| | | ᠨᠢᠭᠡᠳᠦᠭᠡᠷ ᠣᠨ ᠤ ᠰᠤᠷᠤᠭᠴᠢᠳ ᠤᠨ ᠬᠡᠯᠡᠨ ᠤ ᠮᠡᠳᠡᠷᠡᠮᠵᠢ ᠶᠢ ᠰᠠᠶᠢᠵᠢᠷᠠᠭᠤᠯᠤᠨ᠂ ᠶᠠᠷᠢᠶᠠᠨ ᠤ | ᠬᠡᠯᠡᠨ ᠳᠤ ᠪᠣᠯᠪᠠᠰᠤᠷᠠᠩᠭᠤᠢ ᠪᠤᠯᠭᠠᠬᠤ ᠪᠠ ᠦᠪᠡᠷ ᠤᠨ ᠰᠠᠨᠠᠭ᠎ᠠ ᠪᠠᠨ ᠵᠥᠪ ᠶᠠᠷᠢᠵᠦ ᠢᠯᠡᠳᠭᠡᠬᠦ ᠴᠢᠳᠠᠪᠦᠷᠢ ᠶᠢ | ᠬᠦᠮᠦᠵᠢᠭᠦᠯᠬᠦ᠂ ᠦᠷᠢᠰᠦᠯᠳᠦᠭᠡᠨ ᠳᠤ ᠣᠷᠤᠯᠴᠠᠵᠤ ᠦᠷᠢᠰᠦᠯᠳᠦᠭᠡᠨ ᠢ ᠬᠦᠯᠢᠶᠡᠨ ᠠᠪᠬᠤ ᠴᠢᠳᠠᠪᠦᠷᠢ ᠶᠢ | ᠲᠡᠭᠡᠭᠰᠢᠯᠡᠭᠦᠯᠬᠦ ᠶᠢᠨ ᠡᠭᠦᠳᠡᠨ ᠠᠴᠠ 2020 ᠣᠨ ᠤ 11 ᠰᠠᠷ᠎ᠠ ᠶᠢᠨ 3 ᠤ ᠡᠳᠦᠷ ᠠᠷᠤ ᠬᠤᠷᠴᠢᠨ | ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ ᠨᠢᠭᠡᠳᠦᠭᠡᠷ ᠣᠨ ᠤ ᠰᠤᠷᠤᠭᠴᠢᠳ ᠤᠨ ︽ᠤᠷᠠᠨ ᠬᠡᠯᠡ︾ | ᠶᠠᠷᠢᠶ᠎ᠠ ᠬᠠᠷᠢᠯᠴᠠᠭᠠᠨ ᠤ ᠴᠢᠳᠠᠪᠦᠷᠢ ᠶᠢᠨ ᠤᠷᠤᠯᠳᠤᠭᠠᠨ ᠬᠢᠪᠡ᠃ | | | | | | | | | ᠤᠷᠤᠯᠳᠤᠭᠠᠨ ᠨᠢ ᠤᠷᠢᠳᠠᠪᠡᠷ ᠠᠩᠭᠢ ᠪᠠᠷ ᠨᠢᠭᠡᠴᠢᠯᠡᠨ ᠶᠠᠪᠤᠭᠳᠠᠵᠤ ᠠᠩᠭᠢ ᠳᠤ ᠪᠠᠨ ᠡᠮᠣᠨ᠎ᠡ 6 ᠨᠡᠷ᠎ᠡ ᠶᠢ | ᠰᠢᠯᠭᠠᠷᠠᠭᠤᠯᠤᠨ᠂ ᠲᠠᠷᠠᠭ᠎ᠠ ᠨᠢ ᠣᠨ ᠢᠶᠠᠷ ᠨᠢᠭᠡᠴᠢᠯᠡᠭᠰᠡᠨ ᠰᠤᠷᠭᠠᠭᠤᠯᠢ ᠶᠢᠨ ︽ᠤᠷᠠᠨ ᠬᠡᠯᠡ︾ ᠶᠠᠷᠢᠶ᠎ᠠ | ᠬᠠᠷᠢᠯᠴᠠᠭᠠᠨ ᠤ ᠴᠢᠳᠠᠪᠦᠷᠢ ᠶᠢᠨ ᠤᠷᠤᠯᠳᠤᠭᠠᠨ ᠳᠤ ᠨᠡᠶᠢᠲᠡ 30 ᠬᠦᠮᠦᠨ ᠣᠷᠤᠯᠴᠠᠵᠤ᠂ ᠰᠤᠷᠤᠭᠴᠢᠳ ᠲᠠᠢ | ᠰᠤᠯᠠ ᠵᠣᠭᠤᠭᠳᠠᠬᠤ᠂ ᠲᠡᠳᠡᠨ ᠤ ᠮᠡᠳᠡᠬᠦ ᠴᠢᠳᠠᠬᠤ ᠵᠥᠢᠯ᠂ ᠡᠳᠦᠷ ᠲᠣᠳᠤᠮ ᠤᠨ ᠠᠮᠢᠳᠤᠷᠠᠯ ᠳᠤᠮᠳᠠᠬᠢ ᠶᠡᠷᠦ ᠶᠢᠨ | ᠮᠡᠳᠡᠯᠭᠡ ᠶᠢᠨ ᠲᠤᠬᠠᠢ ᠶᠠᠷᠢᠯᠴᠠᠨ᠂ ᠵᠢᠷᠤᠭ ᠦᠵᠡᠵᠦ ᠶᠠᠷᠢᠬᠤ ᠵᠡᠷᠭᠡ ᠬᠡᠯᠪᠡᠷᠢ ᠪᠠᠷ ᠶᠠᠪᠤᠭᠳᠠᠵᠤ᠂ ᠨᠢᠭᠡᠳᠦᠭᠡᠷ | ᠣᠨ ᠤ ᠬᠦᠭᠡᠷᠦᠬᠦᠨ ᠬᠡᠣᠬᠡᠳ ᠤᠨ ᠭᠡᠨᠡᠨ ᠴᠠᠶᠢᠯᠠᠭᠠᠨ᠂ ᠤᠷᠤᠰᠤᠮ᠎ᠠ ᠢᠷᠠᠭᠤ ᠮᠣᠩᠭᠤᠯ ᠬᠡᠯᠡ ᠪᠠᠷ ᠢᠶᠠᠨ ᠶᠠᠷᠢᠵᠦ | ᠢᠯᠡᠳᠭᠡᠬᠦ ᠶᠢ ᠰᠣᠨᠤᠰᠣᠨ᠂ ᠪᠠᠶᠠᠷ ᠪᠠᠶᠠᠰᠣᠯ ᠲᠠᠢ ᠬᠠᠭᠠᠰ ᠡᠳᠦᠷ ᠤᠨ ᠴᠠᠭ ᠤᠳᠠᠭᠰᠠᠨ ᠴᠦ ᠦᠭᠡᠢ ᠦᠩᠭᠡᠷᠡᠵᠦ᠂ | 1 ᠶᠢᠨ 4 ᠳ᠋ᠦ᠋ᠭᠡᠷ ᠠᠩᠭᠢ ᠶᠢᠨ ᠲᠤᠨᠤᠷᠨ᠂ 1 ᠤᠨ 2 ᠳ᠋ᠤᠭᠠᠷ ᠠᠩᠭᠢ ᠶᠢᠨ ᠠᠩᠭᠢᠷ ᠲᠡᠷᠢᠭᠦᠨ ᠳᠤ ᠲᠣᠳᠤᠷᠠᠵᠤ᠂ | 1 ᠤᠨ 2 ᠳ᠋ᠤᠭᠠᠷ ᠠᠩᠭᠢ ᠶᠢᠨ ᠨᠢᠮᠪᠠᠢ᠂ ᠠᠶᠢᠵᠠᠮ᠂ 1 ᠶᠢᠨ 4 ᠳ᠋ᠦ᠋ᠭᠡᠷ ᠠᠩᠭᠢ ᠶᠢᠨ ᠠᠨᠴᠢᠷ᠂ 1 ᠶᠢᠨ 1 ᠳ᠋ᠦ᠋ᠭᠡᠷ | ᠠᠩᠭᠢ ᠶᠢᠨ ᠢᠪᠡᠭᠡᠯ ᠨᠠᠷ ᠲᠡᠳ᠋ ᠲᠤ ᠲᠤᠳᠤᠷᠠᠵᠤ ᠤᠷᠠᠨ ᠬᠡᠯᠡ ᠲᠠᠢ ᠮᠣᠩᠭᠤᠯ ᠬᠡᠣᠬᠡᠳ ᠤᠨ ᠤᠷ᠎ᠠ ᠠᠪᠢᠶᠠᠰ ᠢᠶᠠᠨ | ᠭᠠᠶᠢᠬᠠᠭᠤᠯᠤᠭᠰᠠᠨ ᠪᠠᠶᠢᠨ᠎ᠠ᠃ | | | | | | | | ᠲᠤᠰ ᠠᠵᠢᠯᠯᠠᠭᠠᠨ ᠨᠢ ᠨᠢᠭᠡᠳᠦᠭᠡᠷ ᠣᠨ ᠤ ᠪᠠᠭ᠎ᠠ ᠬᠡᠣᠬᠡᠳ ᠤᠨ ᠶᠠᠷᠢᠶ᠎ᠠ ᠬᠠᠷᠢᠯᠴᠠᠭᠠᠨ ᠤ ᠴᠢᠳᠠᠪᠦᠷᠢ ᠶᠢ | ᠦᠢᠯᠠᠭᠠᠨ᠂ ᠰᠡᠳᠭᠢᠴᠡ ᠶᠢᠨ ᠬᠡᠪ ᠴᠢᠨᠠᠷ ᠢ ᠲᠡᠭᠡᠭᠰᠢᠯᠡᠭᠦᠯᠵᠦ᠂ ᠤᠷᠤᠯᠳᠤᠭᠠᠨ ᠮᠦᠷᠦᠶᠢᠴᠡᠭᠡᠨ ᠳᠤ ᠣᠷᠤᠯᠴᠠᠵᠤ | ᠦᠷᠢᠰᠦᠯᠳᠦᠬᠦ ᠴᠢᠳᠠᠪᠦᠷᠢ ᠪᠠ ᠶᠠᠷᠢᠵᠦ ᠢᠯᠡᠳᠭᠡᠬᠦ ᠴᠢᠳᠠᠪᠦᠷᠢ ᠶᠢ ᠬᠦᠮᠦᠵᠢᠭᠦᠯᠬᠦ ᠳᠤ ᠠᠰᠢᠭᠲᠠᠢ ᠲᠠᠪᠴᠠᠩ ᠬᠠᠩᠭᠠᠨ | ᠦᠭᠭᠦᠭᠰᠡᠨ ᠪᠠᠶᠢᠨ᠎ᠠ᠃ | ᠬᠠᠨ ᠠᠭᠤᠯᠠ ᠪᠠᠭ᠎ᠠ ᠰᠤᠷᠭᠠᠭᠤᠯᠢ ᠶᠢᠨ ᠵᠠᠯᠭᠠᠬᠦᠦ ᠮᠡᠳᠡᠭᠡᠯᠡᠪᠡ | | |