠯᠠᠨ᠂ ᠡᠬᠡ ᠤᠯᠤᠰ ᠲᠤ ᠪᠠᠨ ᠬᠢᠵᠠᠭᠠᠯᠠᠰᠢ ᠦᠭᠡᠢ ᠬᠠᠶᠢᠷ᠎ᠠ ᠲᠠᠢ ᠪᠠᠶᠢᠭ᠎ᠠ ᠰᠡᠳᠭᠢᠯᠭᠡ ᠪᠠᠨ | ᠢᠯᠡᠳᠭᠡᠭᠰᠡᠨ ᠪᠠᠶᠢᠨ᠎ᠠ᠃ ︵ᠵᠠᠯᠭᠠᠬᠦᠦ︶ | | |