ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠦᠪᠰᠢᠶᠡᠷᠡᠯ ᠣᠯᠭᠤᠬᠤ ᠨᠥᠬᠦᠴᠡᠯ᠄ | 1. ᠲᠣᠰ ᠬᠥᠮᠦᠨ ᠤ ᠪᠡᠶ᠎ᠡ ᠶᠢᠨ ᠦᠨᠡᠮᠯᠡᠯ᠃ | 2. ᠰᠠᠭᠤᠭ᠎ᠠ ᠭᠠᠵᠠᠷ ᠤᠨ ᠣᠳᠣ ᠪᠠᠷ ᠢᠶᠠᠨ ᠴᠡᠷᠢᠭ ᠤᠨ ᠠᠯᠪᠠ ᠬᠠᠭᠠᠵᠤ ᠪᠠᠶᠢᠭ᠎ᠠ ᠴᠡᠷᠢᠭ︔ | ︵ᠬᠤᠶᠠᠷ︶ ᠥᠯᠥ ᠵᠥᠪᠰᠢᠶᠡᠷᠡᠬᠦ ᠪᠠᠶᠢᠳᠠᠯ᠄ | 1. ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠪᠤᠰᠤ᠃ | 2. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠰᠢᠢᠳᠪᠦᠷᠢᠯᠡᠵᠦ ᠪᠣᠯᠬᠤ ᠥᠬᠡᠶ ᠪᠤᠰᠤᠳ | ᠪᠠᠶᠢᠳᠠᠯ᠃ | ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠬᠥᠮᠦᠨ ᠪᠦᠷᠢ ᠰᠢᠶᠠᠩᠭᠠᠩ ᠣᠣᠮᠧᠨ ᠳᠤ | ᠢᠷᠡᠵᠦ ᠶᠠᠪᠤᠬᠤ ᠵᠠᠮ ᠤᠨ ᠦᠨᠡᠮᠯᠡᠯ ᠨᠢᠭᠡ ᠯᠡ ᠬᠠᠭᠤᠳᠠᠰᠤ ᠠᠪᠴᠤ ᠪᠣᠯᠤᠨ᠎ᠠ᠃ | ᠲᠣᠭᠲᠠᠭᠠᠭᠰᠠᠨ ᠦᠨᠳᠦᠰᠦᠯᠡᠯ | ︽ᠳᠤᠮᠳᠠᠳᠤ ᠤᠯᠤᠰ ᠤᠨ ᠠᠷᠠᠳ ᠢᠷᠭᠡᠨ ᠬᠤᠪᠢ ᠶᠢᠨ ᠤᠴᠢᠷ ᠢᠶᠠᠷ ᠰᠢᠶᠠᠩᠭᠠᠩ ᠣᠷᠣᠨ ᠪᠤᠶᠤ ᠣᠣᠮᠧᠨ | ᠣᠷᠣᠨ ᠳᠤ ᠢᠷᠡᠵᠦ ᠶᠠᠪᠤᠬᠤ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ︵1986 ᠣᠨ ᠤ 12 | ᠰᠠᠷ᠎ᠠ ᠶᠢᠨ 3 ᠤ ᠡᠳᠦᠷ ᠲᠥᠷᠥ ᠶᠢᠨ ᠶᠠᠪᠤᠳᠠᠯ ᠤᠨ ᠬᠤᠷᠢᠶ᠎ᠠ ᠵᠦᠪᠰᠢᠶᠡᠷᠡᠵᠦ᠂ 1986 ᠣᠨ ᠤ 12 ᠰᠠᠷ᠎ᠠ ᠶᠢᠨ | 25 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠨᠡᠶᠢᠲᠡᠯᠡᠪᠡ︶ ᠶᠢᠨ ᠭᠤᠷᠪᠠᠳᠤᠭᠠᠷ ᠵᠦᠢᠯ᠄ ᠳᠣᠲᠣᠷ᠎ᠠ | ᠭᠠᠵᠠᠷ ᠤᠨ ᠠᠷᠠᠳ ᠢᠷᠭᠡᠨ ᠬᠤᠪᠢ ᠶᠢᠨ ᠤᠴᠢᠷ ᠢᠶᠠᠷ ᠰᠢᠶᠠᠩᠭᠠᠩ᠂ ᠣᠣᠮᠧᠨ ᠳᠤ ᠣᠴᠢᠪᠠᠯ ᠮᠠᠨ ᠤ ᠤᠯᠤᠰ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠷ ᠤᠨ ᠥᠰᠥᠭ ᠵᠢᠷᠤᠵᠤ ᠣᠯᠭᠤᠭᠰᠠᠨ ᠰᠢᠶᠠᠩᠭᠠᠩ | ᠣᠣᠮᠧᠨ ᠳᠤ ᠣᠴᠢᠬᠤ ᠵᠠᠮ ᠤᠨ ᠦᠨᠡᠮᠯᠡᠯ ᠪᠤᠶᠤ ᠰᠢᠶᠠᠩᠭᠠᠩ ᠣᠣᠮᠧᠨ ᠠᠴᠠ ᠪᠤᠴᠠᠬᠤ ᠵᠠᠮ ᠤᠨ ᠦᠨᠡᠮᠯᠡᠯ ᠢᠶᠠᠷ | ᠵᠢᠭᠠᠨ ᠲᠣᠭᠲᠠᠭᠠᠭᠰᠠᠨ ᠪᠣᠭᠤᠮᠲᠠ ᠪᠠᠷ ᠨᠡᠪᠲᠡᠷᠡᠨ᠎ᠡ᠃ ᠵᠢᠷᠭᠤᠳᠤᠭᠠᠷ ᠵᠦᠢᠯ᠄ ᠳᠣᠲᠣᠷ᠎ᠠ ᠭᠠᠵᠠᠷ ᠤᠨ ᠠᠷᠠᠳ | ᠢᠷᠭᠡᠨ ᠬᠤᠪᠢ ᠶᠢᠨ ᠤᠴᠢᠷ ᠢᠶᠠᠷ ᠰᠢᠶᠠᠩᠭᠠᠩ᠂ ᠣᠣᠮᠧᠨ ᠳᠤ ᠣᠴᠢᠬᠤ ᠳᠠᠭᠠᠨ ᠡᠷᠬᠡᠪᠰᠢ ᠡᠷᠦᠬᠡ ᠠᠮᠠ ᠶᠢᠨ | ᠲᠠᠩᠰᠠ ᠪᠠᠶᠢᠭ᠎ᠠ ᠭᠠᠵᠠᠷ ᠤᠨ ᠬᠤᠲᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ | ᠣᠷᠣᠵᠤ ᠭᠠᠷᠬᠤ ᠶᠢ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠬᠡᠷᠡᠭᠲᠡᠶ᠃ ᠬᠤᠷᠢᠨ ᠬᠤᠶᠠᠳᠤᠭᠠᠷ | ᠵᠦᠢᠯ᠄ ᠁ ᠁ ᠰᠢᠶᠠᠩᠭᠠᠩ᠂ ᠣᠣᠮᠧᠨ ᠳᠤ ᠣᠴᠢᠬᠤ ᠪᠣᠯᠭᠠᠨ ᠴᠥᠮ ᠲᠣᠰ ᠠᠷᠭ᠎ᠠ ᠶᠢᠨ ᠵᠢᠷᠭᠤᠳᠤᠭᠠᠷ | ᠵᠦᠢᠯ᠂ ᠨᠠᠢᠮᠠᠳᠤᠭᠠᠷ ᠵᠦᠢᠯ᠂ ᠠᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ ᠭᠤᠶᠤᠴᠢᠯᠠᠬᠤ ᠭᠠᠷᠳᠠᠮ | ᠭᠦᠢᠴᠡᠳᠬᠡᠵᠦ᠂ ᠵᠥᠪᠰᠢᠶᠡᠷᠡᠭᠦᠯᠦᠭᠰᠡᠨ ᠨᠢ ᠨᠢᠭᠡ ᠤᠳᠠᠭᠠᠨ ᠤ ᠢᠷᠡᠵᠦ ᠪᠤᠴᠠᠬᠤ ᠴᠤᠬᠤᠯᠠᠪᠤᠷᠢ ᠬᠢᠬᠦ ᠬᠡᠷᠡᠭᠲᠡᠶ᠃ | ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠲᠤᠰᠬᠠᠶ ᠡᠷᠬᠡ ᠣᠯᠭᠤᠭᠰᠠᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠣᠯᠠᠨ ᠤᠳᠠᠭ᠎ᠠ ᠢᠷᠡᠵᠦ ᠪᠤᠴᠠᠬᠤ ᠴᠣᠬᠤᠯᠠᠪᠤᠷᠢ ᠬᠢᠵᠦ ᠪᠣᠯᠤᠨ᠎ᠠ᠃ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ᠄ ᠠᠩᠬ᠎ᠠ ᠤᠳᠠᠭ᠎ᠠ ᠭᠤᠶᠤᠴᠢᠯᠠᠬᠤ 60 ᠲᠥᠭᠦᠷᠢᠭ / ᠳᠡᠪᠲᠡᠷ ᠂ | ᠠᠩᠬ᠎ᠠ ᠤᠳᠠᠭ᠎ᠠ ᠭᠤᠶᠤᠴᠢᠯᠠᠬᠤ ᠳᠤ ᠨᠢᠭᠡ ᠤᠳᠠᠭ᠎ᠠ ᠬᠦᠴᠦᠨ ᠪᠥᠬᠦᠶ ᠴᠣᠬᠤᠯᠠᠪᠤᠷᠢ ᠨᠡᠮᠡᠬᠦ 75 ᠲᠥᠭᠦᠷᠢᠭ / | ᠳᠡᠪᠲᠡᠷ᠂ ᠴᠤᠬᠤᠯᠠᠪᠤᠷᠢ ᠨᠡᠮᠡᠬᠦ 20 ᠲᠥᠭᠦᠷᠢᠭ / ᠤᠳᠠᠭ᠎ᠠ ᠪᠦᠷᠢ ︔ ᠰᠦᠢᠳᠬᠡᠯ ᠬᠤᠷᠢᠶᠠᠬᠤ ᠦᠨᠳᠦᠰᠦᠯᠡᠯ᠄ ︽ | ᠴᠠᠬᠢᠯᠭᠠᠨ ᠬᠤᠯᠪᠣᠭᠠᠨ ᠤ ᠰᠦᠯᠵᠢᠶᠡᠨ ᠤ ᠨᠣᠮᠧᠷ ᠤᠨ ᠡᠬᠢ ᠪᠠᠶᠠᠯᠢᠭ ᠢ ᠡᠵᠡᠯᠡᠨ ᠬᠡᠷᠡᠭᠯᠡᠬᠦ ᠵᠠᠷᠤᠳᠠᠯ ᠵᠡᠷᠭᠡ ᠬᠡᠰᠡᠭ | ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠᠷᠢᠮᠵᠢᠶ᠎ᠡ ᠶᠢᠨ ᠲᠤᠬᠠᠢ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ | ᠬᠥᠭᠵᠢᠭᠦᠯᠦᠯᠲᠡ ᠪᠠ ᠥᠭᠡᠷᠡᠴᠢᠯᠡᠯᠲᠡ ᠦᠨ᠎ᠡ ﹇2017﹈ 1186 ᠳ᠋ᠤᠭᠠᠷ ᠲᠣᠭᠠᠲᠤ︶ | ᠭᠦᠢᠴᠡᠳᠬᠡᠬᠦ ᠭᠠᠵᠠᠷ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠰᠢᠨ᠎ᠡ ᠬᠤᠲᠠ | ᠲᠣᠭᠤᠷᠢᠭ ᠤᠨ ᠬᠠᠨ ᠯᠢᠨ ᠪᠠᠷᠠᠭᠤᠨ ᠵᠡᠭᠡᠯᠢ ᠶᠢᠨ 170 ᠳ᠋ᠤᠭᠠᠷ ᠨᠣᠮᠧᠷ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠᠭᠲᠠᠬᠤ ᠥᠬᠡᠶ︶ | ᠨᠠᠷᠢᠨ ᠠᠭᠤᠯᠭ᠎ᠠ ᠶᠢ ᠨᠢ ᠲᠤᠤᠷᠡᠬᠢ ᠰᠦᠯᠵᠢᠶᠡᠨ ᠬᠠᠶ᠋ᠢᠭ ᠢᠶᠠᠷ ᠦᠵᠡᠭᠡᠷᠡᠢ᠄ | http://zwfw.nmg.gov.cn/handle_affairs_detail? | item_detail_id=ff80808175c0fc640175cef99f447f8a®ionCode=150421000000&highlight=personal&record=istrue |