| | 2020 ᠣᠨ ᠤ 11 ᠰᠠᠷ᠎ᠠ ᠶᠢᠨ 3 ᠤ ᠡᠳᠦᠷ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ | ᠰᠤᠷᠭᠠᠭᠤᠯᠢ ︽ᠠᠷᠢᠭᠤᠨ ᠴᠢᠭᠡᠴᠢ ᠪᠣᠳᠠᠳᠠᠢ ᠶᠢ ᠡᠷᠬᠢᠮᠯᠡᠨ ᠮᠥᠨ ᠴᠢᠨᠠᠷ ᠢᠶᠠᠨ ᠪᠠᠷᠢᠮᠲᠠᠯᠠᠵᠤ᠂ ᠪᠣᠳᠠᠳᠠᠢ ᠠᠵᠢᠯᠯᠠᠵᠤ | ᠪᠣᠳᠠᠳᠠᠢ ᠡᠭᠦᠷᠭᠡᠯᠡᠨ ᠰᠢᠨ᠎ᠡ ᠬᠠᠭᠤᠳᠠᠰᠤ ᠶᠢ ᠪᠢᠴᠢᠭᠯᠡᠬᠦ︾ ᠨᠠᠮ ᠤᠨ ᠰᠤᠷᠲᠠᠯ ᠪᠠ ᠠᠷᠢᠭᠤᠨ ᠴᠢᠭᠡᠴᠢ ᠪᠠᠷ ᠵᠠᠰᠠᠭ | ᠪᠠᠷᠢᠬᠤ ᠭᠤᠣᠯ ᠰᠡᠳᠦᠪᠲᠦ ᠤᠬᠠᠭᠤᠯᠭ᠎ᠠ ᠬᠦᠮᠦᠵᠢᠯ ᠤᠨ ᠠᠵᠢᠯᠯᠠᠭᠠᠨ ᠦᠷᠨᠢᠭᠦᠯᠪᠡ᠃ ᠠᠵᠢᠯᠯᠠᠭᠠᠨ ᠳᠤ ᠪᠦᠬᠦ | ᠨᠠᠮ ᠤᠨ ᠭᠡᠰᠢᠭᠦᠨ ᠪᠠᠭᠰᠢ ᠨᠠᠷ ᠣᠷᠤᠯᠴᠠᠵᠤ᠂ ︽ᠠᠷᠢᠭᠤᠨ ᠴᠢᠭᠡᠴᠢ ᠪᠣᠳᠠᠳᠠᠢ ᠶᠢ ᠡᠷᠬᠢᠮᠯᠡᠨ ᠮᠥᠨ ᠴᠢᠨᠠᠷ ᠢᠶᠠᠨ | ᠪᠠᠷᠢᠮᠲᠠᠯᠠᠵᠤ᠂ ᠪᠣᠳᠠᠳᠠᠢ ᠠᠵᠢᠯᠯᠠᠵᠤ ᠪᠣᠳᠠᠳᠠᠢ ᠡᠭᠦᠷᠭᠡᠯᠡᠨ ᠰᠢᠨ᠎ᠡ ᠬᠠᠭᠤᠳᠠᠰᠤ ᠶᠢ ᠪᠢᠴᠢᠭᠯᠡᠬᠦ︾ ᠨᠠᠮ ᠤᠨ ᠰᠤᠷᠲᠠᠯ | ᠪᠠ ᠠᠷᠢᠭᠤᠨ ᠴᠢᠭᠡᠴᠢ ᠪᠠᠷ ᠵᠠᠰᠠᠭ ᠪᠠᠷᠢᠬᠤ ᠭᠤᠣᠯ ᠰᠡᠳᠦᠪᠲᠦ ᠤᠬᠠᠭᠤᠯᠭ᠎ᠠ ᠬᠦᠮᠦᠵᠢᠯ ᠤᠨ ᠠᠵᠢᠯᠯᠠᠭᠠᠨ ᠤ | ᠲᠥᠰᠥᠪ ᠢ ᠨᠡᠶᠢᠲᠡᠯᠡᠵᠦ᠂ ᠵᠢᠯᠣᠭᠤᠳᠬᠤ ᠦᠵᠡᠯ ᠰᠠᠨᠠᠭ᠎ᠠ᠂ ᠠᠵᠢᠯᠯᠠᠭᠠᠨ ᠤ ᠠᠭᠤᠯᠭ᠎ᠠ᠂ ᠠᠵᠢᠯᠯᠠᠭᠠᠨ ᠤ | ᠱᠠᠭᠠᠷᠳᠠᠯᠭ᠎ᠠ ᠲᠠᠯᠪᠢᠵᠦ᠂ ᠲᠠᠷᠠᠭ᠎ᠠ ᠨᠢ ︽ᠢᠯᠵᠠᠷᠠᠯ ᠢ ᠡᠰᠡᠷᠭᠦᠴᠡᠨ ᠠᠷᠢᠭᠤᠨ ᠴᠢᠭᠡᠴᠢ ᠶᠢ ᠡᠷᠬᠢᠮᠯᠡᠬᠦ | ᠰᠡᠷᠡᠮᠵᠢᠯᠡᠭᠦᠯᠬᠦ ᠬᠦᠮᠦᠵᠢᠯ︾ ᠤᠨ ᠹᠢᠯᠢᠮ ᠰᠣᠨᠢᠷᠬᠠᠵᠤ᠂ ᠦᠷᠭᠡᠨ ᠣᠯᠠᠨ ᠨᠠᠮ ᠤᠨ ᠭᠡᠰᠢᠭᠦᠨ ᠪᠠ ᠤᠳᠤᠷᠢᠳᠬᠤ | ᠺᠠᠳ᠋ᠷᠴᠤᠳ ᠤᠨ ᠦᠵᠡᠯ ᠰᠠᠨᠠᠭ᠎ᠠ᠂ ᠦᠢᠯᠡ ᠠᠵᠢᠯᠯᠠᠭ᠎ᠠ ᠠᠷᠢᠭᠤᠨ ᠴᠢᠭᠡᠴᠢ ᠪᠠᠶᠢᠬᠤ ᠬᠡᠷᠡᠭᠲᠡᠢ ᠭᠡᠳᠡᠭ ᠢ ᠤᠯᠠᠮ | ᠨᠢᠭᠡ ᠠᠯᠬᠤᠮ ᠱᠠᠭᠠᠷᠳᠠᠭᠰᠠᠨ ᠤ ᠬᠠᠮᠲᠤ᠂ ᠤᠳᠤᠷᠢᠳᠬᠤ ᠪᠠᠭ ᠪᠠ ᠨᠠᠮ ᠤᠨ ᠭᠡᠰᠢᠭᠦᠳ ᠤᠨ ᠬᠠᠮᠲᠤ ᠶᠢᠨ | ᠰᠤᠷᠤᠯᠴᠠᠯᠭ᠎ᠠ ᠪᠠ ᠠᠷᠢᠭᠤᠨ ᠴᠢᠭᠡᠴᠢ ᠪᠠᠷ ᠵᠠᠰᠠᠭ ᠪᠠᠷᠢᠬᠤ ᠠᠵᠢᠯ ᠤᠨ ᠶᠠᠷᠢᠯᠴᠠᠨ ᠰᠣᠳᠤᠯᠬᠤ ᠬᠤᠷᠠᠯ ᠬᠢᠭᠰᠡᠨ | ᠪᠠᠶᠢᠨ᠎ᠠ᠃ ᠠᠷᠢᠭᠤᠨ ᠴᠢᠭᠡᠴᠢ ᠪᠠᠷ ᠵᠠᠰᠠᠭ ᠪᠠᠷᠢᠬᠤ ᠰᠡᠳᠦᠪ ᠤᠨ ᠲᠣᠭᠤᠷᠢᠨ ᠳᠤ ᠤᠳᠤᠷᠢᠳᠬᠤ ᠪᠠᠭ ᠪᠠ ᠨᠠᠮ ᠤᠨ | ᠭᠡᠰᠢᠭᠦᠨ ᠪᠠᠭᠰᠢ ᠨᠠᠷ ᠠᠴᠠ ᠡᠯᠰᠡᠭᠰᠡᠨ ᠡᠬᠡ ᠪᠢᠴᠢᠭ ᠢᠶᠠᠨ ᠰᠢᠯᠭᠠᠷᠠᠭᠤᠯᠤᠨ ᠰᠤᠷᠭᠠᠨ ᠬᠦᠮᠦᠵᠢᠯ ᠤᠨ | ᠲᠣᠪᠴᠢᠶᠠᠨ ᠳᠤ ᠲᠤᠰᠢᠶᠠᠵᠤ᠂ ᠤᠷᠤᠯᠳᠤᠭᠠᠨ ᠳᠤ ᠲᠡᠪᠰᠢᠭᠦᠯᠦᠭᠰᠡᠨ ᠪᠠᠶᠢᠨ᠎ᠠ᠃ | ᠶᠠᠳᠠᠭᠤ ᠶᠢ ᠲᠡᠳᠭᠦᠬᠦ ᠵᠢᠴᠢ ᠠᠷᠢᠭᠤᠨ ᠴᠢᠭᠡᠴᠢ ᠪᠠᠷ ᠵᠠᠰᠠᠭ ᠪᠠᠷᠢᠬᠤ ᠭᠡᠷ ᠪᠦᠯᠢ ᠶᠢᠨ | ᠰᠤᠷᠪᠣᠯᠵᠢᠯᠠᠭ᠎ᠠ ᠳᠤ ᠠᠮᠢᠳᠤᠷᠠᠯ ᠬᠦᠴᠢᠷᠲᠡᠢ᠂ ᠰᠤᠷᠤᠯᠭ᠎ᠠ ᠰᠠᠶᠢᠨ 4 ᠳ᠋ᠦ᠋ᠭᠡᠷ ᠣᠨ ᠤ 5 ᠳ᠋ᠤᠭᠠᠷ ᠠᠩᠭᠢ ᠶᠢᠨ | ᠬᠤᠷ᠎ᠠ ᠪᠣᠯᠤᠨ 4 ᠳ᠋ᠦ᠋ᠭᠡᠷ ᠣᠨ ᠤ 3 ᠳ᠋ᠤᠭᠠᠷ ᠠᠩᠭᠢ ᠶᠢᠨ ᠦᠷᠭᠡᠨ ᠤ ᠭᠡᠷ ᠲᠤ ᠬᠦᠷᠴᠦ᠂ ᠭᠡᠷ ᠪᠦᠯᠢ ᠶᠢᠨ | ᠠᠮᠢᠳᠤᠷᠠᠯ ᠤᠨ ᠪᠠᠶᠢᠳᠠᠯ ᠢ ᠨᠢ ᠤᠯᠠᠮ ᠨᠢᠭᠡ ᠠᠯᠬᠤᠮ ᠦᠢᠯᠠᠭᠠᠬᠤ ᠶᠢᠨ ᠬᠠᠮᠲᠤ ᠲᠤᠰ ᠪᠦᠷᠢ 200 | ᠲᠦᠭᠦᠷᠢᠭ ᠤᠨ ᠲᠤᠰᠠᠯᠠᠮᠵᠢ ᠶᠢᠨ ᠮᠥᠩᠭᠦ ᠦᠭᠭᠦᠭᠰᠡᠨ ᠪᠦᠭᠡᠳ ᠬᠤᠶᠢᠰᠢᠳᠠ ᠶᠢᠨ ᠠᠮᠢᠳᠤᠷᠠᠯ ᠤᠨ ᠲᠤᠬᠠᠢ ᠭᠡᠷ ᠤᠨ | ᠠᠬᠠᠮᠠᠳ ᠲᠠᠢ ᠵᠥᠪᠳᠡᠯᠴᠡᠵᠤ᠂ ᠠᠮᠢᠳᠤᠷᠠᠯ ᠤᠨ ᠰᠢᠯᠲᠠᠭᠠᠨ ᠠᠴᠠ ᠪᠣᠯᠵᠤ ᠰᠤᠷᠤᠯᠭ᠎ᠠ ᠶᠢ ᠨᠢ ᠬᠠᠷᠰᠢᠯᠠᠬᠤ ᠦᠭᠡᠢ | ᠪᠠᠶᠢᠬᠤ ᠶᠢ ᠪᠠᠲᠤᠯᠠᠭᠰᠠᠨ ᠪᠠᠶᠢᠨ᠎ᠠ᠃ | ᠲᠤᠰ ᠠᠵᠢᠯᠯᠠᠭᠠᠨ ᠨᠢ ᠨᠠᠮ ᠤᠨ ᠭᠡᠰᠢᠭᠦᠳ ᠤᠨ ᠨᠠᠮ ᠤᠨ ᠰᠤᠷᠲᠠᠯ᠂ ᠠᠷᠢᠭᠤᠨ ᠴᠢᠭᠡᠴᠢ ᠪᠠᠷ ᠠᠵᠢᠯᠯᠠᠵᠤ | ᠰᠣᠷᠤᠯᠴᠠᠬᠤ ᠰᠤᠷᠲᠠᠯ ᠢ ᠰᠠᠶᠢᠵᠢᠷᠠᠭᠤᠯᠤᠨ᠂ ᠪᠠᠭᠰᠢ ᠶᠢᠨ ᠮᠣᠷᠠᠯ ᠰᠤᠷᠲᠠᠬᠤᠨ᠂ ᠲᠤᠬᠠᠶᠢᠯᠠᠭᠰᠠᠨ ᠠᠵᠢᠯ ᠤᠨ | ᠰᠤᠷᠲᠠᠯ ᠢ ᠲᠡᠭᠡᠭᠰᠢᠯᠡᠭᠦᠯᠦᠭᠰᠡᠨ ᠪᠠᠶᠢᠨ᠎ᠠ᠃ ︵ᠵᠠᠯᠭᠠᠬᠦᠦ︶ | |